ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠢᠳᠡᠭᠡᠨ ᠡᠳ᠋ᠰᠢᠯᠡᠭᠦᠯᠬᠦ ᠵᠢᠵᠢᠭ ᠦᠢᠯᠡᠳᠬᠡᠯ ᠪᠤᠯᠤᠨ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ
ᠨᠡᠶᠢᠲᠡᠯᠡᠭᠰᠡᠨ ᠴᠠᠭ᠄
2017-10-10
                 ︵2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠷᠪᠠᠨ ᠵᠢᠷᠭᠤᠳᠤᠭᠠᠷ ᠬᠤᠷᠠᠯ ᠠᠴᠠ ᠪᠠᠳᠤᠯᠠᠪᠠ︶                  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ                  ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ                  ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ                  ᠠᠷᠪᠠᠳᠤᠭᠠᠷ ᠲᠤᠭᠠᠳᠦ        2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠷᠪᠠᠨ ᠵᠢᠷᠭᠤᠳᠤᠭᠠᠷ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠢᠳᠡᠭᠡᠨ ᠡᠳ᠋ᠰᠢᠯᠡᠬᠦᠯᠬᠦ ᠵᠢᠵᠢᠭ ᠦᠢᠯᠡᠳᠭᠡᠯ ᠪᠤᠯᠤᠨ ᠢᠳᠡᠭᠡᠨ ᠤ ᠲᠡᠯᠭᠡᠬᠦᠷᠴᠢᠨ ᠤ ᠬᠠᠮᠢᠶᠠᠷᠤᠯᠳᠠ ᠶᠢᠨ ᠲᠦᠷᠢᠮ︾ ᠢ ᠪᠠᠳᠤᠯᠠᠪᠠ᠃ ᠤᠳᠤ ᠨᠡᠶᠢᠳᠡᠯᠡᠶ᠎ᠡ᠂ 2015 ᠤᠨ ᠤ 10 ᠳ᠋ᠤᠭᠠᠷ ᠰᠠᠷ᠎ᠡ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠳᠦᠭᠡᠢ                  2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ        ᠨᠢᠭᠡᠳᠦᠭᠡᠷ ᠪᠦᠯᠦᠭ    ᠶᠡᠷᠦᠩᠬᠡᠢ ᠲᠦᠷᠢᠮ        ᠨᠢᠭᠡᠳᠦᠭᠡᠷ ᠵᠦᠢᠯ    ᠢᠳᠡᠭᠡᠨ ᠡᠳ᠋ᠰᠢᠬᠦᠯᠬᠦ ᠵᠢᠵᠢᠭ ᠦᠢᠯᠡᠳᠬᠡᠯ ᠪᠣᠯᠣᠨ ᠢᠳᠡᠭᠡᠨ ᠤ ᠳᠡᠯᠭᠡᠬᠦᠷᠴᠢᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠵᠢᠷᠣᠮᠵᠢᠭᠤᠯᠵᠣ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ︽ᠪᠦᠭᠦᠲᠠ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠪᠠ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠲᠠᠲᠣ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠦᠷᠢᠮ ᠢ ᠲᠤᠭᠲᠠᠭᠠᠪᠠ᠃        ᠬᠤᠶᠠᠳᠤᠭᠠᠷ ᠵᠦᠢᠯ    ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠲᠤᠷᠠᠬᠢ ᠢᠳᠡᠭᠡᠨ ᠡᠳ᠋ᠰᠢᠬᠦᠯᠬᠦ ᠵᠢᠵᠢᠭ ᠦᠢᠯᠡᠳᠬᠡᠯ ︵ᠲᠤᠷᠤᠭᠰᠢ ᠢᠳᠡᠭᠡᠨ ᠤ ᠵᠢᠵᠢᠭ ᠦᠢᠯᠡᠳᠭᠡᠯ ᠭᠡᠵᠤ ᠲᠦᠭᠦᠮᠴᠢᠯᠡᠨ᠎ᠡ︶ ᠪᠠ ᠢᠳᠡᠭᠡᠨ ᠤ ᠳᠡᠯᠭᠡᠬᠦᠷᠴᠢᠨ ᠤ ᠦᠢᠯᠡᠳᠪᠦᠷᠢᠯᠡᠯ ᠡᠵᠡᠩᠨᠡᠯᠲᠠ ᠵᠢᠴᠢ ᠬᠢᠨᠠᠯᠲᠠ ᠬᠠᠮᠢᠶᠠᠷᠤᠯᠲᠠ ᠳᠤ ᠲᠤᠰ ᠲᠦᠷᠢᠮ ᠢ ᠬᠡᠷᠡᠭᠯᠡᠨ᠎ᠡ᠃        ᠲᠤᠰ ᠲᠦᠷᠢᠮ ᠳᠠᠬᠢ ᠢᠳᠡᠭᠡᠨ ᠤ ᠵᠢᠵᠢᠭ ᠦᠢᠯᠡᠳᠭᠡᠯ ᠭᠡᠳᠡᠭ ᠨᠢ ᠲᠤᠭᠲᠠᠭᠰᠠᠨ ᠦᠢᠯᠡᠳᠪᠦᠷᠢᠯᠡᠯ ᠤᠨ ᠲᠠᠯᠠᠪᠤᠷ ᠲᠠᠢ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠦᠪᠰᠢᠶᠡᠷᠡᠯ ᠤᠨ ᠨᠦᠬᠦᠴᠡᠯ ᠳᠤ ᠬᠦᠷᠬᠦ ᠦᠭᠡᠢ᠂ ᠦᠢᠯᠡᠳᠭᠦᠨ ᠤ ᠤᠷᠢᠳᠴᠢᠯᠡᠨ ᠲᠤᠭᠲᠠᠭᠠᠭᠰᠠᠨ ᠪᠤᠭᠤᠳᠠᠯ ᠦᠭᠡᠢ ᠪᠤᠶᠤ ᠲᠦᠭᠦᠮ ᠪᠤᠭᠤᠳᠠᠯ ᠲᠠᠢ ᠢᠳᠡᠭᠡᠨ ᠡᠳ᠋ᠰᠢᠬᠦᠯᠬᠦ ᠡᠵᠡᠩᠨᠡᠭᠴᠢ ᠶᠢ ᠵᠢᠭᠠᠨ᠎ᠡ᠃        ᠲᠤᠰ ᠲᠦᠷᠢᠮ ᠳᠠᠬᠢ ᠢᠳᠡᠭᠡᠨ ᠤ ᠳᠡᠯᠭᠡᠬᠦᠷᠴᠢᠨ ᠭᠡᠳᠡᠭ ᠨᠢ ᠲᠡᠯᠭᠡᠭᠦᠷ ᠭᠠᠷᠭᠠᠨ ᠢᠳᠡᠭᠡᠨ ᠪᠤᠷᠤᠯᠠᠭᠤᠯᠬᠤ ᠂ ᠲᠤᠬᠠᠢ ᠶᠢᠨ ᠲᠠᠯᠠᠪᠤᠷ ᠲᠤᠨᠢ ᠢᠳᠡᠭᠡᠨ ᠦᠢᠯᠡᠳᠴᠤ ᠪᠤᠷᠤᠯᠠᠭᠤᠯᠬᠤ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠬᠤ ᠪᠤᠯᠪᠠᠴᠤ ︽ᠢᠳᠡᠭᠡᠨ ᠤ ᠵᠦᠢᠯᠡᠰ ᠤᠨ ᠡᠵᠡᠩᠨᠡᠯᠲᠠ ᠶᠢᠨ ᠵᠦᠪᠰᠢᠶᠡᠷᠡᠯ ᠤᠨ ᠦᠨᠡᠮᠯᠡᠯ︾ ᠤᠯᠤᠭᠰᠡᠨ ᠦᠭᠡᠢ ᠢᠳᠡᠭᠡᠨ ᠤ ᠵᠦᠢᠯᠡᠰ ᠢ ᠡᠵᠡᠩᠨᠡᠭᠴᠢ ᠶᠢ ᠵᠢᠭᠠᠨ᠎ᠡ᠃        ᠭᠤᠷᠪᠠᠳᠤᠭᠠᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ ᠲᠤᠲᠤᠷᠠᠬᠢ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠨᠢᠭᠡᠲᠦᠯᠲᠠᠢ ᠤᠳᠤᠷᠢᠳᠤᠨ ᠵᠤᠬᠢᠴᠠᠭᠤᠯᠵᠤ᠂ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃        ᠲᠦᠷᠪᠡᠳᠦᠭᠡᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠡ᠃        ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠮᠢᠶᠠᠷᠤᠯᠲᠠ ᠶᠢᠨ ᠬᠡᠷᠡᠭᠴᠡᠭᠡ ᠪᠠᠨ ᠦᠨᠳᠦᠰᠦᠯᠡᠵᠤ ᠰᠤᠮᠤ ᠰᠢᠶᠠᠩ ᠪᠠᠯᠭᠠᠰᠤ ᠪᠤᠶᠤ ᠤᠨᠴᠠᠭᠠᠢ ᠲᠤᠭᠲᠠᠭᠠᠭᠰᠠᠨ ᠤᠷᠤᠨ ᠳᠤ ᠲᠤᠮᠢᠯᠠᠭᠰᠠᠨ ᠪᠠᠶᠢᠭᠤᠯᠭ᠎ᠠ ᠪᠠᠶᠢᠭᠤᠯᠬᠤ ᠬᠡᠷᠡᠭᠲᠠᠢ᠃        ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭᠠᠯᠠᠯ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ᠂ ᠰᠤᠷᠭᠠᠨ ᠬᠦᠮᠦᠵᠢᠯ᠂ ᠬᠤᠲᠠ ᠶᠢᠨ ᠬᠠᠮᠢᠶᠠᠷᠤᠯᠲᠠ᠂ ᠦᠨᠳᠦᠰᠦᠲᠡᠨ ᠤ ᠬᠡᠷᠡᠭ ᠡᠷᠬᠢᠯᠡᠬᠦ ᠵᠡᠷᠭᠡ ᠰᠠᠯᠠᠭ᠎ᠠ ᠮᠦᠴᠢᠷ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠵᠢᠴᠢ ᠬᠠᠮᠢᠶ᠎ᠠ ᠪᠦᠬᠦᠢ ᠲᠤᠭᠲᠠᠭᠠᠯ ᠶᠤᠰᠤᠭᠠᠷ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ᠃        ᠲᠠᠪᠤᠳᠤᠭᠠᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠬᠠᠮᠢᠶ᠎ᠡ ᠪᠦᠬᠦᠢ ᠰᠠᠯᠠᠭ᠎ᠠ ᠮᠦᠴᠢᠷ ᠤᠯᠠᠨ ᠲᠦᠮᠡᠨ ᠤ ᠠᠮᠢᠳᠤᠷᠠᠯ ᠳᠤ ᠲᠦᠭᠦᠮ᠂ ᠠᠵᠤ ᠠᠬᠤᠢ ᠶᠢᠨ ᠬᠦᠭᠵᠢᠯᠲᠠ ᠪᠠ ᠨᠡᠶᠢᠭᠡᠮ ᠤᠨ ᠠᠵᠢᠯ ᠤᠯᠭᠤᠯᠳᠠ ᠶᠢ ᠠᠬᠢᠭᠤᠯᠬᠤ ᠵᠠᠷᠴᠢᠮ ᠶᠤᠰᠤᠭᠠᠷ᠂ ᠨᠢᠭᠡᠲᠦᠯᠲᠠᠢ ᠲᠦᠯᠦᠪᠵᠢᠭᠦᠯᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠢᠯᠡᠳᠪᠦᠷᠢᠯᠡᠵᠤ ᠡᠵᠡᠩᠨᠡᠬᠦ ᠳᠤ ᠲᠤᠬᠢᠷᠠᠬᠤ ᠲᠦᠪᠯᠡᠷᠡᠭᠰᠡᠨ ᠲᠠᠯᠠᠪᠤᠷ᠂ ᠵᠠᠭᠡᠯᠢ ᠲᠤᠭᠤᠷᠢᠭ ᠪᠠᠶᠢᠭᠤᠯᠬᠤ ᠪᠠ ᠦᠭᠡᠷᠡᠴᠢᠯᠡᠨ ᠪᠠᠶᠢᠭᠤᠯᠬᠤ ᠶᠢᠨ ᠬᠠᠮᠲᠤ ᠰᠠᠭᠤᠷᠢ ᠲᠦᠬᠦᠭᠡᠷᠦᠮᠵᠢ ᠵᠢᠴᠢ ᠢᠵᠢ ᠲᠦᠬᠦᠭᠡᠷᠦᠮᠵᠢ ᠶᠢ ᠲᠡᠭᠦᠯᠳᠡᠷᠵᠢᠭᠦᠯᠵᠤ᠂ ᠬᠡᠪᠴᠢᠶᠡᠵᠢᠭᠰᠡᠨ᠂ ᠬᠤᠯᠪᠤᠭᠠᠲᠤ ᠡᠵᠡᠩᠨᠡᠯᠲᠠ ᠶᠢ ᠠᠬᠢᠭᠤᠯᠬᠤ ᠬᠡᠷᠡᠭᠲᠠᠢ᠃        ᠬᠤᠲᠠ ᠶᠢᠨ ᠬᠠᠷᠢᠶ᠎ᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠡᠨ ᠤ ᠪᠠᠶᠢᠭ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠬᠤᠲᠠ ᠪᠠᠯᠭᠠᠰᠤᠨ ᠤ ᠲᠦᠯᠦᠪᠵᠢᠭᠦᠯᠭᠡ ᠶᠢ ᠦᠨᠳᠦᠰᠦᠯᠡᠵᠤ ᠢᠳᠡᠭᠡᠨ ᠤ ᠲᠡᠯᠭᠡᠭᠦᠷᠴᠢᠨ ᠤ ᠢᠳᠡᠭᠡᠨ ᠤ ᠡᠵᠡᠩᠨᠡᠯᠲᠠ ᠶᠢᠨ ᠤᠷᠤᠨ ᠬᠡᠪᠴᠢᠶ᠎ᠡ ᠪᠠ ᠴᠠᠭ ᠬᠤᠭᠤᠴᠠᠭ᠎ᠠ ᠶᠢ ᠲᠤᠭᠲᠠᠭᠠᠬᠤ ᠶᠢᠨ ᠬᠠᠮᠲᠤ ᠨᠡᠶᠢᠭᠡᠮ ᠨᠡᠶᠢᠳᠡ ᠳᠤ ᠵᠠᠷᠯᠠᠨ ᠨᠡᠶᠢᠳᠡᠯᠡᠬᠦ ᠬᠡᠷᠡᠭᠲᠠᠢ᠃        ᠵᠢᠷᠭᠤᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠶᠤᠰᠤᠭᠠᠷ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠬᠢᠵᠤ᠂ ᠬᠤᠲᠠ ᠶᠢᠨ ᠦᠩᠭᠡ ᠦᠵᠡᠮᠵᠢ ᠶᠢᠨ ᠬᠠᠮᠢᠶᠠᠷᠤᠯᠲᠠ ᠵᠢᠴᠢ ᠬᠤᠯᠪᠤᠭᠳᠠᠯ ᠪᠦᠬᠦᠢ ᠲᠤᠭᠲᠠᠭᠠᠯ ᠢ ᠵᠢᠷᠦᠮᠯᠡᠵᠤ᠂ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠤ ᠡᠷᠡᠭᠦᠯ ᠬᠠᠮᠠᠭᠠᠯᠠᠯ᠂ ᠬᠤᠤᠷ᠎ᠠ ᠦᠭᠡᠢ᠂ ᠬᠦᠨᠦᠭᠡᠯ ᠦᠭᠡᠢ ᠪᠠᠶᠢᠬᠤ ᠶᠢ ᠪᠠᠲᠤᠯᠠᠬᠤ ᠬᠡᠷᠡᠭᠲᠠᠢ᠃        ᠲᠤᠯᠤᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠤᠨ ᠦᠢᠯᠡᠳᠪᠦᠷᠢᠯᠡᠯ ᠤᠨ ᠨᠦᠬᠦᠴᠡᠯ ᠢᠶᠠᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠲᠡᠭᠡᠭᠰᠢᠯᠡᠭᠦᠯᠵᠤ᠂ ᠡᠵᠡᠩᠨᠡᠯᠲᠠ ᠶᠢᠨ ᠬᠡᠪᠴᠢᠶ᠎ᠡ ᠪᠠᠨ ᠦᠷᠭᠡᠳᠭᠡᠵᠤ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠶᠢ ᠵᠤᠷᠢᠬᠵᠢᠭᠤᠯᠤᠨ᠎ᠡ᠃        ᠨᠠᠢᠮᠠᠳᠤᠭᠠᠷ ᠵᠦᠢᠯ    ᠢᠳᠡᠭᠡᠨ ᠤ ᠠᠵᠢᠯ ᠲᠦᠷᠦᠯ ᠤᠨ ᠨᠡᠶᠢᠭᠡᠮᠯᠢᠭ ᠤᠨ ᠤᠷᠤᠨ ᠨᠤᠲᠤᠭ ᠤᠨ ᠢᠳᠡᠭᠡᠨ ᠤ ᠪᠠᠷᠢᠮᠵᠢᠶ᠎ᠡ ᠪᠠ ᠢᠳᠡᠭᠡᠨ ᠤ ᠠᠵᠢᠯ ᠲᠦᠷᠦᠯ ᠤᠨ ᠵᠢᠷᠣᠮᠵᠢᠯ ᠢ ᠲᠤᠭᠲᠠᠭᠠᠬᠤ ᠳᠤ ᠤᠷᠤᠯᠴᠠᠬᠤ ᠶᠢ ᠵᠤᠷᠢᠬᠵᠢᠭᠤᠯᠵᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠤ ᠬᠠᠤᠯᠢ ᠶᠤᠰᠤᠭᠠᠷ ᠦᠢᠯᠡᠳᠪᠦᠷᠢᠯᠡᠨ ᠡᠵᠡᠩᠨᠡᠬᠦ ᠶᠢ ᠬᠦᠳᠦᠯᠦᠨ ᠵᠢᠷᠣᠮᠵᠢᠭᠤᠯᠵᠣ᠂ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠡ᠃        ᠶᠢᠰᠦᠳᠦᠭᠡᠷ ᠵᠦᠢᠯ    ᠷᠠᠳᠢᠣ᠋ ᠨᠡᠪᠲᠡᠷᠡᠭᠦᠯᠭᠡ᠂ ᠲᠧᠯᠸᠢᠰ᠂ ᠰᠤᠨᠢᠨ ᠰᠡᠳᠭᠦᠯ᠂ ᠰᠦᠯᠵᠢᠶ᠎ᠡ ᠵᠡᠷᠭᠡ ᠰᠤᠨᠢᠨ ᠮᠡᠳᠡᠭᠡᠨ ᠤ ᠵᠠᠭᠤᠴᠢᠯᠠᠭᠤᠷ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠪᠠ ᠮᠡᠳᠡᠯᠭᠡ ᠶᠢᠨ ᠲᠤᠬᠠᠢ ᠨᠡᠶᠢᠲᠠ ᠶᠢᠨ ᠠᠰᠠᠷᠠᠮᠵᠢ ᠶᠢᠨ ᠤᠬᠠᠭᠤᠯᠭ᠎ᠠ ᠦᠷᠨᠢᠭᠦᠯᠵᠤ᠂ ᠠᠮᠤᠷ ᠲᠦᠪᠰᠢᠨ ᠢᠳᠡᠭᠡᠨ ᠤᠮᠳᠠᠭᠠᠨ ᠤ ᠠᠷᠭ᠎ᠠ ᠬᠡᠯᠪᠡᠷᠢ ᠶᠢ ᠰᠠᠨᠠᠭᠠᠴᠢᠯᠠᠨ ᠰᠡᠳᠦᠵᠤ᠂ ᠤᠯᠠᠨ ᠨᠡᠶᠢᠲᠠ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠡᠪᠤᠷᠢ ᠶᠢ ᠨᠡᠮᠡᠭᠳᠡᠭᠦᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠶᠠᠷᠢᠶ᠎ᠡ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠠᠢ᠃        ᠠᠷᠪᠠᠳᠤᠭᠠᠷ ᠵᠦᠢᠯ    ᠶᠠᠮᠠᠷᠪᠡ ᠨᠢᠭᠡᠴᠡ ᠪᠠ ᠬᠤᠪᠢ ᠬᠦᠮᠦᠨ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠤ ᠦᠢᠯᠡᠳᠪᠦᠷᠢᠯᠡᠯ ᠡᠵᠡᠩᠨᠡᠯᠲᠠ ᠲᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ ᠪᠠᠶᠢᠴᠠᠭᠠᠨ ᠬᠡᠷᠡᠴᠢᠯᠡᠭᠡᠳ ᠦᠨᠡᠨ ᠪᠤᠯᠬᠤ ᠵᠠᠭᠠᠯᠳᠤᠯᠭ᠎ᠠ ᠶᠢ ᠬᠦᠯᠢᠶᠡᠨ ᠠᠪᠤᠭᠰᠠᠨ ᠰᠠᠯᠠᠭ᠎ᠠ ᠮᠦᠴᠢᠷ ᠨᠢ ᠬᠠᠮᠢᠶ᠎ᠡ ᠪᠦᠬᠦᠢ ᠲᠤᠭᠲᠠᠭᠠᠯ ᠶᠤᠰᠤᠭᠠᠷ ᠬᠦᠬᠢᠭᠦᠯᠬᠦ ᠬᠡᠷᠡᠭᠲᠠᠢ᠃        ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠲᠤᠰ ᠰᠠᠯᠠᠭ᠎ᠠ ᠮᠦᠴᠢᠷ ᠤᠨ ᠢᠶᠠᠨ ᠢᠮᠧᠯ ᠂ ᠨᠢᠭᠡᠴᠡ ᠶᠢᠨ ᠬᠠᠶ᠋ᠢᠭ ᠪᠠ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠬᠤ ᠤᠳᠠᠰᠤ ᠪᠠᠨ ᠨᠡᠶᠢᠲᠡᠯᠡᠬᠦ ᠬᠡᠷᠡᠭᠲᠠᠢ᠃        ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠤᠭᠰᠠᠨ ᠰᠠᠯᠠᠭ᠎ᠠ ᠮᠦᠴᠢᠷ ᠵᠠᠭᠠᠯᠳᠤᠭᠰᠠᠨ ᠬᠦᠮᠦᠨ᠂ ᠢᠯᠡᠴᠢᠯᠡᠨ ᠮᠡᠳᠡᠭᠦᠯᠦᠭᠰᠡᠨ ᠬᠦᠮᠦᠨ ᠤ ᠨᠢᠭᠤᠴᠠ ᠶᠢ ᠬᠠᠮᠠᠭᠠᠯᠠᠵᠤ᠂ ᠲᠡᠳᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠠᠢ᠃        ᠬᠤᠶᠠᠳᠤᠭᠠᠷ ᠪᠦᠯᠦᠭ    ᠢᠳᠡᠭᠡᠨ ᠤ ᠵᠢᠵᠢᠭ ᠦᠢᠯᠡᠳᠭᠡᠯ ᠤᠨ ᠡᠳ᠋ᠰᠢᠭᠦᠯᠦᠯᠲᠠ        ᠠᠷᠪᠠᠨ ᠨᠢᠭᠡᠳᠦᠭᠡᠷ ᠵᠦᠢᠯ    ᠢᠳᠡᠭᠡᠨ ᠤ ᠵᠢᠵᠢᠭ ᠦᠢᠯᠡᠳᠭᠡᠯ ᠡᠷᠬᠢᠯᠡᠵᠤ ᠢᠳᠡᠭᠡᠨ ᠡᠳ᠋ᠰᠢᠬᠦᠯᠬᠦ ᠳᠤ ᠲᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠠᠢ᠄        ︵ᠨᠢᠭᠡ︶ ᠡᠳ᠋ᠰᠢᠭᠦᠯᠬᠦ ᠢᠳᠡᠭᠡᠨ ᠤ ᠲᠦᠷᠦᠯ ᠵᠦᠢᠯ᠂ ᠳᠤᠭ᠎ᠠ ᠬᠡᠮᠵᠢᠶ᠎ᠡ᠂ ᠶᠠᠰᠤ ᠴᠢᠨᠠᠷ ᠤᠨ ᠱᠠᠭᠠᠷᠳᠠᠯᠭ᠎ᠠ ᠲᠠᠢ ᠬᠠᠷᠢᠯᠴᠠᠨ ᠵᠤᠬᠢᠴᠠᠭᠰᠠᠨ ᠡᠳ᠋ᠰᠢᠭᠦᠯᠬᠦ᠂ ᠪᠤᠭᠤᠳᠠᠯᠯᠠᠬᠤ᠂ ᠬᠠᠳᠠᠭᠠᠯᠠᠬᠤ ᠵᠡᠷᠭᠡ ᠲᠠᠯᠠᠪᠤᠷ ᠲᠠᠢ ᠪᠠᠶᠢᠬᠤ ᠶᠢᠨ ᠬᠠᠮᠲᠤ ᠬᠤᠤᠷ ᠬᠦᠨᠦᠭᠡᠯ ᠲᠠᠢ ᠲᠠᠯᠠᠪᠤᠷ ᠵᠢᠴᠢ ᠪᠤᠰᠤᠳ ᠪᠤᠬᠢᠷᠳᠤᠯ ᠤᠨ ᠰᠤᠷᠪᠤᠯᠵᠢ ᠠᠴᠠ ᠲᠤᠭᠲᠠᠭᠰᠠᠨ ᠵᠠᠢ ᠲᠠᠢ ᠪᠠᠶᠢᠬᠤ ᠶᠢ ᠪᠠᠲᠤᠯᠠᠨ᠎ᠡ︔        ︵ᠬᠤᠶᠠᠷ︶ ᠡᠳ᠋ᠰᠢᠭᠦᠯᠬᠦ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠲᠠᠢ ᠬᠠᠷᠢᠯᠴᠠᠨ ᠵᠤᠬᠢᠴᠠᠭᠰᠠᠨ ᠤᠭᠢᠶᠠᠬᠤ᠂ ᠠᠷᠢᠭᠤᠳᠬᠠᠬᠤ᠂ ᠰᠡᠷᠢᠭᠦᠨ ᠬᠠᠳᠠᠭᠠᠯᠠᠬᠤ᠂ ᠵᠦᠭᠡᠭᠡᠪᠦᠷᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠲᠤᠭᠤᠰᠤ ᠶᠢ ᠰᠡᠷᠭᠡᠶᠢᠯᠡᠬᠦ᠂ ᠢᠯᠠᠭ᠎ᠠ ᠠᠴᠠ ᠰᠡᠷᠭᠡᠶᠢᠯᠡᠬᠦ᠂ ᠬᠤᠯᠤᠭᠠᠨ᠎ᠡ ᠠᠴᠠ ᠰᠡᠷᠭᠡᠶᠢᠯᠡᠬᠦ᠂ ᠪᠤᠬᠢᠷᠳᠤᠯ ᠢ ᠰᠡᠷᠭᠡᠶᠢᠯᠡᠬᠦ ᠵᠢᠴᠢ ᠬᠠᠶᠠᠭᠳᠠᠮᠠᠯ ᠤᠰᠤ ᠪᠠᠨ ᠰᠢᠢᠳᠪᠦᠷᠢᠯᠡᠬᠦ᠂ ᠬᠤᠭ ᠲᠠᠯᠪᠢᠬᠤ ᠵᠡᠷᠭᠡ ᠪᠡᠯᠡᠳᠭᠡᠯ ᠲᠦᠬᠦᠭᠡᠷᠦᠮᠵᠢ ᠲᠠᠢ ᠪᠠᠶᠢᠬᠤ︔        ︵ᠭᠤᠷᠪᠠ︶ ᠵᠤᠬᠢᠰᠲᠠᠢ ᠪᠡᠯᠡᠳᠭᠡᠯ ᠲᠦᠬᠦᠭᠡᠷᠦᠮᠵᠢ ᠶᠢᠨ ᠪᠠᠶᠢᠷᠢᠯᠠᠭᠤᠯᠤᠯᠲᠠ ᠪᠠ ᠭᠠᠷ ᠤᠷᠠᠯᠠᠯ ᠤᠨ ᠴᠤᠪᠤᠷᠠᠯ ᠲᠠᠢ᠂ ᠢᠳᠡᠭᠡᠨ ᠲᠠᠢ ᠰᠢᠭᠤᠳ ᠬᠦᠷᠦᠯᠴᠡᠵᠤ ᠪᠠᠶᠢᠭ᠎ᠠ ᠦᠢᠯᠡᠳᠪᠦᠷᠢᠯᠡᠯ ᠤᠨ ᠲᠦᠬᠦᠭᠡᠷᠦᠮᠵᠢ᠂ ᠰᠠᠪᠠ ᠬᠡᠷᠡᠭᠰᠡᠯ ᠨᠢ ᠬᠤᠤᠷ᠎ᠠ ᠦᠭᠡᠢ᠂ ᠬᠦᠨᠦᠭᠡᠯ ᠦᠭᠡᠢ᠂ ᠢᠯᠵᠢᠷᠠᠵᠤ ᠢᠳᠡᠭᠳᠡᠬᠦ ᠳᠤ ᠲᠡᠰᠪᠦᠷᠢ ᠲᠠᠢ᠂ ᠠᠮᠠᠷᠬᠠᠨ ᠵᠢᠪᠡᠷᠡᠬᠦ ᠦᠭᠡᠢ᠂ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ︔        ︵ᠲᠦᠷᠪᠡ︶ ᠢᠳᠡᠭᠡᠨ ᠢ ᠪᠤᠭᠤᠳᠠᠯᠯᠠᠬᠤ ᠳᠤ ᠬᠡᠷᠡᠭᠯᠡᠬᠦ ᠰᠠᠪᠠ ᠪᠡ ᠬᠡᠷᠡᠭᠰᠡᠯ ᠨᠢ ᠠᠷᠢᠭᠤᠨ ᠴᠠᠪᠡᠷ᠂ ᠬᠤᠤᠷ᠎ᠠ ᠦᠭᠡᠢ᠂ ᠬᠦᠨᠦᠭᠡᠯ ᠦᠭᠡᠢ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠪᠠ ᠢᠳᠡᠭᠡᠨ ᠤ ᠪᠤᠭᠤᠳᠠᠯ ᠤᠨ ᠪᠠᠷᠢᠮᠵᠢᠶ᠎ᠡ ᠳᠤ ᠨᠡᠶᠢᠴᠡᠬᠦ᠃        ᠠᠷᠪᠠᠨ ᠬᠤᠶᠠᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠨᠢ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠶᠠᠷ ᠲᠠᠩᠰᠠᠯᠠᠭᠤᠯᠬᠤ ᠶᠢᠨ ᠬᠠᠮᠲᠤ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠤᠯᠤᠭᠰᠠᠨ ᠤ ᠲᠠᠷᠠᠭ᠎ᠠ᠂ ᠢᠳᠡᠭᠡᠨ ᠡᠳ᠋ᠰᠢᠭᠦᠯᠵᠤ ᠪᠤᠯᠤᠨ᠎ᠡ᠃        ᠠᠷᠪᠠᠨ ᠭᠤᠷᠪᠠᠳᠤᠭᠠᠷ ᠵᠦᠢᠯ    ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ ︾ ᠭᠤᠶᠤᠴᠢᠯᠠᠬᠤ ᠳᠤ ᠲᠠᠩᠰᠠᠯᠠᠬᠤ ᠪᠠᠶᠢᠭᠤᠯᠭ᠎ᠠ ᠳᠤ ᠡᠵᠡᠩᠨᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠲᠠᠪᠲᠡᠷ ᠵᠢᠴᠢ ᠲᠠᠷᠤᠮᠠᠯᠯᠠᠭᠰᠠᠨ ᠲᠠᠪᠲᠡᠷ᠂ ᠬᠠᠶ᠋ᠢᠭ᠂ ᠡᠳ᠋ᠰᠢᠭᠦᠯᠬᠦ ᠭᠠᠵᠠᠷ᠂ ᠡᠳ᠋ᠰᠢᠭᠦᠯᠬᠦ ᠢᠳᠡᠭᠡᠨ ᠤ ᠨᠠᠷᠠᠶᠢᠳᠤᠯ ᠵᠢᠴᠢ ᠲᠦᠷᠦᠯ ᠵᠦᠢᠯ᠂ ᠬᠡᠷᠡᠭᠯᠡᠬᠦ ᠢᠳᠡᠭᠡᠨ ᠤ ᠨᠡᠮᠡᠯᠲᠠ ᠡᠳ᠋ ᠤᠨ ᠨᠡᠷᠡᠶᠢᠳᠤᠯ ᠪᠠ ᠲᠦᠷᠦᠯ ᠵᠦᠢᠯ᠂ ᠠᠵᠢᠯᠯᠠᠭᠴᠢᠳ ᠤᠨ ᠡᠷᠡᠭᠦᠯ ᠮᠡᠨᠲᠤ ᠶᠢᠨ ᠬᠡᠷᠡᠴᠢ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠠᠢ᠃        ᠠᠷᠪᠠᠨ ᠲᠦᠷᠪᠡᠳᠦᠭᠡᠷ ᠵᠦᠢᠯ    ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠤᠨ ᠭᠤᠶᠤᠴᠢᠯᠠᠭᠴᠢ ᠶᠢᠨ ᠲᠤᠰᠢᠶᠠᠭᠰᠠᠨ ᠬᠤᠯᠪᠤᠭᠳᠠᠯ ᠪᠦᠬᠦᠢ ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ ᠬᠠᠷᠭᠤᠭᠤᠯᠵᠤ᠂ ᠴᠢᠬᠤᠯᠠ ᠲᠠᠢ ᠦᠶᠡᠰ ᠭᠤᠶᠤᠴᠢᠯᠠᠭᠴᠢ ᠶᠢᠨ ᠦᠢᠯᠡᠳᠪᠦᠷᠢᠯᠡᠯ ᠡᠵᠡᠩᠨᠡᠯᠲᠠ ᠶᠢᠨ ᠲᠠᠯᠠᠪᠤᠷ ᠲᠤ ᠬᠦᠷᠴᠦ ᠲᠤᠬᠠᠢ ᠶᠢᠨ ᠲᠠᠯᠠᠪᠠᠢ ᠳᠤᠨᠢ ᠬᠠᠷᠭᠤᠭᠤᠯᠣᠨ ᠪᠠᠶᠢᠴᠠᠭᠠᠨ᠎ᠡ︔ ᠲᠤᠰ ᠲᠦᠷᠢᠮ ᠤᠨ ᠠᠷᠪᠠᠨ ᠨᠢᠭᠡᠳᠦᠭᠡᠷ ᠵᠦᠢᠯ ᠳᠤ ᠲᠤᠭᠲᠠᠭᠠᠭᠰᠠᠨ ᠨᠦᠬᠦᠴᠡᠯ ᠳᠤ ᠨᠡᠶᠢᠴᠡᠪᠡᠯ᠂ ᠲᠠᠩᠰᠠᠯᠠᠭᠤᠯᠬᠤ ᠶᠢ ᠵᠦᠪᠰᠢᠶᠡᠷᠡᠨ᠎ᠡ︔ ᠲᠤᠭᠲᠠᠭᠠᠭᠰᠠᠨ ᠨᠦᠬᠦᠴᠡᠯ ᠳᠤ ᠨᠡᠶᠢᠴᠡᠬᠦ ᠦᠭᠡᠢ ᠪᠤᠯ᠂ ᠲᠠᠩᠰᠠᠯᠠᠵᠤ ᠦᠭᠬᠦ ᠦᠭᠡᠢ ᠪᠦᠭᠡᠳ ᠪᠢᠴᠢᠭ ᠢᠶᠠᠷ ᠰᠢᠯᠲᠠᠭᠠᠨ ᠢ ᠨᠢ ᠲᠤᠳᠤᠷᠬᠠᠶᠢᠯᠡᠨ ᠦᠭᠭᠦᠨ᠎ᠡ᠃ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠩᠰᠠᠯᠠᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠲᠤᠷ᠎ᠠ ᠲᠠᠩᠰᠠᠯᠠᠬᠤ ᠪᠤᠶᠤ ᠦᠯᠦ ᠲᠠᠩᠰᠠᠯᠠᠬᠤ ᠲᠤᠭᠲᠠᠭᠠᠯ ᠭᠠᠷᠭᠠᠬᠤ ᠶᠢᠨ ᠬᠠᠮᠲᠤ ᠶᠠᠮᠠᠷᠴᠤ ᠰᠦᠢᠳᠭᠡᠯ ᠬᠤᠷᠢᠶᠡᠵᠤ ᠪᠤᠯᠬᠤ ᠦᠭᠡᠢ ᠪᠤᠶᠤ ᠬᠡᠯᠪᠡᠷᠢ ᠶᠢ ᠨᠢ ᠬᠤᠪᠢᠷᠠᠭᠤᠯᠣᠨ ᠬᠤᠷᠢᠶᠡᠵᠤ ᠪᠤᠯᠬᠤ ᠦᠭᠡᠢ᠃        ᠠᠷᠪᠠᠨ ᠲᠠᠪᠤᠳᠤᠭᠠᠷ ᠵᠦᠢᠯ    ᠦᠪᠡᠷᠲᠡᠭᠡᠨ ᠵᠠᠰᠠᠬᠤ ᠤᠷᠤᠨ ᠢᠳᠡᠭᠡᠨ ᠤ ᠵᠢᠵᠢᠭ ᠦᠢᠯᠡᠳᠭᠡᠯ ᠤᠨ ᠡᠳ᠋ᠰᠢᠭᠦᠯᠦᠭᠰᠡᠨ ᠢᠳᠡᠭᠡᠨ ᠳᠤ ᠲᠦᠷᠦᠯ ᠵᠦᠢᠯ ᠤᠨ ᠭᠠᠷᠴᠠᠭ ᠢᠶᠠᠷ ᠬᠠᠮᠢᠶᠠᠷᠬᠤ ᠲᠦᠷᠢᠮ ᠢ ᠬᠡᠷᠡᠭᠵᠢᠭᠦᠯᠦᠨ᠎ᠡ᠃ ᠢᠳᠡᠭᠡᠨ ᠤ ᠵᠢᠵᠢᠭ ᠦᠢᠯᠡᠳᠭᠡᠯ ᠤᠨ ᠡᠳ᠋ᠰᠢᠭᠦᠯᠬᠦ ᠶᠢ ᠴᠠᠭᠠᠵᠠᠯᠠᠬᠤ ᠢᠳᠡᠭᠡᠨ ᠤ ᠲᠦᠷᠦᠯ ᠵᠦᠢᠯ ᠤᠨ ᠭᠠᠷᠴᠠᠭ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠠᠶᠢᠷᠠᠭᠤᠯᠤᠨ ᠵᠤᠬᠢᠶᠠᠬᠤ ᠶᠢᠨ ᠬᠠᠮᠲᠤ ᠨᠡᠶᠢᠭᠡᠮ ᠨᠠᠶᠢᠳᠠ ᠳᠤ ᠵᠠᠷᠯᠠᠨ ᠢᠯᠡ ᠨᠡᠶᠢᠳᠡᠯᠡᠨ᠎ᠡ᠃        ᠠᠷᠪᠠᠨ ᠵᠢᠷᠭᠤᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠲᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠠᠢ᠄        ︵ᠨᠢᠭᠡ︶ ᠡᠳ᠋ᠰᠢᠭᠦᠯᠬᠦ ᠢᠳᠡᠭᠡᠨ ᠤ ᠬᠡᠷᠡᠭᠯᠡᠵᠤ ᠪᠠᠶᠢᠭ᠎ᠠ ᠲᠦᠭᠦᠭᠡᠢ ᠡᠳ᠋᠂ ᠢᠳᠡᠭᠡᠨ ᠤ ᠨᠡᠮᠡᠯᠲᠠ ᠡᠳ᠋ ᠨᠢ ᠤᠯᠤᠰ ᠤᠨ ᠢᠳᠡᠭᠡᠨ ᠤ ᠠᠮᠤᠷ ᠲᠦᠪᠰᠢᠨ ᠤ ᠲᠤᠭᠲᠠᠭᠠᠯ ᠪᠠ ᠬᠠᠮᠢᠶ᠎ᠠ ᠪᠦᠬᠦᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠳᠤ ᠨᠡᠶᠢᠴᠡᠬᠦ︔        ︵ᠬᠤᠶᠠᠷ︶ ᠪᠠᠷᠠᠭ᠎ᠠ ᠤᠷᠤᠭᠤᠯᠬᠤ ᠶᠢ ᠲᠡᠮᠳᠡᠭᠯᠡᠬᠦ ᠡᠬᠡ ᠲᠠᠩᠰᠠ ᠪᠠᠶᠢᠭᠤᠯᠵᠤ᠂ ᠢᠳᠡᠭᠡᠨ ᠤ ᠲᠦᠭᠦᠭᠡᠢ ᠡᠳ᠋᠂ ᠢᠳᠡᠭᠡᠨ ᠤ ᠨᠡᠮᠡᠯᠲᠡ ᠡᠳ᠋ ᠤᠨ ᠨᠡᠷᠡᠶᠢᠳᠤᠯ᠂ ᠲᠤᠭᠲᠠᠭᠠᠭᠰᠠᠨ ᠪᠠᠷᠢᠮᠵᠢᠶ᠎ᠡ᠂ ᠲᠤᠭ᠎ᠠ᠂ ᠪᠠᠷᠠᠭ᠎ᠠ ᠬᠠᠩᠭᠠᠭᠴᠢ ᠶᠢᠨ ᠨᠡᠷᠡᠶᠢᠳᠤᠯ ᠵᠢᠴᠢ ᠬᠠᠷᠢᠯᠴᠠᠬᠤ ᠠᠷᠭ᠎ᠠ ᠬᠡᠯᠪᠡᠷᠢ᠂ ᠪᠠᠷᠠᠭ᠎ᠠ ᠤᠷᠤᠭᠤᠯᠤᠭᠰᠠᠨ ᠴᠠᠭ ᠬᠤᠭᠤᠴᠠᠭ᠎ᠠ ᠶᠢ ᠦᠨᠡᠨ ᠪᠤᠲᠠᠲᠠᠢ ᠲᠡᠮᠳᠡᠭᠯᠡᠬᠦ᠃ ᠡᠬᠡ ᠲᠠᠩᠰᠠ ᠶᠢ ᠦᠯᠡᠳᠡᠭᠡᠬᠦ ᠬᠤᠭᠤᠴᠠᠭ᠎ᠠ ᠨᠢ ᠬᠤᠶᠠᠷ ᠵᠢᠯ ᠠᠴᠠ ᠲᠤᠤᠷ᠎ᠠ ᠪᠤᠰᠤ ᠪᠠᠶᠢᠬᠤ︔        ︵ᠭᠤᠷᠪᠠ︶ ᠢᠳᠡᠭᠡᠨ ᠡᠳ᠋ᠰᠢᠬᠦᠯᠬᠦ ᠶᠢ ᠲᠡᠮᠳᠡᠭᠯᠡᠬᠦ ᠲᠦᠷᠢᠮ ᠪᠠᠶᠢᠭᠤᠯᠵᠤ᠂ ᠡᠳ᠋ᠰᠢᠭᠦᠯᠬᠦ ᠲᠤᠮᠲᠠ ᠤᠭ ᠨᠠᠮᠠᠯᠳᠠ ᠡᠳ᠋ ᠢ ᠤᠷᠤᠭᠤᠯᠤᠭᠰᠠᠨ ᠲᠤᠭ᠎ᠠ ᠬᠡᠮᠵᠢᠶ᠎ᠡ᠂ ᠦᠢᠯᠡᠳᠪᠦᠷᠢᠯᠡᠭᠰᠡᠨ ᠴᠠᠭ ᠬᠤᠭᠤᠴᠠᠭ᠎ᠠ᠂ ᠢᠳᠡᠭᠡᠨ ᠤ ᠨᠡᠮᠡᠯᠲᠠ ᠡᠳ᠋ ᠤᠨ ᠨᠡᠷᠡᠶᠢᠳᠦᠯ᠂ ᠬᠡᠷᠡᠭᠯᠡᠭᠰᠡᠨ ᠬᠡᠮᠵᠢᠶ᠎ᠡ᠂ ᠬᠡᠷᠡᠭᠯᠡᠭᠰᠡᠨ ᠬᠦᠮᠦᠨ ᠵᠡᠷᠭᠡ ᠠᠭᠤᠯᠭ᠎ᠠ ᠶᠢ ᠦᠨᠡᠨ ᠪᠤᠲᠠᠲᠠᠢ ᠲᠡᠮᠳᠡᠭᠯᠡᠬᠦ᠃ ᠲᠡᠮᠳᠡᠭᠯᠡᠭᠰᠡᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠨᠢ ᠬᠤᠶᠠᠷ ᠵᠢᠯ ᠠᠴᠠ ᠲᠤᠤᠷ᠎ᠠ ᠪᠤᠰᠤ ᠪᠠᠶᠢᠬᠤ︔        ︵ᠲᠦᠷᠪᠠ︶ ᠲᠦᠭᠦᠮ ᠪᠤᠭᠤᠳᠠᠯᠯᠠᠭᠰᠠᠨ ᠢᠳᠡᠭᠡᠨ ᠦᠢᠯᠡᠳᠪᠦᠷᠢᠯᠡᠬᠦ ᠳᠤ ᠦᠢᠯᠡᠳᠪᠦᠷᠢᠯᠡᠭᠴᠢ ᠶᠢᠨ ᠨᠡᠷᠡᠶᠢᠳᠦᠯ᠂ ᠬᠠᠶ᠋ᠢᠭ᠂ ᠲᠤᠭᠲᠠᠭᠠᠭᠰᠠᠨ ᠪᠠᠷᠢᠮᠵᠢᠶ᠎ᠡ᠂ ᠦᠢᠯᠡᠳᠪᠦᠷᠢᠯᠡᠭᠰᠡᠨ ᠴᠠᠭ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠲᠤᠳᠤᠷᠬᠠᠶᠢᠯᠠᠭᠰᠠᠨ ᠲᠡᠮᠳᠡᠭ ᠢ ᠲᠠᠭᠠᠯᠳᠤᠭᠤᠯᠬᠤ ᠬᠡᠷᠡᠭᠲᠠᠢ︔        ︵ᠲᠠᠪᠤ︶ ᠢᠳᠡᠭᠡᠨ ᠡᠳ᠋ᠰᠢᠭᠦᠯᠬᠦ ᠠᠵᠢᠯᠲᠡᠨ ᠠᠷᠢᠭᠤᠨ ᠴᠡᠪᠡᠷ ᠠᠵᠢᠯ ᠤᠨ ᠬᠤᠪᠴᠠᠰᠤ ᠮᠠᠯᠠᠭᠠᠢ ᠡᠮᠤᠰᠴᠤ᠂ ᠠᠮᠠᠪᠴᠢ ᠵᠡᠭᠦᠨ᠂ ᠬᠤᠪᠢ ᠬᠦᠮᠦᠨ ᠤ ᠡᠷᠡᠭᠦᠯ ᠬᠠᠮᠠᠭᠠᠯᠠᠯ ᠢ ᠪᠠᠲᠤᠯᠠᠬᠤ︔        ︵ᠵᠢᠷᠭᠤᠭ᠎ᠠ︶ ᠤᠰᠤ ᠬᠡᠷᠡᠭᠯᠡᠬᠦ ᠨᠢ ᠤᠯᠤᠰ ᠤᠨ ᠲᠤᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠡ ᠳᠤ ᠨᠡᠶᠢᠴᠡᠬᠦ︔        ︵ᠲᠤᠯᠤᠭ᠎ᠠ︶ ᠢᠳᠡᠭᠡᠨ ᠤ ᠨᠡᠮᠡᠯᠲᠡ ᠡᠳ᠋ ᠢ ᠲᠤᠰᠠᠭᠠᠷ ᠲᠦᠬᠦᠭᠡᠷᠦᠮᠵᠢ ᠳᠤ ᠬᠠᠳᠠᠭᠠᠯᠠᠬᠤ︔        ︵ᠨᠠᠢᠮᠠ︶ ᠡᠳ᠋ᠰᠢᠭᠦᠯᠬᠦ ᠤᠷᠤᠨ ᠪᠤᠯᠤᠨ ᠠᠮᠢᠳᠤᠷᠠᠯ ᠤᠨ ᠤᠷᠤᠨ ᠢ ᠰᠠᠯᠭᠠᠬᠤ᠂ ᠲᠦᠭᠦᠭᠡᠢ ᠪᠠ ᠪᠤᠯᠭᠤᠭᠰᠠᠨ ᠢᠳᠡᠭᠡᠨ ᠪᠤᠯᠪᠠᠰᠤᠷᠠᠭᠤᠯᠬᠤ ᠪᠠᠭᠠᠵᠢ ᠰᠠᠪᠡ ᠶᠢ ᠰᠠᠯᠭᠠᠨ ᠬᠡᠷᠡᠭᠯᠡᠬᠦ︔        ︵ᠶᠢᠰᠦ︶ ᠢᠳᠡᠭᠡᠨ ᠲᠡᠭᠡᠭᠡᠪᠤᠷᠢᠯᠡᠬᠦ ᠲᠡᠷᠭᠡ ᠪᠠ ᠢᠳᠡᠭᠡᠨ ᠲᠡᠭᠡᠭᠡᠵᠤ ᠪᠠᠭᠤᠯᠭᠠᠬᠤ ᠲᠦᠬᠦᠭᠡᠷᠦᠮᠵᠢ᠂ ᠰᠠᠪᠠ ᠶᠢᠨ ᠠᠷᠢᠭᠤᠨ ᠴᠡᠪᠡᠷ ᠡᠷᠡᠭᠦᠯ ᠬᠠᠮᠠᠭᠠᠯᠠᠯ ᠢ ᠪᠠᠲᠤᠯᠠᠵᠤ᠂ ᠢᠳᠡᠭᠡᠨ ᠢ ᠬᠤᠤᠷ᠎ᠠ ᠲᠠᠢ᠂ ᠬᠦᠨᠦᠭᠡᠯ ᠲᠠᠢ ᠪᠤᠳᠠᠰ ᠲᠠᠢ ᠬᠠᠮᠲᠤᠪᠡᠷ ᠲᠡᠭᠡᠭᠡᠪᠤᠷᠢᠯᠡᠵᠤ ᠪᠤᠯᠬᠤ ᠦᠭᠡᠢ᠃        ᠠᠷᠪᠠᠨ ᠲᠤᠯᠤᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠳᠤ ᠲᠤᠤᠷᠠᠬᠢ ᠦᠢᠯᠡ ᠠᠵᠢᠯᠯᠠᠭ᠎ᠠ ᠪᠠᠶᠢᠬᠤ ᠶᠢ ᠴᠢᠩᠭ᠎ᠠ ᠴᠠᠭᠠᠵᠠᠯᠡᠨ᠎ᠡ᠄        ︵ᠨᠢᠭᠡ︶ ᠢᠳᠡᠭᠡᠨ ᠤ ᠪᠤᠰᠤ ᠲᠦᠭᠦᠭᠡᠢ ᠡᠳ᠋᠂ ᠪᠤᠴᠠᠭᠠᠨ ᠬᠤᠷᠢᠶᠠᠭᠰᠠᠨ ᠢᠳᠡᠭᠡᠨ ᠪᠤᠶᠤ ᠴᠢᠨᠠᠷ ᠢ ᠪᠠᠲᠤᠯᠠᠬᠤ ᠬᠤᠭᠤᠴᠠᠭ᠎ᠠ ᠨᠢ ᠬᠡᠲᠤᠷᠡᠭᠰᠡᠨ ᠢᠳᠡᠭᠡᠨ ᠢᠶᠠᠷ ᠲᠦᠭᠦᠭᠡᠢ ᠡᠳ᠋ ᠪᠤᠯᠭᠠᠨ ᠢᠳᠡᠭᠡᠨ ᠡᠳ᠋ᠰᠢᠬᠦᠯᠬᠦ︔        ︵ᠬᠤᠶᠠᠷ︶ ᠢᠯᠵᠢᠷᠠᠵᠤ ᠴᠢᠨᠠᠷ ᠬᠤᠪᠢᠷᠠᠭᠰᠠᠨ᠂ ᠢᠰᠭᠦᠯᠡᠩ ᠪᠤᠯᠤᠭᠰᠠᠨ᠂ ᠢᠯᠵᠢᠷᠠᠵᠤ ᠬᠤᠷᠤᠬᠠᠶᠢᠳᠤᠭᠰᠠᠨ᠂ ᠠᠷᠢᠭᠤᠨ ᠴᠡᠪᠡᠷ ᠪᠤᠰᠤ᠂ ᠤᠨᠳᠤᠤ ᠪᠤᠳᠠᠰ ᠬᠤᠯᠢᠯᠳᠤᠭᠰᠠᠨ᠂ ᠬᠡᠪ ᠤᠨ ᠪᠤᠰᠤ ᠦᠵᠡᠭᠳᠡᠬᠦ ᠲᠦᠭᠦᠭᠡᠢ ᠡᠳ᠋ ᠢᠶᠠᠷ ᠢᠳᠡᠭᠡᠨ ᠡᠳ᠋ᠰᠢᠬᠦᠯᠬᠦ︔        ︵ᠭᠤᠷᠪᠠ︶ ᠡᠪᠡᠳᠴᠢᠨ ᠢᠶᠠᠷ ᠦᠬᠦᠭᠰᠡᠨ᠂ ᠬᠤᠤᠷᠠᠳᠠᠭᠳᠠᠵᠤ ᠦᠬᠦᠭᠰᠡᠨ᠂ ᠦᠬᠦᠭᠰᠡᠨ ᠰᠢᠯᠲᠠᠭᠠᠨ ᠨᠢ ᠲᠤᠳᠤᠷᠬᠠᠢ ᠪᠤᠰᠤ ᠪᠤᠶᠤ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠴᠠᠭᠠᠯᠲᠠ ᠶᠢ ᠲᠠᠮᠵᠢᠬᠰᠡᠨ ᠦᠭᠡᠢ ᠵᠢᠭᠦᠷᠲᠡᠨ᠂ ᠲᠡᠵᠢᠭᠡᠪᠦᠷᠢ᠂ ᠠᠷᠢᠶᠠᠲᠡᠨ᠂ ᠤᠰᠤᠨ ᠤ ᠭᠠᠷᠤᠯᠲᠠ ᠵᠡᠷᠭᠡ ᠠᠮᠢᠲᠡᠨ ᠤ ᠮᠢᠬ᠎ᠠ ᠵᠢᠴᠢ ᠪᠦᠲᠦᠭᠡᠭᠳᠡᠭᠦᠨ ᠢᠶᠠᠷ ᠢᠳᠡᠭᠡᠨ ᠡᠳ᠋ᠰᠢᠬᠦᠯᠬᠦ︔        ︵ᠲᠦᠷᠪᠠ︶ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠲᠤ ᠬᠤᠤᠷ᠎ᠠ ᠲᠠᠢ ᠬᠢᠮᠢ ᠶᠢᠨ ᠵᠦᠢᠯᠡᠰ᠂ ᠤᠬᠢᠶᠠᠯᠭ᠎ᠠ ᠶᠢᠨ ᠡᠳ᠋ ᠢᠶᠠᠷ ᠤᠬᠢᠶᠠᠵᠤ ᠰᠢᠢᠳᠪᠦᠷᠢᠯᠡᠭᠰᠡᠨ ᠢᠳᠡᠭᠡᠨ ᠤ ᠲᠦᠭᠦᠭᠡᠢ ᠡᠳ᠋ ᠢ ᠬᠡᠷᠡᠭᠯᠡᠨ ᠢᠳᠡᠭᠡᠨ ᠡᠳ᠋ᠰᠢᠬᠦᠯᠬᠦ︔        ︵ᠲᠠᠪᠤ︶ ᠪᠤᠬᠢᠷᠳᠤᠭᠰᠠᠨ ᠪᠤᠭᠤᠳᠠᠯ ᠤᠨ ᠬᠡᠷᠡᠭᠰᠡᠯ᠂ ᠰᠡᠪᠠ᠂ ᠪᠠᠭᠠᠵᠢ ᠶᠢ ᠬᠡᠷᠡᠭᠯᠡᠨ ᠢᠳᠡᠭᠡᠨ ᠡᠳ᠋ᠰᠢᠬᠦᠯᠬᠦ        ︵ᠵᠢᠷᠭᠤᠭ᠎ᠠ︶ ᠡᠪᠡᠳᠴᠢᠨ ᠡᠭᠦᠰᠭᠡᠬᠦ ᠴᠢᠨᠠᠷᠲᠠᠢ ᠮᠢᠺᠷᠤᠪ᠂ ᠲᠠᠷᠢᠶᠠᠨ ᠡᠮ ᠤᠨ ᠦᠯᠡᠳᠡᠪᠦᠷᠢ᠂ ᠮᠠᠯ ᠤᠨ ᠡᠮ ᠤᠨ ᠦᠯᠡᠳᠡᠪᠦᠷᠢ᠂ ᠬᠦᠨᠲᠦ ᠲᠡᠮᠦᠷᠯᠢᠭ᠂ ᠠᠮᠢᠲᠤ ᠪᠤᠳᠠᠰ ᠤᠨ ᠬᠤᠤᠷᠠᠳᠤ ᠡᠯᠧᠮᠧᠨ᠋ᠲ᠂ ᠪᠤᠬᠢᠷᠳᠤᠯ ᠲᠠᠢ ᠪᠤᠳᠠᠰ ᠵᠢᠴᠢ ᠠᠭᠤᠯᠤᠭᠳᠠᠬᠤᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠠᠴᠠ ᠬᠡᠲᠦᠷᠡᠭᠰᠡᠨ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠢ ᠬᠤᠬᠢᠷᠠᠭᠤᠯᠬᠤ ᠪᠤᠳᠠᠰ ᠢ ᠬᠡᠷᠡᠭᠯᠡᠵᠤ ᠢᠳᠡᠭᠡᠨ ᠡᠳ᠋ᠰᠢᠬᠦᠯᠬᠦ︔        ︵ᠲᠤᠯᠤᠭ᠎ᠠ︶ ᠤᠯᠤᠰ ᠤᠨ ᠢᠳᠡᠭᠡᠨ ᠤ ᠠᠮᠤᠷ ᠲᠦᠪᠰᠢᠨ ᠤ ᠪᠠᠷᠢᠮᠵᠢᠶᠡᠨ ᠤ ᠲᠤᠭᠲᠠᠭᠠᠯ ᠠᠴᠠ ᠵᠦᠷᠢᠴᠡᠨ ᠢᠳᠡᠭᠡᠨ ᠤ ᠨᠡᠮᠡᠯᠲᠠ ᠡᠳ᠋ ᠢ ᠬᠡᠷᠡᠭᠯᠡᠬᠦ ᠪᠤᠶᠤ ᠲᠤᠷ᠎ᠠ ᠪᠠᠷ ᠬᠡᠷᠡᠭᠯᠡᠨ ᠢᠳᠡᠭᠡᠨ ᠡᠳ᠋ᠰᠢᠭᠦᠯᠬᠦ︔        ︵ᠨᠠᠢᠮᠠ︶ ᠢᠳᠡᠭᠡᠨ ᠡᠳ᠋ᠰᠢᠭᠦᠯᠬᠦ ᠳᠤ ᠬᠠᠭᠤᠷᠮᠠᠭ ᠡᠳ᠋᠂ ᠡᠯᠳᠡᠪ ᠵᠦᠢᠯ ᠢ ᠬᠤᠯᠢᠬᠤ᠃        ᠭᠤᠷᠪᠠᠳᠤᠭᠠᠷ ᠪᠦᠯᠦᠭ    ᠢᠳᠡᠭᠡᠨ ᠤ ᠲᠡᠯᠭᠡᠭᠦᠷᠴᠢᠨ ᠤ ᠡᠵᠡᠩᠨᠡᠯᠲᠠ        ᠠᠷᠪᠠᠨ ᠨᠠᠢᠮᠠᠳᠤᠭᠠᠷ ᠵᠦᠢᠯ    ᠦᠪᠡᠷᠲᠡᠭᠡᠨ ᠵᠠᠰᠠᠬᠤ ᠤᠷᠤᠨ ᠢᠳᠡᠭᠡᠨ ᠤ ᠲᠡᠯᠭᠡᠭᠦᠷᠴᠢᠨ ᠢ ᠲᠠᠩᠰᠡᠯᠠᠨ ᠲᠡᠮᠳᠡᠭᠯᠡᠬᠦ ᠲᠦᠷᠢᠮ ᠢ ᠬᠡᠷᠡᠭᠵᠢᠭᠦᠯᠵᠤ᠂ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠲᠡᠨ ᠲᠡᠯᠭᠡᠭᠦᠷ ᠤᠨ ᠭᠠᠵᠠᠷ ᠬᠦᠷᠴᠤ ᠲᠡᠯᠭᠡᠭᠦᠷᠴᠢᠨ ᠤ ᠪᠡᠶ᠎ᠡ ᠶᠢᠨ ᠦᠨᠡᠮᠯᠡᠯ ᠂ ᠡᠷᠡᠭᠦᠯ ᠮᠡᠨᠲᠤ ᠶᠢᠨ ᠦᠨᠡᠮᠯᠡᠯ᠂ ᠢᠳᠡᠭᠡᠨ ᠤ ᠢᠷᠡᠯᠲᠠ ᠵᠡᠷᠭᠡ ᠬᠢᠨᠠᠨ ᠬᠠᠮᠢᠶᠠᠷᠬᠤ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠲᠠᠩᠰᠡᠯᠠᠨ ᠲᠡᠮᠳᠡᠭᠯᠡᠬᠦ ᠭᠠᠷᠳᠠᠮ ᠭᠦᠢᠴᠡᠳᠭᠡᠨ᠎ᠡ᠃ ᠢᠳᠡᠭᠡᠨ ᠤ ᠲᠡᠯᠭᠡᠭᠦᠷᠴᠢᠨ ᠬᠢᠨᠠᠨ ᠬᠠᠮᠢᠶᠠᠷᠬᠤ ᠠᠵᠢᠯᠲᠡᠨ ᠤ ᠱᠠᠭᠠᠷᠳᠠᠯᠭ᠎ᠠ ᠶᠤᠰᠤᠭᠠᠷ ᠮᠡᠳᠡᠭᠡ ᠵᠠᠩᠭᠢ ᠶᠢ ᠦᠨᠡᠨ ᠪᠤᠲᠠᠲᠠᠢ ᠪᠠᠷ ᠬᠠᠩᠭᠠᠵᠤ᠂ ᠬᠤᠯᠪᠤᠭᠳᠠᠯ ᠪᠦᠬᠦᠢ ᠦᠨᠡᠮᠯᠡᠯ ᠢᠶᠠᠨ ᠦᠵᠡᠭᠦᠯᠬᠦ ᠬᠡᠷᠡᠭᠲᠠᠢ᠃ ᠦᠪᠡᠷ ᠢᠶᠠᠨ ᠦᠢᠯᠡᠳᠪᠦᠷᠢᠯᠡᠭᠰᠡᠨ ᠤᠯᠠᠷᠢᠯ ᠤᠨ ᠴᠢᠨᠠᠷᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠢ ᠪᠤᠷᠤᠯᠠᠭᠤᠯᠬᠤ ᠳᠤ᠂ ᠲᠠᠩᠰᠡᠯᠠᠨ ᠲᠡᠮᠳᠡᠭᠯᠡᠬᠦ ᠭᠠᠷᠲᠡᠮ ᠬᠢᠬᠦ ᠦᠭᠡᠢ ᠪᠠᠶᠢᠵᠤ ᠪᠤᠯᠤᠨ᠎ᠡ᠃        ᠢᠳᠡᠭᠡᠨ ᠤ ᠲᠡᠯᠭᠡᠭᠦᠷᠴᠢᠨ ᠲᠦᠪᠯᠡᠷᠡᠩᠭᠦᠢ ᠠᠷᠠᠯᠵᠢᠶᠡᠨ ᠤ ᠵᠠᠬ᠎ᠠ ᠲᠡᠯᠭᠡᠭᠦᠷ᠂ ᠫᠦᠰᠠ ᠵᠡᠷᠭᠡ ᠲᠤᠭᠲᠠᠮᠠᠯ ᠲᠠᠯᠠᠪᠤᠷ ᠲᠤ ᠡᠵᠡᠩᠨᠡᠬᠦ ᠪᠤᠶᠤ ᠵᠠᠰᠠᠭ ᠤᠨ ᠤᠷᠳᠤᠨ ᠤ ᠨᠡᠶᠢᠲᠡᠯᠡᠭᠰᠡᠨ ᠤᠷᠤᠨ ᠪᠠ ᠴᠠᠭ ᠬᠤᠭᠤᠴᠠᠭᠠᠨ ᠲᠤᠲᠤᠷ᠎ᠠ ᠡᠵᠡᠩᠨᠡᠯᠲᠠ ᠶᠢᠨ ᠠᠵᠢᠯᠯᠠᠭ᠎ᠠ ᠬᠢᠬᠦ ᠬᠡᠷᠡᠭᠲᠠᠢ᠃        ᠠᠷᠪᠠ ᠶᠢᠰᠦᠳᠦᠭᠡᠷ ᠵᠦᠢᠯ    ᠢᠳᠡᠭᠡᠨ ᠤ ᠲᠡᠯᠭᠡᠭᠦᠷᠴᠢᠨ ᠡᠵᠡᠩᠨᠡᠯᠲᠠ ᠶᠢᠨ ᠠᠵᠢᠯᠯᠠᠭ᠎ᠠ ᠬᠢᠬᠦ ᠳᠤ ᠲᠤᠤᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠄        ︵ᠨᠢᠭᠡ︶ ᠪᠤᠷᠤᠭᠠᠨ ᠠᠴᠠ ᠰᠡᠷᠭᠡᠶᠢᠯᠡᠬᠦ᠂ ᠲᠤᠭᠤᠰᠤ ᠶᠢ ᠰᠡᠷᠭᠡᠶᠢᠯᠡᠬᠦ᠂ ᠬᠤᠷᠤᠬᠠᠢ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠡ ᠠᠴᠠ ᠰᠡᠷᠭᠡᠶᠢᠯᠡᠬᠦ᠂ ᠪᠤᠬᠢᠷᠳᠤᠯ ᠢ ᠰᠡᠷᠭᠡᠶᠢᠯᠡᠬᠦ ᠵᠡᠷᠭᠡ ᠲᠦᠬᠦᠭᠡᠷᠦᠮᠵᠢ ᠵᠢᠴᠢ ᠴᠢᠩᠭ᠎ᠠ ᠪᠢᠲᠡᠭᠦᠮᠵᠢᠯᠡᠭᠰᠡᠨ ᠬᠠᠶᠠᠭᠳᠠᠮᠠᠯ ᠪᠤᠳᠠᠰ ᠤᠨ ᠰᠠᠪᠠ ᠲᠤᠬᠢᠷᠠᠭᠤᠯᠬᠤ︔        ︵ᠬᠤᠶᠠᠷ︶ ᠡᠳ᠋ᠰᠢᠭᠦᠯᠬᠦ ᠴᠢᠬᠤᠯᠠ ᠲᠠᠢ ᠢᠳᠡᠭᠡᠨ ᠪᠤᠯᠤᠨ ᠰᠢᠭᠤᠳ ᠢᠳᠡᠬᠦ ᠢᠳᠡᠭᠡᠨ᠂ ᠲᠦᠭᠦᠭᠡᠢ ᠡᠳ᠋ ᠪᠤᠯᠤᠨ ᠪᠦᠲᠦᠭᠡᠭᠳᠡᠭᠦᠨ ᠢ ᠰᠠᠯᠭᠠᠨ ᠲᠠᠯᠪᠢᠵᠤ᠂ ᠢᠳᠡᠭᠡᠨ ᠢ ᠬᠤᠤᠷ᠎ᠠ ᠲᠠᠢ ᠪᠤᠳᠠᠰ᠂ ᠠᠷᠢᠭᠤᠨ ᠴᠡᠪᠡᠷ ᠪᠤᠰᠤ ᠪᠤᠳᠠᠰ ᠲᠠᠢ ᠬᠦᠷᠦᠯᠴᠡᠬᠦ ᠠᠴᠠ ᠵᠠᠶᠢᠯᠠᠰᠬᠢᠬᠦ︔        ︵ᠭᠤᠷᠪᠠ︶ ᠬᠡᠷᠡᠭᠯᠡᠬᠦ ᠤᠰᠤ ᠨᠢ ᠤᠯᠤᠰ ᠤᠨ ᠲᠤᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠡ ᠳᠤ ᠨᠡᠶᠢᠴᠡᠬᠦ︔        ︵ᠲᠦᠷᠪᠡ︶ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠲᠡᠭᠡᠭᠡᠵᠤ ᠪᠠᠭᠤᠯᠭᠠᠬᠤ ᠪᠠᠭᠠᠵᠢ ᠰᠠᠪᠠ ᠪᠠ ᠲᠦᠬᠦᠭᠡᠷᠦᠮᠵᠢ ᠨᠢ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ ᠪᠠᠶᠢᠬᠤ︔        ︵ᠲᠠᠪᠤ︶ ᠢᠳᠡᠭᠡᠨ ᠢ ᠪᠤᠷᠤᠯᠠᠭᠤᠯᠬᠤ ᠳᠤ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ ᠪᠤᠭᠤᠳᠠᠯᠯᠠᠬᠤ ᠬᠡᠷᠡᠭᠰᠡᠯ ᠢ ᠬᠡᠷᠡᠭᠯᠡᠬᠦ︔        ︵ᠵᠢᠷᠭᠤᠭ᠎ᠠ︶ ᠢᠳᠡᠭᠡᠨ ᠤᠷᠤᠭᠤᠯᠤᠭᠰᠡᠨ ᠪᠢᠴᠢᠭ ᠪᠠᠷᠢᠮᠲᠠ ᠬᠡᠷᠡᠴᠢ ᠶᠢ ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠠᠴᠠ ᠲᠤᠤᠷ᠎ᠠ ᠪᠠᠶᠢᠵᠤ ᠪᠤᠯᠬᠤ ᠦᠭᠡᠢ᠃        ᠬᠤᠷᠢᠳᠤᠭᠠᠷ ᠵᠦᠢᠯ    ᠲᠤᠬᠠᠢ ᠶᠢᠨ ᠲᠠᠯᠠᠪᠤᠷ ᠲᠤ ᠬᠢᠵᠤ ᠪᠤᠷᠤᠯᠠᠭᠤᠯᠬᠤ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ ᠪᠠᠶᠢᠭ᠎ᠠ ᠲᠡᠯᠭᠡᠭᠦᠷᠴᠢᠨ ᠢᠳᠡᠭᠡᠨ ᠤ ᠡᠵᠡᠩᠨᠡᠯᠲᠠ ᠲᠤᠮᠲᠠ ᠲᠤᠰ ᠲᠦᠷᠢᠮ ᠤᠨ ᠠᠷᠪᠠ ᠶᠢᠰᠦᠳᠦᠭᠡᠷ ᠵᠦᠢᠯ ᠤᠨ ᠲᠤᠭᠲᠠᠭᠠᠯ ᠳᠤ ᠨᠡᠶᠢᠴᠡᠬᠦ ᠠᠴᠠ ᠭᠠᠳᠠᠨ᠎ᠡ᠂ ᠪᠠᠰᠠ ᠲᠤᠤᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠄        ︵ᠨᠢᠭᠡ︶ ᠢᠳᠡᠭᠡᠨ ᠤ ᠡᠷᠡᠭᠦᠯ ᠬᠠᠮᠠᠭᠠᠯᠠᠯ ᠤᠨ ᠨᠦᠬᠦᠴᠡᠯ ᠳᠤ ᠨᠡᠶᠢᠴᠡᠭᠰᠡᠨ ᠢᠳᠡᠭᠡᠨ ᠬᠢᠬᠦ ᠪᠠ ᠪᠤᠷᠤᠯᠠᠭᠤᠯᠬᠤ ᠮᠤᠬᠤᠯᠠᠭ᠂ ᠫᠧᠩ᠂ ᠲᠡᠷᠭᠡ᠂ ᠲᠠᠶᠢᠰᠠ ᠵᠡᠷᠭᠡ ᠲᠦᠬᠦᠭᠡᠷᠦᠮᠵᠢ ᠲᠠᠢ ᠪᠠᠶᠢᠬᠤ︔        ︵ᠬᠤᠶᠠᠷ︶ ᠢᠳᠡᠭᠡᠨ ᠲᠠᠢ ᠬᠦᠷᠦᠯᠴᠡᠬᠦ ᠰᠠᠪᠠ ᠬᠡᠷᠡᠭᠰᠡᠯ᠂ ᠠᠵᠢᠯᠯᠠᠬᠤ ᠲᠠᠶᠢᠰᠠ ᠵᠢᠴᠢ ᠪᠠᠷᠠᠭᠠᠨ ᠤ ᠲᠠᠯᠪᠢᠭᠤᠷ᠂ ᠬᠤᠷᠭᠤ ᠨᠢ ᠢᠳᠡᠭᠡᠨ ᠤ ᠡᠷᠡᠭᠦᠯ ᠬᠠᠮᠠᠭᠠᠯᠠᠯ ᠤᠨ ᠨᠦᠬᠦᠴᠡᠯ ᠳᠤ ᠨᠡᠶᠢᠴᠡᠬᠦ︔        ︵ᠭᠤᠷᠪᠠ︶ ᠬᠡᠷᠡᠭᠯᠡᠬᠦ ᠬᠤᠭᠤᠯᠠᠨ ᠤ ᠰᠠᠪᠠ ᠬᠡᠷᠡᠭᠰᠡᠯ ᠢ ᠲᠦᠢᠯᠪᠤᠷᠢᠲᠠᠢ ᠪᠠᠷ ᠤᠭᠢᠶᠠᠬᠤ᠂ ᠠᠷᠢᠭᠤᠳᠬᠠᠬᠤ︔        ︵ᠲᠦᠷᠪᠡ︶ ᠬᠡᠷᠡᠭᠯᠡᠬᠦ ᠤᠬᠢᠶᠠᠯᠭ᠎ᠠ ᠶᠢᠨ ᠡᠳ᠋᠂ ᠠᠷᠢᠭᠤᠳᠬᠠᠬᠤ ᠡᠳ᠋ ᠨᠢ ᠬᠦᠮᠦᠨ ᠤ ᠪᠡᠶ᠎ᠡ ᠳᠤ ᠠᠮᠤᠷ ᠲᠦᠪᠰᠢᠨ᠂ ᠬᠦᠨᠦᠭᠡᠯ ᠦᠭᠡᠢ ᠪᠠᠶᠢᠬᠤ᠂ ᠬᠤᠷᠤᠬᠠᠢ ᠠᠯᠠᠬᠤ ᠡᠳ᠋᠂ ᠬᠤᠯᠤᠭᠠᠨ᠎ᠡ ᠠᠯᠠᠬᠤ ᠡᠳ᠋ ᠵᠡᠷᠭᠡ ᠶᠢ ᠰᠠᠶᠢᠨ ᠬᠠᠳᠠᠭᠠᠯᠠᠨ ᠬᠠᠮᠢᠶᠠᠷᠴᠤ᠂ ᠢᠳᠡᠭᠡᠨ ᠤ ᠡᠵᠡᠩᠨᠡᠯᠲᠠ ᠶᠢᠨ ᠲᠠᠯᠠᠪᠤᠷ ᠲᠤ ᠲᠠᠯᠪᠢᠵᠤ ᠪᠤᠯᠬᠤ ᠦᠭᠡᠢ︔        ︵ᠲᠠᠪᠤ︶ ᠢᠳᠡᠭᠡᠨ ᠤ ᠡᠵᠡᠩᠨᠡᠭᠴᠢ ᠴᠡᠪᠡᠷᠬᠡᠨ ᠠᠵᠢᠯ ᠤᠨ ᠬᠤᠪᠴᠠᠰᠤ ᠮᠠᠯᠠᠭᠠᠢ ᠡᠮᠤᠰᠴᠤ᠂ ᠠᠮᠠᠪᠴᠢ ᠵᠡᠭᠦᠵᠤ᠂ ᠬᠤᠪᠢ ᠬᠦᠮᠦᠨ ᠤ ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠠᠢ᠃        ᠬᠤᠷᠢᠨ ᠨᠢᠭᠡᠳᠦᠭᠡᠷ ᠵᠦᠢᠯ    ᠢᠳᠡᠭᠡᠨ ᠤ ᠲᠡᠯᠭᠡᠭᠦᠷᠴᠢᠨ ᠲᠤᠤᠷᠠᠬᠢ ᠦᠢᠯᠡ ᠠᠵᠢᠯᠯᠠᠭ᠎ᠠ ᠲᠠᠢ ᠪᠠᠶᠢᠬᠤ ᠶᠢ ᠴᠢᠩᠭ᠎ᠠ ᠴᠠᠭᠠᠵᠠᠯᠠᠨ᠎ᠡ᠄        ︵ᠨᠢᠭᠡ︶ ᠴᠢᠨᠠᠷ ᠢ ᠪᠠᠲᠤᠯᠠᠬᠤ ᠬᠤᠭᠤᠴᠠᠭ᠎ᠠ ᠠᠴᠠ ᠨᠢ ᠬᠡᠲᠦᠷᠡᠭᠰᠡᠨ ᠢᠳᠡᠭᠡᠨ ᠢ ᠦᠢᠯᠡᠳᠬᠦ᠂ ᠡᠵᠡᠩᠨᠡᠬᠦ︔        ︵ᠬᠤᠶᠠᠷ︶ ᠬᠦᠢᠲᠡᠨ ᠮᠢᠬᠠᠯᠢᠭ ᠢᠳᠡᠭᠡᠨ ᠢ ᠲᠤᠬᠠᠢ ᠶᠢᠨ ᠲᠠᠯᠠᠪᠤᠷ ᠲᠤ ᠦᠢᠯᠡᠳᠬᠦ︔        ︵ᠭᠤᠷᠪᠠ︶ ᠪᠠᠶᠢᠭᠠᠯᠢᠯᠢᠭ ᠬᠤᠤᠷ᠎ᠠ ᠲᠠᠢ ᠪᠦᠷᠢᠯᠳᠦᠭᠦᠨ ᠲᠠᠢ ᠤᠷᠭᠤᠮᠠᠯ᠂ ᠠᠮᠢᠲᠡᠨ ᠢ ᠬᠡᠷᠡᠭᠯᠡᠨ ᠢᠳᠡᠭᠡᠨ ᠦᠢᠯᠡᠳᠬᠦ︔        ︵ᠲᠦᠷᠪᠡ︶ ᠢᠳᠡᠭᠡᠨ ᠤ ᠨᠡᠮᠡᠯᠲᠠ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠨᠢ ᠬᠡᠲᠤᠷᠡᠭᠦᠯᠦᠨ ᠬᠡᠷᠡᠭᠯᠡᠵᠤ ᠢᠳᠡᠭᠡᠨ ᠦᠢᠯᠡᠳᠬᠦ︔        ︵ᠲᠠᠪᠤ︶ ᠢᠳᠡᠭᠡᠨ ᠤ ᠨᠡᠮᠡᠯᠲᠠ ᠡᠳ᠋ ᠠᠴᠠ ᠭᠠᠳᠠᠨᠠᠬᠢ ᠬᠢᠮᠢ ᠶᠢᠨ ᠪᠤᠳᠠᠰ ᠢ ᠬᠡᠷᠡᠭᠯᠡᠨ ᠢᠳᠡᠭᠡᠨ ᠦᠢᠯᠡᠳᠬᠦ        ᠳᠦᠷᠪᠡᠳᠦᠭᠡᠷ ᠪᠦᠯᠦᠭ    ᠬᠢᠨᠠᠯᠲᠠ ᠬᠠᠮᠢᠶᠠᠷᠤᠯᠲᠠ        ᠬᠤᠷᠢᠨ ᠬᠤᠶᠠᠳᠤᠭᠠᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠲᠤᠰ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠲᠤᠰ ᠵᠠᠰᠠᠭ ᠵᠠᠬᠢᠷᠭᠠᠨ ᠤ ᠤᠷᠤᠨ ᠤ ᠢᠳᠡᠭᠡᠨ ᠤ ᠠᠮᠤᠷ ᠲᠦᠪᠰᠢᠨ ᠤ ᠤᠨ ᠤ ᠬᠢᠨᠠᠨ ᠬᠠᠮᠢᠶᠠᠷᠬᠤ ᠲᠦᠯᠦᠪᠯᠡᠭᠡ ᠲᠤᠭᠲᠠᠭᠠᠵᠤ᠂ ᠨᠡᠶᠢᠭᠡᠮ ᠳᠤ ᠵᠠᠷᠯᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠠᠢ᠃        ᠬᠤᠷᠢᠨ ᠭᠤᠷᠪᠠᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠬᠢᠨᠠᠨ ᠪᠠᠶᠢᠴᠠᠭᠠᠬᠤ ᠦᠶᠡᠰ᠂ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠡᠨ ᠬᠤᠶᠠᠷ ᠬᠦᠮᠦᠨ ᠠᠴᠠ ᠴᠦᠭᠡᠨ ᠪᠠᠶᠢᠵᠤ ᠪᠤᠯᠬᠤ ᠦᠭᠡᠢ ᠪᠦᠭᠡᠳ ᠪᠠᠶᠢᠴᠠᠭᠠᠭᠳᠠᠭᠴᠢ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠦᠵᠡᠭᠦᠯᠬᠦ ᠬᠡᠷᠡᠭᠲᠠᠢ᠃        ᠬᠢᠨᠠᠨ ᠪᠠᠶᠢᠴᠠᠭᠠᠬᠤ ᠠᠵᠢᠯ ᠨᠢ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠬᠠᠤᠯᠢ ᠶᠤᠰᠤᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠬᠠᠷᠰᠢᠯᠡᠵᠤ ᠪᠤᠯᠬᠤ ᠦᠭᠡᠢ᠃        ᠬᠤᠷᠢᠨ ᠲᠦᠷᠪᠡᠳᠦᠭᠡᠷ ᠵᠦᠢᠯ    ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠶᠡᠰ᠂ ᠲᠤᠤᠷᠠᠬᠢ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄        ︵ᠨᠢᠭᠡ︶ ᠦᠢᠯᠡᠳᠪᠦᠷᠢᠯᠡᠯ ᠡᠵᠡᠩᠨᠡᠯᠲᠠ ᠶᠢᠨ ᠲᠠᠯᠠᠪᠤᠷ ᠲᠤ ᠬᠦᠷᠴᠤ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ︔        ︵ᠬᠤᠶᠠᠷ︶ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠠᠴᠠ ᠦᠯᠢᠭᠡᠷ ᠠᠪᠴᠣ ᠰᠢᠯᠭᠠᠨ ᠪᠠᠶᠢᠴᠠᠭᠠᠬᠤ︔        ︵ᠭᠤᠷᠪᠠ︶ ᠬᠠᠮᠢᠶ᠎ᠠ ᠪᠦᠬᠦᠢ ᠭᠡᠷ᠎ᠡ᠂ ᠪᠢᠴᠢᠭ ᠪᠠᠷᠢᠮᠲᠠ᠂ ᠲᠠᠩᠰᠠ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠬᠢᠨᠠᠵᠣ᠂ ᠬᠠᠭᠤᠯᠤᠨ ᠪᠠᠭᠤᠯᠭᠠᠵᠤ᠂ ᠬᠠᠮᠢᠶ᠎ᠠ ᠪᠦᠬᠦᠢ ᠠᠵᠢᠯᠲᠡᠨ ᠠᠴᠠ ᠬᠤᠯᠪᠤᠭᠳᠠᠯ ᠪᠦᠬᠦᠢ ᠪᠠᠶᠢᠳᠠᠯ ᠢ ᠤᠶᠢᠯᠠᠭᠠᠬᠤ︔        ︵ᠲᠦᠷᠪᠡ︶ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠳᠤ ᠨᠡᠶᠢᠴᠡᠬᠦ ᠦᠭᠡᠢ ᠶᠢ ᠬᠡᠷᠡᠴᠢᠯᠡᠭᠰᠡᠨ ᠢᠳᠡᠭᠡᠨ ᠵᠢᠴᠢ ᠬᠠᠤᠯᠢ ᠠᠴᠠ ᠵᠦᠷᠢᠴᠡᠨ ᠬᠡᠷᠡᠭᠯᠡᠭᠰᠡᠨ ᠢᠳᠡᠭᠡᠨ ᠤ ᠲᠦᠭᠦᠭᠡᠢ ᠮᠠᠲ᠋ᠧᠷᠢᠶᠠᠯ᠂ ᠢᠳᠡᠭᠡᠨ ᠤ ᠨᠡᠮᠡᠯᠲᠠ ᠡᠳ᠋᠂ ᠢᠳᠡᠭᠡᠨ ᠤ ᠬᠤᠯᠪᠤᠭᠳᠠᠯ ᠪᠦᠬᠦᠢ ᠪᠦᠲᠦᠭᠡᠭᠳᠡᠭᠦᠨ ᠢ ᠪᠠᠶᠢᠴᠠᠭᠠᠨ ᠪᠢᠲᠡᠭᠦᠮᠵᠢᠯᠡᠬᠦ᠂ ᠪᠠᠷᠢᠴᠠᠭᠠᠨ ᠳᠤ ᠦᠯᠡᠳᠡᠭᠡᠬᠦ︔        ︵ᠲᠠᠪᠤ︶ ᠬᠠᠤᠯᠢ ᠪᠤᠰᠤ ᠪᠠᠷ ᠢᠳᠡᠭᠡᠨ ᠡᠳ᠋ᠰᠢᠭᠦᠯᠵᠤ ᠪᠠᠶᠢᠭ᠎ᠠ ᠲᠠᠯᠠᠪᠤᠷ ᠢ ᠪᠠᠶᠢᠴᠠᠭᠠᠨ ᠪᠢᠲᠡᠭᠦᠮᠵᠢᠯᠡᠬᠦ᠃        ᠬᠤᠷᠢᠨ ᠲᠠᠪᠤᠳᠤᠭᠠᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ ᠳᠤ ᠬᠢᠨᠠᠯᠲᠠ ᠲᠠᠯᠪᠢᠨ ᠦᠯᠢᠭᠡᠷ ᠠᠪᠴᠤ ᠰᠢᠯᠭᠠᠨ ᠪᠠᠶᠢᠴᠠᠭᠠᠬᠤ ᠲᠦᠯᠦᠪᠯᠡᠭᠡ ᠲᠤᠭᠲᠠᠭᠠᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠳᠤ ᠲᠤᠭᠲᠠᠮᠠᠯ ᠬᠤᠭᠤᠴᠠᠭ᠎ᠠ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠦᠯᠢᠭᠡᠷ ᠠᠪᠴᠤ ᠰᠢᠯᠭᠠᠨ ᠪᠠᠶᠢᠴᠠᠭᠠᠬᠤ ᠶᠢᠨ ᠬᠠᠮᠲᠤ ᠵᠣᠬᠢᠰᠳᠠᠢ ᠠᠷᠭ᠎ᠠ ᠬᠡᠯᠪᠡᠷᠢ ᠶᠢ ᠰᠤᠩᠭᠤᠨ ᠰᠢᠯᠭᠠᠨ ᠪᠠᠶᠢᠴᠠᠭᠠᠭᠰᠡᠨ ᠦᠷ᠎ᠡ ᠳ᠋ᠦᠩ ᠢᠶᠠᠨ ᠨᠡᠶᠢᠲᠡᠯᠡᠬᠦ ᠬᠡᠷᠡᠭᠲᠠᠢ᠃        ᠬᠢᠨᠠᠯᠲᠠ ᠲᠠᠯᠪᠢᠨ ᠦᠯᠢᠭᠡᠷ ᠠᠪᠴᠤ ᠰᠢᠯᠭᠠᠨ ᠪᠠᠶᠢᠴᠠᠭᠠᠬᠤ ᠳᠤ ᠢᠳᠡᠭᠡᠨ ᠢ ᠰᠢᠯᠭᠠᠨ ᠪᠠᠶᠢᠴᠠᠭᠠᠬᠤ ᠬᠢᠷᠢ ᠭᠡᠮ ᠲᠠᠢ ᠪᠠᠶᠢᠭᠤᠯᠤᠮᠵᠢ ᠳᠤ ᠨᠡᠶᠢᠲᠠᠬᠤ ᠬᠡᠷᠡᠭᠲᠠᠢ᠂ ᠲᠤᠬᠠᠢ ᠶᠢᠨ ᠬᠦᠮᠦᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠰᠠᠨᠠᠯ ᠲᠠᠢ ᠪᠤᠯ᠂ ᠲᠠᠬᠢᠨ ᠪᠠᠶᠢᠴᠠᠭᠠᠯᠭᠠᠬᠤ ᠪᠠᠷ ᠭᠤᠶᠤᠴᠢᠯᠡᠵᠤ ᠪᠤᠯᠤᠨ᠎ᠡ᠃        ᠰᠢᠯᠭᠠᠨ ᠪᠠᠶᠢᠴᠠᠭᠠᠭᠠᠳ ᠬᠢᠷᠢ ᠲᠠᠩᠴᠡᠭᠰᠡᠨ ᠦᠭᠡᠢ ᠢᠳᠡᠭᠡᠨ ᠢ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠰᠢᠢᠳᠪᠦᠷᠢᠯᠡᠨ᠎ᠡ᠃        ᠬᠢᠨᠠᠯᠲᠠ ᠲᠠᠯᠪᠢᠨ ᠦᠯᠢᠭᠡᠷ ᠠᠪᠴᠤ ᠰᠢᠯᠭᠠᠨ ᠪᠠᠶᠢᠴᠠᠭᠠᠬᠤ ᠳᠤ ᠦᠯᠢᠭᠡᠷ ᠠᠪᠤᠭᠰᠠᠨ ᠰᠦᠢᠳᠭᠡᠯ ᠲᠤᠰᠢᠶᠠᠬᠤ ᠬᠡᠷᠡᠭᠲᠠᠢ ᠪᠦᠭᠡᠳ ᠲᠤᠬᠠᠢ ᠶᠢᠨ ᠬᠦᠮᠦᠨ ᠠᠴᠠ ᠶᠠᠮᠠᠷᠪᠠ ᠰᠦᠢᠳᠭᠡᠯ ᠬᠤᠷᠢᠶᠠᠵᠤ ᠪᠤᠯᠬᠤ ᠦᠭᠡᠢ᠃        ᠬᠤᠷᠢᠨ ᠵᠢᠷᠭᠤᠳᠤᠭᠠᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ ᠤ ᠠᠮᠤᠷ ᠲᠦᠪᠰᠢᠨ ᠤ ᠬᠦᠮᠦᠵᠢᠯ ᠤᠨ ᠪᠤᠯᠪᠠᠰᠤᠷᠠᠯ ᠤᠨ ᠲᠦᠯᠦᠪᠯᠡᠭᠡ ᠲᠤᠭᠲᠠᠭᠠᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠠᠵᠢᠯᠯᠠᠭᠴᠢᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠵᠢᠴᠢ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠪᠤᠯᠪᠠᠰᠤᠷᠠᠯ ᠬᠦᠷᠲᠡᠭᠡᠬᠦ ᠬᠡᠷᠡᠭᠲᠠᠢ᠃        ᠬᠤᠷᠢᠨ ᠲᠤᠯᠤᠳᠤᠭᠠᠷ ᠵᠦᠢᠯ    ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠨᠡᠨᠴᠢ ᠢᠲᠡᠭᠡᠮᠵᠢ ᠶᠢ ᠲᠡᠮᠳᠡᠭᠯᠡᠬᠦ ᠲᠦᠷᠢᠮ ᠢ ᠬᠡᠷᠡᠭᠵᠢᠭᠦᠯᠵᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠭᠰᠡᠨ ᠵᠡᠷᠭᠡ ᠪᠠᠶᠢᠳᠠᠯ ᠢ ᠲᠡᠮᠳᠡᠭᠯᠡᠵᠤ᠂ ᠦᠨᠡᠨᠴᠢ ᠢᠲᠡᠭᠡᠮᠵᠢ ᠶᠢ ᠲᠡᠮᠳᠡᠭᠯᠡᠭᠰᠡᠨ ᠪᠠᠶᠢᠳᠠᠯ ᠢ ᠦᠨᠳᠦᠰᠦᠯᠡᠵᠤ᠂ ᠡᠷᠡᠭᠦᠯ ᠪᠤᠰᠤ ᠢᠳᠡᠭᠡᠮᠵᠢ ᠶᠢᠨ ᠲᠡᠮᠳᠡᠭᠯᠡᠯ ᠲᠠᠢ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠳᠤ ᠬᠢᠨᠠᠯᠲᠠ ᠪᠠᠶᠢᠴᠠᠭᠠᠯᠲᠠ ᠪᠠ ᠴᠡᠭᠴᠡᠯᠡᠨ ᠦᠭᠡᠷᠡᠴᠢᠯᠡᠬᠦ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠠᠢ᠃        ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠨᠡᠨᠴᠢ ᠢᠲᠡᠭᠡᠮᠵᠢ ᠶᠢᠨ ᠪᠠᠶᠢᠳᠠᠯ ᠢ ᠲᠤᠬᠢᠷᠠᠭᠰᠠᠨ ᠴᠠᠭ ᠲᠤ ᠨᠡᠶᠢᠳᠡᠯᠡᠬᠦ ᠬᠡᠷᠡᠭᠲᠠᠢ᠃        ᠬᠤᠷᠢᠨ ᠨᠠᠢᠮᠠᠳᠤᠭᠠᠷ ᠵᠦᠢᠯ    ᠬᠤᠳᠠᠯᠳᠤᠭᠠᠨ ᠤ ᠲᠠᠯᠠᠪᠠᠢ᠂ ᠬᠠᠮ ᠲᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠲᠦᠪᠯᠡᠷᠡᠭᠦᠯᠦᠨ ᠡᠵᠡᠩᠨᠡᠬᠦ ᠲᠤᠭᠤᠷᠢᠭ ᠢ ᠨᠡᠭᠡᠭᠡᠨ ᠡᠷᠬᠢᠯᠡᠵᠤ ᠪᠠᠶᠢᠭ᠎ᠠ ᠡᠷᠬᠢᠯᠡᠭᠴᠢ ᠨᠢ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢ ᠬᠠᠪᠰᠤᠷᠤᠨ ᠲᠤᠤᠷᠠᠬᠢ ᠡᠭᠦᠷᠭᠡ ᠶᠢ ᠭᠦᠢᠴᠡᠳᠭᠡᠬᠦ ᠬᠡᠷᠡᠭᠲᠠᠢ᠄        ︵ᠨᠢᠭᠡ︶ ᠢᠳᠡᠭᠡᠨ ᠤ ᠲᠡᠯᠭᠡᠭᠦᠷᠴᠢᠨ ᠤ ᠠᠵᠢᠯᠯᠠᠭᠴᠢᠳ ᠤᠨ ᠡᠷᠡᠭᠦᠯ ᠮᠡᠨᠲᠤ ᠶᠢᠨ ᠬᠡᠷᠡᠴᠢ ᠶᠢ ᠪᠠᠶᠢᠴᠠᠭᠠᠨ ᠰᠢᠯᠭᠠᠬᠤ︔        ︵ᠬᠤᠶᠠᠷ︶ ᠢᠳᠡᠭᠡᠨ ᠤ ᠲᠡᠯᠭᠡᠭᠦᠷᠴᠢᠨ ᠤ ᠦᠢᠯᠡᠳᠪᠦᠷᠢᠯᠡᠯ ᠡᠵᠡᠩᠨᠡᠯᠲᠠ ᠶᠢᠨ ᠤᠷᠴᠢᠨ ᠲᠤᠭᠤᠷᠢᠨ ᠪᠠ ᠨᠦᠬᠦᠴᠡᠯ ᠢ ᠪᠠᠶᠢᠴᠠᠭᠠᠨ᠂ ᠲᠤᠰ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠪᠡᠯ᠂ ᠴᠠᠭ ᠲᠤᠬᠠᠢ ᠳᠤᠨᠢ ᠬᠤᠷᠢᠭᠯᠠᠬᠤ ᠶᠢᠨ ᠬᠠᠮᠲᠤ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ︔        ︵ᠭᠤᠷᠪᠠ︶ ᠢᠳᠡᠭᠡᠨ ᠤ ᠲᠡᠯᠭᠡᠭᠦᠷᠴᠢᠨ ᠤ ᠲᠠᠩᠰᠠ ᠡᠪᠭᠡᠮᠡᠯ ᠪᠠᠶᠢᠭᠤᠯᠵᠤ᠂ ᠢᠳᠡᠭᠡᠨ ᠤ ᠲᠡᠯᠭᠡᠭᠦᠷᠴᠢᠨ ᠤ ᠦᠨᠳᠦᠰᠦᠨ ᠪᠠᠶᠢᠳᠠᠯ᠂ ᠡᠵᠡᠩᠨᠡᠯᠲᠠ ᠶᠢᠨ ᠲᠦᠷᠦᠯ ᠵᠦᠢᠯ᠂ ᠲᠠᠸᠠᠷ ᠤᠨ ᠮᠡᠳᠡᠭᠡ ᠵᠠᠩᠭᠢ ᠶᠢ ᠲᠡᠮᠳᠡᠭᠯᠡᠵᠤ᠂ ᠢᠳᠡᠭᠡᠨ ᠤ ᠲᠡᠯᠭᠡᠭᠦᠷᠴᠢᠨ ᠢ ᠦᠢᠯᠡᠳᠪᠦᠷᠢᠯᠡᠯ ᠡᠵᠡᠩᠨᠡᠯᠲᠠ ᠶᠢᠨ ᠲᠡᠮᠳᠡᠭᠯᠡᠯ᠂ ᠪᠠᠷᠠᠭ᠎ᠠ ᠤᠷᠤᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠠᠮᠢᠶ᠎ᠠ ᠪᠦᠬᠦᠢ ᠲᠦᠷᠢᠮ ᠪᠠᠶᠢᠭᠤᠯᠬᠤ ᠶᠢ ᠵᠢᠯᠤᠭᠤᠳᠬᠤ ᠶᠢᠨ ᠬᠠᠮᠲᠤ ᠱᠠᠯᠠᠪᠳᠠᠭᠤᠯᠣᠨ᠎ᠠ᠃        ᠬᠤᠷᠢ ᠶᠢᠰᠦᠳᠦᠭᠡᠷ ᠵᠦᠢᠯ    ᠢᠳᠡᠭᠡᠨ ᠤ ᠲᠡᠯᠭᠡᠭᠦᠷᠴᠢᠨ ᠤ ᠠᠵᠢᠯᠯᠠᠭᠴᠢᠳ ᠪᠠ ᠢᠳᠡᠭᠡᠨ ᠤ ᠲᠡᠯᠭᠡᠭᠦᠷᠴᠢᠨ ᠵᠢᠯ ᠪᠦᠷᠢ ᠨᠢᠭᠡ ᠣᠳᠠᠭ᠎ᠠ ᠶᠢᠨ ᠡᠷᠡᠭᠦᠯ ᠮᠡᠨᠲᠤ ᠶᠢᠨ ᠪᠠᠶᠢᠴᠠᠭᠠᠯᠲᠠ ᠬᠢᠬᠦ ᠬᠡᠷᠡᠭᠲᠠᠢ᠂ ᠡᠷᠡᠭᠦᠯ ᠮᠡᠨᠲᠤ ᠶᠢᠨ ᠬᠡᠷᠡᠴᠢ ᠶᠢ ᠤᠯᠤᠭᠰᠠᠨ ᠤ ᠲᠠᠷᠠᠭ᠎ᠠ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠡᠷᠬᠢᠯᠡᠵᠦ ᠪᠤᠯᠤᠨ᠎ᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠲᠠᠭᠠᠭᠰᠠᠨ ᠢᠳᠡᠭᠡᠨ ᠤ ᠠᠮᠤᠷ ᠲᠦᠪᠰᠢᠨ ᠢ ᠨᠦᠯᠦᠭᠡᠯᠡᠬᠦ ᠡᠪᠳᠴᠢᠨ ᠲᠠᠢ ᠬᠦᠮᠦᠨ ᠰᠢᠭᠤᠳ ᠢᠳᠡᠬᠦ ᠢᠳᠡᠭᠡᠨ ᠲᠠᠢ ᠬᠦᠷᠦᠯᠴᠡᠬᠦ ᠠᠵᠢᠯ ᠢ ᠬᠢᠵᠤ ᠪᠤᠯᠬᠤ ᠦᠭᠡᠢ᠃        ᠭᠤᠴᠢᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠨᠢ ᠢᠯᠡᠷᠭᠡᠢ ᠪᠠᠶᠢᠷᠢᠨ ᠳᠤ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠪᠠ ᠠᠵᠢᠯᠯᠠᠭᠴᠢᠳ ᠤᠨ ᠡᠷᠡᠭᠦᠯ ᠮᠡᠨᠲᠤ ᠶᠢᠨ ᠬᠡᠷᠡᠴᠢ ᠪᠠᠨ ᠲᠠᠯᠪᠢᠬᠤ ᠬᠡᠷᠡᠭᠲᠠᠢ᠃ ᠢᠳᠡᠭᠡᠨ ᠤ ᠲᠡᠯᠭᠡᠭᠦᠷᠴᠢᠨ ᠲᠤᠰ ᠪᠡᠶ᠎ᠡ ᠶᠢᠨ ᠡᠷᠡᠭᠦᠯ ᠮᠡᠨᠲᠤ ᠶᠢᠨ ᠬᠡᠷᠡᠴᠢ ᠪᠠᠨ ᠪᠠᠶ᠎ᠠ ᠳᠡᠭᠡᠨ ᠠᠪᠴᠤ ᠶᠠᠪᠤᠬᠤ ᠬᠡᠷᠡᠭᠲᠠᠢ᠃ ᠯᠠᠯᠤ ᠶᠢᠨ ᠢᠳᠡᠭᠡᠨ ᠦᠢᠯᠡᠳᠪᠦᠷᠢᠯᠡᠵᠤ ᠪᠤᠯᠪᠠᠰᠤᠷᠠᠭᠤᠯᠬᠤ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢᠯᠡᠷᠭᠡᠢ ᠪᠠᠶᠢᠷᠢᠨ ᠳᠤ ᠯᠠᠯᠤ ᠶᠢᠨ ᠰᠢᠨᠵᠢ ᠲᠡᠮᠳᠡᠭ ᠲᠠᠢ ᠫᠠᠶᠢᠰᠠ ᠶᠢ ᠡᠯᠭᠦᠬᠦ ᠬᠡᠷᠡᠭᠲᠠᠢ᠃        ᠭᠤᠴᠢᠨ ᠨᠢᠭᠡᠳᠦᠭᠡᠷ ᠵᠦᠢᠯ    ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠨᠢ ᠢᠳᠡᠭᠡᠨ ᠤ ᠠᠮᠤᠷ ᠲᠦᠪᠰᠢᠨ ᠤ ᠠᠲᠡᠯ ᠡᠭᠦᠰᠪᠡᠯ᠂ ᠡᠵᠡᠩᠨᠡᠭᠴᠢ ᠲᠠᠷᠤᠢ ᠲᠦᠷᠭᠡᠨ ᠰᠢᠢᠳᠪᠦᠷᠢᠯᠡᠵᠤ᠂ ᠢᠳᠡᠭᠡᠨ ᠳᠤ ᠬᠤᠤᠷᠠᠳᠠᠭᠳᠠᠭᠰᠠᠨ ᠠᠵᠢᠯᠲᠡᠨ ᠢ ᠴᠠᠭ ᠲᠤᠬᠠᠢ ᠳᠤᠨᠢ ᠠᠪᠤᠷᠠᠨ᠂ ᠢᠳᠡᠭᠡᠨ ᠤ ᠬᠤᠤᠷᠠᠳᠠᠯ ᠡᠭᠦᠰᠭᠡᠵᠤ ᠮᠡᠳᠡᠬᠦ ᠢᠳᠡᠭᠡᠨ ᠵᠢᠴᠢ ᠲᠦᠭᠦᠭᠡᠢ ᠡᠳ᠋ ᠢ ᠪᠢᠲᠡᠭᠦᠮᠵᠢᠯᠡᠨ ᠬᠠᠳᠠᠭᠠᠯᠠᠵᠤ᠂ ᠠᠳᠡᠯ ᠤᠨ ᠦᠷᠭᠡᠳᠬᠦ ᠶᠢ ᠰᠡᠷᠭᠡᠶᠢᠯᠡᠬᠦ ᠶᠢᠨ ᠬᠠᠮᠲᠤ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ᠃        ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠠᠮᠤᠷ ᠲᠦᠪᠰᠢᠨ ᠤ ᠠᠳᠡᠯ ᠤᠨ ᠮᠡᠳᠡᠭᠦᠯᠦᠯᠲᠠ ᠶᠢ ᠳᠣᠰᠣᠨ ᠤᠯᠤᠭᠰᠡᠨ ᠤ ᠲᠠᠷᠠᠭ᠎ᠠ᠂ ᠲᠠᠷᠤᠢ ᠲᠦᠷᠭᠡᠨ ᠵᠤᠬᠢᠴᠠᠩᠭᠤᠢ ᠠᠷᠭ᠎ᠠ ᠬᠡᠮᠵᠢᠶ᠎ᠡ ᠠᠪᠴᠤ᠂ ᠠᠳᠡᠯ ᠤᠨ ᠠᠶᠤᠯ ᠢ ᠪᠠᠭᠠᠰᠬᠠᠬᠤ ᠶᠢᠨ ᠬᠠᠮᠲᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠴᠠᠭ ᠲᠠᠷᠤᠢ ᠳᠤᠨᠢ ᠮᠡᠳᠡᠭᠦᠯᠬᠦ ᠬᠡᠷᠡᠭᠲᠠᠢ᠃ ᠶᠠᠮᠠᠷᠪᠠ ᠵᠤᠬᠢᠶᠠᠨ ᠪᠠᠶᠢᠭᠤᠯᠤᠯᠲᠠ᠂ ᠨᠢᠭᠡᠴᠡ ᠪᠤᠶᠤ ᠬᠤᠪᠢ ᠬᠦᠮᠦᠨ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠬᠤ᠂ ᠬᠤᠳᠠᠯ ᠢᠶᠠᠷ ᠮᠡᠳᠡᠭᠦᠯᠬᠦ᠂ ᠤᠷᠦ᠋ᠢᠳᠠᠭᠤᠯᠵᠤ ᠮᠡᠳᠡᠭᠦᠯᠵᠤ ᠪᠤᠯᠬᠤ ᠦᠭᠡᠢ᠂ ᠪᠢᠴᠢᠭ ᠪᠠᠷᠢᠮᠲᠠ᠂ ᠪᠤᠲᠠᠲᠤ ᠡᠳ᠋ ᠵᠡᠷᠭᠡ ᠬᠠᠮᠢᠶ᠎ᠠ ᠪᠦᠬᠦᠢ ᠬᠡᠷᠡᠴᠢ ᠪᠠᠷᠢᠮᠲᠠ ᠶᠢ ᠰᠦᠢᠳᠭᠡᠵᠤ ᠪᠤᠯᠬᠤ ᠦᠭᠡᠢ᠃        ᠲᠠᠪᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠭᠤᠴᠢᠨ ᠬᠤᠶᠠᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠤᠯᠤᠭᠰᠠᠨ ᠦᠭᠡᠢ ᠪᠠᠷ ᠢᠳᠡᠭᠡᠨ ᠡᠳ᠋ᠰᠢᠭᠦᠯᠪᠡᠯ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ ᠠᠴᠠ ᠵᠦᠷᠢᠴᠡᠨ ᠡᠳ᠋ᠰᠢᠭᠦᠯᠦᠭᠰᠡᠨ ᠢᠳᠡᠭᠡᠨ ᠪᠠ ᠬᠠᠤᠯᠢ ᠶᠢ ᠵᠦᠷᠢᠴᠡᠨ ᠡᠳ᠋ᠰᠢᠭᠦᠯᠬᠦ ᠳᠤ ᠬᠡᠷᠡᠭᠯᠡᠭᠰᠡᠨ ᠪᠠᠭᠠᠵᠢ ᠂ ᠪᠡᠯᠡᠳᠭᠡᠯ ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ ᠢ ᠬᠤᠷᠢᠶᠠᠨ ᠠᠪᠬᠤ ᠶᠢᠨ ᠬᠠᠮᠲᠤ 1 ᠲᠦᠮᠡᠨ ᠲᠦᠭᠦᠷᠢᠭ ᠠᠴᠠ ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃        ᠭᠤᠴᠢᠨ ᠭᠤᠷᠪᠠᠳᠤᠭᠠᠷ ᠵᠦᠢᠯ    ᠢᠳᠡᠭᠡᠨ ᠤ ᠵᠢᠵᠢᠭ ᠦᠢᠯᠡᠳᠭᠡᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ᠂ 2000 ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃        ᠭᠤᠴᠢᠨ ᠲᠦᠷᠪᠡᠳᠦᠭᠡᠷ ᠵᠦᠢᠯ    ᠢᠳᠡᠭᠡᠨ ᠤ ᠵᠢᠵᠢᠭ ᠦᠢᠯᠡᠳᠭᠡᠯ ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ ᠠᠴᠠ ᠵᠦᠷᠢᠴᠡᠨ ᠡᠵᠡᠩᠨᠡᠭᠰᠡᠨ ᠢᠳᠡᠭᠡᠨ ᠵᠢᠴᠢ ᠦᠢᠯᠡᠳᠪᠦᠷᠢᠯᠡᠯ ᠳᠤ ᠬᠡᠷᠡᠭᠯᠡᠭᠰᠡᠨ ᠲᠦᠭᠦᠭᠡᠢ ᠡᠳ᠋ ᠢ ᠨᠢ ᠬᠤᠷᠢᠶᠠᠨ ᠠᠪᠬᠤ ᠶᠢᠨ ᠬᠠᠮᠲᠤ 1 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ ᠦᠢᠯᠡ ᠪᠠᠶᠢᠳᠠᠯ ᠨᠢ ᠬᠦᠨᠲᠦ ᠨᠤᠴᠢᠲᠠᠢ ᠪᠤᠯ᠂ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠡ᠃        ᠭᠤᠴᠢᠨ ᠲᠠᠪᠤᠳᠤᠭᠠᠷ ᠵᠦᠢᠯ    ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠠᠷᠪᠠᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠪᠡᠯ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠬᠠᠤᠯᠢ ᠶᠤᠰᠤᠭᠠᠷ ᠪᠠᠶᠢᠴᠠᠭᠠᠨ ᠰᠢᠳᠭᠡᠨ᠎ᠡ᠃        ᠭᠤᠴᠢᠨ ᠵᠢᠷᠭᠤᠳᠤᠭᠠᠷ ᠵᠦᠢᠯ    ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠠᠷᠪᠠ ᠶᠢᠰᠦᠳᠦᠭᠡᠷ ᠵᠦᠢᠯ ᠤᠨ ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ᠂ 300 ᠲᠦᠭᠦᠷᠢᠭ ᠠᠴᠠ ᠲᠡᠭᠡᠭᠰᠢ 500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃        ᠭᠤᠴᠢᠨ ᠲᠤᠯᠤᠳᠤᠭᠠᠷ ᠵᠦᠢᠯ    ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠬᠤᠷᠢᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ 500 ᠲᠦᠭᠦᠷᠢᠭ ᠠᠴᠠ ᠲᠡᠭᠡᠭᠰᠢ 1000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃        ᠭᠤᠴᠢᠨ ᠨᠠᠢᠮᠠᠳᠤᠭᠠᠷ ᠵᠦᠢᠯ    ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠬᠤᠷᠢᠨ ᠨᠢᠭᠡᠳᠦᠭᠡᠷ ᠵᠦᠢᠯ ᠤᠨ ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠡᠵᠡᠩᠨᠡᠯᠲᠠ ᠶᠢᠨ ᠠᠵᠢᠯᠯᠠᠭ᠎ᠠ ᠶᠢ ᠨᠢ ᠵᠤᠭᠰᠤᠭᠠᠬᠤ ᠪᠠᠷ ᠵᠠᠷᠯᠢᠬᠳᠠᠨ᠎ᠠ︔ ᠦᠢᠯᠡ ᠪᠠᠶᠢᠳᠠᠯ ᠨᠢ ᠬᠦᠨᠲᠦ ᠨᠤᠴᠢᠲᠠᠢ ᠪᠤᠯ᠂ ᠬᠠᠤᠯᠢ ᠠᠴᠠ ᠵᠦᠷᠢᠴᠡᠨ ᠤᠯᠤᠭᠰᠠᠨ ᠤᠯᠵᠠᠪᠣᠷᠢ᠂ ᠬᠠᠤᠯᠢ ᠠᠴᠠ ᠵᠦᠷᠢᠴᠡᠨ ᠡᠵᠡᠩᠨᠡᠭᠰᠡᠨ ᠢᠳᠡᠭᠡᠨ ᠪᠠ ᠡᠵᠡᠩᠨᠡᠯᠲᠠ ᠳᠤ ᠬᠡᠷᠡᠭᠯᠡᠭᠰᠡᠨ ᠪᠠᠭᠠᠵᠢ᠂ ᠪᠡᠯᠡᠳᠭᠡᠯ ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ ᠢ ᠬᠤᠷᠢᠶᠠᠨ ᠠᠪᠬᠤ ᠶᠢᠨ ᠬᠠᠮᠲᠤ 1000 ᠲᠦᠭᠦᠷᠢᠭ ᠠᠴᠠ ᠲᠡᠭᠡᠭᠰᠢ 3000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃        ᠭᠤᠴᠢ ᠶᠢᠰᠦᠳᠦᠭᠡᠷ ᠵᠦᠢᠯ    ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠭᠰᠠᠨ ᠢᠳᠡᠭᠡᠨ ᠤ ᠵᠢᠵᠢᠭ ᠦᠢᠯᠡᠳᠭᠡᠯ ᠤᠨ ᠡᠵᠡᠩᠨᠡᠭᠴᠢ ᠬᠤᠶᠠᠷ ᠵᠢᠯ ᠤᠨ ᠲᠤᠲᠤᠷ᠎ᠠ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠡᠷᠬᠢᠯᠡᠵᠦ ᠪᠤᠯᠬᠤ ᠦᠭᠡᠢ︔ ᠢᠳᠡᠭᠡᠨ ᠤ ᠠᠮᠤᠷ ᠲᠦᠪᠰᠢᠨ ᠤ ᠶᠠᠯ᠎ᠠ ᠳᠤ ᠬᠦᠷᠴᠤ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠡᠵᠡᠩᠨᠡᠭᠴᠢ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠡᠭᠦᠷᠢᠲᠠ ᠬᠢᠵᠤ ᠪᠤᠯᠬᠤ ᠦᠭᠡᠢ᠃        ᠲᠦᠴᠢᠳᠦᠭᠡᠷ ᠵᠦᠢᠯ    ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠲᠤᠰᠢᠶᠡᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠭᠰᠡᠨ ᠦᠭᠡᠢ ᠠᠴᠠ ᠪᠤᠯᠵᠤ᠂ ᠲᠤᠰ ᠵᠠᠰᠠᠭ ᠵᠠᠬᠢᠷᠭᠠᠨ ᠤ ᠤᠷᠤᠨ ᠳᠤ ᠢᠳᠡᠭᠡᠨ ᠤ ᠠᠮᠤᠷ ᠲᠦᠪᠰᠢᠨ ᠤ ᠠᠳᠡᠯ ᠡᠭᠦᠰᠭᠡᠵᠤ᠂ ᠡᠷᠡᠭᠦᠯ ᠪᠤᠰᠤ ᠨᠡᠶᠢᠭᠡᠮ ᠳᠤ ᠨᠦᠯᠦᠭᠡ ᠭᠠᠷᠭᠠᠭᠰᠠᠨ ᠪᠤᠯ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭᠠᠲᠡᠨ ᠳᠤ ᠬᠠᠤᠯᠢ ᠶᠤᠰᠤᠭᠠᠷ ᠶᠡᠭᠡ ᠣᠰᠣᠯ ᠲᠡᠮᠳᠡᠭᠯᠡᠬᠦ᠂ ᠲᠡᠰ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠨᠢ ᠬᠦᠭᠡᠭᠡᠬᠦ ᠰᠢᠳᠭᠡᠯ ᠦᠭᠭᠦᠨ᠎ᠡ᠃        ᠲᠦᠴᠢᠨ ᠨᠢᠭᠡᠳᠦᠭᠡᠷ ᠵᠦᠢᠯ    ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠴᠢ ᠠᠵᠢᠯᠲᠡᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠲᠡᠭᠦᠨ ᠤ ᠲᠡᠭᠡᠲᠤ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠯᠠᠷᠠᠭᠤᠯᠬᠤ ᠪᠠᠷ ᠵᠠᠷᠯᠢᠬᠳᠡᠨ᠎ᠡ︔ ᠦᠢᠯᠡ ᠪᠠᠶᠢᠳᠠᠯ ᠨᠢ ᠬᠦᠨᠲᠦ ᠨᠤᠴᠢᠲᠠᠢ ᠪᠤᠯ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭᠠᠲᠡᠨ ᠳᠤ ᠵᠠᠰᠠᠭ ᠵᠠᠬᠢᠷᠭᠠᠨ ᠤ ᠰᠢᠳᠭᠡᠯ ᠦᠭᠭᠦᠨ᠎ᠡ ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄        ︵ᠨᠢᠭᠡ︶ ᠢᠳᠡᠭᠡᠨ ᠤ ᠵᠢᠵᠢᠭ ᠦᠢᠯᠡᠳᠭᠡᠯ ᠢ ᠲᠠᠩᠰᠠᠯᠠᠬᠤ᠂ ᠬᠢᠨᠠᠨ ᠪᠠᠶᠢᠴᠠᠭᠠᠬᠤ ᠦᠶᠡᠰ ᠪᠤᠰᠤᠳ ᠬᠦᠮᠦᠨ ᠤ ᠡᠳ᠋ ᠪᠤᠳᠠᠰ ᠢ ᠠᠪᠤᠭᠰᠠᠨ ᠪᠤᠶᠤ ᠪᠤᠰᠤᠳ ᠬᠠᠤᠯᠢ ᠪᠤᠰᠤ ᠤᠯᠵᠠᠪᠤᠷᠢ ᠤᠯᠤᠭᠰᠠᠨ︔        ︵ᠬᠤᠶᠠᠷ︶ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠨ ᠲᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠷᠦ᠋ᠢᠲᠠᠭᠤᠯᠵᠤ ᠮᠡᠳᠡᠭᠦᠯᠦᠭᠰᠡᠨ︔        ︵ᠭᠤᠷᠪᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠤ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ᠃        ᠵᠢᠷᠭᠤᠳᠤᠭᠠᠷ ᠪᠦᠯᠦᠭ    ᠲᠠᠭᠠᠯᠳᠤᠭᠤᠯᠤᠭᠰᠠᠨ ᠲᠦᠷᠢᠮ        ᠲᠦᠴᠢᠨ ᠬᠤᠶᠠᠳᠤᠭᠠᠷ ᠵᠦᠢᠯ    ᠲᠤᠰ ᠲᠦᠷᠢᠮ ᠢ 2015 ᠤᠨ ᠤ 10 ᠳ᠋ᠤᠭᠠᠷ ᠰᠠᠷ᠎ᠠ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号