ᠶᠦᠩ ᠵᠢᠦᠢ ᠵᠡᠭᠡᠯᠢ ᠭᠤᠳᠤᠮᠵᠢ ᠠᠷᠠᠳ ᠤᠨ ᠲᠦᠯᠦᠭᠡᠯᠡᠭᠴᠢᠳ ᠤᠨ ᠠᠵᠢᠯᠯᠠᠭᠠᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2017-10-11
              9 ᠤ ᠡᠳᠦᠷ ᠪᠤᠯ ᠬᠤᠩ ᠱᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠨᠢᠭᠡᠲᠦᠯᠲᠡᠢ ᠠᠵᠢᠯᠯᠠᠭᠠᠨ ᠤ ᠡᠳᠦᠷ ᠪᠤᠯᠤᠨ᠎ᠠ᠃ ᠶᠦᠩ ᠵᠢᠦᠢ ᠵᠡᠭᠡᠯᠢ ᠭᠤᠳᠤᠮᠵᠢ ︽ᠳᠠᠪᠠᠭᠤᠯᠢᠭ ᠢᠶᠠᠨ ᠪᠠᠳᠠᠷᠠᠭᠤᠯᠤᠨ᠂ ᠬᠡᠪ ᠨᠠᠮᠪᠠ ᠪᠠᠨ ᠢᠯᠡᠷᠡᠭᠦᠯᠵᠦ᠂ ᠲᠦᠯᠦᠭᠡᠯᠡᠭᠴᠢᠳ ᠬᠤᠭᠤᠴᠠᠭ᠎ᠠ ᠰᠤᠯᠢᠬᠤ ᠶᠢ ᠳᠡᠮᠵᠢᠬᠦ︾ ᠪᠠᠷ ᠭᠤᠤᠯ ᠰᠡᠳᠦᠪ ᠪᠤᠯᠭᠠᠭᠰᠠᠨ ᠠᠷᠠᠳ ᠤᠨ ᠲᠦᠯᠦᠭᠡᠯᠡᠭᠴᠢᠳ ᠤᠨ ᠠᠵᠢᠯᠯᠠᠭᠠᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠪᠡ᠃ ᠢ ᠺᠠᠩ ᠰᠠᠭᠤᠭᠠᠯᠢ ᠠᠷᠠᠳ ᠤᠨ ᠲᠤᠭᠤᠷᠢᠭ ᠲᠤ ᠤᠯᠠᠭᠠᠨᠬᠠᠳᠠ ᠬᠤᠲᠠ ᠶᠢᠨ ᠬᠤᠶᠠᠳᠤᠭᠠᠷ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠠᠰᠠᠭᠤᠨ ᠯᠠᠪᠯᠠᠯᠲᠠ ᠶᠢᠨ ᠦᠢᠯᠡᠴᠢᠯᠡᠭᠡ ᠶᠢ ᠲᠦᠯᠦᠪᠦᠷᠢ ᠦᠭᠡᠢ ᠪᠠᠷ ᠬᠠᠩᠭᠠᠪᠠ᠃ ᠵᠡᠭᠡᠯᠢ ᠭᠤᠳᠤᠮᠵᠢ ᠪᠠ ᠨᠡᠶᠢᠭᠡᠮ ᠲᠤᠭᠤᠷᠢᠭ ᠤᠨ ᠠᠵᠢᠯᠲᠠᠨ ᠪᠠᠰᠠ ᠰᠠᠭᠤᠭᠠᠯᠢ ᠠᠷᠠᠳ ᠲᠤ ᠠᠷᠠᠳ ᠤᠨ ᠲᠦᠯᠦᠭᠡᠯᠡᠭᠴᠢᠳ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠤᠭᠳᠠᠯ ᠢ ᠤᠬᠠᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号