ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ
ᠨᠡᠶᠢᠲᠡᠯᠡᠭᠰᠡᠨ ᠴᠠᠭ᠄
2017-10-20
                 ︵2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠶᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠦᠭᠠᠷ ᠬᠤᠷᠠᠯ ᠠᠴᠠ ᠪᠠᠳᠦᠯᠠᠪᠠ︶                  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ                  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ                  ᠠᠯᠪᠠᠨ ᠵᠠᠷ    ᠲᠠᠪᠦᠳᠦᠭᠠᠷ ᠲᠤᠭᠠᠳᠤ                  2008 ᠤᠨ ᠤ 11 ᠳ᠋ᠦ᠋ᠭᠡᠷ ᠰᠠᠷ᠎ᠠ ᠶᠢᠨ 14 ᠤ ᠡᠳᠥᠷ        ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠦᠳᠦᠭᠠᠷ ᠬᠤᠷᠠᠯ ᠠᠴᠠ ᠵᠠᠰᠠᠨ ᠳᠣᠭᠳᠠᠭᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ︾ ᠢ ᠪᠠᠳᠦᠯᠠᠪᠠ᠂ ᠤᠳᠦ ᠨᠡᠶᠢᠳᠡᠯᠡᠶ᠎ᠠ᠂ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠭᠦᠯᠦᠨ᠎ᠠ᠃                  2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ        ᠨᠢᠭᠡᠳᠦᠭᠡᠷ ᠪᠦᠯᠦᠭ    ᠶᠡᠷᠦᠩᠬᠡᠢ ᠲᠦᠷᠢᠮ        ᠬᠤᠶᠠᠳᠦᠭᠠᠷ ᠪᠦᠯᠦᠭ    ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ        ᠭᠤᠷᠪᠠᠳᠦᠭᠠᠷ ᠪᠦᠯᠦᠭ    ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ        ᠲᠦᠷᠪᠡᠳᠦᠭᠡᠷ ᠪᠦᠯᠦᠭ    ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠠᠳᠠᠪᠦᠷᠢᠯᠠᠬᠤ        ᠲᠠᠪᠦᠳᠦᠭᠠᠷ ᠪᠦᠯᠦᠭ    ᠵᠠᠮ ᠤᠨ ᠶᠠᠪᠦᠳᠠᠯ ᠤᠨ ᠬᠠᠮᠢᠶᠠᠷᠦᠯᠳᠠ        ᠵᠢᠷᠭᠤᠳᠦᠭᠠᠷ ᠪᠦᠯᠦᠭ    ᠰᠦᠢᠳᠭᠡᠯ ᠬᠤᠷᠢᠶᠠᠬᠤ ᠵᠠᠰᠠᠮᠠᠯ ᠵᠠᠮ        ᠲᠤᠯᠦᠳᠦᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠨᠠᠢᠮᠠᠳᠦᠭᠠᠷ ᠪᠦᠯᠦᠭ    ᠲᠠᠭᠠᠯᠳᠦᠭᠤᠯᠦᠬᠰᠠᠨ ᠲᠦᠷᠢᠮ        ᠨᠢᠭᠡᠳᠦᠭᠡᠷ ᠪᠦᠯᠦᠭ    ᠶᠡᠷᠦᠩᠭᠡᠢ ᠲᠦᠷᠢᠮ        ᠨᠢᠭᠡᠳᠦᠭᠡᠷ ᠵᠦᠢᠯ    ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠦᠷᠭᠡᠳᠭᠡᠵᠦ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠶᠢᠨ ᠲᠦᠯᠦᠭᠡ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠦᠰ ᠤᠨ ᠵᠠᠰᠠᠮᠠᠯ ᠵᠠᠮ ᠤᠨ ᠬᠠᠤᠯᠢ︾ ᠪᠤᠯᠦᠨ ᠤᠯᠦᠰ ᠤᠨ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠲᠤᠬᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠦᠭᠤᠯᠦᠨ᠂ ᠲᠤᠰ ᠲᠦᠷᠢᠮ ᠢ ᠲᠤᠬᠳᠠᠭᠠᠪᠠ᠃        ᠬᠤᠶᠠᠳᠦᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠤᠷᠤᠨ ᠤ ᠲᠤᠳᠦᠷᠠᠬᠢ ᠵᠠᠰᠠᠮᠠᠯ ᠵᠠᠮ ᠢ ᠲᠦᠯᠦᠪᠵᠢᠭᠦᠯᠬᠦ᠂ ᠪᠦᠳᠦᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠡᠵᠡᠩᠨᠠᠬᠦ᠂ ᠬᠡᠷᠡᠭᠯᠡᠬᠦ ᠪᠠ ᠬᠠᠮᠢᠶᠠᠷᠬᠤ ᠳᠤ ᠲᠤᠰ ᠲᠦᠷᠢᠮ ᠢ ᠬᠡᠷᠡᠭᠵᠢᠭᠦᠯᠦᠨ᠎ᠠ᠃        ᠭᠤᠷᠪᠠᠳᠦᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠦᠬᠦ ᠤᠷᠤᠨ ᠤ ᠵᠠᠰᠠᠮᠠᠯ ᠵᠠᠮ ᠤᠨ ᠠᠵᠢᠯ ᠢ ᠭᠤᠤᠯᠯᠠᠠ ᠬᠠᠮᠢᠶᠠᠷᠤᠨ᠎ᠠ᠃ ᠤᠯᠦᠰ ᠤᠨ ᠵᠠᠮ᠂ ᠮᠤᠵᠢ ᠶᠢᠨ ᠵᠠᠮ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠦᠨ ᠪᠦᠳᠦᠭᠡᠨ ᠪᠠᠶᠢᠭᠤᠯᠵᠦ ᠬᠠᠮᠢᠶᠠᠷᠦᠨ᠎ᠠ︔ ᠰᠢᠶᠠᠨ ᠤ ᠵᠠᠮ ᠢ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠭᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠪᠦᠳᠦᠭᠡᠨ ᠪᠠᠶᠢᠭᠤᠯᠵᠦ ᠬᠠᠮᠢᠶᠠᠷᠦᠨ᠎ᠠ︔ ᠰᠢᠶᠠᠩ ᠤᠨ ᠵᠠᠮ᠂ ᠲᠤᠰᠬᠤᠨ ᠤ ᠵᠠᠮ ᠢ ᠰᠤᠮᠦ ᠰᠢᠶᠠᠩ ᠪᠠᠯᠭᠠᠰᠦᠨ ᠤ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠪᠦᠳᠦᠭᠡᠨ ᠪᠠᠶᠢᠭᠤᠯᠵᠦ ᠬᠠᠮᠢᠶᠠᠷᠦᠨ᠎ᠠ᠃ ᠬᠦᠭᠵᠢᠭᠦᠯᠦᠯᠳᠠ ᠪᠠ ᠦᠭᠡᠷᠡᠴᠢᠯᠠᠯᠳᠠ᠂ ᠡᠳ᠋ ᠤᠨ ᠵᠠᠰᠠᠬ᠂ ᠤᠯᠦᠰ ᠤᠨ ᠭᠠᠵᠠᠷ ᠰᠢᠷᠦᠢ ᠡᠬᠢ ᠪᠠᠶᠠᠯᠢᠬ᠂ ᠤᠰᠦᠨ ᠠᠰᠢᠬᠯᠠᠯᠳᠠ᠂ ᠤᠢ ᠰᠢᠭᠤᠢ᠂ ᠪᠦᠳᠦᠭᠡᠨ ᠪᠠᠶᠢᠭᠤᠯᠦᠯᠳᠠ᠂ ᠤᠷᠴᠢᠨ ᠲᠤᠭᠤᠷᠢᠨ ᠢ ᠬᠠᠮᠠᠭᠠᠯᠠᠬᠤ᠂ ᠲᠤᠳᠦᠭᠠᠳᠦ ᠶᠢ ᠬᠠᠮᠠᠭᠠᠯᠠᠬᠤ ᠵᠠᠷᠭᠡ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠦᠪᠡᠷ ᠦᠪᠡᠷ ᠤᠨ ᠲᠤᠰᠢᠶᠠᠯ ᠬᠠᠷᠢᠭᠤᠴᠠᠯᠭ᠎ᠠ ᠶᠤᠰᠦᠭᠠᠷ ᠢᠶᠠᠨ ᠵᠠᠰᠠᠮᠠᠯ ᠵᠠᠮ ᠤᠨ ᠬᠠᠮᠢᠶᠠᠷᠦᠯᠳᠠ ᠶᠢᠨ ᠠᠵᠢᠯ ᠢ ᠰᠠᠶᠢᠳᠦᠷ ᠬᠢᠬᠦ ᠬᠡᠷᠡᠭᠳᠡᠢ᠃        ᠲᠦᠷᠪᠡᠳᠦᠭᠡᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠤᠰ ᠭᠠᠵᠠᠷ ᠤᠷᠤᠨ ᠤ ᠪᠠᠨ ᠤᠯᠦᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠬᠡ ᠳᠤ ᠪᠠᠨ ᠤᠷᠤᠭᠤᠯᠵᠦ᠂ ᠢᠳᠡᠪᠬᠢᠳᠡᠢ ᠠᠷᠭ᠎ᠠ ᠬᠡᠮᠵᠢᠶ᠎ᠠ ᠠᠪᠴᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠡᠮᠵᠢᠨ ᠠᠬᠢᠭᠤᠯᠵᠦ᠂ ᠤᠯᠤᠰ ᠤᠨ ᠲᠤᠳᠦᠭᠠᠳᠦ ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠬᠠᠤᠯᠢ ᠶᠤᠰᠦᠭᠠᠷ ᠵᠠᠰᠠᠮᠠᠯ ᠵᠠᠮ ᠢ ᠪᠦᠳᠦᠭᠡᠨ ᠪᠠᠶᠢᠭᠤᠯᠵᠦ᠂ ᠡᠵᠡᠩᠨᠠᠬᠦ ᠶᠢ ᠵᠤᠷᠢᠬᠵᠢᠭᠤᠯᠦᠨ ᠵᠢᠯᠦᠭᠤᠳᠬᠤ ᠬᠡᠷᠡᠭᠳᠡᠢ᠃        ᠲᠠᠪᠦᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠴᠦᠬᠡᠨ ᠲᠤᠭᠠᠳᠦ ᠦᠨᠳᠦᠰᠦᠳᠡᠨ ᠲᠦᠪᠯᠡᠷᠡᠨ ᠰᠠᠭᠤᠵᠣ ᠪᠠᠶᠢᠭ᠎ᠠ ᠭᠠᠵᠡᠷ ᠤᠷᠤᠨ᠂ ᠶᠠᠳᠠᠭᠤ ᠬᠦᠴᠢᠷᠳᠡᠢ ᠭᠠᠵᠡᠷ ᠤᠷᠤᠨ᠂ ᠬᠢᠯᠢ ᠬᠢᠵᠠᠭᠠᠷ ᠤᠨ ᠪᠤᠶᠢᠳᠠ ᠪᠦᠭᠯᠡᠭᠦᠦ ᠭᠠᠵᠠᠷ ᠤᠷᠤᠨ ᠪᠠ ᠡᠷᠳᠡ ᠴᠢᠯᠦᠭᠡᠯᠡᠭᠳᠡᠭᠰᠡᠨ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠪᠡᠯᠨ ᠮᠦᠡᠭᠭᠦ᠂ ᠪᠤᠳᠠᠰ ᠵᠡᠷᠭᠡ ᠲᠠᠯ᠎ᠠ ᠪᠠᠷ ᠡᠩ ᠲᠡᠷᠢᠭᠦᠨ ᠳᠤ ᠲᠤᠬᠢᠷᠠᠭᠤᠯᠦᠨ ᠬᠠᠷᠠᠭᠠᠯᠵᠠᠬᠤ ᠬᠡᠷᠡᠭᠳᠡᠢ᠃        ᠬᠤᠶᠠᠳᠦᠭᠠᠷ ᠪᠦᠯᠦᠭ    ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ        ᠵᠢᠷᠭᠤᠳᠦᠭᠠᠷ ᠵᠦᠢᠯ    ᠵᠠᠰᠠᠮᠠᠯ ᠵᠠᠮ ᠤᠨ ᠲᠦᠯᠦᠪᠵᠢᠭᠦᠯᠭᠡ ᠶᠢ ᠤᠯᠤᠰ ᠠᠷᠠᠳ ᠤᠨ ᠠᠵᠦ ᠠᠬᠤᠢ ᠪᠤᠯᠦᠨ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠭᠡ᠂ ᠤᠯᠦᠰ ᠤᠨ ᠪᠠᠳᠦᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠦᠯᠳᠠ ᠶᠢᠨ ᠱᠠᠭᠠᠷᠳᠠᠯᠭ᠎ᠠ ᠪᠤᠯᠦᠨ ᠦᠪᠡᠷᠲᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠢ ᠦᠨᠳᠦᠰᠦᠯᠡᠨ ᠨᠠᠶᠢᠷᠠᠭᠤᠯᠦᠨ ᠵᠤᠬᠢᠶᠠᠬᠤ ᠶᠢᠨ ᠬᠠᠮᠳᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠦᠯᠳᠠ ᠶᠢᠨ ᠬᠦᠭᠵᠢᠯᠳᠠ ᠶᠢᠨ ᠲᠦᠯᠦᠪᠵᠢᠭᠦᠯᠭᠡ ᠵᠢᠴᠢ ᠲᠡᠮᠦᠷ ᠵᠠᠮ᠂ ᠤᠰᠤᠨ ᠵᠠᠮ᠂ ᠠᠭᠠᠷ ᠤᠨ ᠲᠡᠭᠡᠭᠡᠪᠦᠷᠢ᠂ ᠬᠤᠭᠤᠯᠠᠢ ᠪᠠᠷ ᠵᠦᠭᠡᠭᠡᠪᠦᠷᠢᠯᠡᠬᠦ ᠵᠡᠷᠭᠡ ᠪᠤᠰᠦᠳ ᠬᠤᠯᠪᠤᠬᠳᠠᠯ ᠪᠦᠬᠦᠢ ᠠᠵᠢᠯ ᠦᠢᠯᠡᠰ ᠤᠨ ᠬᠦᠭᠵᠢᠯᠳᠠ ᠶᠢᠨ ᠲᠦᠯᠦᠪᠵᠢᠭᠦᠯᠭᠡ ᠲᠠᠢ ᠬᠠᠷᠢᠯᠴᠠᠨ ᠵᠤᠬᠢᠴᠠᠯᠳᠦᠭᠤᠯᠬᠤ ᠬᠡᠷᠡᠭᠳᠡᠢ᠃        ᠲᠤᠯᠦᠳᠦᠭᠠᠷ ᠵᠦᠢᠯ    ᠲᠤᠰᠬᠤᠨ ᠪᠠᠯᠭᠠᠰᠦ᠂ ᠨᠡᠬᠡᠬᠡᠯᠳᠠ ᠶᠢᠨ ᠤᠷᠤᠨ᠂ ᠰᠤᠷᠭᠠᠭᠤᠯᠢ᠂ ᠦᠢᠯᠡᠳᠪᠦᠷᠢ ᠠᠭᠤᠷᠬᠠᠢ᠂ ᠴᠤᠬᠯᠠᠭ᠎ᠠ ᠵᠠᠬ᠎ᠠ ᠠᠷᠠᠯᠵᠢᠶᠠᠨ ᠤ ᠲᠠᠯᠠᠪᠦᠷ ᠤᠷᠤᠨ ᠵᠡᠷᠭᠡ ᠪᠠᠷᠢᠯᠭ᠎ᠠ ᠶᠢ ᠲᠦᠯᠦᠪᠵᠢᠭᠦᠯᠦᠨ ᠰᠢᠨ᠎ᠠ ᠪᠠᠷ ᠪᠠᠶᠢᠭᠤᠯᠬᠤ ᠳᠤ᠂ ᠵᠠᠰᠠᠮᠠᠯ ᠵᠠᠮ ᠤᠨ ᠬᠤᠶᠠᠷ ᠬᠠᠪᠢ ᠪᠠᠷ ᠵᠤᠬᠢᠴᠠᠭᠤᠯᠦᠨ ᠪᠠᠶᠢᠭᠤᠯᠬᠤ ᠠᠴᠠ ᠵᠠᠶᠢᠯᠠᠰᠬᠢᠵᠦ᠂ ᠵᠠᠰᠠᠮᠠᠯ ᠵᠠᠮ ᠨᠢ ᠵᠡᠭᠡᠯᠢ ᠭᠤᠳᠦᠮᠵᠢ ᠪᠤᠯᠵᠦ᠂ ᠵᠠᠰᠠᠮᠠᠯ ᠵᠠᠮ ᠤᠨ ᠠᠮᠦᠷ ᠲᠦᠪᠰᠢᠨ ᠪᠤᠯᠦᠨ ᠰᠠᠭᠠᠳ ᠦᠭᠡᠢ ᠨᠡᠪᠳᠡᠷᠡᠬᠦ ᠶᠢ ᠨᠦᠯᠦᠭᠡᠯᠡᠬᠦ ᠠᠴᠠ ᠰᠡᠷᠬᠡᠶᠢᠯᠡᠬᠦ ᠬᠡᠷᠡᠭᠳᠡᠢ᠃ ᠪᠠᠷᠢᠯᠭ᠎ᠠ ᠶᠢᠨ ᠬᠦᠪᠡᠭᠡ ᠵᠠᠬ᠎ᠠ ᠪᠤᠯᠦᠨ ᠵᠠᠰᠠᠮᠠᠯ ᠵᠠᠮ ᠤᠨ ᠬᠠᠵᠠᠭᠤ ᠳᠠᠬᠢ ᠭᠤᠤ ︵ᠤᠰᠦ ᠬᠠᠰᠢᠬᠤ ᠭᠤᠤ᠂ ᠨᠠᠯᠦ ᠶᠢ ᠬᠠᠮᠠᠭᠠᠯᠠᠬᠤ ᠵᠠᠮ︶ ᠶᠢᠨ ᠵᠠᠬ᠎ᠠ ᠶᠢᠨ ᠬᠤᠭᠤᠷᠦᠨᠳᠦᠬᠢ ᠬᠠᠮᠤᠬ ᠤᠨ ᠤᠬᠤᠷ ᠵᠠᠢ ᠶᠢ᠄ ᠤᠯᠦᠰ ᠤᠨ ᠵᠠᠮ᠂ ᠮᠤᠵᠢ ᠶᠢᠨ ᠵᠠᠮ 100 ᠮᠧᠲᠷ ᠠᠴᠠ ᠤᠬᠤᠷ ᠪᠠᠶᠢᠵᠦ ᠪᠤᠯᠬᠤ ᠦᠭᠡᠢ︔ ᠰᠢᠶᠠᠨ ᠤ ᠵᠠᠮ 60 ᠮᠧᠲᠷ ᠠᠴᠠ ᠤᠬᠤᠷ ᠪᠠᠶᠢᠵᠦ ᠪᠤᠯᠬᠤ ᠦᠭᠡᠢ︔ ᠰᠢᠶᠠᠩ ᠤᠨ ᠵᠠᠮ᠂ ᠲᠤᠰᠬᠤᠨ ᠤ ᠵᠠᠮ 30 ᠮᠧᠲᠷ ᠠᠴᠠ ᠤᠬᠤᠷ ᠪᠠᠶᠢᠵᠦ ᠪᠤᠯᠬᠤ ᠦᠭᠡᠢ᠃        ᠨᠠᠢᠮᠠᠳᠦᠭᠠᠷ ᠵᠦᠢᠯ    ᠵᠠᠰᠠᠮᠠᠯ ᠵᠠᠮ ᠪᠤᠯᠦᠨ ᠬᠤᠳᠠ ᠶᠢᠨ ᠵᠠᠮ ᠢ ᠬᠤᠪᠢᠶᠠᠷᠢᠯᠠᠬᠤ ᠳᠤ᠂ ᠬᠤᠳᠠ ᠶᠢᠨ ᠬᠦᠭᠵᠢᠯᠳᠠ ᠶᠢᠨ ᠲᠦᠯᠦᠪᠵᠢᠭᠦᠯᠭᠡ ᠶᠢᠨ ᠤᠷᠤᠨ ᠪᠤᠶᠥ ᠬᠤᠳᠠ ᠶᠢᠨ ᠲᠤᠭᠤᠷᠢᠬ ᠢ ᠦᠷᠭᠡᠳᠭᠡᠭᠰᠡᠨ ᠤ ᠬᠤᠶᠢᠨᠠᠬᠢ ᠪᠤᠳᠠᠳᠠᠢ ᠬᠦᠷᠢᠶ᠎ᠠ ᠬᠡᠪᠴᠢᠶ᠎ᠠ ᠪᠠᠷ ᠵᠠᠭᠠᠬ ᠪᠤᠯᠭᠠᠵᠦ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠤᠶᠥ ᠬᠤᠳᠠ ᠶᠢᠨ ᠵᠠᠮ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠭᠦᠳᠡᠯ ᠭᠠᠷᠭᠠᠵᠣ᠂ ᠵᠠᠰᠠᠮᠠᠯ ᠵᠠᠮ ᠤᠨ ᠲᠡᠰ ᠶᠤᠰᠦᠭᠠᠷ ᠵᠠᠰᠠᠮᠠᠯ ᠵᠠᠮ ᠤᠨ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠰᠡᠨ ᠤᠤᠯ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠬᠦᠯᠬᠦ ᠬᠡᠷᠡᠭᠳᠡᠢ᠃        ᠶᠢᠰᠦᠳᠦᠭᠡᠷ ᠵᠦᠢᠯ    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠤᠯᠦᠨ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠬᠡᠷᠡᠭᠯᠡᠭᠡᠨ ᠤ ᠴᠢᠳᠠᠪᠬᠢ ᠪᠠᠨ ᠠᠯᠳᠠᠬᠰᠠᠠ ᠮᠤᠵᠢ ᠶᠢᠨ ᠵᠠᠮ᠂ ᠰᠢᠶᠠᠨ ᠤ ᠵᠠᠮ ᠪᠠ ᠰᠢᠶᠠᠩ ᠤᠨ ᠵᠠᠮ᠂ ᠲᠤᠰᠬᠤᠨ ᠤ ᠵᠠᠮ ᠢ ᠲᠤᠰ ᠱᠠᠳᠦᠨ ᠤ ᠠᠷᠠᠳ ᠤᠨ ᠵᠠᠰᠠᠬ ᠤᠨ ᠤᠷᠳᠦᠨ ᠤ ᠲᠦᠯᠦᠪᠵᠢᠭᠦᠯᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠦᠬᠰᠠᠨ ᠤ ᠲᠠᠷᠠᠭ᠎ᠠ ᠴᠠᠬ ᠲᠤᠬᠠᠢ ᠳᠤᠨᠢ ᠨᠡᠶᠢᠭᠡᠮ ᠨᠡᠶᠢᠳᠠ ᠳᠤ ᠵᠠᠷᠯᠠᠬᠤ ᠶᠢᠨ ᠬᠠᠮᠳᠦ᠂ ᠦᠯᠦ ᠬᠡᠷᠡᠭᠯᠡᠬᠦ ᠵᠠᠰᠠᠮᠠᠯ ᠵᠠᠮ ᠲᠡᠭᠡᠷ᠎ᠠ ᠢᠯᠨ ᠲᠤᠳᠦᠷᠬᠠᠢ ᠲᠡᠮᠳᠡᠭ ᠲᠠᠯᠪᠢᠬᠤ ᠬᠡᠷᠡᠭᠳᠡᠢ᠃        ᠠᠷᠪᠠᠳᠦᠭᠠᠷ ᠵᠦᠢᠯ    ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠡᠯ᠎ᠠ ᠱᠠᠳᠦᠨ ᠤ ᠠᠷᠠᠳ ᠤᠨ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ᠂ ᠬᠠᠤᠯᠢ ᠶᠤᠰᠦᠭᠠᠷ ᠭᠠᠶᠢᠯᠢ ᠲᠠᠳᠠᠪᠦᠷᠢᠯᠠᠨ ᠬᠤᠷᠠᠮᠳᠦᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠤᠰᠬᠠᠢ ᠲᠦᠷᠦᠯ ᠤᠨ ᠪᠡᠯᠨ ᠮᠦᠡᠭᠭᠦ ᠠᠴᠠ ᠢᠷᠡᠭᠰᠡᠨ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ ᠠᠴᠠ ᠪᠤᠰᠦᠳ ᠢ ᠵᠢᠭᠡᠯᠡᠯᠭᠡ᠂ ᠪᠡᠯᠨ ᠬᠤᠷᠠᠮᠳᠦᠭᠤᠯᠬᠤ᠂ ᠰᠦᠢᠳᠭᠡᠯ ᠬᠤᠷᠢᠶᠠᠬᠤ ᠡᠷᠭᠡ ᠶᠢ ᠰᠢᠯᠵᠢᠭᠦᠯᠦᠨ ᠦᠭᠭᠦ᠂ ᠲᠤᠰᠬᠠᠢ ᠬᠡᠷᠡᠭᠯᠡᠬᠦ ᠨᠢᠭᠡᠴᠨ ᠠᠴᠠ ᠪᠡᠯᠨ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠪᠡᠯᠨ ᠮᠦᠡᠭᠭᠦ ᠬᠤᠷᠠᠮᠳᠦᠭᠤᠯᠵᠦ ᠪᠤᠯᠦᠨ᠎ᠠ᠃        ᠠᠷᠪᠠᠨ ᠨᠢᠭᠡᠳᠦᠭᠡᠷ ᠵᠦᠢᠯ    ᠤᠯᠦᠰ᠂ ᠦᠪᠡᠷᠳᠡᠭᠡᠨ ᠵᠠᠰᠠᠬᠤ ᠤᠷᠤᠨ ᠤ ᠲᠦᠷᠭᠡᠨ ᠵᠠᠮ ᠤᠨ ᠲᠤᠤᠷ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠦᠰ ᠤᠨ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠦᠳ ᠬᠡᠰᠡᠭ ᠢ ᠨᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠬᠤᠷᠠᠮᠳᠦᠭᠤᠯᠦᠨ᠎ᠠ᠃ ᠡᠩ ᠤᠨ ᠤᠯᠦᠰ ᠤᠨ ᠪᠠ ᠮᠤᠵᠢ ᠶᠢᠨ ᠭᠤᠤᠯ ᠵᠠᠰᠠᠮᠠᠯ ᠵᠠᠮ᠂ ᠴᠢᠬᠤᠯᠨ ᠰᠢᠶᠠᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠡᠩ ᠤᠨ ᠰᠢᠶᠠᠨ ᠤ ᠵᠠᠮ᠂ ᠰᠢᠶᠠᠩ ᠤᠨ ᠵᠠᠮ᠂ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ ᠃ ᠲᠤᠰᠬᠠᠢ ᠬᠡᠷᠡᠭᠯᠡᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠲᠤᠰᠬᠠᠢ ᠬᠡᠷᠡᠭᠯᠡᠬᠦ ᠨᠢᠭᠡᠴᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠦᠪᠡᠷᠳᠡᠭᠡᠨ ᠵᠠᠰᠠᠬᠤ ᠤᠷᠤᠨ ᠨᠢ ᠤᠯᠤᠰ ᠤᠨ ᠲᠤᠳᠦᠭᠠᠳᠦ ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠤᠯᠦᠰ ᠪᠠ ᠦᠪᠡᠷᠳᠡᠭᠡᠨ ᠵᠠᠰᠠᠬᠤ ᠤᠷᠤᠨ ᠤ ᠲᠦᠷᠭᠡᠨ ᠵᠠᠮ ᠤᠨ ᠲᠤᠤᠷ ᠤᠨ ᠲᠦᠯᠦᠪᠵᠢᠭᠦᠯᠭᠡ ᠠᠴᠠ ᠭᠠᠳᠠᠨᠠᠬᠢ ᠨᠢᠭᠡᠳᠦᠭᠡᠷ ᠲᠡᠰ ᠠᠴᠠ ᠲᠡᠭᠡᠭᠰᠢᠬᠢ ᠵᠠᠰᠠᠮᠠᠯ ᠵᠠᠮ ᠢ ᠪᠡᠯᠨ ᠤᠷᠤᠭᠤᠯᠦᠨ ᠪᠦᠳᠦᠭᠡᠨ ᠪᠠᠶᠢᠭᠤᠯᠬᠤ ᠶᠢ ᠵᠤᠷᠢᠬᠵᠢᠭᠤᠯᠦᠨ᠎ᠠ᠃        ᠠᠷᠪᠠᠨ ᠬᠤᠶᠠᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠰᠠᠯᠠᠭ᠎ᠠ ᠮᠦᠴᠢᠷ ᠵᠢᠯ ᠪᠦᠷᠢ ᠲᠤᠰ ᠱᠠᠳᠦᠨ ᠤ ᠡᠳ᠋ ᠤᠨ ᠵᠠᠰᠠᠬ ᠤᠨ ᠤᠷᠤᠯᠭ᠎ᠠ ᠠᠴᠠ ᠵᠤᠬᠢᠬᠤ ᠬᠠᠷᠢᠴᠠᠯ ᠪᠦᠬᠦᠢ ᠪᠡᠯᠨ ᠮᠦᠡᠭᠭᠦ ᠶᠢ ᠲᠤᠰ ᠭᠠᠵᠠᠷ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠬᠡᠷᠡᠭᠯᠡᠬᠦ ᠬᠡᠷᠡᠭᠳᠡᠢ᠃ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠪᠤᠯᠦᠨ ᠠᠷᠠᠴᠢᠯᠠᠨ ᠬᠠᠮᠠᠭᠠᠯᠠᠬᠤ ᠪᠡᠯᠨ ᠮᠦᠡᠭᠭᠦ ᠶᠢ ᠠᠶᠢᠮᠠᠬ ᠬᠤᠳᠠ᠂ ᠬᠤᠰᠢᠭᠤ ᠰᠢᠶᠠᠨ ᠤ ᠲᠤᠰ ᠱᠠᠳᠦᠨ ᠤ ᠤᠷᠤᠨ ᠨᠤᠳᠤᠬ ᠤᠨ ᠡᠳ᠋ ᠤᠨ ᠵᠠᠰᠠᠬ ᠤᠨ ᠤᠷᠦᠯᠭ᠎ᠠ ᠶᠢᠨ ᠨᠡᠮᠡᠭᠳᠡᠯ ᠢ ᠲᠠᠭᠠᠯᠳᠦᠨ ᠨᠡᠮᠡᠭᠳᠡᠭᠦᠯᠬᠦ ᠬᠡᠷᠡᠭᠳᠡᠢ᠃        ᠠᠷᠪᠠᠨ ᠭᠤᠷᠪᠠᠳᠦᠭᠠᠷ ᠵᠦᠢᠯ    ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠠ ᠮᠦᠡᠭᠭᠦ ᠶᠢ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠤᠷᠤᠭᠤᠯᠬᠤ ᠲᠦᠯᠦᠪᠯᠡᠭᠡ ᠪᠠ ᠤᠨ ᠤ ᠲᠦᠰᠦᠪ ᠢ ᠦᠨᠳᠦᠰᠦᠯᠡᠨ᠂ ᠶᠡᠷᠦᠩᠭᠡᠶᠢᠯᠡᠨ ᠲᠡᠩᠴᠠᠬᠦᠷᠢᠰᠢᠭᠦᠯᠵᠦ᠂ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠦ᠂ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃        ᠠᠷᠪᠠᠨ ᠲᠦᠷᠪᠡᠳᠦᠭᠡᠷ ᠵᠦᠢᠯ    ᠤᠯᠦᠰ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠬᠡᠷᠡᠭᠯᠡᠬᠦ ᠭᠠᠵᠠᠷ ᠢ ᠲᠠᠳᠠᠪᠦᠷᠢᠯᠠᠬᠤ ᠳᠤ᠂ ᠬᠠᠤᠯᠢ ᠳᠤ ᠲᠤᠬᠳᠠᠭᠠᠬᠰᠠᠨ ᠲᠡᠰ ᠲᠠᠷᠠᠭᠠᠯᠠᠯ ᠶᠤᠰᠦᠭᠠᠷ ᠵᠦᠪᠰᠢᠶᠡᠷᠡᠭᠦᠯᠦᠭᠰᠡᠨ ᠤ ᠳᠠᠷᠠᠭ᠎ᠠ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠠᠴᠠ ᠵᠠᠷᠯᠠᠬᠤ ᠶᠢᠨ ᠬᠠᠮᠳᠦ ᠵᠤᠬᠢᠶᠠᠨ ᠪᠠᠶᠢᠭᠤᠯᠦᠨ ᠬᠡᠷᠡᠭᠵᠢᠭᠦᠯᠦᠨ᠎ᠠ᠃        ᠠᠷᠪᠠᠨ ᠲᠠᠪᠦᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠵᠠᠰᠠᠮᠠᠯ ᠵᠠᠮ ᠤᠨ ᠪᠠᠷᠢᠯᠭ᠎ᠠ ᠶᠢᠨ ᠶᠠᠰᠦ ᠴᠢᠨᠠᠷ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠠᠳᠭᠡᠬᠦ ᠬᠡᠷᠡᠭᠳᠡᠢ᠃ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠡᠵᠦ ᠲᠤᠷᠰᠢᠨ ᠨᠡᠪᠳᠡᠷᠡᠬᠦ ᠶᠢ ᠵᠦᠪᠰᠢᠶᠡᠷᠡᠭᠰᠡᠨ ᠵᠠᠰᠠᠮᠠᠯ ᠵᠠᠮ ᠪᠤᠶᠥ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠠᠵᠦ ᠲᠡᠷᠭᠡ ᠨᠡᠪᠳᠡᠷᠡᠬᠦ ᠶᠢ ᠵᠦᠪᠰᠢᠶᠡᠷᠡᠭᠰᠡᠨ ᠵᠠᠰᠠᠮᠠᠯ ᠵᠠᠮ ᠪᠠᠷᠢᠯᠭ᠎ᠠ ᠶᠢᠨ ᠶᠠᠰᠦ ᠴᠢᠨᠠᠷ ᠤᠨ ᠠᠳᠠᠯ ᠭᠠᠷᠪᠠᠯ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠴᠠᠬ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃        ᠠᠷᠪᠠᠨ ᠵᠢᠷᠭᠤᠳᠦᠭᠠᠷ ᠵᠦᠢᠯ    ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠢ ᠬᠠᠶᠢᠨ ᠪᠠᠶᠢᠴᠠᠭᠠᠨ ᠵᠢᠷᠤᠬᠯᠠᠨ ᠲᠦᠯᠦᠪᠯᠡᠬᠦ᠂ ᠪᠦᠳᠦᠭᠡᠨ ᠪᠠᠶᠢᠭᠤᠯᠬᠤ᠂ ᠪᠠᠷᠢᠯᠭ᠎ᠠ ᠶᠢ ᠬᠢᠨᠠᠨ ᠬᠠᠮᠢᠶᠠᠷᠬᠤ ᠪᠠ ᠲᠤᠷᠰᠢᠯᠳᠠ ᠬᠢᠬᠦ᠂ ᠬᠡᠮᠵᠢᠨ ᠪᠠᠶᠢᠴᠠᠭᠠᠬᠤ ᠠᠵᠢᠯ ᠢ ᠡᠭᠦᠷᠭᠡᠯᠡᠵᠦ ᠪᠠᠶᠢᠭ᠎ᠠ ᠨᠢᠭᠡᠴᠨ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠶᠠᠰᠦ ᠴᠢᠨᠠᠷ ᠢ ᠪᠠᠳᠦᠯᠠᠬᠤ ᠰᠢᠰᠲ᠋ᠧᠮ ᠢᠶᠠᠨ ᠪᠠᠶᠢᠭᠤᠯᠦᠨ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠦ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠪᠤᠯᠦᠨ ᠰᠠᠯᠪᠢᠨ ᠵᠠᠰᠠᠬᠤ ᠶᠢ ᠪᠠᠳᠦᠯᠠᠬᠤ ᠲᠦᠷᠢᠮ ᠢ ᠬᠡᠷᠡᠭᠵᠢᠭᠦᠯᠬᠦ ᠬᠡᠷᠡᠭᠳᠡᠢ᠃ ᠰᠠᠯᠪᠢᠨ ᠵᠠᠰᠠᠬᠤ ᠶᠢ ᠪᠠᠳᠦᠯᠠᠬᠤ ᠬᠤᠭᠤᠴᠠᠭᠠᠨ ᠳᠤ ᠵᠠᠰᠠᠮᠠᠯ ᠵᠠᠮ ᠶᠠᠰᠦ ᠴᠢᠨᠠᠷ ᠤᠨ ᠠᠰᠠᠭᠤᠳᠠᠯ ᠭᠠᠷᠪᠠᠯ᠂ ᠪᠠᠷᠢᠯᠭ᠎ᠠ ᠶᠢᠨ ᠨᠢᠭᠡᠴᠨ ᠠᠴᠠ ᠤᠷᠢᠳᠠᠪᠡᠷ ᠵᠠᠰᠠᠨ ᠰᠠᠯᠪᠢᠬᠦ ᠪᠤᠶᠥ ᠲᠠᠬᠢᠨ ᠲᠡᠪᠢᠰᠬᠦ ᠬᠡᠷᠡᠭᠳᠡᠢ︔ ᠪᠠᠷᠢᠯᠭ᠎ᠠ ᠶᠢᠨ ᠨᠢᠭᠡᠴᠨ ᠲᠤᠬᠳᠠᠭᠠᠬᠰᠠᠨ ᠬᠤᠭᠤᠴᠠᠭᠠᠨ ᠳᠤ ᠵᠠᠰᠠᠨ ᠰᠠᠯᠪᠢᠬᠰᠠᠨ ᠦᠭᠡᠢ ᠪᠤᠶᠥ ᠲᠠᠬᠢᠨ ᠲᠡᠪᠢᠰᠦᠭᠰᠡᠨ ᠦᠭᠡᠢ ᠪᠤᠯ᠂ ᠪᠦᠳᠦᠭᠡᠨ ᠪᠠᠶᠢᠭᠤᠯᠬᠤ ᠨᠢᠭᠡᠴᠨ ᠠᠴᠠ ᠵᠤᠬᠢᠶᠠᠨ ᠪᠠᠶᠢᠭᠤᠯᠦᠨ ᠵᠠᠰᠠᠨ ᠰᠡᠯᠪᠢᠬᠦ ᠪᠤᠶᠥ ᠲᠠᠬᠢᠨ ᠲᠡᠪᠢᠰᠴᠦ᠂ ᠬᠡᠷᠡᠭᠯᠡᠬᠦ ᠪᠦᠬᠦᠢ ᠵᠠᠷᠦᠳᠠᠯ ᠢ ᠬᠠᠷᠢᠭᠤᠴᠠᠯᠭ᠎ᠠ ᠲᠠᠢ ᠡᠳᠡᠭᠡᠳ ᠠᠴᠠ ᠡᠭᠦᠷᠭᠡᠯᠡᠨ᠎ᠠ        ᠠᠷᠪᠠᠨ ᠲᠤᠯᠦᠳᠦᠭᠠᠷ ᠵᠦᠢᠯ    ᠵᠠᠰᠠᠮᠠᠯ ᠵᠠᠮ ᠢ ᠰᠢᠨ᠎ᠠ ᠪᠠᠷ ᠪᠠᠶᠢᠭᠤᠯᠵᠦ᠂ ᠦᠭᠡᠷᠡᠴᠢᠯᠠᠠ ᠪᠠᠶᠢᠭᠤᠯᠬᠤ ᠠᠴᠠ ᠪᠤᠯᠵᠦ᠂ ᠲᠡᠮᠦᠷ ᠵᠠᠮ᠂ ᠤᠰᠤᠨ ᠠᠰᠢᠬᠯᠠᠯᠳᠠ᠂ ᠬᠤᠭᠤᠯᠠᠢ ᠪᠠᠷ ᠵᠦᠭᠡᠭᠡᠪᠦᠷᠢᠯᠡᠬᠦ᠂ ᠴᠠᠬᠢᠯᠭᠠᠨ ᠬᠦᠴᠦ᠂ ᠰᠢᠤᠳᠠᠨ ᠤ ᠶᠠᠪᠣᠳᠠᠯ᠂ ᠴᠢᠮᠡᠭᠡ ᠬᠤᠯᠪᠣᠭ᠎ᠠ ᠶᠢᠨ ᠲᠦᠭᠦᠭᠡᠷᠦᠮᠵᠢ ᠪᠤᠯᠤᠠ ᠪᠤᠰᠤᠳ ᠲᠦᠬᠦᠬᠡᠷᠦᠮᠵᠢ ᠲᠠᠢ ᠰᠤᠯᠪᠢᠴᠠᠬᠤ ᠦᠶᠡᠰ᠂ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠨᠢᠭᠡᠴᠨ ᠤᠷᠢᠳᠠᠪᠡᠷ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠳᠡᠢ᠃ ᠲᠡᠭᠡᠷ᠎ᠠ ᠲᠤᠷᠠᠳᠦᠬᠰᠠᠨ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠲᠦᠯᠦᠪᠵᠢᠭᠦᠯᠭᠡ ᠶᠢᠨ ᠤᠷᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠬᠡᠵᠦ ᠲᠤᠷᠠᠳᠪᠠᠯ᠂ ᠤᠤᠯ ᠤᠨ ᠪᠠᠷᠢᠮᠵᠢᠶ᠎ᠠ ᠠᠴᠠ ᠭᠡᠳᠦᠷᠡᠭᠰᠡᠨ ᠰᠢᠨ᠎ᠠ ᠪᠠᠷ ᠨᠡᠮᠡᠭᠳᠡᠬᠦ ᠪᠠᠷᠢᠯᠭ᠎ᠠ ᠶᠢᠨ ᠪᠠᠯᠨ ᠤᠷᠤᠭᠤᠯᠦᠯᠳᠠ ᠶᠢ ᠤᠷᠢᠳᠴᠢᠯᠠᠨ ᠦᠯᠡᠳᠡᠭᠡᠬᠦ ᠪᠠᠷ ᠲᠤᠷᠠᠳᠦᠬᠰᠠᠨ ᠡᠳᠡᠭᠡᠳ ᠠᠴᠠ ᠡᠭᠦᠷᠭᠡᠯᠡᠨ᠎ᠠ᠃ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠠᠴᠠ ᠪᠤᠯᠵᠦ ᠬᠤᠯᠪᠤᠬᠳᠠᠯ ᠪᠦᠬᠦᠢ ᠲᠦᠭᠦᠭᠡᠷᠦᠮᠵᠢ ᠶᠢ ᠡᠪᠳᠡᠨ ᠰᠦᠢᠳᠭᠡᠭᠰᠡᠨ ᠪᠤᠯ ᠵᠠᠰᠠᠮᠠᠯ ᠵᠠᠮ ᠤᠨ ᠪᠠᠷᠢᠯᠭ᠎ᠠ ᠶᠢᠨ ᠨᠢᠭᠡᠴᠨ ᠠᠴᠠ ᠲᠤᠰ ᠲᠦᠭᠦᠭᠡᠷᠦᠮᠵᠢ ᠶᠢᠨ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ ᠲᠤᠤᠷ᠎ᠠ ᠪᠤᠰᠦ ᠬᠡᠪ ᠢᠶᠠᠷ ᠰᠡᠷᠭᠦᠭᠡᠨ ᠵᠠᠰᠠᠬᠤ ᠪᠤᠶᠥ ᠵᠤᠬᠢᠴᠠᠬᠰᠠᠨ ᠠᠵᠦ ᠠᠬᠤᠢ ᠶᠢᠨ ᠨᠦᠬᠦᠪᠦᠷᠢ ᠦᠭᠭᠦ ᠬᠡᠷᠡᠭᠳᠡᠢ᠃        ᠭᠤᠷᠪᠠᠳᠦᠭᠠᠷ ᠪᠦᠯᠦᠭ    ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ        ᠠᠷᠪᠠᠨ ᠨᠠᠢᠮᠠᠳᠦᠭᠠᠷ ᠵᠦᠢᠯ    ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠤᠰ ᠠᠴᠠ ᠲᠤᠬᠳᠠᠭᠠᠬᠰᠠᠨ ᠮᠡᠷᠭᠡᠵᠢᠯ ᠤᠨ ᠵᠢᠷᠦᠮᠵᠢᠯ ᠪᠠ ᠠᠵᠢᠯᠯᠠᠬᠤ ᠲᠤᠬᠳᠠᠭᠠᠯ ᠶᠤᠰᠦᠭᠠᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠦ᠂ ᠵᠠᠰᠠᠮᠠᠯ ᠵᠠᠮ ᠤᠨ ᠨᠡᠯᠢᠶᠡᠳ ᠰᠠᠶᠢᠨ ᠮᠡᠷᠭᠡᠵᠢᠯ ᠤᠨ ᠪᠠᠶᠢᠳᠠᠯ ᠲᠠᠢ ᠪᠠᠶᠢᠬᠤ ᠶᠢ ᠪᠠᠳᠦᠯᠠᠬᠤ ᠭᠡᠷᠡᠭᠳᠡᠢ᠃ ᠤᠯᠤᠰ ᠤᠨ ᠵᠠᠮ᠂ ᠮᠤᠵᠢ ᠶᠢᠨ ᠵᠠᠮ᠂ ᠬᠢᠯᠢ ᠶᠢᠨ ᠬᠠᠮᠠᠭᠠᠯᠠᠯᠳᠠ ᠶᠢᠨ ᠵᠠᠮ ᠢ ᠠᠷᠠᠴᠢᠯᠠᠨ ᠬᠠᠮᠠᠭᠠᠯᠠᠬᠤ ᠶᠢ ᠠᠶᠢᠮᠠᠬ ᠬᠤᠳᠠ ᠶᠢᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠷᠢᠭᠤᠴᠠᠨ᠎ᠠ︔ ᠰᠢᠶᠠᠨ ᠤ ᠵᠠᠮ ᠢ ᠠᠷᠠᠴᠢᠯᠠᠨ ᠬᠠᠮᠠᠭᠠᠯᠠᠬᠤ ᠶᠢ ᠬᠤᠰᠢᠭᠤ ᠰᠢᠶᠠᠨ ︵ᠬᠤᠳᠠ᠂ ᠲᠤᠭᠤᠷᠢᠬ︶ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠷᠢᠭᠤᠴᠠᠨ᠎ᠠ︔ ᠰᠢᠶᠠᠩ ᠤᠨ ᠵᠠᠮ ᠢ ᠠᠷᠠᠴᠢᠯᠠᠨ ᠬᠠᠮᠠᠭᠠᠯᠠᠬᠤ ᠶᠢ ᠰᠤᠮᠦ ᠰᠢᠶᠠᠩ ᠪᠠᠯᠭᠠᠰᠦᠨ ᠤ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ᠎ᠠ︔ ᠲᠤᠰᠬᠤᠨ ᠤ ᠵᠠᠮ ᠢ ᠠᠷᠠᠴᠢᠯᠠᠨ ᠬᠠᠮᠠᠭᠠᠯᠠᠬᠤ ᠶᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠬᠠᠷᠢᠭᠤᠴᠠᠨ᠎ᠠ᠃ ᠡᠵᠡᠩᠨᠠᠯᠳᠠ ᠶᠢᠨ ᠴᠢᠨᠠᠷ ᠲᠠᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠵᠠᠰᠠᠮᠠᠯ ᠵᠠᠮ ᠢ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠬᠠᠷᠢᠭᠤᠴᠠᠨ᠎ᠠ᠃ ᠲᠤᠰᠬᠠᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠲᠤᠰᠬᠠᠢ ᠬᠡᠷᠡᠭᠯᠡᠬᠦ ᠨᠢᠭᠡᠴᠠ ᠠᠴᠠ ᠬᠠᠷᠢᠭᠤᠴᠠᠨ᠎ᠠ᠃        ᠠᠷᠪᠠ ᠶᠢᠰᠦᠳᠦᠭᠡᠷ ᠵᠦᠢᠯ    ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠠᠴᠠ ᠵᠠᠮ ᠲᠠᠭᠠᠤ ᠤᠷᠤᠨ ᠤ ᠮᠠᠯᠴᠢᠨ ᠲᠠᠷᠢᠶᠠᠴᠢᠨ ᠢ ᠰᠢᠶᠠᠨ ᠤ ᠵᠠᠮ᠂ ᠰᠢᠶᠠᠩ ᠤᠨ ᠵᠠᠮ᠂ ᠲᠤᠰᠬᠤᠨ ᠤ ᠵᠠᠮ ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠠᠷᠠᠴᠢᠯᠠᠠ ᠬᠠᠮᠠᠭᠠᠯᠠᠯᠳᠠ ᠳᠤ ᠬᠦᠴᠦ ᠬᠦᠳᠡᠯᠮᠦᠷᠢ ᠡᠷᠬᠦᠬᠦᠯᠬᠦ ᠪᠠᠷ ᠵᠢᠯᠦᠭᠤᠳᠦᠨ ᠲᠠᠭᠠᠭᠤᠯᠵᠦ ᠪᠤᠯᠦᠨ᠎ᠠ᠃        ᠬᠤᠷᠢᠳᠦᠭᠠᠷ ᠵᠦᠢᠯ    ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠦᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠪᠠᠷᠢᠮᠵᠢᠶ᠎ᠠ ᠵᠢᠷᠦᠮᠵᠢᠯ ᠶᠤᠰᠦᠭᠠᠷ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢᠨ ᠴᠠᠬᠳᠠᠨ ᠪᠠᠶᠢᠴᠠᠭᠠᠯᠳᠠ ᠶᠢᠨ ᠲᠦᠷᠢᠮ ᠲᠤᠬᠳᠠᠭᠠᠨ᠂ ᠲᠤᠬᠳᠠᠬᠰᠠᠨ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠯᠳᠠ ᠶᠢᠨ ᠴᠠᠬᠳᠠᠨ ᠪᠠᠶᠢᠴᠠᠭᠠᠯᠳᠠ ᠶᠠᠪᠤᠭᠤᠯᠬᠤ ᠬᠡᠷᠡᠭᠳᠡᠢ︔ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠪᠠ ᠰᠠᠯᠪᠢᠨ ᠵᠠᠰᠠᠯᠳᠠ ᠶᠢᠨ ᠮᠡᠳᠡᠭᠡ ᠵᠠᠩᠭᠢ ᠶᠢᠨ ᠲᠠᠩᠰᠠ ᠪᠠᠶᠢᠭᠤᠯᠦᠨ᠂ ᠠᠷᠠᠴᠢᠯᠠᠨ ᠬᠠᠮᠠᠭᠠᠯᠠᠬᠰᠠᠨ ᠠᠵᠢᠯᠯᠠᠭ᠎ᠠ᠂ ᠴᠠᠬᠳᠠᠨ ᠪᠠᠶᠢᠴᠠᠭᠠᠯᠳᠠ᠂ ᠬᠢᠨᠠᠨ ᠬᠡᠮᠵᠢᠯᠳᠠ ᠵᠢᠴᠢ ᠪᠤᠰᠦᠳ ᠬᠠᠮᠢᠶ᠎ᠠ ᠪᠦᠬᠦᠢ ᠮᠡᠳᠡᠭᠡ ᠵᠠᠩᠭᠢ ᠶᠢ ᠲᠡᠮᠳᠡᠭᠯᠡᠬᠦ ᠬᠡᠷᠡᠭᠳᠡᠢ︔ ᠵᠠᠷᠯᠠᠬᠤ ᠢᠯᠡᠷᠬᠡᠶᠢᠯᠡᠯ ᠪᠤᠰᠬᠠᠨ᠂ ᠨᠢᠭᠡᠴᠠ ᠶᠢᠨ ᠨᠡᠷᠡᠶᠢᠳᠦᠯ᠂ ᠠᠷᠠᠴᠢᠯᠠᠨ ᠬᠠᠮᠠᠭᠠᠯᠠᠬᠤ ᠬᠡᠰᠡᠭ ᠵᠢᠴᠢ ᠰᠠᠯᠪᠢᠨ ᠵᠠᠰᠠᠬᠤ ᠶᠢ ᠮᠡᠳᠡᠭᠦᠯᠬᠦ ᠪᠠ ᠢᠯᠠᠴᠢᠯᠠᠨ ᠮᠡᠳᠡᠭᠦᠯᠬᠦ ᠤᠳᠠᠰᠦᠨ ᠨᠤᠮᠧᠷ ᠢᠶᠠᠨ ᠵᠠᠷᠯᠠᠬᠤ ᠬᠡᠷᠡᠭᠳᠡᠢ᠃        ᠬᠤᠷᠢᠨ ᠨᠢᠭᠡᠳᠦᠭᠡᠷ ᠵᠦᠢᠯ    ᠵᠠᠰᠠᠮᠠᠯ ᠵᠠᠮ ᠵᠢᠴᠢ ᠲᠡᠭᠦᠨ ᠤ ᠲᠠᠭᠠᠯᠳᠠ ᠪᠠᠷᠢᠯᠭ᠎ᠠ ᠡᠪᠳᠡᠭᠳᠡᠵᠦ᠂ ᠲᠠᠭᠠᠭᠠᠴᠠ ᠶᠢᠨ ᠴᠢᠳᠠᠪᠦᠷᠢ ᠬᠦᠷᠦᠯᠴᠡᠬᠦ ᠦᠭᠡᠢ ᠪᠤᠶᠥ ᠠᠶᠦᠯ ᠲᠠᠢ ᠪᠠᠶᠢᠳᠠᠯ ᠭᠠᠷᠦᠬᠰᠡᠨ ᠠᠴᠠ ᠪᠤᠯᠵᠦ᠂ ᠵᠠᠮ ᠬᠠᠷᠢᠯᠴᠠᠭ᠎ᠠ ᠰᠠᠭᠠᠳᠠᠯ ᠳᠤ ᠤᠴᠠᠷᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠴᠠᠬ ᠲᠤᠬᠠᠢ ᠳᠤᠨᠢ ᠢᠯᠡᠷᠭᠡᠢ ᠵᠢᠭᠠᠯᠳᠠ ᠶᠢᠨ ᠲᠡᠮᠳᠡᠭ ᠪᠤᠰᠬᠠᠨ᠂ ᠴᠠᠬ ᠲᠤᠬᠠᠢ ᠳᠤᠨᠢ ᠰᠠᠯᠪᠢᠨ ᠵᠠᠰᠠᠵᠦ᠂ ᠠᠯᠢ ᠲᠦᠷᠭᠡᠨ ᠢᠶᠠᠷ ᠵᠠᠮ ᠬᠠᠷᠢᠯᠴᠠᠭ᠎ᠠ ᠶᠢ ᠰᠡᠷᠭᠦᠭᠡᠬᠦ ᠬᠡᠷᠡᠭᠳᠡᠢ︔ ᠲᠦᠷ ᠴᠠᠬ ᠲᠤ ᠨᠡᠪᠳᠡᠷᠡᠵᠦ ᠲᠡᠶᠢᠯᠬᠦ ᠦᠬᠡᠢ ᠪᠤᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠤᠯᠦᠨ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠬᠠᠮᠳᠦᠷᠠᠨ ᠠᠯᠪᠠᠨ ᠮᠡᠳᠡᠭᠳᠡᠯ ᠨᠡᠶᠢᠳᠡᠯᠡᠬᠦ ᠭᠡᠷᠡᠭᠳᠡᠢ᠃ ᠡᠵᠡᠩᠨᠠᠯᠳᠠ ᠶᠢᠨ ᠴᠢᠨᠠᠷ ᠲᠠᠢ ᠵᠠᠰᠠᠮᠠᠯ ᠵᠠᠮ ᠨᠢᠭᠡᠳᠦᠭᠡᠷ ᠪᠠᠳᠠᠬ ᠲᠤ ᠲᠤᠷᠠᠳᠦᠬᠰᠠᠨ ᠪᠠᠶᠢᠳᠠᠯ ᠭᠠᠷᠪᠠᠯ᠂ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠬᠠᠷᠢᠭᠤᠴᠠᠨ ᠴᠠᠭ ᠲᠤᠬᠠᠢ ᠳᠤᠨᠢ ᠰᠠᠯᠪᠢᠨ ᠵᠠᠰᠠᠬᠤ ᠬᠡᠷᠡᠭᠳᠡᠢ᠂ ᠡᠵᠡᠩᠨᠡᠵᠥ ᠪᠠᠶᠢᠭ᠎ᠠ ᠠᠵᠥ ᠠᠬᠤᠢᠢᠯᠠᠯ ᠴᠠᠭ ᠲᠤᠬᠠᠢ ᠳᠤᠨᠢ ᠰᠠᠯᠪᠢᠠ ᠵᠠᠰᠠᠬᠤ ᠶᠢ ᠲᠡᠪᠴᠢᠬᠦ ᠪᠤᠶᠥ ᠴᠠᠬ ᠰᠠᠭᠠᠳᠠᠭᠠᠨ ᠰᠠᠯᠪᠢᠨ ᠵᠠᠰᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠰᠠᠯᠪᠢᠨ ᠵᠠᠰᠠᠬᠤ ᠳᠤ ᠬᠡᠷᠡᠭᠰᠡᠬᠦ ᠵᠠᠷᠦᠳᠠᠯ ᠢ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠡᠭᠦᠷᠭᠡᠯᠡᠨ᠎ᠠ᠃        ᠲᠦᠷᠪᠡᠳᠦᠭᠡᠷ ᠪᠦᠯᠦᠭ    ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠠᠳᠠᠪᠦᠷᠢᠯᠠᠬᠤ        ᠬᠤᠷᠢᠨ ᠬᠤᠶᠠᠳᠦᠭᠠᠷ ᠵᠦᠢᠯ    ᠵᠠᠰᠠᠮᠠᠨᠯ ᠵᠠᠮ ᠢ ᠠᠷᠠᠴᠢᠯᠠᠬᠤ ᠰᠦᠢᠳᠬᠡᠯ ᠪᠤᠯ ᠤᠯᠤᠰ ᠠᠴᠠ ᠮᠠᠰᠢᠨ ᠲᠡᠷᠭᠡ ᠦᠮᠴᠢᠯᠡᠭᠴᠢ ᠠᠴᠠ ᠲᠠᠳᠠᠪᠦᠷᠢᠯᠠᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ᠂ ᠠᠷᠠᠴᠢᠯᠠᠨ ᠬᠠᠮᠠᠭᠠᠯᠠᠯᠳᠠ ᠪᠠ ᠬᠠᠮᠢᠶᠠᠷᠦᠯᠳᠠ ᠳᠤ ᠬᠡᠷᠡᠭᠰᠡᠬᠦ ᠲᠤᠰᠬᠠᠢ ᠵᠠᠷᠦᠳᠠᠯ ᠪᠠᠶᠢᠵᠦ᠂ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠲᠦᠰᠦᠪ ᠤᠨ ᠬᠠᠮᠢᠶᠠᠷᠦᠯᠳᠠ ᠳᠤ ᠤᠷᠤᠭᠤᠯᠵᠦ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃ ᠮᠠᠰᠢᠨ ᠲᠡᠷᠭᠡᠨ ᠤ ᠦᠮᠴᠢᠯᠡᠭᠴᠢ ᠪᠤᠯ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠤᠰᠢᠶᠠᠬᠤ ᠡᠭᠦᠷᠭᠡ ᠲᠠᠢ ᠬᠦᠮᠦᠨ᠂ ᠲᠤᠬᠳᠠᠭᠠᠯ ᠶᠤᠰᠦᠭᠠᠷ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠤᠰᠢᠶᠠᠬᠰᠠᠨ ᠦᠬᠡᠢ ᠮᠠᠰᠢᠨ ᠲᠡᠷᠭᠡ ᠵᠠᠮ ᠳᠤ ᠭᠠᠷᠴᠦ ᠪᠤᠯᠬᠤ ᠦᠭᠡᠢ᠃        ᠬᠤᠷᠢᠨ ᠭᠤᠷᠪᠠᠳᠦᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠷᠤᠨ ᠤ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠬᠤᠷᠢᠶᠠᠬᠤ᠂ ᠪᠠᠶᠢᠴᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠠ ᠱᠠᠳᠦᠨ ᠤ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠬᠤᠷᠢᠶᠠᠬᠤ᠂ ᠪᠠᠶᠢᠴᠠᠭᠠᠬᠤ ᠪᠠ ᠬᠠᠮᠢᠶᠠᠷᠬᠤ ᠠᠵᠢᠯ ᠢ ᠪᠤᠳᠠᠳᠠᠢ ᠬᠠᠷᠢᠭᠤᠴᠠᠨ᠎ᠠ᠃        ᠬᠤᠷᠢᠨ ᠲᠦᠷᠪᠡᠳᠦᠭᠡᠷ ᠵᠦᠢᠯ    ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠠᠵᠢᠯᠳᠠᠠ ᠨᠢ ᠠᠶᠤᠯ ᠦᠭᠡᠢ ᠨᠡᠪᠳᠡᠷᠡᠬᠦ ᠶᠢ ᠨᠦᠯᠦᠭᠡᠯᠡᠬᠦ ᠦᠬᠡᠢ ᠪᠠᠶᠢᠳᠠᠯ ᠲᠤᠤᠷ᠎ᠠ᠂ ᠵᠠᠰᠠᠮᠠᠯ ᠵᠠᠮ ︵ᠲᠦᠷᠭᠡᠨ ᠵᠠᠮ ᠠᠴᠠ ᠪᠤᠰᠦᠳ︶ ᠪᠠ ᠲᠦᠷᠭᠡᠨ ᠵᠠᠮ ᠳᠤ ᠤᠷᠤᠵᠦ ᠭᠠᠷᠬᠤ ᠠᠮᠠᠰᠠᠷ᠂ ᠦᠢᠯᠡᠴᠢᠯᠡᠭᠡᠨ ᠤ ᠭᠠᠵᠠᠷ᠂ ᠪᠠᠶᠢᠴᠠᠭᠠᠯᠳᠠ ᠶᠢᠨ ᠦᠷᠳᠡᠭᠡ ᠬᠢᠭᠡᠳ ᠪᠤᠰᠦᠳ ᠮᠠᠰᠢᠨ ᠲᠡᠷᠭᠡ ᠲᠦᠪᠯᠡᠷᠡᠭᠰᠡᠨ ᠲᠠᠯᠠᠪᠦᠷ ᠲᠤ ᠮᠠᠰᠢᠨ ᠲᠡᠷᠭᠡᠨ ᠤ ᠵᠠᠰᠠᠮᠠᠯ ᠵᠠᠮ ᠢ ᠠᠷᠠᠴᠢᠯᠠᠬᠤ ᠰᠦᠢᠳᠭᠡᠯ ᠲᠤᠰᠢᠶᠠᠬᠰᠠᠨ ᠪᠠᠶᠢᠳᠠᠯ ᠢ ᠪᠠᠶᠢᠴᠠᠭᠠᠵᠦ ᠪᠤᠯᠦᠨ᠎ᠠ᠃        ᠬᠤᠷᠢᠨ ᠲᠠᠪᠦᠳᠦᠭᠠᠷ ᠵᠦᠢᠯ    ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠰᠦᠢᠳᠭᠡᠯ ᠬᠤᠷᠢᠶᠠᠬᠤ ᠦᠢᠯᠡᠴᠢᠯᠡᠭᠡᠨ ᠤ ᠲᠤᠤᠷ ᠢ ᠵᠤᠬᠢᠰᠳᠠᠢ ᠪᠠᠶᠢᠷᠢᠯᠠᠭᠤᠯᠵᠦ᠂ ᠰᠦᠢᠳᠭᠡᠯ ᠬᠤᠷᠢᠶᠠᠬᠤ ᠴᠤᠩᠬᠤ ᠶᠢ ᠨᠡᠮᠡᠵᠦ᠂ ᠰᠦᠢᠳᠭᠡᠯ ᠬᠤᠷᠢᠶᠠᠬᠤ ᠬᠡᠯᠪᠡᠷᠢ ᠶᠢ ᠦᠭᠡᠷᠡᠴᠢᠯᠠᠨ ᠰᠠᠶᠢᠵᠢᠷᠠᠭᠤᠯᠵᠦ᠂ ᠰᠦᠢᠳᠭᠡᠯ ᠲᠤᠰᠢᠶᠠᠬᠤ ᠳᠤ ᠲᠦᠭᠦᠮ ᠪᠤᠯᠭᠠᠬᠤ ᠬᠡᠷᠡᠭᠳᠡᠢ᠃ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠨᠡᠶᠢᠭᠡᠮ ᠲᠠᠶᠠᠭᠠᠷ ᠲᠤ ᠵᠠᠰᠠᠮᠠᠯ ᠵᠠᠮ ᠠᠷᠠᠴᠢᠯᠠᠬᠤ ᠰᠦᠢᠳᠭᠡᠯ ᠬᠤᠷᠢᠶᠠᠬᠤ ᠦᠨᠳᠦᠰᠦ ᠪᠠᠷᠢᠮᠳᠠ᠂ ᠬᠤᠷᠢᠶᠠᠬᠤ ᠪᠠᠷᠢᠮᠵᠢᠶ᠎ᠠ ᠪᠠ ᠠᠵᠢᠯᠯᠠᠬᠤ ᠲᠠᠷᠠᠭᠠᠯᠠᠯ ᠢᠶᠠᠨ ᠨᠡᠶᠢᠳᠡᠯᠠᠵᠦ᠂ ᠯᠠᠪᠯᠠᠨ ᠠᠰᠠᠭᠤᠬᠤ ᠪᠠ ᠢᠯᠡᠴᠢᠯᠡᠨ ᠮᠡᠳᠡᠭᠦᠯᠬᠦ ᠤᠳᠠᠰᠦ ᠪᠠᠨ ᠨᠡᠶᠢᠳᠡᠯᠠᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠳᠠ ᠶᠢ ᠬᠦᠯᠢᠶᠡᠬᠦ ᠬᠡᠷᠡᠭᠳᠡᠢ᠃ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠬᠢᠳᠠᠯ᠂ ᠤᠳᠠᠰᠦ᠂ ᠴᠢᠬᠢᠮ ᠮᠡᠳᠡᠭᠡ᠂ ᠢᠮᠧᠯ ᠵᠡᠷᠭᠡ ᠤᠯᠠᠨ ᠵᠦᠢᠯ ᠤᠨ ᠬᠡᠯᠪᠡᠷᠢ ᠪᠠᠷ ᠮᠠᠰᠢᠨ ᠲᠡᠷᠭᠡᠨ ᠤ ᠦᠮᠴᠢᠯᠡᠭᠴᠢ ᠶᠢ ᠴᠠᠭ ᠲᠤᠬᠠᠢ ᠳᠤᠨᠢ ᠵᠠᠰᠠᠮᠠᠯ ᠵᠠᠮ ᠠᠷᠠᠴᠢᠯᠠᠬᠤ ᠰᠦᠢᠳᠭᠡᠯ ᠲᠤᠰᠢᠶᠠᠯᠭᠠᠬᠤ ᠪᠠᠷ ᠰᠠᠨᠠᠭᠤᠯᠬᠤ ᠬᠡᠷᠡᠭᠳᠡᠢ᠃        ᠬᠤᠷᠢᠨ ᠵᠢᠷᠭᠤᠳᠦᠭᠠᠷ ᠵᠦᠢᠯ    ᠰᠦᠢᠳᠭᠡᠯ ᠲᠤᠰᠢᠶᠠᠬᠤ ᠡᠭᠦᠷᠭᠡ ᠲᠠᠢ ᠬᠦᠮᠦᠨ ᠲᠤᠬᠳᠠᠬᠰᠠᠨ ᠴᠠᠬ ᠬᠤᠭᠤᠴᠠᠭ᠎ᠠ ᠶᠤᠰᠦᠭᠠᠷ ᠰᠦᠢᠳᠭᠡᠯ ᠲᠤᠰᠢᠶᠠᠬᠤ ᠦᠬᠡᠢ ᠪᠤᠯ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠬᠦᠨ ᠲᠤᠰᠢᠶᠠᠯᠭᠠᠬᠤ ᠠᠴᠠ ᠭᠠᠳᠠᠨ᠎ᠠ ᠪᠠᠰᠠ ᠤᠯᠦᠰ ᠤᠨ ᠲᠤᠬᠳᠠᠭᠠᠯ ᠶᠤᠰᠦᠭᠠᠷ ᠬᠤᠭᠤᠴᠠᠭ᠎ᠠ ᠰᠠᠭᠠᠳᠠᠭᠠᠬᠰᠠᠨ ᠮᠦᠡᠭᠭᠦ ᠨᠡᠮᠡᠨ ᠬᠤᠷᠢᠶᠠᠵᠦ ᠪᠤᠯᠦᠨ᠎ᠠ᠃ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠤᠯᠤᠰ ᠤᠨ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠲᠤᠬᠳᠠᠭᠠᠬᠰᠠᠨ ᠪᠤᠳᠦᠬᠤ ᠠᠷᠭ᠎ᠠ ᠪᠠᠷ ᠪᠤᠳᠦᠨ ᠬᠤᠷᠢᠶᠠᠨ᠎ᠠ᠂ ᠭᠡᠬᠦ ᠳᠤ ᠪᠠᠨ ᠬᠠᠮᠤᠬ ᠤᠨ ᠦᠨᠳᠦᠷ ᠲᠡᠭᠡᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠭᠦᠪᠦᠷᠢᠯᠡᠨ ᠠᠪᠬᠤ ᠬᠡᠮᠵᠢᠶᠡᠨ ᠠᠴᠠ ᠬᠡᠳᠦᠷᠡᠭᠦᠯᠵᠦ ᠪᠤᠯᠬᠤ ᠦᠬᠡᠢ᠃ ᠵᠠᠰᠠᠮᠠᠯ ᠵᠠᠮ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠬᠠᠰᠦᠨ ᠬᠡᠯᠳᠦᠷᠢᠭᠦᠯᠬᠦ ᠶᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠬᠡᠷᠡᠭᠵᠢᠭᠦᠯᠦᠨ᠎ᠠ᠃        ᠬᠤᠷᠢᠨ ᠲᠤᠯᠦᠳᠦᠭᠠᠷ ᠵᠦᠢᠯ    ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠠᠢ ᠮᠠᠰᠢᠨ ᠲᠡᠷᠭᠡᠨ ᠤ ᠲᠤᠭ᠎ᠠ ᠪᠠᠷᠢᠮᠳᠠ ᠶᠢᠨ ᠮᠡᠳᠡᠭᠡ ᠵᠠᠩᠭᠢ ᠪᠠᠨ ᠲᠤᠬᠳᠠᠮᠠᠯ ᠬᠤᠭᠤᠴᠠᠭ᠎ᠠ ᠲᠠᠢ ᠪᠠᠷ ᠰᠤᠯᠢᠯᠴᠠᠬᠤ ᠬᠡᠷᠡᠭᠳᠡᠢ᠃ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠮᠠᠰᠢᠨ ᠲᠡᠷᠭᠡᠨ ᠤ ᠨᠡᠪᠳᠡᠷᠡᠬᠦ ᠶᠢ ᠵᠤᠬᠰᠦᠭᠠᠬᠤ᠂ ᠲᠠᠩᠰᠠᠠ ᠠᠴᠠ ᠬᠠᠰᠦᠬᠤ᠂ ᠦᠮᠴᠢᠯᠡᠬᠦ ᠡᠷᠭᠡ ᠶᠢ ᠦᠭᠡᠷᠡᠴᠢᠯᠡᠬᠦ᠂ ᠤᠨ ᠤ ᠪᠠᠶᠢᠴᠠᠭᠠᠯᠳᠠ ᠬᠢᠬᠦ ᠵᠡᠷᠭᠡ ᠭᠠᠷᠳᠠᠮ ᠢ ᠬᠦᠢᠴᠠᠳᠭᠡᠬᠦ ᠦᠶᠡᠰ᠂ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢᠶᠠᠨ ᠲᠤᠰᠢᠶᠠᠬᠰᠠᠨ ᠦᠭᠡᠢ ᠠᠵᠢᠯᠯᠠᠭ᠎ᠠ ᠶᠢ ᠢᠯᠡᠷᠡᠭᠦᠯᠪᠡᠯ᠂ ᠴᠠᠭ ᠲᠤᠬᠠᠢ ᠳᠤᠨᠢ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠳᠤ ᠮᠡᠳᠡᠭᠦᠯᠦᠨ ᠪᠠᠶᠢᠴᠠᠭᠠᠨ ᠰᠢᠢᠳᠪᠦᠷᠢᠯᠡᠬᠦᠯᠬᠦ ᠬᠡᠷᠡᠭᠳᠡᠢ︔ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠵᠠᠰᠠᠮᠠᠯ ᠵᠠᠮ ᠠᠷᠠᠴᠢᠯᠠᠬᠤ ᠰᠦᠢᠳᠭᠡᠯ ᠬᠤᠷᠢᠶᠠᠬᠤ ᠳᠠᠭᠠᠨ᠂ ᠮᠠᠰᠢᠨ ᠲᠡᠷᠭᠡᠨ ᠤ ᠲᠡᠮᠳᠡᠭ ᠫᠠᠶᠢᠰᠠ ᠶᠢ ᠲᠤᠬᠤᠵᠦ ᠬᠡᠷᠡᠭᠯᠡᠭᠰᠡᠨ᠂ ᠬᠠᠭᠤᠷᠮᠠᠬ ᠢᠶᠠᠷ ᠵᠤᠬᠢᠶᠠᠬᠰᠠᠨ ᠵᠡᠷᠭᠡ ᠠᠵᠢᠯᠯᠠᠭ᠎ᠠ ᠶᠢ ᠢᠯᠡᠷᠡᠭᠦᠯᠪᠡᠯ᠂ ᠴᠠᠬ ᠲᠤᠬᠠᠢ ᠳᠤᠨᠢ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠪᠠᠶᠢᠴᠠᠭᠠᠨ ᠰᠢᠢᠳᠪᠦᠷᠢᠯᠡᠬᠦᠯᠬᠦ ᠬᠡᠷᠡᠭᠳᠡᠢ᠃        ᠲᠠᠪᠦᠳᠦᠭᠠᠷ ᠪᠦᠯᠦᠭ    ᠵᠠᠮ ᠤᠨ ᠶᠠᠪᠦᠳᠠᠯ ᠤᠨ ᠬᠠᠮᠢᠶᠠᠷᠦᠯᠳᠠ        ᠬᠤᠷᠢᠨ ᠨᠠᠢᠮᠠᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ ᠬᠠᠷᠢᠶ᠎ᠠ ᠳᠤ ᠬᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠵᠠᠮ ᠤᠨ ᠶᠠᠪᠦᠳᠠᠯ ᠤᠨ ᠬᠠᠮᠢᠶᠠᠷᠦᠯᠳᠠ ᠶᠢ ᠬᠠᠷᠢᠭᠤᠴᠠᠨ᠎ᠠ᠂ ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ ᠪᠤᠯ᠄ ︵ᠨᠢᠭᠡ︶ ᠵᠠᠰᠠᠮᠠᠯ ᠵᠠᠮ ᠢ ᠮᠠᠯᠳᠠᠬᠤ᠂ ᠡᠵᠡᠯᠡᠭᠦ᠂ ᠠᠰᠢᠬᠯᠠᠬᠤ ᠪᠠᠷ ᠭᠤᠶᠥᠴᠢᠯᠠᠬᠤ ᠵᠦᠢᠯᠡᠰ ᠢ ᠵᠦᠪᠰᠢᠶᠡᠷᠡᠬᠦ᠂ ᠵᠠᠰᠠᠮᠠᠯ ᠵᠠᠮ ᠢ ᠡᠪᠳᠡᠨ ᠰᠦᠢᠳᠭᠡᠬᠦ ᠪᠤᠶᠥ ᠬᠠᠤᠯᠢ ᠪᠤᠰᠦ ᠪᠠᠷ ᠡᠵᠡᠯᠡᠭᠰᠡᠨ ᠠᠵᠢᠯᠯᠠᠭ᠎ᠠ ᠶᠢ ᠬᠤᠷᠢᠬᠯᠠᠨ ᠵᠤᠬᠰᠦᠭᠠᠬᠤ ᠪᠤᠶᠤ ᠪᠠᠶᠢᠴᠠᠭᠠᠨ ᠰᠢᠢᠳᠪᠦᠷᠢᠯᠡᠬᠦ︔ ︵ᠬᠤᠶᠠᠷ︶ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠷᠬᠦ ᠪᠠᠷ ᠭᠤᠶᠥᠴᠢᠯᠠᠬᠤ ᠵᠦᠢᠯᠡᠰ ᠢ ᠵᠦᠪᠰᠢᠶᠡᠷᠡᠬᠦ᠂ ᠬᠠᠤᠯᠢ ᠪᠤᠰᠦ ᠪᠠᠷ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠡᠬᠦ ᠠᠵᠢᠯᠯᠠᠭ᠎ᠠ ᠶᠢ ᠬᠤᠷᠢᠬᠯᠠᠨ ᠵᠤᠬᠰᠦᠭᠠᠬᠤ ᠪᠠ ᠪᠠᠶᠢᠴᠠᠭᠠᠨ ᠰᠢᠢᠳᠪᠦᠷᠢᠯᠡᠬᠦ︔ ︵ᠭᠤᠷᠪᠠ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠪᠠᠶᠢᠷᠢᠯᠠᠭᠤᠯᠬᠤ ᠪᠠ ᠬᠠᠮᠠᠭᠠᠯᠠᠬᠤ︔ ︵ᠲᠦᠷᠪᠡ︶ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ ᠤᠷᠤᠨ ᠢ ᠬᠠᠮᠢᠶᠠᠷᠬᠤ︔ ︵ᠲᠠᠪᠦ︶ ᠵᠠᠰᠠᠮᠠᠯ ᠵᠠᠮ ᠤᠨ ᠪᠠᠷᠢᠯᠭ᠎ᠠ ᠶᠢᠨ ᠡᠮᠬᠢ ᠵᠢᠷᠣᠮ ᠢ ᠬᠠᠮᠢᠶᠠᠷᠬᠤ︔ ︵ᠵᠢᠷᠭᠤᠭ᠎ᠠ︶ ᠵᠠᠰᠠᠮᠠᠯ ᠵᠠᠮ ᠤᠨ ᠪᠠᠷᠢᠯᠭ᠎ᠠ ᠳᠤ ᠬᠢ ᠵᠠᠮ ᠤᠨ ᠶᠠᠪᠦᠳᠠᠯ ᠤᠨ ᠬᠠᠮᠢᠶᠠᠷᠦᠯᠳᠠ ᠶᠢᠨ ᠲᠦᠷᠦᠯ ᠵᠦᠢᠯ ᠲᠠᠢ ᠬᠠᠮᠢᠶᠠᠳᠠᠬᠤ ᠵᠢᠷᠤᠬ ᠲᠦᠯᠦᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠤᠷᠤᠯᠴᠠᠬᠤ︔ ︵ᠲᠤᠯᠤᠭ᠎ᠠ︶ ᠵᠠᠰᠠᠮᠠᠯ ᠵᠠᠮ ᠤᠨ ᠵᠠᠮ ᠤᠨ ᠶᠠᠪᠦᠳᠠᠯ ᠤᠨ ᠴᠠᠬᠳᠠᠨ ᠪᠠᠶᠢᠴᠠᠭᠠᠯᠳᠠ ᠶᠢ ᠬᠡᠷᠡᠭᠵᠢᠭᠦᠯᠬᠦ︔ ︵ᠨᠠᠢᠮᠠ︶ ᠬᠠᠤᠯᠢ ᠴᠠᠭᠠᠵᠠ᠂ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠦᠳ ᠲᠤᠰᠢᠶᠠᠯ ᠬᠠᠷᠢᠭᠤᠴᠠᠯᠭ᠎ᠠ᠃        ᠬᠤᠷᠢ ᠶᠢᠰᠦᠳᠦᠭᠡᠷ ᠵᠦᠢᠯ    ᠵᠠᠰᠠᠮᠠᠯ ᠵᠠᠮ ᠤᠨ ᠬᠡᠷᠡᠭᠯᠡᠬᠦ ᠭᠠᠵᠡᠷ ᠤᠨ ᠬᠡᠪᠴᠢᠶ᠎ᠠ ᠶᠢ ᠲᠤᠤᠷᠠᠬᠢ ᠪᠠᠷᠢᠮᠵᠢᠶ᠎ᠠ ᠶᠤᠰᠦᠭᠠᠷ ᠲᠤᠬᠳᠠᠭᠠᠨ᠎ᠠ᠄ ︵ᠨᠢᠭᠡ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠲᠠᠢ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠬᠠᠵᠠᠭᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ ᠬᠦᠪᠡᠭᠡ ᠠᠴᠠ 1 ᠮᠧᠲᠷ ᠠᠴᠠ ᠪᠠᠭ᠎ᠠ ᠪᠤᠰᠦ ᠵᠠᠢ ᠲᠠᠢ ᠤᠷᠤᠨ︔ ︵ᠬᠤᠶᠠᠷ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ᠦᠬᠡᠢ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠵᠠᠰᠠᠮᠠᠯ ᠵᠠᠮ ᠤᠨ ᠵᠠᠭᠠᠬ ᠴᠢᠯᠠᠭᠤ ᠪᠤᠶᠥ ᠪᠡᠯ ᠤᠨ ᠨᠠᠯᠠᠤ ᠱᠤᠭᠤᠮ ᠤᠨ ᠭᠠᠳᠠᠨ᠎ᠠ ᠲᠠᠯ᠎ᠠ ᠠᠴᠠ 5 ᠮᠧᠲᠷ ᠠᠴᠠ ᠪᠠᠭ᠎ᠠ ᠪᠤᠰᠦ ᠵᠠᠢ ᠲᠠᠢ ᠤᠷᠤᠨ︔ ︵ᠭᠤᠷᠪᠠ ︶ ᠪᠤᠳᠠᠳᠠᠢ ᠲᠠᠳᠠᠪᠦᠷᠢᠯᠠᠬᠰᠠᠨ ᠭᠠᠵᠠᠷ ᠨᠢ ᠲᠡᠭᠡᠷᠡᠬᠢ ᠲᠤᠬᠳᠠᠭᠠᠯ ᠠᠴᠠ ᠬᠡᠳᠦᠷᠡᠭᠰᠡᠨ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠶᠢ ᠪᠤᠳᠠᠳᠠᠢ ᠲᠠᠳᠠᠪᠦᠷᠢᠯᠠᠬᠰᠠᠨ ᠭᠠᠵᠠᠷ ᠤᠨ ᠬᠡᠪᠴᠢᠶ᠎ᠠ ᠪᠠᠷ ᠪᠠᠷᠢᠮᠵᠢᠶᠠᠯᠠᠨ᠎ᠠ᠃ ᠲᠤᠰ ᠲᠦᠷᠢᠮ ᠢ ᠬᠡᠷᠡᠭᠵᠢᠭᠦᠯᠬᠦ ᠠᠴᠠ ᠡᠮᠦᠨᠡᠬᠢ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠠ ᠨᠢ ᠲᠡᠭᠡᠷᠡᠬᠢ ᠲᠤᠬᠳᠠᠭᠠᠯ ᠲᠠᠢ ᠨᠢᠭᠡᠳᠦᠯ ᠦᠬᠡᠢ ᠪᠤᠯ ᠪᠤᠳᠠᠳᠠᠢ ᠬᠡᠪᠴᠢᠶ᠎ᠠ ᠶᠤᠰᠦᠭᠠᠷ ᠲᠤᠬᠳᠠᠭᠠᠨ᠎ᠠ᠃        ᠭᠤᠴᠢᠳᠦᠭᠠᠷ ᠵᠦᠢᠯ    ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠰᠢᠯ ᠤᠷᠤᠨ ᠤ ᠬᠡᠪᠴᠢᠶ᠎ᠠ ᠶᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ ᠬᠦᠪᠡᠭᠡ ᠠᠴᠠ ᠡᠬᠢᠯᠡᠨ ᠪᠤᠳᠦᠨ᠎ᠠ᠂ ᠤᠯᠤᠰ ᠤᠨ ᠵᠠᠮ ᠪᠤᠯ 20 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠮᠤᠵᠢ ᠶᠢᠨ ᠵᠠᠮ ᠪᠤᠯ 15 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠰᠢᠶᠠᠨ ᠤ ᠵᠠᠮ᠂ ᠰᠢᠶᠠᠩ ᠤᠨ ᠵᠠᠮ᠂ ᠲᠤᠰᠬᠠᠢ ᠬᠡᠷᠡᠭᠯᠡᠬᠦ ᠵᠠᠰᠠᠮᠠᠯ ᠵᠠᠮ 10 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃ ᠰᠢᠨ᠎ᠠ ᠪᠠᠷ ᠪᠠᠶᠢᠭᠤᠯᠬᠤ ᠲᠦᠷᠭᠡᠨ ᠵᠠᠮ ᠪᠠ ᠨᠢᠭᠡᠳᠦᠭᠡᠷ ᠲᠡᠰ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠨᠢ 50 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠬᠤᠶᠠᠳᠦᠭᠠᠷ ᠲᠡᠰ ᠤᠨ ᠵᠠᠰᠠᠮᠠᠯ ᠵᠠᠮ ᠨᠢ 20 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃        ᠭᠤᠴᠢᠨ ᠨᠢᠭᠡᠳᠦᠭᠡᠷ ᠵᠦᠢᠯ    ᠶᠠᠮᠡᠷᠪᠠ ᠨᠢᠭᠡᠴᠨ ᠪᠤᠯᠦᠨ ᠬᠤᠪᠢ ᠬᠦᠮᠦᠨ ᠵᠠᠰᠠᠮᠠᠯ ᠵᠠᠮ ᠲᠡᠭᠡᠷ᠎ᠠ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ︶ ᠵᠠᠰᠠᠮᠠᠯ ᠵᠠᠮ᠂ ᠵᠠᠰᠠᠮᠠᠯ ᠵᠠᠮ ᠤᠨ ᠬᠠᠵᠠᠭᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢ ᠠᠰᠢᠬᠯᠠᠨ ᠤᠰᠦᠯᠠᠯᠳᠠ ᠬᠢᠬᠦ ᠪᠤᠶᠥ ᠪᠤᠵᠠᠷ ᠤᠰᠦ ︵ᠪᠤᠳᠠᠰ︶ ᠭᠠᠳᠠᠬᠰᠢᠯᠠᠭᠤᠯᠬᠤ᠂ ᠵᠠᠰᠠᠮᠠᠯ ᠵᠠᠮ ᠤᠨ ᠤᠰᠦ ᠵᠠᠯᠠᠬᠤ ᠲᠦᠭᠦᠭᠡᠷᠦᠮᠵᠢ ᠶᠢ ᠪᠤᠯᠠᠬᠤ᠂ ᠪᠦᠭᠯᠡᠬᠦ᠂ ᠡᠪᠳᠡᠨ ᠰᠦᠢᠳᠭᠡᠬᠦ᠂ ᠬᠦᠬᠦᠷᠭᠡ ᠭᠤᠯᠳᠦᠩ᠂ ᠬᠠᠵᠠᠭᠤ ᠭᠤᠤ ᠶᠢ ᠠᠰᠢᠬᠯᠠᠨ ᠤᠰᠤ ᠬᠠᠳᠠᠭᠠᠯᠠᠵᠦ᠂ ᠬᠠᠭᠠᠯᠳᠠ ᠶᠢᠨ ᠡᠭᠦᠳᠡ ᠲᠤᠬᠢᠷᠠᠭᠤᠯᠬᠤ︔ ︵ᠬᠤᠶᠠᠷ︶ ᠠᠮᠦ ᠪᠤᠳᠠᠭ᠎ᠠ ᠬᠠᠳᠠᠭᠠᠬᠤ᠂ ᠪᠤᠳᠠᠰ ᠮᠡᠲ᠋ᠧᠷᠢᠶᠠᠯ ᠤᠪᠦᠭᠠᠯᠠᠬᠤ᠂ ᠬᠤᠬ ᠨᠤᠪᠰᠢ ᠬᠠᠶᠠᠬᠤ᠂ ᠮᠠᠯ ᠬᠠᠷᠢᠭᠤᠯᠬᠤ᠂ ᠪᠤᠷᠳᠦᠭᠤᠷ ᠴᠤᠬᠯᠠᠭᠤᠯᠬᠤ᠂ ᠲᠤᠵᠢ ᠵᠤᠬᠢᠶᠠᠬᠤ᠂ ᠲᠠᠷᠢᠮᠠᠯ ᠲᠠᠷᠢᠬᠤ᠂ ᠶᠠᠭᠤᠮ᠎ᠠ ᠰᠢᠳᠠᠭᠠᠬᠤ︔ ︵ᠭᠤᠷᠪᠠ︶ ᠲᠡᠯᠭᠡᠭᠡ ᠴᠡᠭ ᠲᠤᠬᠢᠷᠠᠭᠤᠯᠬᠤ᠂ ᠵᠠᠮ ᠡᠵᠡᠯᠡᠨ ᠡᠵᠡᠩᠨᠠᠬᠦ᠂ ᠮᠠᠰᠢᠨ ᠲᠡᠷᠭᠡ ᠶᠢ ᠲᠤᠷ᠎ᠠ ᠪᠠᠷ ᠵᠤᠬᠰᠦᠭᠠᠬᠤ︔ ︵ᠲᠦᠷᠪᠡ︶ ᠪᠠᠷᠠᠭ᠎ᠠ ᠲᠡᠭᠡᠭᠡᠵᠦ ᠪᠠᠶᠢᠭ᠎ᠠ ᠲᠡᠷᠭᠡᠨ ᠤ ᠪᠠᠷᠠᠭ᠎ᠠ ᠨᠢ ᠴᠢᠷᠦᠭᠳᠡᠬᠦ︔ ︵ᠲᠠᠪᠦ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠠᠰᠢᠬᠯᠠᠨ ᠬᠤᠪᠴᠠᠰᠦ ᠬᠤᠨᠠᠷ ᠬᠠᠳᠠᠭᠠᠬᠤ᠂ ᠬᠤᠭᠤᠯᠠᠢ ᠤᠳᠠᠰᠦ ᠲᠠᠳᠠᠬᠤ᠂ ᠫᠠᠶᠢᠰᠠ ᠢᠯᠡᠷᠬᠡᠶᠢᠯᠡᠯ ᠡᠯᠭᠦᠭᠦ᠂ ᠪᠤᠯᠦᠳ ᠰᠢᠷᠪᠤᠰᠦ ᠲᠠᠳᠠᠬᠤ᠂ ᠮᠠᠯ ᠤᠶᠠᠬᠤ ᠵᠡᠷᠭᠡ︔ ︵ᠵᠢᠷᠭᠤᠭ᠎ᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠭᠰᠡᠭᠡ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠡᠪᠳᠡᠨ ᠰᠦᠢᠳᠭᠡᠬᠦ︔ ︵ᠲᠤᠯᠤᠭ᠎ᠠ︶ ᠬᠠᠤᠯᠢ ᠠᠴᠠ ᠵᠦᠷᠢᠴᠠᠨ ᠵᠠᠰᠠᠮᠠᠯ ᠵᠠᠮ ᠢ ᠬᠠᠤᠯᠢ ᠪᠤᠰᠦ ᠪᠠᠷ ᠠᠰᠢᠬᠯᠠᠬᠰᠠᠨ᠂ ᠡᠵᠡᠯᠡᠭᠰᠡᠨ ᠪᠠ ᠵᠠᠰᠠᠮᠠᠯ ᠵᠠᠮ ᠤᠨ ᠠᠮᠦᠷ ᠲᠦᠪᠰᠢᠨ ᠨᠠᠪᠳᠡᠷᠡᠬᠦ ᠶᠢ ᠰᠦᠷᠳᠡᠭᠦᠯᠦᠭᠰᠡᠨ ᠪᠤᠰᠦᠳ ᠠᠵᠢᠯᠯᠠᠭ᠎ᠠ᠃        ᠭᠤᠴᠢᠨ ᠬᠤᠶᠠᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ ᠬᠠᠷᠢᠶᠠᠨ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠵᠦᠪᠰᠢᠶᠡᠷᠡᠯ ᠦᠬᠡᠢ ᠪᠠᠷ ᠶᠠᠮᠠᠷᠪᠠ ᠨᠢᠭᠡᠴᠨ ᠪᠠ ᠬᠤᠪᠢ ᠬᠦᠮᠦᠨ ᠵᠠᠰᠠᠮᠠᠯ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ︶ ᠰᠤᠪᠠᠬ ᠮᠠᠯᠳᠠᠬᠤ᠂ ᠡᠯᠡᠰᠦ ᠮᠠᠯᠳᠠᠬᠤ᠂ ᠤᠰᠦ ᠬᠠᠰᠢᠬᠤ᠂ ᠰᠢᠷᠦᠢ ᠠᠪᠬᠤ᠂ ᠴᠢᠯᠠᠭᠤ ᠮᠠᠯᠳᠠᠬᠤ᠂ ᠠᠭᠤᠷᠬᠠᠢ ᠮᠠᠯᠳᠠᠬᠤ︔ ︵ᠬᠤᠶᠠᠷ︶ ᠴᠠᠬᠢᠯᠭᠠᠨ ᠤᠳᠠᠰᠦᠨ ᠪᠠᠭᠠᠨ᠎ᠠ᠂ ᠰᠤᠪᠦᠷᠭ᠎ᠠ᠂ ᠬᠦᠴᠦᠳᠡᠯ ᠦᠭᠡᠷᠡᠴᠢᠯᠡᠭᠴᠢ ᠵᠡᠷᠭᠡ ᠲᠦᠭᠦᠭᠡᠷᠦᠮᠵᠢ ᠶᠢ ᠲᠤᠬᠢᠷᠠᠭᠤᠯᠦᠨ ᠪᠤᠰᠬᠠᠬᠤ︔ ︵ᠭᠤᠷᠪᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠰᠭᠡ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠪᠡᠯᠡᠯᠦᠨ ᠦᠭᠡᠷᠡᠴᠢᠯᠠᠵᠦ᠂ ᠰᠢᠯᠵᠢᠭᠦᠯᠬᠦ ︔ ︵ᠲᠦᠷᠪᠡ︶ ᠵᠠᠰᠠᠮᠠᠯ ᠵᠠᠮ ᠤᠨ ᠬᠦᠭᠦᠷᠭᠡ ᠪᠠ ᠨᠦᠬᠡᠨ ᠵᠠᠮ ᠲᠤᠳᠦᠷ᠎ᠠ ᠰᠢᠳᠠᠮᠠᠬᠠᠢ᠂ ᠲᠡᠯᠪᠡᠷᠡᠮᠡᠳᠡᠭᠡᠢ ᠪᠠ ᠬᠤᠤᠷ ᠲᠠᠢ ᠰᠢᠩᠭᠡᠨ ᠪᠡᠶᠡᠳᠦ᠂ ᠬᠡᠢ ᠪᠡᠶᠡᠳᠦ ᠶᠢ ᠲᠠᠮᠵᠢᠭᠤᠯᠬᠤ ᠬᠤᠭᠤᠯᠠᠢ ᠲᠡᠪᠢᠰᠬᠦ᠃        ᠭᠤᠴᠢᠨ ᠭᠤᠷᠪᠠᠳᠦᠭᠠᠷ ᠵᠦᠢᠯ    ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡᠨ ᠤ ᠲᠡᠭᠡᠭᠡᠪᠦᠷᠢᠯᠡᠭᠰᠡᠨ ᠪᠠᠷᠠᠭ᠎ᠠ ᠶᠢᠨ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠡᠰ᠂ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠤᠯᠦᠨ ᠶᠡᠷᠦᠩᠭᠡᠢ ᠦᠨᠳᠦᠷ ᠤᠨ ᠬᠡᠮᠵᠢᠶ᠎ᠠ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠤᠬᠳᠠᠭᠠᠬᠰᠠᠨ ᠬᠠᠮᠤᠬ ᠤᠨ ᠦᠨᠳᠦᠷ ᠬᠢᠵᠠᠭᠠᠷ ᠤᠨ ᠬᠡᠮᠵᠢᠶ᠎ᠠ ᠠᠴᠠ ᠬᠡᠳᠦᠷᠡᠵᠦ ᠪᠤᠯᠬᠤ ᠦᠭᠡᠢ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠬᠡᠷᠡᠭᠰᠡᠬᠦ ᠤᠨᠴᠠᠭᠠᠢ ᠲᠤᠨᠤᠬ ᠲᠦᠭᠦᠭᠡᠷᠦᠮᠵᠢ ᠶᠢ ᠲᠡᠭᠡᠭᠡᠪᠦᠷᠢᠯᠡᠵᠦ ᠪᠠᠶᠢᠭ᠎ᠠ ᠬᠢᠵᠠᠭᠠᠷ ᠠᠴᠠ ᠬᠡᠳᠦᠷᠡᠭᠰᠡᠨ ᠮᠠᠰᠢᠨ ᠲᠡᠷᠭᠡ ᠶᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠠᠶᠤᠯ ᠦᠭᠡᠢ᠂ ᠰᠠᠭᠠᠳ ᠦᠭᠡᠢ ᠪᠠᠷ ᠨᠡᠪᠳᠡᠷᠡᠬᠦᠯᠬᠦ ᠶᠢ ᠪᠠᠳᠦᠯᠠᠬᠤ ᠬᠡᠷᠡᠭᠳᠡᠢ᠃        ᠭᠤᠴᠢᠨ ᠲᠦᠷᠪᠡᠳᠦᠭᠡᠷ ᠵᠦᠢᠯ    ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠬᠡᠷᠡᠭᠴᠡᠭᠡ ᠪᠠᠨ ᠦᠨᠳᠦᠰᠦᠯᠡᠵᠦ᠂ ᠵᠠᠰᠠᠮᠠᠯ ᠵᠠᠮ ᠲᠡᠭᠡᠷ᠎ᠠ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠭᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠡᠭ︶ ᠲᠤᠬᠢᠷᠠᠭᠤᠯᠵᠦ᠂ ᠮᠠᠰᠢᠨ ᠲᠡᠷᠭᠡᠨ ᠤ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠠᠰ᠂ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠠ ᠶᠡᠷᠦᠩᠭᠡᠢ ᠦᠨᠳᠦᠷ ᠤᠨ ᠬᠡᠮᠵᠢᠶ᠎ᠠ ᠶᠢ ᠪᠠᠶᠢᠴᠠᠭᠠᠨ ᠬᠡᠮᠵᠢᠵᠦ ᠪᠤᠯᠦᠨ᠎ᠠ᠃ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠠᠵᠢᠯᠳᠠᠨ ᠲᠤᠬᠳᠠᠮᠠᠯ ᠪᠤᠶᠥ ᠲᠦᠷ ᠴᠠᠬ ᠤᠨ ᠬᠢᠵᠠᠭᠠᠷ ᠠᠴᠠ ᠬᠡᠳᠦᠷᠠᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠡᠭ︶ ᠳᠤ ᠪᠠᠶᠢᠴᠠᠭᠠᠯᠳᠠ ᠬᠢᠬᠦ ᠦᠶᠡᠰ᠂ ᠵᠠᠰᠠᠮᠠᠯ ᠵᠠᠮ ᠤᠨ ᠠᠶᠤᠯ ᠦᠭᠡᠢ᠂ ᠰᠠᠭᠠᠳ ᠦᠬᠡᠢ ᠪᠠᠷ ᠨᠡᠪᠳᠡᠷᠬᠦ ᠶᠢ ᠪᠠᠳᠦᠯᠠᠬᠤ ᠬᠡᠷᠡᠭᠳᠡᠢ᠂ ᠪᠠᠶᠢᠴᠠᠭᠠᠨ ᠬᠡᠮᠵᠢᠬᠦ ᠰᠢᠯᠳᠠᠭᠠᠨ ᠠᠴᠠ ᠪᠤᠯᠵᠦ ᠵᠠᠰᠠᠮᠠᠯ ᠵᠠᠮ ᠤᠨ ᠨᠡᠪᠳᠡᠷᠡᠯᠭᠡ ᠰᠠᠭᠠᠳᠠᠯ ᠳᠤ ᠤᠴᠠᠷᠠᠪᠠᠯ᠂ ᠴᠠᠭ ᠲᠤᠬᠠᠢ ᠳᠤᠨᠢ ᠠᠷᠭ᠎ᠠ ᠬᠡᠮᠵᠢᠶ᠎ᠠ ᠠᠪᠴᠦ ᠲᠡᠷᠭᠡ ᠨᠡᠪᠳᠡᠷᠡᠭᠦᠯᠬᠦ ᠨᠤᠷᠮ᠎ᠠ ᠶᠢ ᠲᠡᠭᠡᠭᠰᠢᠯᠡᠭᠦᠯᠬᠦ ᠬᠡᠷᠡᠭᠳᠡᠢ᠃ ᠪᠠᠶᠢᠴᠠᠭᠠᠨ ᠬᠡᠮᠵᠢᠭᠡᠳ ᠬᠡᠮᠵᠢᠶ᠎ᠡ ᠠᠴᠠ ᠬᠡᠳᠦᠷᠡᠭᠰᠡᠨ ᠪᠦᠭᠡᠳ ᠵᠦᠪᠰᠢᠶᠡᠷᠡᠯ ᠤᠨ ᠪᠢᠴᠢᠭ ᠦᠭᠡᠢ ᠶᠢ ᠨᠢ᠂ ᠲᠡᠭᠡᠭᠡᠪᠦᠷᠢ ᠶᠢᠨ ᠲᠠᠭᠠᠭᠠᠴᠢᠯᠠᠬᠴᠢ ᠶᠢ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠭᠰᠡᠨ ᠪᠠᠷᠠᠭ᠎ᠠ ᠪᠠᠨ ᠦᠪᠡᠷ ᠲᠡᠭᠡᠨ ᠪᠠᠭᠤᠯᠭᠠᠭᠤᠯᠬᠤ ᠪᠠᠷ ᠵᠠᠷᠯᠢᠬᠳᠠᠨ᠎ᠠ︔ ᠪᠠᠭᠤᠯᠭᠠᠬᠤ ᠶᠢ ᠲᠡᠪᠴᠢᠪᠡᠯ ᠠᠯᠪᠠᠳᠠᠯᠭ᠎ᠠ ᠪᠠᠷ ᠪᠠᠭᠤᠯᠭᠠᠵᠦ᠂ ᠬᠡᠷᠡᠭᠰᠡᠬᠦ ᠵᠠᠷᠦᠳᠠᠯ ᠢ ᠲᠡᠭᠡᠭᠡᠪᠦᠷᠢ ᠶᠢᠨ ᠲᠠᠭᠠᠭᠠᠴᠢᠯᠠᠬᠴᠢ ᠠᠴᠠ ᠡᠭᠦᠷᠭᠡᠯᠡᠨ᠎ᠠ᠃        ᠭᠤᠴᠢᠨ ᠲᠠᠪᠦᠳᠦᠭᠠᠷ ᠵᠦᠢᠯ    ᠲᠤᠭᠲᠠᠭᠠᠭᠰᠠᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠡᠭ︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠢᠶᠠᠷ ᠵᠦᠪᠰᠢᠶᠡᠷᠡᠭᠦᠯᠬᠦ ᠬᠡᠷᠡᠭᠳᠡᠢ᠂ ᠲᠦᠷ ᠴᠠᠭ ᠤᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠭᠦ ᠦᠷᠳᠡᠭᠡ ︵ᠴᠡᠭ︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠶᠢ ᠵᠠᠰᠠᠬᠤ ᠠᠵᠢᠯ ᠢ ᠭᠤᠤᠯᠯᠠᠠ ᠬᠠᠮᠢᠶᠠᠷᠬᠤ ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃        ᠭᠤᠴᠢᠨ ᠵᠢᠷᠭᠤᠳᠦᠭᠠᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠵᠠᠮ ᠬᠠᠷᠢᠯᠴᠠᠭ᠎ᠠ᠂ ᠲᠤᠳᠦᠭᠠᠳᠦ ᠶᠢ ᠬᠠᠮᠠᠭᠠᠯᠠᠬᠤ᠂ ᠬᠦᠭᠵᠢᠭᠦᠯᠦᠯᠳᠠ ᠪᠠ ᠦᠭᠡᠷᠡᠴᠢᠯᠡᠯᠳᠡ᠂ ᠠᠵᠦ ᠦᠢᠯᠡᠳᠪᠦᠷᠢ ᠬᠤᠳᠠᠯᠳᠤᠭ᠎ᠠ᠂ ᠶᠠᠰᠦ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ᠂ ᠠᠶᠤᠯ ᠦᠭᠡᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ᠂ ᠨᠡᠭᠦᠷᠡᠰᠦ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠦᠨ ᠬᠠᠮᠳᠦᠪᠡᠷ ᠲᠡᠭᠡᠭᠡᠪᠦᠷᠢ ᠶᠢᠨ ᠮᠠᠰᠢᠨ ᠲᠡᠷᠭᠡ ᠶᠢᠨ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠳᠡᠢ᠃        ᠭᠤᠴᠢᠨ ᠲᠤᠯᠦᠳᠦᠭᠠᠷ ᠵᠦᠢᠯ    ᠵᠠᠰᠠᠮᠠᠯ ᠵᠠᠮ ᠲᠡᠭᠡᠷ᠎ᠠ ᠰᠤᠯᠪᠢᠴᠠᠬᠰᠠᠨ ᠵᠠᠮ ᠤᠨ ᠠᠭᠤᠯᠵᠠᠷ ᠭᠠᠷᠭᠠᠬᠤ ᠳᠤ᠂ ᠤᠯᠤᠰ ᠤᠨ ᠲᠤᠬᠳᠠᠭᠠᠬᠰᠠᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠠᠬᠦ ᠬᠡᠷᠡᠭᠳᠡᠢ ᠪᠦᠭᠡᠳ ᠵᠠᠰᠠᠮᠠᠯ ᠵᠠᠮ ᠤᠨ ᠵᠠᠮ ᠤᠨ ᠵᠠᠬ᠎ᠠ ᠠᠴᠠ ᠡᠬᠢᠯᠡᠨ 30 ᠮᠧᠲᠷ ᠠᠴᠠ ᠤᠷᠳᠦ ᠪᠠᠷᠦᠬᠰᠢᠨ ᠪᠤᠶᠥ ᠪᠧᠲ᠋ᠤᠨ ᠵᠠᠮ ᠲᠡᠪᠢᠰᠬᠦ ᠬᠡᠷᠡᠭᠳᠡᠢ︔ ᠵᠠᠰᠠᠮᠠᠯ ᠵᠠᠮ ᠳᠡᠭᠡᠷᠡᠬᠢ ᠤᠰᠦ ᠶᠢ ᠭᠠᠳᠠᠬᠰᠢᠯᠠᠬᠤ ᠶᠢ ᠨᠦᠯᠦᠭᠡᠯᠡᠭᠰᠡᠨ ᠪᠤᠯ ᠵᠤᠬᠢᠴᠠᠬᠰᠠᠨ ᠤᠰᠦ ᠭᠠᠳᠠᠬᠰᠢᠯᠠᠭᠤᠯᠬᠤ ᠲᠦᠭᠦᠭᠡᠷᠦᠮᠵᠢ ᠵᠠᠰᠠᠨ ᠪᠠᠶᠢᠭᠤᠯᠬᠤ ᠬᠡᠷᠡᠭᠳᠡᠢ᠃ ᠵᠦᠪᠰᠢᠶᠡᠷᠡᠯ ᠤᠯᠦᠬᠰᠠᠨ ᠬᠦᠮᠦᠨ ᠰᠤᠯᠪᠢᠴᠠᠬᠰᠠᠨ ᠵᠠᠮ ᠤᠨ ᠠᠭᠤᠯᠵᠠᠷ ᠢ ᠪᠢᠳᠡᠭᠦᠮᠵᠢᠯᠡᠬᠦ ᠦᠶᠡᠰ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠲᠠᠩᠰᠠᠯᠠᠭᠤᠯᠬᠤ ᠬᠡᠷᠡᠭᠳᠡᠢ᠃        ᠭᠤᠴᠢᠨ ᠨᠠᠢᠮᠠᠳᠦᠭᠠᠷ ᠵᠦᠢᠯ    ᠶᠠᠮᠠᠷᠪᠠ ᠨᠢᠭᠡᠴᠨ ᠪᠠ ᠬᠤᠪᠢ ᠬᠦᠮᠦᠨ ᠵᠠᠰᠠᠮᠠᠯ ᠵᠠᠮ ᠲᠡᠭᠡᠷ᠎ᠠ ᠪᠤᠶᠥ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠦᠷ ᠲᠦᠪᠰᠢᠨ ᠢ ᠬᠠᠮᠠᠭᠠᠯᠠᠬᠤ ᠲᠦᠭᠦᠭᠡᠷᠦᠮᠵᠢ᠂ ᠵᠠᠮ ᠬᠠᠷᠢᠯᠴᠠᠭᠠᠨ ᠤ ᠲᠡᠮᠳᠡᠭ ᠪᠠ ᠵᠠᠮ ᠵᠠᠭᠠᠬᠯᠠᠬᠰᠠᠨ ᠮᠤᠳᠦ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠫᠠᠶᠢᠰᠠ ᠢᠯᠡᠷᠬᠡᠶᠢᠯᠡᠯ᠂ ᠵᠠᠷᠯᠠᠯ ᠤᠨ ᠫᠠᠶᠢᠰᠠ᠂ ᠤᠬᠠᠭᠤᠯᠭ᠎ᠠ ᠶᠢᠨ ᠤᠷᠢᠶ᠎ᠠ᠂ ᠢᠯᠡᠷᠬᠡᠶᠢᠯᠡᠯ ᠬᠦᠰᠢᠶ᠎ᠠ ᠵᠡᠷᠭᠡ ᠵᠠᠰᠠᠮᠠᠯ ᠵᠠᠮ ᠲᠡᠭᠡᠷ᠎ᠠ ᠦᠯᠦ ᠬᠡᠷᠡᠭᠯᠡᠬᠦ ᠲᠡᠮᠳᠡᠭ ᠢ ᠲᠤᠷ᠎ᠠ ᠪᠠᠷ ᠡᠯᠬᠦᠨ ᠲᠠᠯᠪᠢᠵᠦ ᠪᠤᠯᠬᠤ ᠦᠬᠡᠢ᠃ ᠵᠠᠮ ᠬᠠᠷᠢᠯᠴᠠᠭᠠᠨ ᠤ ᠠᠮᠦᠷ ᠲᠦᠪᠰᠢᠨ ᠨᠦᠯᠦᠭᠡᠯᠡᠬᠦ ᠦᠭᠡᠢ ᠪᠠᠶᠢᠳᠠᠯ ᠲᠤᠤᠷ᠎ᠠ ᠦᠨᠡᠨᠬᠦ ᠲᠤᠬᠢᠷᠠᠭᠤᠯᠬᠤ ᠴᠢᠬᠤᠯᠨ ᠲᠠᠢ ᠪᠤᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃        ᠭᠤᠴᠢ ᠶᠢᠰᠦᠳᠦᠭᠡᠷ ᠵᠦᠢᠯ    ᠵᠠᠰᠠᠮᠠᠯ ᠵᠠᠮ ᠵᠢᠴᠢ ᠲᠠᠭᠠᠯᠳᠠ ᠲᠦᠭᠦᠭᠡᠷᠦᠮᠵᠢ ᠡᠪᠳᠡᠨ ᠰᠦᠢᠳᠭᠡᠭᠳᠡᠵᠦ᠂ ᠬᠠᠤᠯᠢ ᠶᠤᠰᠦᠭᠠᠷ ᠨᠦᠬᠦᠪᠦᠷᠢᠯᠠᠬᠦ ᠪᠤᠶᠥ ᠲᠦᠯᠦᠪᠦᠷᠢᠯᠡᠭᠦᠯᠬᠦ ᠬᠡᠷᠡᠭᠳᠡᠢ ᠪᠤᠯ ᠬᠠᠷᠢᠭᠤᠴᠠᠯᠭ᠎ᠠ ᠲᠠᠢ ᠬᠦᠮᠦᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠨᠦᠬᠦᠪᠦᠷᠢᠯᠡᠬᠦ ᠮᠦᠡᠭᠭᠦ ᠪᠤᠶᠥ ᠲᠦᠯᠦᠪᠦᠷᠢ ᠶᠢᠨ ᠮᠦᠡᠭᠭᠦ ᠪᠠᠨ ᠲᠤᠰᠢᠶᠠᠬᠤ ᠬᠡᠷᠡᠭᠳᠡᠢ᠃ ᠨᠦᠭᠦᠪᠦᠷᠢᠯᠡᠬᠦ ᠮᠦᠡᠭᠭᠦ ᠪᠠ ᠲᠦᠯᠦᠪᠦᠷᠢᠯᠡᠬᠦ ᠮᠦᠡᠭᠭᠦ ᠶᠢᠨ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠬᠦᠭᠵᠢᠭᠦᠯᠦᠯᠳᠠ ᠪᠠ ᠦᠭᠡᠷᠡᠴᠢᠯᠡᠯᠳᠠ᠂ ᠡᠳ᠋ ᠤᠨ ᠵᠠᠰᠠᠬ ᠵᠡᠷᠭᠡ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠦᠷᠠᠨ ᠵᠠᠰᠠᠮᠠᠯ ᠵᠠᠮ ᠤᠨ ᠪᠠᠷᠢᠯᠭ᠎ᠠ ᠶᠢᠨ ᠦᠨ᠎ᠠ ᠶᠢᠨ ᠪᠠᠷᠢᠮᠵᠢᠶ᠎ᠠ ᠶᠢ ᠦᠨᠳᠦᠰᠦᠯᠡᠨ ᠲᠤᠬᠳᠠᠭᠠᠨ ᠲᠤᠬᠢᠷᠠᠭᠤᠯᠬᠤ ᠶᠢᠨ ᠬᠠᠮᠳᠦ ᠨᠡᠶᠢᠭᠡᠮ ᠲᠠᠶᠠᠭᠠᠷ ᠲᠤ ᠨᠡᠶᠢᠳᠡᠯᠡᠬᠦ ᠬᠡᠷᠡᠭᠳᠡᠢ᠃        ᠲᠦᠴᠢᠳᠦᠭᠡᠷ ᠵᠦᠢᠯ    ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ᠂ ᠬᠡᠷᠡᠭᠯᠡᠭᠴᠢ ᠪᠠ ᠪᠤᠰᠦᠳ ᠬᠤᠯᠪᠤᠬᠳᠠᠯ ᠪᠦᠬᠦᠢ ᠨᠢᠭᠡᠴᠨ᠂ ᠬᠤᠪᠢ ᠬᠦᠮᠦᠨ ᠨᠢ ᠵᠠᠮ ᠤᠨ ᠬᠢᠨᠠᠨ ᠬᠠᠮᠢᠶᠠᠷᠦᠬᠴᠢ ᠶᠢᠨ ᠬᠠᠤᠯᠢ ᠶᠤᠰᠦᠭᠠᠷ ᠬᠡᠷᠡᠭᠵᠢᠭᠦᠯᠵᠦ ᠪᠠᠶᠢᠭ᠎ᠠ ᠬᠢᠨᠠᠯᠳᠠ ᠪᠠᠶᠢᠴᠠᠭᠠᠯᠳᠠ ᠶᠢ ᠬᠦᠯᠢᠶᠡᠬᠦ ᠪᠦᠭᠡᠳ ᠲᠠᠳᠠᠨ ᠳᠤ ᠲᠦᠭᠦᠮ ᠦᠵᠡᠭᠦᠯᠬᠦ ᠬᠡᠷᠡᠭᠳᠡᠢ ᠃ ᠵᠠᠰᠠᠮᠠᠯ ᠵᠠᠮ ᠤᠨ ᠬᠢᠨᠠᠨ ᠪᠠᠶᠢᠴᠠᠭᠠᠬᠤ ᠠᠵᠢᠯᠳᠠᠨ ᠠᠯᠪᠠᠨ ᠶᠠᠪᠦᠳᠠᠯ ᠢᠶᠠᠨ ᠬᠦᠢᠴᠡᠳᠭᠡᠬᠦ ᠦᠶᠡᠰ ᠲᠡᠮᠳᠡᠭ ᠢᠶᠠᠨ ᠵᠡᠭᠦᠨ᠂ ᠦᠨᠡᠮᠯᠡᠯ ᠢᠶᠠᠨ ᠠᠪᠴᠦ᠂ ᠬᠠᠤᠯᠢ ᠪᠠᠷ ᠲᠤᠬᠳᠠᠭᠠᠬᠰᠠᠨ ᠡᠮᠬᠢ ᠲᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠳᠡᠢ᠃ ᠵᠠᠰᠠᠮᠠᠯ ᠵᠠᠮ ᠢ ᠬᠢᠨᠠᠨ ᠪᠠᠶᠢᠴᠠᠭᠠᠬᠤ ᠳᠤ ᠲᠤᠰᠬᠠᠢ ᠬᠡᠷᠡᠭᠯᠡᠬᠦ ᠮᠠᠰᠢᠨ ᠲᠡᠷᠭᠡ ᠳᠤ ᠨᠢᠭᠡᠳᠦᠯᠳᠡᠢ ᠲᠡᠮᠳᠡᠭ ᠪᠠ ᠰᠡᠷᠡᠮᠵᠢᠭᠦᠯᠬᠦ ᠳ᠋ᠧᠩ ᠲᠤᠬᠢᠷᠠᠭᠤᠯᠬᠤ ᠬᠡᠷᠡᠭᠳᠡᠢ᠃        ᠵᠢᠷᠭᠤᠳᠦᠭᠠᠷ ᠪᠦᠯᠦᠭ    ᠰᠦᠢᠳᠭᠡᠯ ᠬᠤᠷᠢᠶᠠᠬᠤ ᠵᠠᠰᠠᠮᠠᠯ ᠵᠠᠮ        ᠲᠦᠴᠢᠨ ᠨᠢᠭᠡᠳᠦᠭᠡᠷ ᠵᠦᠢᠯ    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠯᠦᠰ ᠪᠠ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠬᠦᠭᠵᠢᠯᠳᠠ ᠶᠢᠨ ᠲᠦᠯᠦᠪᠵᠢᠭᠦᠯᠭᠡ ᠶᠢ ᠦᠨᠳᠦᠰᠦᠯᠡᠨ᠂ ᠪᠠᠶᠢᠭᠤᠯᠬᠤ ᠪᠠᠷ ᠵᠢᠱᠢᠵᠦ ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠲᠤᠷᠠᠳᠴᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃ ᠪᠠᠶᠢᠭᠤᠯᠬᠤ ᠪᠠᠷ ᠵᠢᠱᠢᠵᠦ ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠨᠢ ᠰᠦᠢᠳᠭᠡᠯ ᠬᠤᠷᠢᠶᠠᠬᠤ ᠵᠠᠰᠠᠮᠠᠯ ᠵᠠᠮ ᠤᠨ ᠪᠠᠶᠢᠭᠤᠯᠦᠯᠳᠠ ᠶᠢᠨ ᠬᠡᠪᠴᠢᠶ᠎ᠠ᠂ ᠮᠡᠷᠭᠡᠵᠢᠯ ᠤᠨ ᠵᠡᠷᠭᠡ ᠲᠡᠰ᠂ ᠲᠦᠰᠦᠭᠡᠯᠡᠨ ᠪᠤᠳᠦᠬᠰᠠᠨ ᠪᠡᠯᠨ ᠤᠷᠤᠭᠤᠯᠦᠯᠳᠠ᠂ ᠡᠵᠡᠩᠨᠠᠯᠳᠠ ᠶᠢᠨ ᠰᠢᠨᠵᠢ ᠴᠢᠨᠠᠷ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭ᠎ᠠ᠂ ᠰᠦᠢᠳᠭᠡᠯ ᠬᠤᠷᠢᠶᠠᠬᠤ ᠦᠷᠳᠡᠭᠡ ᠴᠡᠭ ᠤᠨ ᠪᠠᠶᠢᠷᠢᠯᠠᠭᠤᠯᠦᠯᠳᠠ ᠵᠡᠷᠭᠡ ᠠᠭᠤᠯᠭ᠎ᠠ ᠶᠢ ᠪᠠᠭᠳᠠᠭᠠᠨ᠎ᠠ᠃        ᠳᠥᠴᠢᠨ ᠬᠤᠶᠠᠳᠦᠭᠠᠷ ᠵᠦᠢᠯ    ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠭᠡᠯ ᠬᠤᠷᠢᠶᠠᠬᠤ ᠦᠷᠳᠡᠭᠡ ᠶᠢᠨ ᠪᠠᠶᠢᠷᠢᠯᠠᠭᠤᠯᠦᠯᠳᠠ ᠨᠢ ᠤᠯᠦᠰ ᠤᠨ ᠲᠤᠬᠳᠠᠭᠠᠯ ᠲᠠᠢ ᠨᠡᠶᠢᠴᠠᠬᠦ ᠠᠴᠠ ᠭᠠᠳᠠᠨ᠎ᠠ᠂ ᠪᠠᠰᠠ ᠲᠤᠤᠷᠠᠬᠢ ᠲᠤᠬᠳᠠᠭᠠᠯ ᠲᠠᠢ ᠨᠡᠶᠢᠴᠡᠬᠦ ᠬᠡᠷᠡᠭᠳᠡᠢ᠄ ︵ᠨᠢᠭᠡ︶ ᠬᠠᠷᠢᠯᠴᠠᠠ ᠵᠠᠯᠭᠠᠯᠳᠦᠬᠰᠠᠨ ᠲᠦᠷᠭᠡᠨ ᠵᠠᠮ ᠡᠯᠧᠺᠲᠷᠤᠨ ᠪᠤᠳᠦᠯᠭ᠎ᠠ ᠶᠢᠨ ᠮᠠᠰᠢᠨ ᠤ ᠲᠤᠤᠷ ᠢᠶᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ᠂ ᠨᠢᠬᠡᠳᠦᠯᠳᠡᠢ ᠳ᠋ᠦᠡᠭᠨᠠᠨ ᠪᠤᠳᠦᠵᠦ᠂ ᠬᠠᠷᠢᠯᠴᠠᠨ ᠵᠠᠯᠭᠠᠯᠳᠦᠬᠰᠠᠨ ᠭᠠᠵᠠᠷ ᠲᠤ ᠰᠦᠢᠳᠭᠡᠯ ᠬᠤᠷᠢᠶᠠᠬᠤ ᠦᠷᠳᠡᠭᠡ ᠪᠠᠶᠢᠷᠢᠯᠠᠭᠤᠯᠵᠦ ᠪᠤᠯᠬᠤ ᠦᠬᠡᠢ᠃ ︵ᠬᠤᠶᠠᠷ︶ ᠠᠳᠠᠯᠢ ᠨᠢᠭᠡ ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷᠡᠬᠢ ᠦᠭᠡᠷᠡᠴᠢᠯᠠᠨ ︵ᠦᠷᠭᠡᠳᠭᠡᠨ︶ ᠪᠠᠶᠢᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠤᠨ ᠬᠤᠷᠢᠶᠠᠬᠤ ᠰᠦᠢᠳᠭᠡᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠦᠪᠰᠢᠶᠡᠷᠡᠯ ᠢᠶᠠᠷ᠂ ᠤᠤᠯ ᠤᠨ ᠪᠠᠶᠢᠬᠰᠠᠨ ᠰᠦᠢᠳᠭᠡᠯ ᠬᠤᠷᠢᠶᠠᠬᠤ ᠦᠷᠳᠡᠭᠡ ᠪᠠᠷ ᠬᠤᠷᠢᠶᠠᠯᠭᠠᠵᠦ ᠪᠤᠯᠬᠤ ᠪᠦᠭᠡᠳ ᠤᠷᠤᠯᠭ᠎ᠠ ᠪᠠᠨ ᠡᠯ᠎ᠠ ᠪᠠᠯᠨ ᠤᠷᠤᠭᠤᠯᠦᠬᠴᠢ ᠶᠢᠨ ᠪᠠᠯᠨ ᠤᠷᠤᠭᠤᠯᠦᠯᠳᠠ ᠶᠢᠨ ᠪᠠᠶᠢᠳᠠᠯ ᠢᠶᠠᠷ ᠬᠤᠪᠢᠶᠠᠷᠢᠯᠠᠵᠦ ᠪᠤᠯᠦᠨ᠎ᠠ᠃ ︵ᠭᠤᠷᠪᠠ︶ ᠰᠦᠢᠳᠭᠡᠯ ᠬᠤᠷᠢᠶᠠᠬᠤ ᠦᠷᠳᠡᠭᠡᠨ ᠤ ᠲᠡᠷᠭᠡᠨ ᠵᠠᠮ ᠲᠡᠭᠡᠷ᠎ᠠ ᠲᠡᠷᠭᠡ ᠵᠤᠬᠰᠦᠭᠠᠨ ᠪᠢᠯᠧᠲ ᠪᠠᠶᠢᠴᠠᠭᠠᠬᠤ ᠦᠷᠳᠡᠭᠡ ᠪᠠᠶᠢᠷᠢᠯᠠᠭᠤᠯᠵᠦ ᠪᠤᠯᠬᠤ ᠦᠬᠡᠢ᠃ ︵ᠲᠦᠷᠪᠡ︶ ᠵᠦᠪᠰᠢᠶᠡᠷᠡᠯ ᠢᠶᠠᠷ ᠲᠠᠮᠵᠢᠨ ᠰᠢᠨ᠎ᠠ ᠪᠠᠷ ᠪᠠᠶᠢᠷᠢᠯᠠᠭᠤᠯᠦᠬᠰᠠᠠ ᠰᠦᠢᠳᠭᠡᠯ ᠬᠤᠷᠢᠶᠠᠬᠤ ᠦᠷᠳᠡᠭᠡ ᠤᠨᠴᠠᠭᠠᠢ ᠦᠷᠭᠡᠨ ᠵᠠᠮ ᠲᠤᠬᠢᠷᠠᠭᠤᠯᠵᠦ᠂ ᠤᠴᠠᠭᠠᠢ ᠦᠷᠭᠡᠨ ᠪᠤᠶᠥ ᠤᠨᠴᠠ ᠲᠦᠷᠦᠯ ᠤᠨ ᠮᠠᠰᠢᠨ ᠲᠡᠷᠭᠡ ᠨᠡᠪᠳᠡᠷᠡᠬᠦ ᠳᠤ ᠲᠦᠭᠦᠮ ᠦᠵᠡᠭᠦᠯᠬᠦ ᠬᠡᠷᠡᠭᠳᠡᠢ᠃        ᠲᠦᠴᠢᠨ ᠭᠤᠷᠪᠠᠳᠦᠭᠠᠷ ᠵᠦᠢᠯ    ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠬᠤᠭᠤᠴᠠᠭ᠎ᠠ ᠲᠠᠭᠤᠰᠪᠠᠯ᠂ ᠰᠦᠢᠳᠭᠡᠯ ᠬᠤᠷᠢᠶᠠᠬᠤ ᠪᠠᠨ ᠡᠷᠬᠡᠪᠰᠢ ᠵᠤᠬᠰᠦᠭᠠᠬᠤ ᠬᠡᠷᠡᠭᠳᠡᠢ᠃ ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ ᠵᠠᠮ ᠤᠨ ᠰᠦᠢᠳᠭᠡᠯ ᠬᠤᠷᠢᠶᠠᠬᠤ ᠵᠦᠪᠰᠢᠶᠡᠷᠡᠯ ᠤᠨ ᠬᠤᠭᠤᠴᠠᠭ᠎ᠠ ᠲᠠᠭᠤᠰᠬᠤ ᠠᠴᠠ ᠡᠮᠦᠨ᠎ᠠ᠂ ᠵᠢᠭᠡᠯᠡᠯᠭᠡ ᠶᠢᠨ ᠮᠦᠡᠭᠭᠦ ᠪᠤᠶᠥ ᠴᠤᠬᠯᠠᠭᠤᠯᠦᠬᠰᠠᠨ ᠪᠠᠯᠨ ᠮᠦᠡᠭᠭᠦ ᠪᠠᠨ ᠨᠢᠭᠡᠨᠳᠠ ᠪᠤᠴᠠᠭᠠᠬᠰᠠᠨ ᠪᠤᠯ᠂ ᠰᠦᠢᠳᠭᠡᠯ ᠬᠤᠷᠢᠶᠠᠬᠤ ᠪᠠᠨ ᠡᠷᠬᠡᠪᠰᠢ ᠵᠤᠬᠰᠦᠭᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ ᠬᠤᠷᠢᠶᠠᠬᠤ ᠪᠠᠨ ᠵᠤᠬᠰᠦᠭᠠᠬᠰᠠᠨ ᠪᠤᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠨᠡᠶᠢᠭᠡᠮ ᠲᠠᠶᠠᠭᠠᠷ ᠲᠤ ᠵᠠᠷᠯᠠᠵᠦ᠂ ᠰᠦᠢᠳᠭᠡᠯ ᠬᠤᠷᠢᠶᠠᠬᠤ ᠶᠢ ᠵᠤᠬᠰᠦᠭᠠᠬᠤ ᠡᠳᠦᠷ ᠢ ᠲᠤᠬᠳᠠᠭᠠᠨ᠂ ᠨᠡᠶᠢᠭᠡᠮ ᠲᠠᠶᠠᠭᠠᠷ ᠤᠨ ᠬᠢᠨᠠᠯᠳᠠ ᠶᠢ ᠬᠦᠯᠢᠶᠡᠬᠦ ᠬᠡᠷᠡᠭᠳᠡᠢ᠃        ᠲᠦᠴᠢᠨ ᠲᠦᠷᠪᠡᠳᠦᠭᠡᠷ ᠵᠦᠢᠯ    ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ ᠬᠤᠷᠢᠶᠠᠬᠤ ᠪᠠᠨ ᠵᠤᠬᠰᠦᠭᠠᠬᠰᠠᠨ ᠤ ᠲᠠᠷᠠᠭ᠎ᠠ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠰᠦᠢᠳᠭᠡᠯ ᠬᠤᠷᠢᠶᠠᠬᠤ ᠪᠠᠨ ᠵᠤᠬᠰᠦᠭᠠᠬᠤ ᠡᠳᠦᠷ ᠠᠴᠠ ᠡᠬᠢᠯᠡᠨ ᠠᠷᠪᠠᠨ ᠲᠠᠪᠦᠨ ᠡᠳᠦᠷ ᠤᠨ ᠲᠤᠳᠦᠷ᠎ᠠ ᠰᠦᠢᠳᠭᠡᠯ ᠬᠤᠷᠢᠶᠠᠬᠤ ᠲᠦᠭᠦᠭᠡᠷᠦᠮᠵᠢ ᠶᠢ ᠨᠤᠷᠠᠭᠠᠬᠤ ᠬᠡᠷᠡᠭᠳᠡᠢ᠃        ᠲᠦᠴᠢᠨ ᠲᠠᠪᠦᠳᠦᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠲᠤᠰ ᠵᠠᠰᠠᠬ ᠵᠠᠬᠢᠷᠭᠠᠨ ᠤ ᠤᠷᠤᠨ ᠲᠤᠳᠦᠷᠠᠬᠢ ᠰᠦᠢᠳᠭᠡᠯ ᠬᠤᠷᠢᠶᠠᠬᠤ ᠵᠠᠰᠠᠮᠠᠯ ᠵᠠᠮ ᠵᠢᠴᠢ ᠰᠦᠢᠳᠭᠡᠯ ᠬᠤᠷᠢᠶᠠᠬᠤ ᠦᠷᠳᠡᠭᠡᠨ ᠤ ᠨᠡᠷ᠎ᠠ᠂ ᠰᠦᠢᠳᠭᠡᠯ ᠬᠤᠷᠢᠶᠠᠬᠤ ᠨᠢᠭᠡᠴᠨ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭᠠᠨ ᠤ ᠬᠢᠵᠠᠭᠠᠷ ᠵᠡᠷᠭᠡ ᠮᠡᠳᠡᠭᠡ ᠵᠠᠩᠭᠢ ᠶᠢ ᠨᠡᠶᠢᠭᠡᠮ ᠲᠠᠶᠠᠭᠠᠷ ᠲᠤ ᠨᠡᠶᠢᠳᠡᠯᠠᠵᠦ᠂ ᠨᠡᠶᠢᠭᠡᠮ ᠲᠠᠶᠠᠭᠠᠷ ᠤᠨ ᠬᠢᠨᠠᠯᠳᠠ ᠶᠢ ᠬᠦᠯᠢᠶᠡᠭᠦ ᠬᠡᠷᠡᠭᠳᠡᠢ᠃        ᠲᠦᠴᠢᠨ ᠵᠢᠷᠭᠤᠳᠦᠭᠠᠷ ᠵᠦᠢᠯ    ᠰᠦᠢᠳᠭᠡᠯ ᠬᠤᠷᠢᠶᠠᠬᠤ ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ ᠲᠤᠤᠷᠠᠬᠢ ᠲᠤᠬᠳᠠᠭᠠᠯ ᠢ ᠵᠢᠷᠦᠮᠯᠡᠬᠤ ᠬᠡᠷᠡᠭᠳᠡᠢ᠄ ︵ᠨᠢᠭᠡ︶ ᠲᠤᠬᠳᠠᠭᠠᠬᠰᠠᠨ ᠰᠦᠢᠳᠭᠡᠯ ᠬᠤᠷᠢᠶᠠᠬᠤ ᠪᠠᠷᠢᠮᠵᠢᠶ᠎ᠠ ᠪᠠ ᠰᠦᠢᠳᠭᠡᠯ ᠬᠤᠷᠢᠶᠠᠬᠤ ᠠᠷᠭ᠎ᠠ ᠬᠡᠯᠪᠡᠷᠢ ᠪᠠᠷ ᠮᠠᠰᠢᠨ ᠲᠡᠷᠭᠡ ᠠᠴᠠ ᠨᠡᠪᠳᠡᠷᠡᠬᠦ ᠰᠦᠢᠳᠭᠡᠯ ᠬᠤᠷᠢᠶᠠᠬᠤ ᠬᠡᠷᠡᠭᠳᠡᠢ︔ ︵ᠬᠤᠶᠠᠷ︶ ᠲᠤᠬᠳᠠᠭᠠᠯ ᠶᠤᠰᠦᠭᠠᠷ ᠰᠦᠢᠳᠭᠡᠯ ᠬᠤᠷᠢᠶᠠᠬᠰᠠᠨ ᠫᠢᠶᠤᠤ ᠪᠠᠷᠢᠮᠳᠠ ᠭᠠᠷᠭᠠᠨ ᠦᠭᠬᠦ ᠬᠡᠷᠡᠭᠳᠡᠢ︔ ︵ᠭᠤᠷᠪᠠ︶ ᠵᠠᠷᠯᠠᠬᠰᠠᠨ ᠵᠢᠷᠦᠮᠵᠢᠯ ᠶᠤᠰᠦᠭᠠᠷ ᠵᠠᠷᠯᠠᠯ ᠤᠨ ᠫᠠᠶᠢᠰᠠ ᠪᠠᠶᠢᠷᠢᠯᠠᠭᠤᠯᠬᠤ ᠬᠡᠷᠡᠭᠳᠡᠢ︔ ︵ᠲᠦᠷᠪᠡ︶ ᠵᠠᠮ ᠤᠨ ᠪᠠᠶᠢᠳᠠᠯ᠂ ᠨᠡᠪᠳᠡᠷᠡᠵᠦ ᠪᠠᠶᠢᠭ᠎ᠠ ᠪᠠᠶᠢᠳᠠᠯ ᠪᠠ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠳᠡᠢ︔ ︵ᠲᠠᠪᠦ︶ ᠪᠠᠷᠢᠮᠵᠢᠶ᠎ᠠ ᠵᠢᠷᠦᠮᠵᠢᠯ ᠶᠤᠰᠦᠭᠠᠷ ᠦᠢᠯᠡᠴᠢᠯᠡᠭᠡᠨ ᠤ ᠲᠤᠭᠤᠷᠢᠬ ᠤᠨ ᠪᠦᠳᠦᠭᠡᠨ ᠪᠠᠶᠢᠭᠤᠯᠦᠯᠳᠠ ᠪᠠ ᠬᠠᠮᠢᠶᠠᠷᠦᠯᠳᠠ ᠪᠠᠨ ᠴᠢᠩᠭᠠᠳᠬᠠᠬᠤ ᠬᠡᠷᠡᠭᠳᠡᠢ᠃ ᠵᠠᠮ ᠨᠡᠪᠳᠡᠷᠡᠯᠭᠡ ᠶᠢᠨ ᠲᠠᠷᠦᠭᠠᠰᠦ ᠶᠡᠬᠡᠳᠴᠦ᠂ ᠮᠠᠰᠢᠨ ᠲᠡᠷᠭᠡ ᠨᠡᠪᠳᠡᠷᠡᠬᠦ ᠶᠢ ᠨᠦᠯᠦᠭᠡᠯᠡᠭᠰᠡᠨ ᠪᠠᠶᠢᠳᠠᠯ ᠲᠤᠯᠭᠠᠷᠠᠪᠠᠯ᠂ ᠰᠦᠢᠳᠭᠡᠯ ᠬᠤᠷᠢᠶᠠᠬᠤ ᠵᠠᠮ ᠢ ᠡᠵᠡᠩᠨᠠᠨ ᠬᠠᠮᠢᠶᠠᠷᠦᠬᠴᠢ ᠴᠠᠭ ᠲᠤᠬᠠᠢ ᠳᠤᠨᠢ ᠮᠠᠰᠢᠨ ᠲᠡᠷᠭᠡ ᠰᠠᠭᠠᠳ ᠦᠭᠡᠢ ᠪᠠᠷ ᠨᠡᠪᠳᠡᠷᠡᠬᠦ ᠠᠷᠭ᠎ᠠ ᠬᠡᠮᠵᠢᠶ᠎ᠠ ᠠᠪᠬᠤ ᠬᠡᠷᠡᠭᠳᠡᠢ᠃        ᠲᠦᠴᠢᠨ ᠲᠤᠯᠦᠳᠦᠭᠠᠷ ᠵᠦᠢᠯ    ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡ ᠲᠤᠬᠳᠠᠭᠠᠯ ᠶᠤᠰᠦᠭᠠᠷ ᠨᠡᠪᠳᠡᠷᠡᠬᠦ ᠰᠦᠢᠳᠭᠡᠯ ᠲᠤᠰᠢᠶᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠨᠢ ᠬᠠᠤᠯᠢ ᠶᠤᠰᠦᠭᠠᠷ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢᠶᠠᠨ ᠲᠤᠰᠢᠶᠠᠬᠤ ᠶᠢ ᠲᠡᠪᠴᠢᠭᠰᠡᠨ᠂ ᠲᠤᠰᠢᠶᠠᠬᠤ ᠦᠭᠡᠢ ᠪᠠᠷ ᠲᠤᠳᠠᠭᠠᠬᠰᠠᠨ᠂ ᠲᠤᠳᠠᠭᠤ ᠲᠤᠰᠢᠶᠠᠬᠰᠠᠨ ᠮᠠᠰᠢᠨ ᠲᠡᠷᠭᠡ ᠶᠢ ᠦᠯᠦ ᠨᠡᠪᠳᠡᠷᠡᠭᠦᠯᠬᠦ ᠡᠷᠭᠡ ᠲᠠᠢ ᠪᠦᠭᠡᠳ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢ ᠨᠦᠬᠦᠵᠦ ᠲᠤᠰᠢᠶᠠᠯᠭᠠᠬᠤ ᠪᠠᠷ ᠱᠠᠭᠠᠷᠳᠠᠵᠦ ᠪᠤᠯᠦᠨ᠎ᠠ᠃ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠨᠡᠪᠳᠡᠷᠡᠬᠦ ᠺᠡᠷᠲ ᠦᠭᠡᠢ ᠪᠤᠶᠥ ᠨᠡᠪᠳᠡᠷᠡᠬᠦ ᠺᠠᠷᠲ ᠨᠢ ᠡᠪᠳᠡᠭᠳᠡᠨ ᠰᠦᠢᠳᠴᠦ ᠢᠯᠭᠠᠨ ᠲᠠᠨᠢᠬᠤ ᠠᠷᠭ᠎ᠠ ᠦᠭᠡᠢ ᠪᠤᠯᠦᠬᠰᠠᠨ ᠦᠷᠳᠡᠭᠡᠨ ᠳᠤ ᠤᠷᠤᠬᠰᠠᠨ ᠮᠠᠰᠢᠨ ᠲᠡᠷᠭᠡ ᠪᠠ ᠲᠡᠷᠭᠡ ᠵᠤᠬᠰᠦᠬᠤ ᠦᠭᠡᠢ ᠪᠠᠷ ᠰᠦᠢᠳᠭᠡᠯ ᠬᠤᠷᠢᠶᠠᠬᠤ ᠲᠡᠷᠭᠡᠨ ᠵᠠᠮ ᠢᠶᠠᠷ ᠦᠡᠭᠭᠡᠷᠡᠭᠰᠡᠨ ᠡᠯᠧᠺᠲᠷᠤᠨ ᠲᠡᠮᠳᠡᠭ ᠦᠭᠡᠢ ᠮᠠᠰᠢᠨ ᠲᠡᠷᠭᠡᠨ ᠠᠴᠠ ᠲᠤᠰ ᠵᠠᠰᠠᠮᠠᠯ ᠵᠠᠮ ᠤᠨ ᠬᠠᠮᠤᠬ ᠤᠨ ᠬᠤᠯᠨ ᠦᠷᠳᠡᠭᠡ ᠠᠴᠠ ᠲᠤᠰ ᠦᠷᠳᠡᠭᠡ ᠬᠦᠷᠬᠦ ᠵᠠᠢ ᠶᠤᠰᠦᠭᠠᠷ ᠨᠠᠪᠲᠠᠷᠠᠬᠦ ᠰᠦᠢᠳᠭᠡᠯ ᠬᠤᠷᠢᠶᠠᠬᠤ ᠡᠷᠭᠡ ᠲᠠᠢ᠃        ᠲᠦᠴᠢᠨ ᠨᠠᠢᠮᠠᠳᠦᠭᠠᠷ ᠵᠦᠢᠯ    ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ ᠵᠠᠮ ᠤᠨ ᠮᠠᠰᠢᠨ ᠲᠡᠷᠭᠡᠨ ᠤ ᠨᠡᠪᠳᠡᠷᠡᠬᠦ ᠰᠦᠢᠳᠭᠡᠯ ᠤᠨ ᠤᠷᠤᠯᠭ᠎ᠠ ᠶᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠤᠰᠬᠠᠢ ᠡᠷᠦᠭᠡ ᠳᠤ ᠬᠠᠳᠠᠭᠠᠯᠠᠵᠦ᠂ ᠤᠷᠤᠯᠭ᠎ᠠ ᠵᠠᠷᠦᠯᠭ᠎ᠠ ᠶᠢᠨ ᠬᠠᠮᠢᠶᠠᠷᠦᠯᠳᠠ ᠶᠢ ᠴᠢᠩᠭ᠎ᠠ ᠪᠠᠷ ᠬᠡᠷᠡᠭᠵᠢᠭᠦᠯᠵᠦ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠦᠯᠳᠠ ᠪᠠ ᠠᠷᠠᠴᠢᠯᠠᠨ ᠬᠠᠮᠠᠭᠠᠯᠠᠯᠳᠠ ᠳᠤ ᠬᠡᠷᠡᠭᠯᠡᠬᠦ ᠴᠢᠬᠤᠯᠨ ᠪᠦᠬᠦᠢ ᠵᠠᠷᠦᠳᠠᠯ ᠢ ᠡᠳ᠋ ᠤᠨ ᠵᠠᠰᠠᠬ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠮᠠᠰᠢᠨ ᠲᠡᠷᠭᠡᠨ ᠤ ᠨᠡᠪᠳᠡᠷᠡᠬᠦ ᠰᠦᠢᠳᠭᠡᠯ ᠤᠨ ᠲᠦᠰᠦᠪ ᠠᠴᠠ ᠭᠠᠷᠭᠠᠬᠤ ᠠᠴᠠ ᠪᠤᠰᠦᠳ ᠢ ᠪᠦᠬᠦᠨ ᠢ ᠵᠢᠭᠡᠯᠡᠯᠭᠡ ᠶᠢᠨ ᠮᠦᠡᠭᠭᠦ ᠪᠠ ᠴᠤᠬᠯᠠᠭᠤᠯᠦᠬᠰᠠᠨ ᠵᠤᠭᠤᠰ ᠤᠨ ᠡᠬᠡ ᠬᠦᠦ ᠮᠦᠡᠭᠭᠦ ᠶᠢ ᠪᠤᠴᠠᠭᠠᠬᠤ ᠳᠤ ᠬᠡᠷᠡᠭᠯᠡᠵᠦ᠂ ᠪᠤᠰᠦᠳ ᠵᠦᠢᠯ ᠳᠤ ᠰᠢᠯᠵᠢᠭᠦᠯᠦᠨ ᠬᠡᠷᠡᠭᠯᠡᠵᠦ ᠪᠤᠯᠬᠤ ᠦᠭᠡᠢ᠃        ᠲᠤᠯᠦᠳᠦᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠲᠦᠴᠢ ᠶᠢᠰᠦᠳᠤᠭᠡᠷ ᠵᠦᠢᠯ    ᠲᠤᠰ ᠲᠦᠷᠢᠮ ᠤᠨ ᠲᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ ᠨᠢᠭᠡᠨᠳᠠ ᠰᠢᠳᠭᠡᠨ ᠲᠤᠷᠭᠠᠬᠤ ᠪᠠᠷ ᠲᠤᠬᠳᠠᠭᠠᠬᠰᠠᠨ ᠪᠤᠯ ᠲᠡᠷᠨ ᠲᠤᠬᠳᠠᠭᠠᠯ ᠢ ᠬᠦᠯᠢᠶᠡᠨ᠎ᠠ᠃        ᠲᠠᠪᠢᠳᠦᠭᠠᠷ ᠵᠦᠢᠯ    ᠲᠤᠰ ᠲᠦᠷᠢᠮ ᠤᠨ ᠭᠤᠴᠢᠨ ᠨᠢᠭᠡᠳᠦᠭᠡᠷ ᠵᠦᠢᠯ ᠤᠨ ᠲᠤᠬᠳᠠᠭᠠᠯ ᠠᠴᠠ ᠵᠦᠷᠢᠴᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠤᠯᠢ ᠪᠤᠰᠦ ᠠᠵᠢᠯᠯᠠᠭ᠎ᠠ ᠶᠢ ᠨᠢ ᠵᠠᠷᠯᠢᠬᠳᠠᠨ ᠵᠤᠬᠰᠦᠭᠠᠬᠤ ᠶᠢᠨ ᠬᠠᠮᠳᠦ 5000 ᠲᠦᠭᠦᠷᠢᠭ ᠠᠴᠠ ᠲᠤᠷᠤᠬᠰᠢ ᠵᠤᠭᠤᠰ ᠢᠶᠠᠷ ᠲᠤᠷᠭᠠᠨ᠎ᠠ᠃        ᠲᠠᠪᠢᠨ ᠨᠢᠭᠡᠳᠦᠭᠡᠷ ᠵᠦᠢᠯ    ᠲᠤᠰ ᠲᠦᠷᠢᠮ ᠤᠨ ᠭᠤᠴᠢᠨ ᠲᠤᠯᠦᠳᠦᠭᠠᠷ ᠵᠦᠢᠯ ᠤᠨ ᠲᠤᠬᠳᠠᠭᠠᠯ ᠠᠴᠠ ᠵᠦᠷᠢᠴᠠᠵᠦ᠂ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠤᠰᠦᠭᠠᠷ ᠰᠤᠯᠪᠢᠴᠠᠬᠰᠠᠨ ᠵᠠᠮ ᠤᠨ ᠠᠭᠤᠯᠵᠠᠷ ᠢ ᠦᠯᠦ ᠵᠠᠰᠠᠬᠰᠠᠨ ᠪᠤᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠤᠭᠤᠴᠠᠭ᠎ᠠ ᠬᠢᠵᠠᠭᠠᠷᠯᠠᠨ ᠨᠤᠷᠠᠭᠠᠬᠤ ᠪᠤᠶᠤ ᠲᠡᠬᠢᠠ ᠪᠠᠶᠢᠭᠤᠯᠬᠤ ᠪᠠᠷ ᠵᠠᠷᠯᠢᠭᠳᠠᠵᠥ᠂ ᠲᠤᠭᠳᠠᠭᠰᠠᠠ ᠬᠤᠭᠤᠴᠠᠭᠠᠠ ᠳᠤ ᠨᠤᠷᠠᠭᠠᠭᠰᠠᠠ ᠦᠬᠡᠢ ᠪᠦᠬᠡᠳ ᠲᠡᠬᠢᠠ ᠪᠠᠶᠢᠭᠤᠯᠤᠭᠰᠠᠠ ᠦᠬᠡᠢ ᠪᠤᠯ ᠵᠠᠰᠠᠮᠠᠯ ᠵᠠᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠨᠤᠷᠠᠭᠠᠵᠦ᠂ ᠬᠡᠷᠡᠭᠰᠡᠬᠦ ᠵᠠᠷᠦᠳᠠᠯ ᠢ ᠪᠠᠶᠢᠷᠢᠯᠠᠭᠤᠯᠦᠬᠰᠠᠨ ᠡᠳᠡᠭᠡᠳ ᠠᠴᠠ ᠡᠭᠦᠷᠭᠡᠯᠡᠨ᠎ᠠ᠃        ᠲᠠᠪᠢᠨ ᠬᠤᠶᠠᠳᠦᠭᠠᠷ ᠵᠦᠢᠯ    ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡ ᠵᠠᠰᠠᠮᠠᠯ ᠵᠠᠮ ᠢ ᠨᠡᠯᠢᠶᠡᠳ ᠶᠡᠭᠡ ᠪᠠᠷ ᠡᠪᠳᠡᠪᠡᠯ᠂ ᠬᠠᠷᠢᠭᠤᠴᠠᠯᠭ᠎ᠠ ᠲᠠᠢ ᠬᠦᠮᠦᠨ ᠡᠷᠬᠡᠪᠰᠢ ᠲᠠᠷᠦᠢ ᠳᠤᠨᠢ ᠲᠡᠷᠭᠡ ᠪᠠᠨ ᠵᠤᠬᠰᠦᠭᠠᠵᠦ᠂ ᠲᠤᠬᠠᠢ ᠶᠢᠨ ᠲᠠᠯᠠᠪᠦᠷ ᠢ ᠬᠠᠮᠠᠭᠠᠯᠠᠵᠦ᠂ ᠴᠠᠬ ᠲᠡᠷᠤᠢ ᠳᠤᠨᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠮᠡᠳᠡᠬᠦᠯᠦᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠪᠠᠶᠢᠴᠠᠭᠠᠯᠳᠠ ᠶᠢ ᠬᠦᠯᠢᠶᠡᠬᠦ ᠬᠡᠷᠡᠭᠳᠡᠢ᠃ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠠᠶᠢᠴᠠᠭᠠᠨ ᠰᠢᠢᠳᠪᠦᠷᠢᠯᠡᠬᠦ ᠦᠶᠡᠰ᠂ ᠬᠠᠷᠢᠭᠤᠴᠠᠯᠭ᠎ᠠ ᠲᠠᠢ ᠬᠦᠮᠦᠨ ᠢ ᠮᠠᠰᠢᠨ ᠲᠡᠷᠭᠡ ᠪᠠᠨ ᠲᠤᠬᠳᠠᠬᠰᠠᠨ ᠭᠠᠵᠠᠷ ᠲᠤ ᠵᠤᠬᠰᠦᠯᠭᠠᠬᠤ ᠪᠠᠷ ᠱᠠᠭᠠᠷᠳᠠᠵᠦ ᠪᠤᠯᠦᠨ᠎ᠠ︔ ᠪᠠᠶᠢᠴᠠᠭᠠᠨ ᠰᠢᠢᠳᠪᠦᠷᠢᠯᠡᠵᠦ ᠪᠠᠷᠠᠬᠰᠠᠨ ᠤ ᠲᠠᠷᠠᠭ᠎ᠠ ᠰᠠᠶ᠋ᠢ ᠲᠡᠷᠭᠡ ᠪᠠᠨ ᠠᠪᠴᠦ ᠶᠠᠪᠦᠵᠦ ᠪᠤᠯᠦᠨ᠎ᠠ᠃        ᠲᠠᠪᠢᠨ ᠭᠤᠷᠪᠠᠳᠦᠭᠠᠷ ᠵᠦᠢᠯ    ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠦᠷᠢᠳᠠᠵᠦ 6 ᠰᠠᠷ᠎ᠠ ᠠᠴᠠ ᠲᠡᠭᠡᠭᠰᠢ ᠪᠤᠯᠦᠬᠰᠠᠨ ᠪᠦᠭᠡᠳ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠨᠦᠬᠦᠵᠦ ᠲᠤᠰᠢᠶᠠᠬᠤ ᠶᠢ ᠲᠡᠪᠴᠢᠭᠰᠡᠨ ᠢ ᠨᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠠᠷᠭ᠎ᠠ ᠬᠡᠮᠵᠢᠶ᠎ᠠ ᠠᠪᠴᠦ ᠬᠠᠤᠯᠢ ᠠᠴᠠ ᠵᠦᠷᠢᠴᠡᠭᠰᠡᠨ ᠮᠠᠰᠢᠨ ᠲᠡᠷᠭᠡ ᠶᠢ ᠭᠡᠷᠡᠭᠯᠡᠬᠦ ᠶᠢ ᠲᠦᠷ ᠴᠠᠭ ᠵᠤᠬᠰᠦᠭᠠᠵᠦ ᠪᠤᠯᠦᠨ᠎ᠠ᠃ ᠵᠠᠮ ᠬᠠᠷᠢᠯᠴᠠᠭᠠᠨ ᠤ ᠰᠦᠢᠳᠭᠡᠯ ᠲᠠᠳᠠᠪᠦᠷᠢᠯᠠᠬᠤ ᠶᠢ ᠪᠠᠶᠢᠴᠠᠭᠠᠬᠤ ᠪᠠᠶᠢᠭᠤᠯᠦᠮᠵᠢ ᠬᠠᠤᠯᠢ ᠠᠴᠠ ᠵᠦᠷᠢᠴᠡᠭᠰᠡᠨ ᠮᠠᠰᠢᠨ ᠲᠡᠷᠭᠡ ᠶᠢ ᠬᠡᠷᠡᠭᠯᠡᠬᠦ ᠶᠢ ᠲᠦᠷ ᠴᠠᠬ ᠵᠤᠬᠰᠦᠭᠠᠬᠤ ᠳᠤ᠂ ᠲᠤᠬᠠᠢ ᠶᠢᠨ ᠬᠦᠮᠦᠨ ᠳᠤ ᠬᠡᠷᠡᠴᠢ ᠦᠨᠡᠮᠯᠡᠯ ᠢᠶᠠᠨ ᠭᠠᠷᠭᠠᠬᠤ ᠶᠢᠨ ᠬᠠᠮᠳᠦ ᠮᠠᠰᠢᠨ ᠲᠡᠷᠭᠡᠨ ᠤ ᠦᠮᠴᠢᠯᠡᠭᠴᠢ ᠶᠢ ᠵᠠᠷᠯᠢᠬᠳᠠᠨ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠪᠠᠨ ᠲᠤᠰᠢᠶᠠᠯᠭᠠᠬᠤ ᠪᠠ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢᠨ ᠰᠢᠢᠳᠪᠦᠷᠢᠯᠡᠭᠰᠡᠨ ᠲᠤᠬᠳᠠᠭᠠᠯ ᠢ ᠭᠡᠷᠡᠭᠵᠢᠭᠦᠯᠬᠦ ᠬᠡᠷᠡᠭᠳᠡᠢ᠃ ᠮᠠᠰᠢᠨ ᠲᠡᠷᠭᠡᠨ ᠤ ᠦᠮᠴᠢᠯᠡᠭᠴᠢ ᠰᠢᠢᠳᠪᠦᠷᠢᠯᠡᠭᠰᠡᠨ ᠲᠤᠬᠳᠠᠭᠠᠯ ᠢ ᠬᠦᠢᠴᠠᠳᠭᠡᠪᠡᠯ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠴᠠᠭ ᠲᠤᠬᠠᠢ ᠳᠤᠨᠢ ᠮᠠᠰᠢᠨ ᠲᠡᠷᠭᠡ ᠶᠢ ᠬᠡᠷᠡᠭᠯᠡᠵᠦ ᠪᠤᠯᠬᠤ ᠲᠤᠬᠳᠠᠭᠠᠯ ᠭᠠᠷᠭᠠᠬᠤ ᠬᠡᠷᠡᠭᠳᠡᠢ᠃        ᠲᠠᠪᠢᠨ ᠲᠦᠷᠪᠡᠳᠦᠭᠡᠷ ᠵᠦᠢᠯ    ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠶᠢᠨ ᠠᠵᠢᠯᠳᠠᠠ ᠲᠤᠰ ᠲᠦᠷᠢᠮ ᠤᠨ ᠲᠤᠬᠳᠠᠭᠠᠯ ᠢ ᠵᠦᠷᠢᠴᠡᠭᠰᠡᠨ ᠲᠤᠤᠷᠠᠬᠢ ᠠᠯᠢ ᠨᠢᠭᠡᠨ ᠠᠵᠢᠯᠯᠠᠭ᠎ᠠ ᠲᠠᠢ ᠪᠠᠶᠢᠵᠦ᠂ ᠶᠠᠯ᠎ᠠ ᠳᠤ ᠦᠯᠦ ᠬᠦᠷᠦᠭᠰᠡᠨ ᠪᠤᠯ ᠬᠠᠤᠯᠢ ᠶᠤᠰᠦᠭᠠᠷ ᠵᠠᠰᠠᠬ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠦᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠄ ︵ᠨᠢᠭᠡ︶ ᠵᠠᠰᠠᠬ ᠵᠠᠬᠢᠷᠭᠠᠨ ᠤ ᠵᠦᠪᠰᠢᠶᠠᠷᠡᠯ ᠢ ᠬᠠᠤᠯᠢ ᠪᠤᠰᠦ ᠪᠠᠷ ᠭᠡᠷᠡᠭᠵᠢᠭᠦᠯᠦᠭᠰᠡᠨ︔ ︵ᠬᠤᠶᠠᠷ︶ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢ ᠬᠠᠤᠯᠢ ᠪᠤᠰᠦ ᠪᠠᠷ ᠬᠡᠷᠡᠭᠵᠢᠭᠦᠯᠦᠭᠰᠡᠨ︔ ︵ᠭᠤᠷᠪᠠ︶ ᠬᠢᠨᠠᠯᠳᠠ ᠲᠠᠯᠪᠢᠯᠳᠠ ᠰᠤᠯᠠᠷᠠᠬᠰᠠᠨ ᠠᠴᠠ ᠪᠤᠯᠵᠦ᠂ ᠵᠠᠰᠠᠮᠠᠯ ᠵᠠᠮ ᠨᠡᠯᠢᠶᠡᠳ ᠶᠡᠭᠡ ᠪᠠᠷ ᠡᠪᠳᠡᠭᠳᠡᠭᠰᠡᠨ ᠪᠤᠶᠥ ᠬᠦᠮᠦᠨ ᠰᠢᠷᠠᠬᠳᠤᠵᠦ᠂ ᠡᠳ᠋ ᠬᠦᠷᠦᠩᠭᠡ ᠬᠤᠬᠢᠷᠠᠯ ᠳᠤ ᠤᠴᠠᠷᠠᠬᠰᠠᠨ︔ ︵ᠲᠦᠷᠪᠡ︶ ᠵᠦᠪᠰᠢᠶᠡᠷᠡᠯ ᠦᠭᠡᠢ ᠪᠠᠷ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠡᠭ︶ ᠢ ᠲᠤᠷ᠎ᠠ ᠪᠠᠷ ᠪᠠᠶᠢᠷᠢᠯᠠᠭᠤᠯᠦᠬᠰᠠᠨ︔ ︵ᠲᠠᠪᠦ︶ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠲᠤᠬᠳᠠᠭᠠᠯ ᠠᠴᠠ ᠵᠦᠷᠢᠴᠠᠨ ᠲᠠᠳᠠᠪᠦᠷᠢᠯᠠᠨ ᠬᠤᠷᠢᠶᠠᠬᠤ ᠪᠤᠶᠥ ᠪᠠᠭᠠᠰᠬᠠᠨ ᠬᠡᠯᠳᠦᠷᠢᠭᠦᠯᠦᠭᠰᠡᠨ︔ ︵ᠵᠢᠷᠭᠤᠭ᠎ᠠ︶ ᠪᠤᠰᠦᠳ ᠠᠯᠪᠠᠨ ᠲᠤᠰᠢᠶᠠᠯ ᠳᠠᠭᠠᠨ ᠠᠯᠮᠠᠶᠢᠷᠠᠠ ᠤᠰᠦᠯᠳᠦᠵᠦ᠂ ᠬᠤᠪᠢ ᠪᠠᠨ ᠪᠤᠳᠦᠵᠦ᠂ ᠡᠷᠭᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ ᠠᠵᠢᠯᠯᠠᠭ᠎ᠠ᠃        ᠨᠠᠢᠮᠠᠳᠦᠭᠠᠷ ᠪᠦᠯᠦᠭ    ᠲᠠᠭᠠᠯᠳᠦᠭᠤᠯᠦᠬᠰᠠᠨ ᠲᠦᠷᠢᠮ        ᠲᠠᠪᠢᠨ ᠲᠠᠪᠦᠳᠦᠭᠠᠷ ᠵᠦᠢᠯ    ᠤᠯᠦᠰ ᠤᠨ ᠪᠠᠳᠦᠯᠠᠨ ᠬᠠᠮᠠᠭᠠᠯᠠᠯᠳᠠ᠂ ᠬᠢᠯᠢ ᠶᠢᠨ ᠬᠠᠮᠠᠭᠠᠯᠠᠯᠳᠠ ᠶᠢᠨ ᠵᠠᠰᠠᠮᠠᠯ ᠵᠠᠮ ᠢ ᠪᠦᠳᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠳᠤ ᠲᠤᠰ ᠲᠦᠷᠢᠮ ᠢ ᠭᠡᠷᠡᠭᠵᠢᠭᠦᠯᠬᠦ ᠠᠴᠠ ᠭᠠᠳᠠᠨ᠎ᠠ ᠪᠠᠰᠠ ᠤᠯᠦᠰ ᠤᠨ ᠪᠤᠰᠦᠳ ᠬᠤᠯᠪᠤᠬᠳᠠᠯ ᠪᠦᠬᠦᠢ ᠲᠤᠬᠳᠠᠭᠠᠯ ᠢ ᠭᠡᠷᠡᠭᠵᠢᠭᠦᠯᠬᠦ ᠬᠡᠷᠡᠭᠳᠡᠢ᠃        ᠲᠠᠪᠢᠨ ᠵᠢᠷᠭᠤᠳᠦᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠲᠤᠰ ᠲᠦᠷᠢᠮ ᠢ ᠦᠨᠳᠦᠰᠦᠯᠡᠵᠦ ᠬᠡᠷᠡᠭᠵᠢᠭᠦᠯᠭᠦ ᠨᠠᠷᠢᠨ ᠲᠦᠷᠢᠮ ᠲᠤᠬᠳᠠᠭᠠᠵᠦ ᠪᠤᠯᠦᠨ᠎ᠠ᠃        ᠲᠠᠪᠢᠨ ᠲᠤᠯᠦᠳᠦᠭᠠᠷ ᠵᠦᠢᠯ    ᠲᠤᠰ ᠲᠦᠷᠢᠮ ᠢ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ᠃ 1994 ᠤᠨ ᠤ 3 ᠳ᠋ᠤᠭᠠᠷ ᠰᠠᠷ᠎ᠠ ᠶᠢᠨ 4 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠢᠮᠠᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠦᠭᠠᠷ ᠬᠤᠷᠠᠯ ᠠᠴᠠ ᠪᠠᠳᠦᠯᠠᠬᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠲᠦᠷᠢᠮ︾ ᠢ ᠬᠠᠮᠳᠦ ᠳᠤᠨᠢ ᠬᠦᠴᠦᠨ ᠦᠬᠡᠢ ᠪᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号