ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠠ ᠪᠦᠯᠬᠦᠮᠳᠡᠨ ᠲᠡᠮᠡᠴᠡᠵᠦ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠶ᠎ᠡ
ᠨᠡᠶᠢᠲᠡᠯᠡᠭᠰᠡᠨ ᠴᠠᠭ᠄
2017-11-02
       ᠰᠤᠷᠪᠤᠯᠵᠢᠯᠠᠭᠰᠠᠨ ᠴᠠᠭ᠄        2017 ᠣᠨ ᠤ 8 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ ᠲᠤ        ᠰᠤᠷᠪᠤᠯᠵᠢᠯᠠᠭᠰᠠᠨ ᠵᠣᠴᠢᠨ᠄        ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠧ ᠱᠧᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ 34 ᠳ᠋ᠦ᠋ᠭᠡᠷ ᠠᠵᠢᠯᠯᠠᠭᠠᠨ ᠤ ᠰᠠᠷ᠎ᠠ ᠬᠦᠷᠴᠦ ᠢᠷᠡᠬᠦ ᠶᠢᠨ ᠲᠠᠰᠢᠷᠠᠮ ᠢᠶᠠᠷ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠭᠦᠳᠦᠨ ᠪᠠᠶᠢᠭᠤᠯᠤᠭᠰᠠᠨ ᠦᠨᠳᠦᠰᠦᠨ ᠪᠠᠶᠢᠳᠠᠯ᠂ ᠭᠤᠣᠯ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠤᠬᠠᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠦᠯᠬᠦᠮᠳᠡᠨ ᠳᠠᠪᠰᠢᠭᠰᠠᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠶᠦᠨ ᠭᠦᠸᠧ ᠱᠧᠩ ᠢ ᠲᠤᠰᠬᠠᠶᠢᠯᠠᠨ ᠤᠷᠢᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠡᠭᠡᠨ ᠰᠠᠭᠠᠲᠠᠭᠤᠯᠪᠠ᠂ ᠥᠷᠭᠡᠨ ᠣᠯᠠᠨ ᠰᠦᠯᠵᠢᠶᠡᠨ ᠤ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠦᠲᠦᠯᠦᠭᠴᠢ᠄        ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠤᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳ᠋ᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠧ ᠱᠧᠩ ᠢ ᠤᠷᠢᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠦᠨᠳᠦᠰᠦᠨ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕        ᠶᠦᠨ ᠭᠦᠸᠧ ᠱᠧᠩ᠄        ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠠᠬᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠮᠵᠢᠯᠭᠡ ᠪᠣᠯᠣᠨ ᠬᠥᠨᠳᠥᠳᠬᠡᠯ ᠳᠤ ᠮᠠᠰᠢ ᠲᠠᠯᠠᠷᠬᠠᠵᠤ ᠪᠠᠶᠢᠨ᠎ᠠ᠃ ᠪᠦᠬᠦ ᠣᠷᠣᠨ ᠤ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠪᠣᠯ ᠪᠦᠬᠦ ᠣᠷᠣᠨ ᠤ ᠦᠨᠳᠦᠰᠦᠲᠡᠨ ᠨᠦᠭᠦᠳ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠪᠣᠯᠤᠨ ᠬᠦᠰᠡᠯ ᠡᠷᠡᠮᠡᠯᠵᠡᠯ ᠮᠦᠨ᠂ ᠪᠠᠰᠠᠴᠦ ᠮᠠᠨ ᠤ ᠦᠨᠳᠦᠰᠦᠲᠡᠨ ᠤ ᠠᠵᠢᠯ ᠤᠨ ᠭᠤᠣᠯ ᠰᠡᠳᠦᠪ ᠮᠥᠨ᠂ ᠤᠷᠳᠤ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠣᠯᠤᠭᠰᠠᠨ ᠠᠮᠵᠢᠯᠲᠠ ᠪᠣᠯᠣᠨ ᠲᠤᠷᠰᠢᠯᠭ᠎ᠠ ᠶᠢ ᠦᠨᠦᠳᠦᠷ ᠪᠢ ᠨᠡᠶᠢᠲᠡ ᠣᠯᠠᠨ ᠳᠠᠭᠠᠨ ᠬᠠᠷᠢᠭᠤ ᠮᠡᠳᠡᠭᠦᠯᠦᠶ᠎ᠡ᠃        ᠬᠦᠲᠦᠯᠦᠭᠴᠢ᠄        ᠮᠠᠨ ᠤ ᠮᠡᠳᠡᠭᠡᠵᠢ ᠪᠠᠷ᠂ ᠲᠦᠷᠢᠮ ᠶᠣᠰᠣ ᠦᠭᠡᠢ ᠪᠣᠯ ᠬᠡᠪ ᠵᠠᠩᠰᠢᠯ ᠪᠤᠯᠵᠤ ᠴᠢᠳᠠᠬᠤ ᠦᠭᠡᠢ᠂ ᠲᠡᠭᠡᠪᠡᠯ ᠲᠠ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠪᠦᠷ ᠶᠠᠮᠠᠷ ᠶᠠᠮᠠᠷ ᠴᠢᠭᠯᠡᠯᠲᠡ ᠲᠦᠷᠦ ᠶᠢᠨ ᠪᠤᠳᠤᠯᠭ᠎ᠠ ᠪᠤᠶᠤ ᠲᠥᠷᠢᠮ ᠪᠠᠶᠢᠬᠤ ᠶᠢ ᠪᠢᠳᠡᠨ ᠳᠤ ᠶᠠᠷᠢᠭᠠᠳ ᠥᠭᠭᠦᠨ᠎ᠡ ᠤᠤ︖        ᠶᠦᠨ ᠭᠦᠸᠧ ᠱᠧᠩ᠄        ᠡᠭᠦᠳᠦᠨ ᠪᠠᠶᠢᠭᠤᠯᠬᠤ ᠠᠵᠢᠯ ᠤᠨ ᠲᠦᠷᠦ ᠶᠢᠨ ᠪᠤᠳᠤᠯᠭ᠎ᠠ ᠶᠢᠨ ᠵᠢᠯᠣᠭᠤᠳᠬᠤ ᠰᠢᠰᠲ᠋ᠧᠮᠵᠢ ᠪᠣᠯᠣᠨ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠥᠨᠡᠯᠡᠨ ᠵᠢᠱᠢᠵᠦ ᠬᠥᠬᠢᠭᠦᠯᠦᠨ ᠰᠠᠶᠢᠰᠢᠶᠠᠬᠤ ᠠᠷᠭ᠎ᠠ ︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭᠠᠨ ᠢ ᠤᠯᠠᠮ ᠨᠢᠭᠡ ᠠᠯᠬᠤᠮ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠨᠢᠭᠡᠴᠡ ᠶᠢ ᠨᠡᠷᠡᠯᠡᠬᠦ ᠬᠠᠮᠢᠶᠠᠷᠤᠯᠲᠠ ᠶᠢᠨ ᠠᠷᠭ᠎ᠠ︾ ᠵᠢᠴᠢ ᠬᠢᠨᠠᠨ ᠰᠢᠯᠭᠠᠵᠤ ᠥᠨᠡᠯᠡᠨ ᠰᠢᠯᠭᠠᠷᠠᠭᠤᠯᠬᠤ ᠶᠢᠨ ᠬᠡᠷᠡᠭᠵᠢᠭᠦᠯᠬᠦ ᠨᠠᠷᠢᠨ ᠳᠦᠷᠢᠮ ︵ᠬᠤᠰᠢᠭᠤ ᠰᠢᠶᠠᠨ᠂ ᠰᠢᠶᠠᠩ ᠪᠠᠯᠭᠠᠰᠤ ︿ᠰᠤᠮᠤ﹀᠂ ᠵᠡᠭᠡᠯᠢ ᠭᠤᠳᠤᠮᠵᠢ᠂ ᠭᠠᠴᠠᠭ᠎ᠠ ︿ᠲᠣᠰᠬᠤᠨ᠂ ᠨᠡᠶᠢᠭᠡᠮ ᠲᠣᠭᠤᠷᠢᠭ﹀᠂ ᠪᠠᠶᠢᠭᠤᠯᠭ᠎ᠠ ︿ᠠᠵᠢᠯ ᠦᠢᠯᠡᠰ ᠤᠨ ᠨᠢᠭᠡᠴᠡ ᠪᠣᠯᠣᠨ ᠠᠷᠠᠳ ᠤᠨ ᠪᠦᠯᠬᠦᠮ﹀ ᠂ ᠰᠤᠷᠭᠠᠭᠤᠯᠢ᠂ ᠠᠵᠤ ᠠᠬᠤᠶᠢᠯᠠᠯ᠂ ᠴᠡᠷᠢᠭ ᠠᠩᠬᠢ᠂ ᠰᠦᠮ᠎ᠡ ᠳᠤᠭᠠᠩ ᠵᠡᠷᠭᠡ 9 ᠳᠤᠮᠤ ᠳᠦᠷᠦᠯ ᠤᠨ ᠪᠣᠳᠠᠲᠠᠶ ᠭᠦᠢᠴᠡᠳᠬᠡᠯ ᠲᠣᠭᠠᠨ ᠤ ᠰᠢᠰᠲ᠋ᠧᠮᠵᠢ ᠪᠠᠭᠲᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠵᠧᠦ ︵ᠲᠤᠰᠬᠠᠢ ᠣᠷᠣᠨ᠂ ᠬᠤᠲᠠ᠂ ᠠᠶᠢᠮᠠᠭ︶ ᠶᠢᠨ ᠬᠠᠮᠢᠶ᠎ᠠ ᠪᠦᠬᠦᠢ ᠵᠦᠢᠯᠡᠰ ᠤᠨ ᠲᠤᠬᠠᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠲᠠᠷᠬᠠᠭᠠᠵᠤ᠂ ᠮᠠᠨ ᠤ ᠣᠷᠣᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠬᠤᠲᠠ ᠶᠢᠨ ᠪᠠᠷᠢᠮᠵᠢᠶ᠎ᠠ ᠪᠣᠯᠤᠨ ᠲᠡᠰ ᠳᠠᠷᠠᠭᠠᠯᠠᠯ ᠢ ᠲᠣᠳᠣᠷᠬᠠᠶᠢᠯᠠᠨ᠂ ᠡᠨᠡᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠨᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠤᠯᠤᠰ ᠲᠦᠷᠦ ᠶᠢᠨ ᠴᠢᠭᠯᠡᠯ ᠢ ᠵᠢᠭᠠᠨ ᠥᠭᠴᠦ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠦ᠂ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠨ ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠥᠷᠢᠮᠵᠢᠯᠡᠯᠲᠡ ᠶᠢ ᠠᠬᠢᠭᠤᠯᠪᠠ᠃        ᠬᠥᠲᠥᠯᠥᠭᠴᠢ᠄        ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠮᠠᠨ ᠤ ᠭᠤᠣᠯᠳᠠᠯᠭ᠎ᠠ ᠪᠠ ᠭᠤᠣᠯ ᠴᠢᠭᠯᠡᠯ ᠨᠢ ᠪᠦᠷ ᠶᠠᠭᠤ ᠶᠠᠭᠤ ᠪᠠᠶᠢᠳᠠᠭ ᠪᠤᠢ︖        ᠶᠦᠨ ᠭᠦᠸᠧ ᠱᠧᠩ᠄        ᠮᠠᠨ ᠤ ᠡᠭᠦᠷᠭᠡ ᠪᠠ ᠲᠤᠰᠢᠶᠠᠯ ᠬᠠᠷᠢᠭᠤᠴᠠᠯᠭ᠎ᠠ ᠪᠣᠯ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠮᠠᠨ ᠤ ᠠᠭᠤᠤ ᠶᠡᠭᠡ ᠡᠭᠡ ᠤᠯᠤᠰ ᠢᠶᠠᠨ ᠬᠠᠶᠢᠷᠠᠯᠠᠵᠤ᠂ ᠮᠠᠨ ᠤ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠬᠠᠶᠢᠷᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠪᠠᠶᠠᠨ ᠴᠢᠨᠡᠭᠡᠯᠢᠭ ᠴᠡᠴᠡᠭᠯᠡᠨ ᠬᠥᠭᠵᠢᠭᠰᠡᠨ ᠥᠪᠥᠷ ᠮᠤᠩᠭᠤᠯ ᠢ ᠬᠠᠮᠲᠤᠪᠠᠷ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠨ᠎ᠡ᠃ ᠡᠭᠦᠨ ᠳᠤ ᠄ ᠣᠷᠣᠨ ᠠᠴᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ᠂ ᠰᠤᠮᠤ ︵ᠰᠢᠶᠠᠩ᠂ ᠪᠠᠯᠭᠠᠰᠤ︶᠂ ᠨᠡᠶᠢᠭᠡᠮ ᠲᠣᠭᠤᠷᠢᠭ᠂ ᠰᠤᠷᠭᠠᠭᠤᠯᠢ᠂ ᠴᠡᠷᠢᠭ ᠠᠩᠭᠢ ᠳᠤ ᠤᠷᠤᠭᠤᠯᠬᠤ ᠵᠢᠷᠭᠤᠭᠠᠨ ᠲᠠᠯ᠎ᠠ ᠶᠢ ᠭᠤᠤᠯᠳᠠᠯᠭ᠎ᠠ ᠲᠠᠢ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ︽ᠵᠢᠷᠭᠤᠭᠠᠨ ᠣᠷᠣᠭᠤᠯᠬᠤ︾ ᠠᠵᠢᠯ ᠢ ᠴᠤ ᠠᠮᠵᠢᠯᠲᠠᠢ ᠬᠢᠪᠡ᠃ ᠠᠵᠢᠯ ᠤᠨ ᠳᠤᠮᠳᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠤ ᠳᠤᠷᠠᠳᠤᠭᠰᠠᠨ ︽ᠨᠢᠭᠡ ᠪᠦᠯᠦᠭ ᠵᠢᠱᠢᠶ᠎ᠡ ᠦᠵᠡᠭᠦᠯᠬᠦ ᠦᠢᠯᠡᠳᠦᠯ ᠭᠠᠷᠭᠠᠵᠤ ᠴᠢᠳᠠᠳᠠᠭ ᠨᠡᠶᠢᠭᠡᠮ ᠲᠣᠭᠤᠷᠢᠭ᠂ ᠬᠦᠳᠡᠭᠡ ᠲᠤᠰᠬᠤᠨ᠂ ᠨᠢᠭᠡᠴᠡ᠂ ᠰᠤᠷᠭᠠᠭᠤᠯᠢ᠂ ᠴᠡᠷᠢᠭ ᠠᠩᠬᠢ ᠵᠡᠷᠭᠡ ᠶᠢ ᠡᠭᠦᠳᠦᠨ ᠪᠠᠶᠢᠭᠤᠯᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠥᠷ ᠮᠣᠩᠭᠤᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠤᠣᠯᠳᠠᠯᠭ᠎ᠠ ᠨᠢ ᠡᠩ ᠤᠨ ᠴᠠᠭ ᠲᠤ ᠪᠠᠶᠢᠬᠤ᠂ ᠭᠤᠤᠯᠳᠠᠯᠭ᠎ᠠ ᠨᠢ ᠰᠠᠨᠠᠭ᠎ᠠ ᠰᠡᠳᠬᠢᠯ ᠢᠶᠠᠨ ᠨᠡᠪᠲᠡᠷᠡᠯᠴᠡᠬᠦ ᠳᠤ ᠪᠠᠶᠢᠬᠤ᠂ ᠭᠤᠤᠯᠳᠠᠯᠭ᠎ᠠ ᠨᠢ ᠦᠢᠯᠡ ᠠᠵᠢᠯᠯᠠᠭ᠎ᠠ ᠳᠤ ᠪᠠᠶᠢᠬᠤ᠂ ᠭᠤᠣᠯᠳᠠᠯᠭ᠎ᠠ ᠨᠢ ᠦᠨᠳᠦᠰᠦᠨ ᠱᠠᠲᠤᠨ ᠳᠤ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠭᠤᠯᠭ᠎ᠠ ᠳᠤ ᠤᠷᠤᠬᠤ᠂ ᠠᠵᠤ ᠠᠬᠤᠶᠢᠯᠠᠯ ᠳᠤ ᠤᠷᠤᠬᠤ᠂ ᠰᠤᠮᠤ ︵ᠰᠢᠶᠠᠩ᠂ ᠪᠠᠯᠭᠠᠰᠤ︶ ᠳᠤ ᠤᠷᠤᠬᠤ᠂ ᠨᠡᠶᠢᠭᠡᠮ ᠲᠤᠭᠤᠷᠢᠭ ᠲᠤ ᠤᠷᠤᠬᠤ᠂ ᠰᠤᠷᠭᠠᠭᠤᠯᠢ ᠳᠤ ᠤᠷᠤᠬᠤ᠂ ᠴᠡᠷᠢᠭ ᠠᠩᠬᠢ ᠳᠤ ᠤᠷᠤᠬᠤ᠂ ᠰᠦᠮ᠎ᠡ ᠬᠡᠶᠢᠳ ᠲᠤ ᠤᠷᠤᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠶᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠪᠣᠳᠠᠲᠠᠶ ᠠᠵᠢᠯ ᠤᠨ ᠳᠤᠮᠳᠠ ᠠᠭᠤᠰᠬᠠᠨ ᠣᠷᠣᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠦᠮᠦᠨᠴᠢᠯᠡᠯᠲᠡ᠂ ᠪᠣᠳᠠᠲᠤ ᠴᠤᠭᠴᠠᠴᠢᠯᠠᠯᠲᠠ᠂ ᠤᠯᠠᠨ ᠲᠦᠮᠡᠨᠴᠢᠯᠡᠯᠲᠡ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃        ᠬᠥᠲᠥᠯᠥᠭᠴᠢ᠄        ᠤᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠰᠢᠯᠭᠠᠷᠠᠭᠤᠯᠤᠨ ᠨᠡᠷᠡᠶᠢᠳᠪᠡ᠂ ᠲᠠ ᠡᠨᠡ ᠲᠠᠯ᠎ᠠ ᠶᠢᠨ ᠪᠠᠶᠢᠳᠠᠯ ᠢ ᠲᠤᠪᠴᠢ ᠲᠠᠨᠢᠯᠴᠠᠭᠤᠯᠵᠤ ᠥᠭᠭᠦᠨ᠎ᠡ ᠤᠤ︖        ᠶᠦᠨ ᠭᠦᠸᠧ ᠱᠧᠩ᠄        ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠡᠷᠡᠯᠬᠡᠭᠯᠡᠨ ᠤᠷᠤᠭᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠷᠠᠵᠤ ᠬᠠᠪᠰᠤᠷᠤᠯᠴᠠᠬᠤ᠂ ᠡᠭᠦᠨ ᠳᠤ ᠮᠠᠰᠢ ᠤᠯᠠᠨ ᠲᠡᠷᠢᠭᠦᠨ ᠤ ᠦᠢᠯᠡ ᠠᠵᠢᠯᠯᠠᠭ᠎ᠠ ᠪᠠ ᠵᠢᠱᠢᠶᠡᠴᠢ ᠬᠥᠮᠦᠰ ᠴᠣᠯᠭᠤᠷᠠᠨ ᠭᠠᠷᠴᠤ᠂ ᠨᠡᠶᠢᠭᠡᠮ ᠨᠡᠶᠢᠲᠡ ᠶᠢᠨ ᠥᠷᠭᠡᠨ ᠳᠡᠯᠭᠡᠷ ᠮᠡᠭ᠌ᠲᠠᠭᠠᠯ ᠰᠠᠶᠢᠰᠢᠶᠠᠯ ᠢ ᠤᠯᠪᠠ᠃ ᠲᠡᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠠᠩ ᠰᠤᠷᠲᠠᠯ ᠪᠠ ᠦᠢᠯᠡ ᠶᠠᠪᠤᠳᠠᠯ ᠢ ᠤᠬᠠᠭᠤᠯᠤᠨ ᠪᠠᠳᠠᠷᠠᠭᠤᠯᠬᠤ ᠶᠢᠨ ᠲᠦᠯᠦᠭᠡ᠂ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠳᠠᠭᠤᠷᠢᠶᠠᠯᠲᠤ ᠨᠡᠶᠢᠲᠡᠯᠢᠭ ᠵᠢᠱᠢᠶ᠎ᠡ ᠰᠤᠩᠭᠤᠬᠤ ᠠᠵᠢᠯ ᠢ ᠦᠷᠨᠢᠭᠦᠯᠪᠡ᠃ ᠡᠭᠦᠨ ᠳᠤ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶᠂ ᠰᠤᠮᠤ ︵ᠰᠢᠶᠠᠩ᠂ ᠪᠠᠯᠭᠠᠰᠤ︶᠂ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠠᠭᠳᠠᠭ᠎ᠠ ᠴᠡᠷᠢᠭ ᠠᠩᠭᠢ᠂ ᠰᠦᠮ᠎ᠡ ᠬᠡᠶᠢᠳ ᠵᠡᠷᠭᠡ ᠶᠢᠨ ᠦᠯᠢᠭᠡᠷ ᠳᠠᠭᠤᠷᠢᠶᠠᠯᠲᠤ ᠨᠡᠶᠢᠲᠡᠯᠢᠭ ᠵᠢᠱᠢᠶ᠎ᠡ ᠶᠢ ᠰᠤᠩᠭᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ︵ᠬᠢᠩᠭᠠᠨ︶ ᠪᠠ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠪᠠᠶᠢᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ ᠶᠢ 129 ᠨᠡᠷᠡᠶᠢᠳᠦᠭᠰᠡᠨ ᠪᠠᠶᠢᠨ᠎ᠠ᠃ 7 ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ 9 ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ᠃ ᠪᠦᠬᠦ ᠣᠷᠣᠨ ᠳᠤ ᠬᠤᠰᠢᠭᠤ ᠰᠢᠶᠠᠨ᠂ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠵᠢᠱᠢᠶ᠎ᠡ ᠦᠵᠡᠭᠦᠯᠬᠦ ᠨᠢᠭᠡᠴᠡ ᠶᠢ ᠱᠠᠲᠤ ᠱᠠᠲᠤ ᠪᠠᠷ ᠨᠡᠷᠡᠶᠢᠳᠦᠵᠦ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠠᠯᠬᠤᠮ ᠠᠯᠬᠤᠮ ᠢᠶᠠᠷ ᠪᠤᠢ ᠪᠤᠯᠭᠠᠪᠠ᠃ ᠵᠠᠷᠢᠮ ᠰᠤᠮᠤ ︵ᠰᠢᠶᠠᠩ᠂ ᠪᠠᠯᠭᠠᠰᠤ︶᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠴᠦ ᠳᠤᠰ ᠳᠤᠰ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ︵ᠲᠣᠰᠬᠤᠨ᠂ ᠳᠤᠭᠤᠶᠢᠯᠠᠩ︶ ᠦᠨᠳᠦᠰᠦᠲᠡᠨ ᠤ ᠪᠦᠯᠬᠦᠮᠳᠡᠯ ᠤᠨ ᠰᠠᠶᠢᠨ ᠬᠥᠷᠰᠢ ᠵᠡᠷᠭᠡᠯᠡᠳᠡᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠩᠭᠢ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠪᠠᠭᠠᠴᠤᠳ ᠵᠡᠷᠭᠡ ᠡᠭᠦᠳᠦᠨ ᠪᠠᠶᠢᠭᠤᠯᠵᠤ ᠨᠡᠷᠡᠶᠢᠳᠦᠬᠦ ᠠᠵᠢᠯᠯᠠᠭ᠎ᠠ ᠶᠢ ᠦᠷᠨᠢᠭᠦᠯᠵᠦ᠂ ᠨᠡᠶᠢᠲᠡᠯᠢᠭ ᠵᠢᠱᠢᠶ᠎ᠡ ᠪᠤᠯᠭᠠᠬᠤ᠂ ᠲᠡᠷᠢᠭᠦᠨ ᠤ ᠬᠢ ᠠᠴᠠ ᠰᠤᠷᠤᠯᠴᠠᠬᠤ᠂ ᠪᠦᠯᠬᠦᠮᠳᠡᠯ ᠢ ᠠᠬᠢᠭᠤᠯᠬᠤ ᠰᠠᠶᠢᠨ ᠰᠠᠶᠢᠬᠠᠨ ᠣᠷᠴᠢᠨ ᠲᠤᠭᠤᠷᠢᠨ ᠢ ᠲᠦᠭᠡᠮᠡᠯ ᠪᠤᠯᠭᠠᠪᠠ᠃        ᠬᠥᠲᠥᠯᠥᠭᠴᠢ᠄        ᠪᠦᠬᠦ ᠣᠷᠣᠨ ᠤ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠭᠰᠡᠨ ᠶᠡᠭᠡ ᠰᠠᠶᠢᠨ ᠪᠠᠶᠢᠳᠠᠯ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠡᠪᠲᠡᠷᠡᠯᠴᠡᠨ ᠵᠣᠬᠢᠴᠠᠭᠤᠯᠬᠤ ᠠᠵᠢᠯ ᠢ ᠣᠯᠠᠨ ᠬᠢᠪᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠬᠢ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠ ᠲᠠᠨᠢᠯᠴᠠᠭᠤᠯᠤᠭᠠᠳ ᠥᠭᠬᠦ ᠪᠣᠯᠪᠠᠤ︖        ᠶᠦᠨ ᠭᠦᠸᠧ ᠱᠧᠩ᠄        ᠦᠨᠳᠦᠰᠦᠲᠡᠨ ᠤ ᠪᠦᠯᠬᠦᠮᠳᠡᠯ ᠪᠣᠯ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠪᠠ ᠪᠠᠲᠤᠯᠠᠭ᠎ᠠ ᠮᠥᠨ᠂ ᠡᠭᠦᠨ ᠤ ᠬᠠᠮᠲᠤ ᠪᠠᠰᠠ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠶᠤᠮ᠃ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠠᠲᠤ ᠠᠳᠬᠤᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠡᠭᠦᠳᠦᠨ ᠪᠠᠶᠢᠭᠤᠯᠬᠤ ᠠᠵᠢᠯ ᠤᠨ ᠡᠬᠢᠯᠡᠯᠲᠡ ᠪᠠ ᠲᠡᠭᠦᠰᠦᠯᠲᠡ ᠪᠣᠯᠭᠠᠬᠤ ᠶᠢ ᠪᠠᠷᠢᠮᠲᠠᠯᠠᠵᠤ᠂ ᠵᠥᠷᠢᠶᠡᠴᠢᠯᠡᠭᠰᠡᠨ ᠳᠡᠮᠵᠢᠯᠭᠡ ᠶᠢᠨ ᠳᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠵᠢᠱᠢᠶᠡᠯᠡᠪᠡᠯ᠂ 2016 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠠᠯᠭᠤᠷᠯᠠᠭᠰᠠᠨ ᠪᠠᠶᠢᠳᠠᠯ ᠤᠨ ᠳᠣᠣᠷ᠎ᠠ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ 2979 ᠳ᠋ᠦᠩᠰᠢᠭᠤᠷ ᠲᠥᠭᠦᠷᠢᠭ ᠪᠠᠶᠢᠵᠤ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 65.8% ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ ᠮᠥᠩᠭᠦ 400 ᠭᠠᠷᠤᠶ ᠳ᠋ᠦᠩᠰᠢᠭᠤᠷ ᠲᠥᠭᠦᠷᠢᠭ ᠪᠠᠶᠢᠵᠤ᠂ ᠵᠢᠱᠢᠯᠲᠡ ᠪᠠᠷ 21 ᠲᠦᠮᠨ ᠠᠴᠠ ᠳᠡᠭᠡᠭᠰᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠣᠷᠣᠨ ᠤ ᠳᠡᠰ ᠤᠨ ᠶᠠᠳᠠᠭᠤ ᠬᠦᠴᠢᠷᠳᠡᠯᠲᠡᠶ 12 ᠬᠤᠰᠢᠭᠤ ᠰᠢᠶᠠᠨ ᠢ ᠶᠠᠳᠠᠭᠤ ᠠᠴᠠ ᠨᠢ ᠠᠩᠭᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠬᠤᠳᠠ ᠪᠠᠯᠭᠠᠰᠤᠨ ᠤ 26.8 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 257 ᠲᠦᠮᠡᠨ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠪᠠ᠃ ᠪᠠᠰᠠ ᠵᠢᠱᠢᠶᠡᠯᠡᠪᠡᠯ᠂ ᠮᠣᠩᠭᠤᠯ ᠬᠡᠯᠡ ᠪᠠᠷ ᠰᠣᠷᠣᠭᠰᠠᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠯᠪᠠᠳᠠᠨ ᠰᠢᠯᠭᠠᠵᠤ ᠡᠯᠰᠡᠬᠦ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠳᠤ᠂ ᠡᠯᠰᠡᠬᠦ ᠲᠥᠯᠥᠪᠯᠡᠭᠡ ᠶᠢᠨ ᠳᠣᠲᠣᠷ᠎ᠠ ᠠᠴᠠ 15% ᠶᠢᠨ ᠲᠤᠰᠢᠶᠠᠯ ᠤᠨ ᠪᠠᠶᠢᠷᠢ ︵ᠠᠵᠢᠯ ᠤᠨ ᠪᠠᠶᠢᠷᠢ ︶ ᠭᠠᠷᠭᠠᠵᠤ᠂ ᠮᠣᠩᠭᠤᠯ ᠬᠡᠯᠡ ᠪᠠᠷ ᠰᠣᠷᠣᠭᠰᠠᠨ ᠰᠤᠷᠭᠠᠭᠤᠯᠢ ᠲᠡᠭᠦᠰᠦᠭᠰᠡᠳ ᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠬᠦ ᠵᠡᠷᠭᠡ ᠪᠣᠯᠤᠨ᠎ᠠ᠃ ᠠᠯᠢ ᠤᠯᠠᠨ ᠵᠥᠷᠢᠶᠡᠴᠢᠯᠡᠭᠰᠡᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠪᠦᠯᠬᠦᠮᠳᠡᠯ ᠂ ᠦᠨᠳᠦᠰᠦᠲᠡᠨ ᠨᠦᠭᠦᠳ ᠤᠨ ᠬᠠᠮᠲᠤ ᠪᠠᠷ ᠳᠠᠪᠰᠢᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠣᠳᠠᠰ ᠤᠨ ᠰᠠᠭᠤᠷᠢ ᠶᠢ ᠲᠠᠯᠪᠢᠵᠤ᠂ ᠮᠥᠨ ᠴᠦ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠶᠡᠭᠡ ᠪᠠᠷ ᠰᠠᠶᠢᠵᠢᠷᠠᠭᠤᠯᠤᠭᠰᠠᠨ ᠪᠠᠶᠢᠨ᠎ᠠ᠃        ᠬᠥᠲᠥᠯᠥᠭᠴᠢ᠄        ᠲᠠᠨ ᠤ ᠲᠠᠨᠢᠯᠴᠠᠭᠤᠯᠭ᠎ᠠ ᠠᠴᠠ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠢᠰᠲ᠋ᠧᠮᠵᠢ ᠪᠦᠷᠢᠨ ᠲᠡᠭᠦᠯᠳᠡᠷ᠂ ᠦᠷ᠎ᠡ ᠪᠦᠲᠦᠮᠵᠢ ᠪᠠᠷ ᠲᠣᠪᠤᠶᠢᠮ᠎ᠠ ᠪᠠᠶᠢᠵᠤ᠂ ᠡᠯ᠎ᠡ ᠦᠨᠳᠦᠰᠦᠲᠡᠨ ᠤ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠭᠡᠵᠦ ᠬᠡᠯᠡᠵᠦ ᠪᠣᠯᠣᠨ᠎ᠠ᠂ ᠲᠡᠭᠡᠪᠡᠯ ᠲᠠᠨ ᠤ ᠦᠵᠡᠬᠦ ᠪᠠᠷ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠨᠢ ᠡᠶᠢᠮᠦ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠭᠤᠣᠯ ᠰᠢᠯᠲᠠᠭᠠᠨ ᠨᠢ ᠶᠠᠭᠤ ᠪᠤᠢ︖        ᠶᠦᠨ ᠭᠦᠸᠧ ᠱᠧᠩ᠄        ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠤᠷᠲᠤ ᠬᠤᠭᠤᠴᠠᠭᠠᠨ ᠤ ᠲᠤᠷᠰᠢ ᠰᠠᠶᠢᠨ ᠠᠮᠵᠢᠯᠲᠠ ᠪᠦᠲᠦᠮᠵᠢ ᠣᠯᠤᠭᠰᠠᠨ ᠢᠶᠠᠷ ᠡᠯ᠎ᠡ ᠲᠠᠯ᠎ᠠ ᠶᠢᠨ ᠬᠢᠨ ᠤ ᠮᠠᠭᠲᠠᠭᠠᠯ ᠪᠠ ᠰᠠᠶᠢᠰᠢᠶᠠᠯ ᠢ ᠣᠯᠵᠠᠶ᠂ ᠡᠭᠦᠨ ᠳᠤ ᠬᠠᠮᠤᠭ ᠤᠨ ᠵᠠᠩᠭᠢᠯᠠᠭ᠎ᠠ ᠶᠢᠨ ᠴᠢᠨᠠᠷᠲᠠᠶ ᠨᠢᠭᠡ ᠵᠦᠢᠯ ᠪᠣᠯ ᠳᠠᠷᠤᠶ ᠨᠠᠮ ᠤᠨ ᠵᠥᠪ ᠣᠨᠣᠪᠴᠢᠲᠠᠶ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠪᠠ ᠬᠦᠴᠦᠲᠡᠶ ᠳᠡᠮᠵᠢᠭᠰᠡᠨ ᠳᠤ ᠪᠤᠢ᠃ ᠡᠳᠦᠭᠡ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠦᠨᠳᠦᠳᠬᠡᠨ ᠦᠵᠡᠵᠦ᠂ ᠡᠭᠦᠨ ᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠠᠵᠢᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠠᠶᠢᠭᠤᠯᠪᠠ ᠃ ᠮᠠᠨ ᠤ ᠣᠷᠣᠨ ᠳᠤ ᠨᠢᠭᠡᠨᠲᠡ 5 ᠠᠶᠢᠮᠠᠭ ᠬᠤᠲᠠ ᠨᠢ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠶᠤ ᠠᠶᠢᠮᠠᠭ ᠬᠤᠳᠠ ᠶᠢᠨ ᠳᠠᠷᠤᠭ᠎ᠠ ᠪᠠᠷ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠡᠭᠦᠷᠭᠡᠯᠡᠭᠦᠯᠦᠭᠰᠡᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠶᠢ ᠳᠤᠷᠠᠳᠴᠤ᠂ ᠪᠠᠰᠠ ᠨᠢᠭᠡ ᠪᠦᠯᠦᠭ ᠬᠤᠰᠢᠭᠤ ᠰᠢᠶᠠᠨ ︵ᠬᠤᠳᠠ᠂ ᠲᠣᠭᠤᠷᠢᠭ ︶ ᠠᠴᠠ ᠳᠣᠣᠷᠠᠬᠢ ᠨᠢᠭᠡᠴᠡ ᠪᠦᠬᠦ ᠤᠯᠤᠰ ᠂ ᠪᠦᠬᠦ ᠣᠷᠣᠨ ᠤ ᠵᠢᠱᠢᠶ᠎ᠡ ᠦᠵᠡᠭᠦᠯᠬᠦ ᠣᠷᠣᠨ ︵ᠨᠢᠭᠡᠴᠡ︶ ᠢ ᠡᠭᠦᠳᠦᠨ ᠪᠠᠶᠢᠭᠤᠯᠬᠤ ᠬᠠᠷᠠᠯᠲᠠ ᠶᠢ ᠳᠤᠷᠠᠳᠪᠠ᠃ ᠪᠦᠬᠦ ᠣᠷᠣᠨ ᠤ ᠡᠯ᠎ᠡ ᠭᠠᠵᠠᠷ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠤᠯᠤᠰ ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ︵ᠨᠢᠭᠡᠴᠡ︶ ᠢ ᠴᠢᠷᠮᠠᠶᠢᠨ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃        ᠶᠦᠨ ᠬᠦᠸᠧ ᠱᠸᠡᠭ᠄        6 ᠳ᠋ᠤᠭᠠᠷ ᠰᠠᠷ᠎ᠠ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠷᠰᠢᠯᠭ᠎ᠠ ᠰᠣᠯᠢᠯᠴᠠᠬᠤ ᠲᠤᠬᠠᠶ ᠶᠢᠨ ᠲᠠᠯᠠᠪᠤᠷ ᠤᠨ ᠬᠤᠷᠠᠯ ᠮᠠᠨ ᠤ ᠣᠷᠣᠨ ᠤ ᠬᠢᠩᠭᠠᠨ ᠠᠶᠢᠮᠠᠭ ᠲᠤ ᠠᠮᠵᠢᠯᠲᠠ ᠲᠠᠢ ᠬᠤᠷᠠᠯᠳᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠠᠯᠢ ᠤᠯᠠᠨ ᠰᠢᠨ᠎ᠡ ᠪᠠᠶᠢᠷᠢᠯᠠᠭᠤᠯᠤᠯᠲᠠ ᠪᠤᠯᠤᠨ ᠱᠠᠭᠠᠷᠳᠠᠯᠭ᠎ᠠ ᠶᠢ ᠳᠤᠷᠠᠳᠤᠭᠰᠠᠨ ᠨᠢ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠴᠢᠬᠤᠯᠠ ᠵᠢᠷᠤᠮᠯᠠᠯ ᠪᠤᠯᠬᠤ ᠪᠤᠯᠤᠨ᠎ᠠ᠃ ᠪᠢᠳᠠ ᠡᠷᠬᠡᠪᠰᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ᠂ ᠭᠦᠨᠵᠡᠭᠡᠶ ᠣᠶᠢᠯᠠᠭᠠᠵᠤ᠂ ᠳᠡᠳ᠋ ᠶᠡᠷᠦᠩᠬᠡᠶ ᠰᠠᠶᠢᠳ ᠯᠢᠦ ᠶᠠᠨ ᠳ᠋ᠦᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠵᠢᠷᠤᠮᠯᠠᠵᠤ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠪᠦᠭᠡᠳ ᠭᠦᠨᠵᠡᠭᠡᠶ ᠦᠷᠨᠢᠬᠦᠯᠬᠦ ᠦᠨᠳᠦᠰᠦᠲᠡᠨ ᠤ ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠰᠢᠶ᠋ᠳᠪᠦᠷᠢᠯᠡᠬᠦ ᠵᠥᠪ ᠵᠠᠮ ᠤᠨ ᠴᠢᠬᠤᠯᠠ ᠪᠦᠷᠢᠯᠳᠦᠬᠦᠨ ᠬᠡᠰᠡᠭ ᠪᠤᠯᠭᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ᠂ ᠰᠡᠳᠬᠢᠯ ᠰᠠᠨᠠᠭ᠎ᠠ ᠪᠠᠨ ᠨᠢᠭᠡᠳᠬᠡᠨ ᠳᠤᠮᠳᠠᠳᠤ ᠤᠯᠤᠰ ᠤᠨ ᠬᠦᠰᠡᠯ ᠵᠡᠭᠦᠳᠦ ᠪᠠᠨ ᠲᠡᠷᠭᠡᠯᠰᠢᠬᠦᠯᠬᠦ︾ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ ᠂ ᠬᠦᠮᠦᠨᠴᠢᠯᠡᠯᠲᠡ᠂ ᠢᠷᠬᠡᠨᠴᠢᠯᠡᠯ᠂ ᠴᠤᠭᠴᠠᠴᠢᠯᠠᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ ᠡᠭᠦᠳᠦᠨ ᠪᠠᠶᠢᠭᠤᠯᠬᠤ ᠠᠭᠤᠯᠤᠭᠳᠠᠬᠤᠨ ᠢ ᠪᠠᠶᠠᠯᠢᠭᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠬᠦ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠬᠡᠷᠡᠭᠲᠡᠶ᠃ ᠦᠨᠳᠦᠰᠦᠲᠡᠨ ᠤ ᠣᠷᠣᠨ ᠤ ᠬᠥᠭᠵᠢᠯᠲᠡ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠵᠤ᠂ ᠲᠦᠢᠯ ᠤᠨ ᠤᠨᠤᠪᠴᠢᠲᠠᠢ ᠪᠠᠷ ᠬᠠᠪᠰᠤᠷᠤᠨ ᠲᠡᠳᠭᠦᠭᠦ ᠪᠠ ᠲᠦᠷᠦ ᠶᠢᠨ ᠪᠤᠳᠤᠯᠭ᠎ᠠ ᠶᠢ ᠬᠡᠯᠪᠠᠶᠢᠯᠭᠡᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠴᠠ ᠶᠢ ᠲᠦᠷᠭᠡᠳᠭᠡᠬᠦ ᠬᠡᠷᠡᠭᠲᠠᠢ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ᠂ ᠡᠮᠴᠢᠯᠡᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠢ ᠶᠡᠬᠡᠪᠡᠷ ᠰᠠᠶᠢᠵᠢᠷᠠᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠠᠶ ᠠᠰᠢᠭ ᠲᠤᠰᠠ ᠬᠦᠷᠲᠡᠭᠡᠨ᠂ ᠰᠡᠳᠬᠢᠯ ᠰᠠᠨᠠᠭ᠎ᠠ ᠪᠠᠨ ᠨᠢᠭᠡᠳᠬᠡᠬᠦ ᠬᠡᠷᠡᠭᠲᠠᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠠᠷᠢᠯᠴᠠᠨ ᠰᠢᠬᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠠᠬᠤᠶ ᠶᠢ ᠪᠤᠢ ᠪᠤᠯᠭᠠᠬᠤ ᠶᠢ ᠠᠬᠢᠭᠤᠯᠵᠤ᠂ ᠬᠠᠮᠲᠤᠪᠡᠷ ᠰᠠᠭᠤᠷᠢᠰᠢᠵᠤ᠂ ᠬᠠᠮᠲᠤᠪᠡᠷ ᠰᠤᠷᠬᠤ᠂ ᠬᠠᠮᠲᠤᠷᠠᠨ ᠠᠵᠢᠯᠯᠠᠬᠤ᠂ ᠬᠠᠮᠲᠤᠪᠡᠷ ᠪᠠᠶᠠᠰᠬᠤ ᠨᠡᠶᠢᠭᠡᠮ ᠤᠨ ᠨᠥᠬᠦᠴᠡᠯ ᠢ ᠡᠭᠦᠳᠦᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠳᠣᠲᠣᠷ᠎ᠠ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠤᠯᠬᠤ ᠬᠡᠷᠡᠭᠲᠠᠢ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠪᠠ ᠡᠶ᠎ᠡ ᠵᠤᠬᠢᠴᠠᠯ ᠢ ᠦᠨᠳᠦᠰᠦᠨ ᠬᠠᠤᠯᠢ ᠴᠠᠭᠠᠵᠠ ᠪᠠᠷ ᠪᠠᠲᠤᠯᠠᠬᠤ ᠬᠡᠷᠡᠭᠲᠠᠢ᠃ ᠬᠠᠮᠲᠤᠪᠡᠷ ᠡᠭᠦᠳᠬᠦ ᠪᠠ ᠬᠠᠮᠲᠤᠷᠠᠨ ᠬᠥᠳᠡᠯᠦᠯᠴᠡᠬᠦ ᠪᠠᠶᠢᠷᠢᠰᠢᠯ ᠢ ᠪᠦᠷᠢᠨᠰᠢᠬᠦᠯᠵᠤ᠂ ᠭᠤᠣᠯᠳᠠᠯᠭ᠎ᠠ ᠨᠢ ᠡᠩ ᠤᠨ ᠴᠠᠭ ᠲᠤ ᠪᠠ ᠰᠡᠳᠬᠢᠯ ᠢᠶᠠᠨ ᠨᠡᠪᠲᠡᠷᠡᠯᠴᠡᠬᠦ ᠳᠤ ᠪᠠᠶᠢᠵᠤ᠂ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃        ᠬᠥᠲᠥᠯᠥᠭᠴᠢ᠄        ᠡᠴᠦᠰ ᠲᠤ᠂ ᠲᠠ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠭᠤᠣᠯ ᠲᠤᠷᠰᠢᠯᠭ᠎ᠠ ᠡᠰᠡᠬᠦᠯ᠎ᠡ ᠰᠡᠩᠬᠡᠷᠡᠭᠦᠯᠦᠯ ᠢᠶᠠᠨ ᠶᠠᠷᠢᠭᠠᠳ ᠦᠭᠭᠦᠨ᠎ᠡ ᠤᠤ︖        ᠶᠦᠨ ᠬᠦᠸᠧ ᠱᠸᠡᠭ᠄        ᠵᠠ᠃ ᠮᠢᠨᠦ ᠦᠵᠡᠬᠦ ᠪᠠᠷ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠮᠵᠢᠯᠲᠠ ᠤᠯᠤᠭᠰᠠᠨ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠳᠤ ᠪᠤᠢ᠃        ᠨᠢᠭᠡ ᠳᠤ ᠨᠠᠮ ᠤᠨ ᠬᠤᠷᠢᠶ᠎ᠠ ᠵᠠᠰᠠᠭ ᠤᠨ ᠣᠷᠳᠣᠨ ᠭᠤᠤᠯ ᠤᠳᠤᠷᠢᠳᠬᠤ ᠪᠠᠷ ᠲᠤᠯᠬᠤ ᠴᠡᠭ ᠪᠤᠯᠭᠠᠬᠤ ᠶᠢ ᠪᠠᠷᠢᠮᠲᠠᠯᠠᠭᠰᠠᠨ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡᠨ ᠰᠢᠰᠲ᠋ᠧᠮ ᠲᠠᠢ ᠨᠡᠶᠢᠭᠡᠮ ᠤᠨ ᠢᠨᠵᠧᠨᠧᠷᠢᠩ ᠪᠣᠯᠤᠨ᠎ᠠ᠂ ᠲᠡᠷᠡ ᠨᠢ ᠳᠡᠭᠡᠷ᠎ᠡ ᠳᠣᠣᠷ᠎ᠠ᠂ ᠡᠯ᠎ᠡ ᠲᠠᠯ᠎ᠠ ᠶᠢᠨ ᠬᠢᠨ ᠲᠠᠢ ᠪᠠᠷ ᠬᠤᠯᠪᠤᠭᠳᠠᠨ᠎ᠠ᠃ ᠤᠯᠤᠰ ᠬᠦᠷᠦᠨ ᠤ ᠱᠠᠭᠠᠷᠳᠠᠯᠭ᠎ᠠ ᠪᠣᠯᠤᠨ ᠮᠠᠨ ᠤ ᠣᠷᠣᠨ ᠤ ᠣᠶᠢᠷ᠎ᠠ ᠶᠢᠨ ᠬᠡᠳᠦᠨ ᠵᠢᠯ ᠤᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠠᠴᠠ ᠠᠪᠴᠤ ᠦᠵᠡᠪᠡᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷ᠎ᠡ ᠪᠦᠲᠦᠮᠵᠢ ᠭᠠᠷᠭᠠᠶ᠎ᠠ ᠬᠡᠪᠡᠯ᠂ ᠡᠷᠬᠡᠪᠰᠢ ᠨᠢᠭᠡᠳᠦᠭᠡᠷ ᠭᠠᠷ ᠤᠨ ᠢᠨᠵᠧᠨᠧᠷᠢᠩ ᠪᠤᠯᠭᠠᠵᠤ᠂ ᠨᠠᠮ ᠤᠨ ᠬᠤᠷᠢᠶ᠎ᠠ ᠠᠴᠠ ᠤᠳᠤᠷᠢᠳᠴᠤ᠂ ᠵᠠᠰᠠᠭ ᠤᠨ ᠣᠷᠳᠣᠨ ᠠᠴᠠ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠳᠠᠶᠠᠭᠠᠷ ᠥᠷᠭᠡᠨ ᠢᠶᠠᠷ ᠤᠷᠤᠯᠴᠠᠭᠰᠠᠨ ᠠᠵᠢᠯ ᠤᠨ ᠪᠠᠶᠢᠷᠢᠰᠢᠯ ᠢ ᠪᠤᠢ ᠪᠤᠯᠭᠠᠬᠤ ᠬᠡᠷᠡᠭᠲᠠᠢ᠃        ᠬᠤᠶᠠᠷ ᠲᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠤᠤᠱᠯᠠᠭᠤᠯᠬᠤ ᠪᠠᠷ ᠡᠬᠢᠯᠡᠴᠡ ᠪᠤᠯᠭᠠᠬᠤ ᠶᠢ ᠪᠠᠷᠢᠮᠲᠠᠯᠠᠭᠰᠠᠨ ᠪᠠᠶᠢᠨ᠎ᠠ᠃ ᠨᠠᠮ ᠤᠨ ᠦᠨᠳᠦᠰᠦᠲᠡᠨ ᠤ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠤᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠨᠳᠦᠰᠦᠲᠡᠨ ᠤ ᠠᠵᠢᠯ ᠤᠨ ᠡᠯ᠎ᠡ ᠲᠠᠯ᠎ᠠ ᠳᠤ᠂ ᠡᠯ᠎ᠡ ᠭᠤᠭᠴᠤᠭ᠎ᠠ ᠳᠤ ᠦᠨᠡᠨ ᠬᠦ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠠᠮᠤᠷ ᠲᠣᠭᠲᠠᠭᠤᠨ᠂ ᠬᠢᠯᠢ ᠬᠢᠵᠠᠭᠠᠷ ᠤᠨ ᠲᠠᠶᠢᠪᠤᠡᠭ ᠲᠣᠭᠲᠠᠭᠤᠨ ᠪᠠ ᠤᠯᠤᠰ ᠣᠷᠣᠨ ᠤ ᠨᠢᠭᠡᠳᠦᠯ ᠢ ᠬᠠᠮᠠᠭᠠᠯᠠᠭᠰᠠᠨ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠭᠰᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠠᠬᠢᠭᠤᠯᠤᠭᠰᠠᠨ ᠯᠤᠲᠤ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠠᠢ᠃        ᠭᠤᠷᠪᠠ ᠳᠤ ᠭᠤᠣᠯ ᠠᠵᠢᠯ ᠲᠠᠢ ᠤᠶᠠᠯᠳᠤᠭᠤᠯᠬᠤ ᠶᠢ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠨ᠎ᠠ᠃ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠬᠦ ᠶᠡᠷᠦᠩᠬᠡᠶ ᠱᠠᠭᠠᠷᠳᠠᠯᠭ᠎ᠠ ᠨᠢ ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠭᠠᠵᠠᠷ ᠣᠷᠣᠨ ᠤ ᠪᠣᠳᠠᠲᠠᠶ ᠪᠠᠶᠢᠳᠠᠯ ᠳᠤᠨᠢ ᠲᠣᠬᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠣᠯᠣᠨ᠎ᠠ᠃ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠪᠣᠯᠭᠠᠨ ᠦᠵᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠲᠡᠭᠦᠨ ᠢ ᠲᠤᠰ ᠭᠠᠵᠠᠷ ᠣᠷᠣᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠡᠯ᠎ᠡ ᠵᠦᠢᠯ ᠤᠨ ᠠᠵᠢᠯ ᠤᠨ ᠳᠤᠮᠳᠠ ᠠᠭᠤᠰᠬᠠᠨ ᠣᠷᠣᠭᠤᠯᠵᠤ ᠪᠦᠬᠦ᠋ᠢᠯᠡ ᠳᠤᠨᠢ ᠳᠥᠯᠭᠢᠨ ᠠᠬᠢᠭᠤᠯᠤᠨ᠎ᠠ᠃ ᠡᠭᠦᠳᠦᠨ ᠪᠠᠶᠢᠭᠤᠯᠬᠤ ᠠᠵᠢᠯᠯᠠᠭ᠎ᠠ ᠶᠢ ᠨᠡᠶᠢᠭᠡᠮ ᠤᠨ ᠢᠨᠵᠧᠨᠧᠷᠢᠩ ᠪᠣᠯᠭᠠᠨ ᠪᠠᠶᠢᠷᠢᠯᠠᠭᠤᠯᠵᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠶᠠᠳᠠᠭᠤ ᠶᠢ ᠲᠡᠳᠬᠦᠬᠦ ᠰᠢᠪᠲᠤᠯᠤᠯᠲᠠ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ ᠦᠨᠡᠨᠬᠦ ᠪᠠᠬᠢᠵᠢᠭᠦᠯᠦᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠪᠦᠯᠬᠦᠮᠳᠡᠯ ᠲᠠᠢ ᠲᠣᠭᠲᠠᠭᠤᠨ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃        ᠲᠦᠷᠪᠡ ᠳᠤ ︽ᠵᠢᠷᠭᠤᠭᠠᠨ ᠣᠷᠣᠭᠤᠯᠬᠤ︾ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠨ᠎ᠠ᠃ ︽ᠵᠢᠷᠭᠤᠭᠠᠨ ᠣᠷᠣᠭᠤᠯᠬᠤ︾ ᠨᠢ ᠡᠴᠦᠰ ᠤᠨ ᠡᠴᠦᠰ ᠲᠡᠭᠡᠨ ᠳᠠᠷᠤᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠠᠩᠭᠢᠯᠠᠭ᠎ᠠ ᠶᠢᠨ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯ ᠢᠶᠠᠨ ᠬᠠᠮᠤᠭ ᠤᠨ ᠦᠨᠳᠦᠰᠦᠨ ᠱᠠᠲᠤ᠂ ᠠᠷᠠᠳ ᠲᠦᠮᠡᠨ ᠤ ᠳᠤᠮᠳᠠ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢ ᠪᠠᠬᠢᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠨᠢ ᠪᠦᠬᠦ ᠣᠷᠣᠨ ᠤ ︽ᠨᠢᠭᠡᠨ ᠬᠥᠯᠭᠡ ᠰᠢᠳᠡᠷ᠎ᠠ︾ ᠶᠢᠨ ᠦᠵᠡᠯ ᠰᠠᠨᠠᠭ᠎ᠠ ᠶᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤ ᠶᠢᠨ ᠬᠢᠨ ᠬᠠᠮᠲᠤᠷᠠᠨ ᠬᠥᠳᠡᠯᠦᠯᠴᠡᠬᠦ ᠶᠢ ᠲᠦᠯᠬᠢᠨ ᠠᠬᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ︽ᠵᠢᠷᠭᠤᠭᠠᠨ ᠣᠷᠣᠭᠤᠯᠬᠤ︾ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠬᠡᠵᠦ᠂ ᠪᠦᠬᠦᠨ ᠢ ᠬᠠᠮᠤᠷᠬᠤ᠂ ᠪᠠᠯᠠᠶ ᠴᠡᠭ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠭᠦᠳᠦᠨ ᠪᠠᠶᠢᠭᠤᠯᠬᠤ ᠠᠵᠢᠯᠯᠠᠭ᠎ᠠ ᠳᠠᠬᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠢᠶᠠᠩ ᠪᠠᠯᠭᠠᠰᠤ᠂ ᠰᠤᠷᠭᠠᠭᠤᠯᠢ᠂ ᠰᠦᠮ᠎ᠡ ᠬᠡᠶᠢᠳ ᠤᠨ ︽ᠭᠤᠣᠯ ᠵᠢᠭᠰᠠᠭᠠᠯ ᠤᠨ ᠭᠠᠵᠠᠷ᠂ ᠭᠤᠣᠯ ᠠᠷᠭ᠎ᠠ ᠵᠠᠮ︾ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠢᠳᠠᠪᠠᠷ ᠬᠢᠯᠪᠠᠷ ᠳᠠᠷᠠᠭ᠎ᠠ ᠨᠢ ᠬᠦᠴᠢᠷ ᠲᠠᠢ ᠶᠢ ᠰᠢᠢᠳᠪᠦᠷᠢᠯᠡᠬᠦ ᠠᠷᠭ᠎ᠠ ᠠᠪᠴᠤ᠂ ᠳᠡᠰ ᠳᠠᠪᠬᠤᠷᠭ᠎ᠠ ᠬᠤᠪᠢᠶᠠᠨ᠂ ᠲᠥᠷᠥᠯ ᠢᠯᠭᠠᠯ ᠬᠢᠬᠦ ᠠᠷᠭ᠎ᠠ ᠮᠠᠶ᠋ᠢᠭ ᠢᠶᠠᠷ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠪᠠᠰᠠ ᠮᠠᠨ ᠤ ᠣᠷᠣᠨ ᠤ ᠡᠭᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠰᠠᠭᠤᠷᠢᠰᠢᠵᠤ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠴᠡᠷᠢᠭ ᠤᠨ ︵ᠴᠠᠭᠳᠠᠭ᠎ᠠ︶ ᠬᠤᠸᠠᠷᠠᠭ ᠲᠤ ᠣᠷᠣᠬᠤ ᠵᠡᠷᠭᠡ ᠣᠨᠴᠠᠯᠢᠭ ᠪᠦᠬᠦᠢ ᠡᠭᠦᠳᠦᠨ ᠪᠠᠶᠢᠭᠤᠯᠬᠤ ᠲᠥᠷᠥᠯ ᠬᠡᠯᠪᠡᠷᠢ ᠶᠢ ᠬᠠᠶᠢᠨ ᠰᠦᠪᠡᠭᠴᠢᠯᠡᠵᠦ᠂ ᠡᠭᠦᠳᠦᠨ ᠪᠠᠶᠢᠭᠤᠯᠬᠤ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠨ᠎ᠡ᠃        ᠲᠠᠪᠤ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠡᠴᠦᠰ ᠤᠨ ᠬᠠᠷᠠᠯᠲᠠ ᠪᠣᠯᠭᠠᠬᠤ ᠶᠢ ᠪᠠᠷᠢᠮᠲᠠᠯᠠᠨ᠎ᠠ ᠃ ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠣᠬᠠᠢ ᠬᠦᠰᠡᠯ ᠡᠷᠡᠮᠡᠯᠵᠡᠯ ᠨᠢ ᠳᠠᠷᠤᠶ ᠮᠠᠨ ᠤ ᠲᠡᠮᠡᠴᠡᠯ ᠤᠨ ᠬᠠᠷᠠᠯᠲᠠ ᠪᠣᠯᠣᠨ᠎ᠠ᠃ ᠣᠳᠣᠬᠠᠨ ᠳᠤ᠂ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ ᠠᠰᠠᠭᠤᠳᠠᠯ ᠨᠢ ᠨᠢᠭᠡᠨᠲᠡ ᠮᠠᠨ ᠤ ᠣᠷᠣᠨ ᠤ ᠦᠨᠳᠦᠰᠦᠲᠡᠨ ᠤ ᠭᠠᠵᠠᠷ ᠣᠷᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠤᠷᠢᠳᠴᠢᠯᠡᠨ ᠪᠡᠶᠡᠯᠡᠭᠦᠯᠬᠦ ᠶᠢᠨ ᠪᠣᠭᠤᠮᠢ ᠪᠣᠯᠵᠤ ᠪᠤᠢ᠂ ᠮᠦᠨ ᠴᠤ ᠣᠳᠣᠬᠢ ᠱᠠᠲᠤᠨ ᠳᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠤᠨ ᠲᠡᠷᠢᠭᠦᠨ ᠴᠢᠬᠤᠯᠠ ᠭᠤᠣᠯ ᠠᠰᠠᠭᠤᠳᠠᠯ ᠪᠣᠯᠣᠨ᠎ᠠ᠃ ︽ᠬᠤᠶᠠᠷ ᠬᠠᠮᠲᠤ ᠶᠢᠨ︾ ᠦᠨᠳᠦᠰᠦᠲᠡᠨ ᠤ ᠠᠵᠢᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠶᠡᠭᠡ ᠪᠠᠷ ᠵᠣᠷᠢᠭ ᠰᠢᠭᠤᠳᠤᠨ᠂ ᠶᠡᠭᠡ ᠬᠦᠴᠦ ᠣᠷᠣᠭᠤᠯᠵᠤ᠂ ᠲᠤᠰ ᠣᠷᠣᠨ ᠪᠦᠰᠡ ᠳᠠᠬᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠤᠨ᠎ᠠ᠃ ᠡᠭᠦᠨ ᠤ ᠬᠠᠮᠲᠤ᠂ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠺᠠᠳ᠋ᠷ ᠤᠯᠠᠨ ᠲᠦᠮᠡᠨ ᠪᠠᠰᠠ ᠬᠦᠯᠢᠶᠡᠬᠦ᠂ ᠲᠦᠰᠢᠬᠦ᠂ ᠠᠪᠬᠤ ᠦᠵᠡᠯ ᠰᠠᠨᠠᠭ᠎ᠠ ᠪᠠᠨ ᠲᠠᠶᠠᠭᠳᠠᠵᠤ᠂ ᠥᠪᠡᠷ ᠤᠨ ᠬᠦᠴᠦ ᠪᠠᠷ ᠢᠶᠠᠨ ᠲᠡᠭᠵᠢᠷᠡᠨ᠂ ᠪᠡᠶ᠎ᠡ ᠪᠠᠨ ᠳᠠᠭᠠᠭᠠᠵᠤ ᠬᠥᠭᠵᠢᠬᠦ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠳᠣᠲᠣᠷ᠎ᠠ ᠤᠷᠣᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠵᠡᠷᠭᠡ ᠳᠤᠨᠢ ᠪᠠᠶᠢᠭᠤᠯᠤᠨ ᠪᠦᠲᠦᠭᠡᠬᠦ ᠶᠢ ᠪᠡᠶᠡᠯᠡᠭᠦᠯᠦᠨ᠂ ᠦᠨᠳᠦᠰᠦᠲᠡᠨ ᠨᠦᠭᠦᠳ ᠲᠤ ᠥᠭᠡᠷᠡᠴᠢᠯᠡᠯᠲᠡ ᠬᠥᠭᠵᠢᠯᠲᠡ ᠶᠢᠨ ᠠᠰᠢᠭ ᠢ ᠬᠠᠮᠲᠤᠪᠡᠷ ᠡᠳ᠋ᠯᠡᠭᠦᠯᠬᠦ ᠪᠠᠷ ᠴᠢᠷᠮᠠᠶᠢᠨ᠎ᠠ᠃        ᠬᠥᠲᠥᠯᠥᠭᠴᠢ᠄        ᠵᠠ ᠲᠡᠭᠡᠶ᠎ᠠ᠂ ᠡᠷᠬᠢᠯᠡᠭᠴᠢ ᠶᠢᠨ ᠭᠤᠶᠢᠳᠠ ᠰᠠᠶᠢᠬᠠᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠶᠢᠬᠠᠨ ᠠᠭᠤᠯᠵᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号