ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠬᠦᠴᠦᠯᠡᠨ ᠠᠬᠢᠭᠤᠯᠵᠤ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠲᠠᠯ᠎ᠠ ᠪᠠᠷ ᠠᠷᠠᠳ ᠲᠦᠮᠡᠨ ᠳᠤ ᠲᠠᠭᠠᠰᠢᠶᠠᠭᠳᠠᠭᠰᠠᠨ ᠬᠥᠬᠡᠬᠤᠲᠠ ᠶᠢ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2017-05-23
       ᠰᠤᠷᠪᠤᠯᠵᠢᠯᠠᠭᠰᠠᠨ ᠴᠠᠭ᠄        2017 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ        ᠰᠤᠷᠪᠤᠯᠵᠢᠯᠠᠭᠰᠠᠨ ᠵᠣᠴᠢᠨ᠄        ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠤᠤ ᠬᠤᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠠᠮᠤᠷ ᠲᠦᠪᠰᠢᠨ ᠬᠥᠬᠡᠬᠤᠲᠠ ᠶᠢ ᠪᠦᠲᠦᠭᠡᠨ ᠪᠠᠶᠢᠭᠤᠯᠬᠤ︾ ᠪᠠᠷ ᠬᠦᠴᠦᠲᠡᠶ ᠭᠠᠷᠳᠠᠴᠠ ᠪᠣᠯᠭᠠᠨ᠂ ᠴᠢᠩᠭ᠎ᠠ ᠠᠳᠬᠤᠨ ᠬᠠᠷᠢᠭᠤᠴᠠᠯᠭ᠎ᠠ ᠶᠢ ᠴᠢᠩᠳᠠᠯᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠦᠬᠦ ᠶᠠᠪᠤᠴᠠ ᠶᠢ ᠬᠢᠨᠠᠨ ᠬᠠᠮᠢᠶᠠᠷᠴᠤ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠡᠷᠡᠰ ᠰᠠᠶᠢᠲᠤᠷ ᠰᠠᠬᠢᠨ ᠬᠠᠮᠠᠭᠠᠯᠠᠭᠰᠠᠭᠠᠷ ᠢᠷᠡᠵᠡᠢ᠃ ᠦᠢᠷ᠎ᠠ ᠳᠤ᠂ ᠪᠢᠳᠡ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠤᠤ ᠬᠤᠩ ᠢ ᠤᠷᠢᠵᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠪᠣᠳᠣᠯ ᠰᠠᠨᠠᠯ ᠢᠶᠠᠨ ᠰᠣᠯᠢᠯᠴᠠᠬᠤ ᠪᠣᠯᠤᠨ᠎ᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄        ᠬᠥᠲᠥᠯᠥᠭᠴᠢ᠄        ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ᠂ ᠲᠠᠨ ᠪᠦᠬᠦᠨ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠲᠦᠢᠯ ᠤᠨ ᠠᠵᠠ ᠲᠠᠢ ᠪᠠᠷ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠤᠤ ᠬᠤᠩ ᠢ ᠤᠷᠢᠵᠤ᠂ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠣᠯᠢᠯᠴᠠᠬᠤ ᠪᠣᠯᠣᠯ᠎ᠠ᠃ ᠵᠢᠶᠤᠤ ᠲᠣᠪᠴᠢᠶ᠎ᠠ ᠶᠢᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕        ᠵᠢᠶᠤᠤ ᠬᠤᠩ᠄        ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠳᠡᠭᠡᠷ᠎ᠡ ᠲᠠ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠤᠨ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠦᠢᠯᠡᠰ ᠢ ᠤᠷᠳᠤ ᠬᠤᠭᠤᠴᠠᠭᠠᠨ ᠤ ᠲᠤᠷᠰᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕        ᠬᠥᠲᠥᠯᠥᠭᠴᠢ᠄        ᠲᠠ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠶᠡᠷᠦᠩᠬᠡᠶ ᠪᠠᠶᠢᠳᠠᠯ ᠤᠨ ᠲᠤᠬᠠᠶ ᠳᠥᠭᠦᠮ ᠲᠠᠨᠢᠯᠴᠠᠭᠤᠯᠤᠭᠠᠳ ᠥᠭᠭᠦᠨ᠎ᠡ ᠤᠤ︖        ᠵᠢᠶᠤᠤ ᠬᠤᠩ᠄        ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠᠶᠢᠬᠤ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ᠂ ᠬᠠᠮᠤᠭ ᠤᠨ ᠨᠠᠭᠠᠳᠤ ᠵᠠᠬ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠮᠦᠨ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠦᠨᠳᠦᠰᠦ ᠨᠢ ᠳᠠᠷᠤᠶ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠵᠤ᠂ ᠠᠷᠠᠳ ᠣᠯᠠᠨ ᠤ ᠡᠷᠡᠭᠦᠯ ᠮᠡᠨᠳᠤ ᠶᠢ ᠠᠬᠢᠭᠤᠯᠬᠤ ᠶᠠᠪᠤᠳᠠᠯ ᠪᠣᠯᠣᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠵᠡᠢ᠂ ᠢᠯᠠᠩᠭᠤᠶ᠎ᠠ ︽ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠦᠢᠯᠡᠳᠪᠦᠷᠢᠯᠡᠵᠦ ᠪᠣᠯᠪᠠᠰᠤᠷᠠᠭᠤᠯᠬᠤ ᠦᠢᠯᠡᠳᠬᠡᠯ ᠪᠠ ᠢᠳᠡᠭᠡᠨ ᠤ ᠵᠦᠶ᠋ᠯᠡᠰ ᠤᠨ ᠳᠡᠯᠭᠡᠭᠡ ᠬᠤᠳᠠᠯᠳᠤᠭᠠᠨ ᠤ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠨᠢᠭᠡ ᠬᠠᠤᠯᠢ ᠨᠢᠭᠡ ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠬᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠴᠢᠬᠤᠯᠠ ᠠᠴᠠ ᠴᠢᠬᠤᠯᠠ ᠪᠣᠯᠭᠠᠵᠤ᠂ ᠴᠢᠬᠤᠯᠠ ᠲᠣᠮᠤ ᠲᠦᠷᠦ ᠶᠢᠨ ᠡᠭᠦᠷᠭᠡ ᠪᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠠᠮᠤᠷ ᠲᠦᠪᠰᠢᠨ ᠪᠠᠶᠢᠬᠤ ᠬᠥᠬᠡᠬᠤᠲᠠ ᠶᠢ ᠪᠦᠲᠦᠭᠡᠨ ᠪᠠᠶᠢᠭᠤᠯᠬᠤ︾ ᠪᠠᠷ ᠬᠦᠴᠦᠲᠡᠶ ᠭᠠᠷᠳᠠᠴᠠ ᠪᠣᠯᠭᠠᠵᠤ᠂ ᠴᠢᠩᠭ᠎ᠠ ᠠᠳᠬᠤᠨ ᠬᠠᠷᠢᠭᠤᠴᠠᠯᠭ᠎ᠠ ᠪᠠᠨ ᠴᠢᠩᠳᠠᠯᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠪᠠ ᠬᠡᠷᠡᠭᠯᠡᠬᠦ ᠵᠠᠩᠭᠢᠯᠠᠭ᠎ᠠ ᠶᠢᠨ ᠲᠠᠯ᠎ᠠ ᠪᠠᠷ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠴᠢᠨᠠᠷ᠂ ᠪᠦᠲᠦᠮᠵᠢᠲᠦ ᠴᠢᠨᠠᠷ ᠲᠤ ᠲᠥᠪᠯᠡᠷᠡᠩᠭᠦᠶ ᠨᠢᠭᠡᠳᠦᠯᠲᠡᠶ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠬᠠᠤᠯᠢ ᠨᠢᠭᠡ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠦᠨᠡᠨᠬᠦ ᠲᠦᠯᠬᠢᠨ ᠠᠬᠢᠭᠤᠯᠵᠤ ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠡᠷᠡᠰ ᠰᠠᠶᠢᠲᠤᠷ ᠰᠠᠬᠢᠨ ᠬᠠᠮᠠᠭᠠᠯᠠᠪᠠ᠃        ᠡᠭᠦᠨ ᠤ ᠬᠠᠮᠲᠤ᠂ ᠪᠢᠳᠡ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ᠂ ᠬᠥᠮᠦᠰ ᠤᠨ ᠠᠮᠢᠳᠤᠷᠠᠯ ᠤᠨ ᠬᠢᠷᠢ ᠲᠥᠪᠰᠢᠨ ᠤ ᠳᠡᠭᠡᠭᠰᠢᠯᠡᠯᠲᠡ ᠶᠢ ᠳᠠᠭᠠᠯᠳᠤᠨ᠂ ᠥᠷᠭᠡᠨ ᠤᠯᠠᠨ ᠬᠤᠳᠠ ᠶᠢᠨ ᠠᠷᠠᠳ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠣᠨ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠳᠤ ᠲᠠᠯᠪᠢᠬᠤ ᠱᠠᠭᠠᠷᠳᠠᠯᠭ᠎ᠠ ᠤᠯᠠᠮ ᠠᠴᠠ ᠤᠯᠠᠮ ᠥᠨᠳᠥᠷ ᠪᠣᠯᠵᠠᠶ᠃ ᠣᠳᠣᠬᠠᠨ ᠳᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠮᠥᠨ ᠯᠡ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠬᠢᠨᠠᠯᠲᠠ ᠬᠠᠮᠢᠶᠠᠷᠤᠯᠲᠠ ᠳᠤ ᠮᠦᠨᠬᠦ ᠮᠠᠰᠢ ᠣᠯᠠᠨ ᠲᠦᠭᠰᠢᠭᠦᠷᠢ ᠲᠤᠯᠭᠠᠷᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠨᠥᠯᠥᠭᠡᠯᠡᠬᠦ ᠭᠦᠨ ᠳᠠᠪᠬᠤᠷᠭ᠎ᠠ ᠶᠢᠨ ᠠᠰᠠᠭᠤᠳᠠᠯ ᠢ ᠦᠨᠳᠦᠰᠦᠨ ᠠᠴᠠ ᠨᠢ ᠰᠢᠶ᠋ᠳᠪᠦᠷᠢᠯᠡᠭᠡᠳᠦᠶ ᠪᠠᠶᠢᠭᠰᠠᠭᠠᠷ ᠪᠣᠯᠬᠤᠷ᠂ ᠣᠳᠣᠬᠢ ᠪᠠᠶᠢᠳᠠᠯ ᠤᠨ ᠳᠣᠣᠷᠠᠬᠢ ᠢᠳᠡᠭᠡᠨ ᠪᠠ ᠡᠮ ᠤᠨ ᠵᠦᠢᠯᠡᠰ ᠤᠨ ᠠᠮᠤᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠨᠢ ᠲᠦᠢᠯ ᠤᠨ ᠲᠤᠯᠭᠠᠮ᠎ᠠ ᠪᠥᠭᠡᠳ ᠴᠢᠬᠤᠯᠠ ᠪᠤᠯᠵᠤ ᠪᠠᠶᠢᠨ᠎ᠠ᠃        ᠬᠥᠲᠥᠯᠥᠭᠴᠢ᠄        2017 ᠣᠨ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠭᠤᠯᠬᠤ ᠪᠥᠭᠡᠳ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠪᠣᠯᠬᠤᠷ᠂ ᠬᠥᠬᠡᠬᠤᠲᠠ ᠶᠢᠨ ᠴᠢᠬᠤᠯᠠ ᠠᠵᠢᠯᠯᠠᠭ᠎ᠠ ᠨᠡᠯᠢᠶᠡᠳ ᠤᠯᠡᠠ ᠪᠠᠶᠢᠨ᠎ᠠ᠃ ᠢᠳᠡᠭᠡᠨ ᠪᠠ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠣᠷᠣᠨ ᠤ ᠲᠥᠪ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠣᠯᠠᠠ ᠤ ᠢᠳᠡᠭᠡᠨ ᠤᠮᠳᠠᠭᠠᠨ ᠪᠣᠯᠣᠨ ᠡᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ ᠪᠠᠶᠢᠬᠤ ᠪᠤᠢ︖        ᠵᠢᠶᠤᠤ ᠬᠤᠩ᠄        2017 ᠣᠨ ᠳᠤ᠂ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠤᠨ ᠵᠥᠪᠯᠡᠯ ᠤᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠶ᠋ᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠢ ᠪᠡᠯᠭᠡᠯᠡᠬᠦ ᠶᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠴᠢᠩᠭ᠎ᠠ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠬᠢᠵᠠᠭᠠᠷᠯᠠᠵᠤ᠂ ᠦᠨᠡᠨ ᠪᠣᠳᠠᠲᠠᠶ ᠠᠵᠢᠯ ᠬᠢᠵᠦ᠂ ᠡᠮᠦᠨ᠎ᠡ ᠡᠩᠨᠡᠭᠡᠨ ᠳᠤ ᠬᠤᠰᠢᠭᠤᠷᠠᠵᠤ᠂ ᠢᠳᠡᠭᠡᠨ ᠪᠠ ᠡᠮ ᠤᠨ ᠵᠦᠢᠯ ᠠᠮᠤᠷ ᠲᠦᠪᠰᠢᠨ ᠪᠠᠶᠢᠬᠤ ᠲᠥᠪ ᠬᠤᠲᠠ ᠶᠢ ᠴᠢᠷᠮᠠᠶᠢᠨ ᠪᠦᠳᠦᠭᠡᠨ ᠪᠠᠶᠢᠭᠤᠯᠵᠤ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠦᠨᠡᠨ ᠬᠦ ᠬᠠᠮᠠᠭᠠᠯᠠᠵᠤ᠂ ᠴᠤᠭ ᠪᠠᠳᠠᠷᠠᠩᠭᠤᠶ ᠤᠶᠤᠨ ᠰᠠᠨᠠᠭᠠᠨ ᠤ ᠳᠦᠷᠰᠦ ᠪᠠᠶᠢᠳᠠᠯ ᠪᠠ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠡᠭᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃        ︵ᠨᠢᠭᠡ︶ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠬᠤᠶᠠᠷ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠳᠥᠷᠪᠡᠨ ᠵᠦᠢᠯ ᠨᠢᠭᠡ ᠪᠠᠭᠠᠵᠢ︾ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠤᠨ ᠪᠦᠷᠢᠨᠰᠢᠭᠦᠯᠵᠦ᠂ ᠲᠣᠣᠷᠴᠢᠯᠠᠭᠰᠠᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠳᠦᠷᠪᠡᠵᠢᠬᠦᠯᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ᠂ ︽ᠬᠤᠶᠠᠷ ᠢ ᠲᠠᠰᠢᠷᠠᠮ ᠢᠶᠠᠷ ᠨᠢᠭᠡ ᠶᠢ ᠢᠯᠡ ᠪᠣᠯᠭᠠᠬᠤ︾ ᠪᠠ ᠠᠵᠤ ᠠᠬᠤᠶᠢᠯᠠᠯ ᠢ ᠬᠢᠨᠠᠨ ᠬᠠᠮᠢᠶᠠᠷᠬᠤ ︽ᠰᠠᠷ᠎ᠠ ᠪᠦᠷᠢ ᠲᠣᠭᠤᠷᠢᠨ ᠪᠠᠶᠢᠴᠠᠭᠠᠬᠤ᠂ ᠤᠯᠠᠷᠢᠯ ᠪᠦᠷᠢ ᠲᠣᠭᠲᠠᠮᠠᠯ ᠬᠤᠷᠠᠯ ᠬᠢᠬᠦ᠂ ᠬᠠᠭᠠᠰ ᠵᠢᠯ ᠳᠤ ᠲᠤᠰᠢᠶᠠᠯ ᠤᠨ ᠮᠡᠳᠡᠭᠦᠯᠦᠯᠲᠡ ᠬᠢᠬᠦ᠂ ᠵᠢᠯ ᠤᠨ ᠡᠴᠦᠰ ᠦᠨᠡᠯᠡᠯᠲᠡ ᠬᠢᠬᠦ︾ ᠵᠡᠷᠭᠡ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠨᠡ ᠵᠢᠯ ᠡᠮ ᠤᠨ ᠵᠦᠢᠯ ᠵᠢᠵᠢᠭᠯᠡᠨ ᠬᠤᠳᠠᠯᠳᠤᠬᠤ 5% ᠠᠴᠠ ᠳᠡᠭᠡᠭᠰᠢᠬᠢ ᠠᠵᠤ ᠠᠬᠤᠶᠢᠯᠠᠯ ᠳᠤ ︽ᠲᠦᠷᠭᠡᠨ ᠪᠠᠶᠢᠴᠠᠭᠠᠯᠲᠠ︾ ᠬᠢᠵᠦ᠂ ᠬᠠᠤᠯᠢ ᠪᠤᠰᠤ ᠡᠮ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠶᠢ ᠣᠯᠵᠤ ᠮᠡᠳᠡᠪᠡᠯ᠂ ᠠᠵᠤ ᠠᠬᠤᠶᠢᠯᠠᠯ ᠤᠨ ᠡᠮ ᠤᠨ ᠵᠦᠢᠯ ᠤᠨ GSP ᠦᠨᠡᠮᠯᠡᠯ ᠢ ᠨᠢ ᠴᠥᠮ ᠬᠦᠴᠦᠨ ᠦᠭᠡᠢ ᠪᠣᠯᠭᠠᠨ᠎ᠠ᠃        ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠯᠭᠠᠬᠤ ᠤᠷᠢᠳᠴᠢᠯᠠᠨ ᠰᠡᠷᠡᠮᠵᠢᠯᠡᠭᠦᠯᠬᠦ ᠪᠠ ᠡᠵᠡᠮᠳᠡᠬᠦ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠠᠲᠤᠯᠠᠭ᠎ᠠ ᠶᠢᠨ ᠠᠵᠢᠯ ᠤᠨ ᠲᠥᠰᠦᠯ ᠢ ᠨᠢᠮᠪᠠᠶ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠭᠠᠲᠠᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃        ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠦᠯᠢᠭᠡᠷ ᠠᠪᠴᠤ ᠪᠠᠶᠢᠴᠠᠭᠠᠬᠤ ᠪᠠ ᠬᠢᠨᠠᠨ ᠬᠡᠮᠵᠢᠬᠦ ᠠᠵᠢᠯ ᠢ ᠰᠠᠶᠢᠳᠤᠷ ᠬᠢᠨ᠎ᠡ᠃ ᠡᠨᠡ ᠵᠢᠯ ᠳᠤ 4 ᠪᠦᠯᠦᠭ ᠤᠳᠠᠭ᠎ᠠ / ᠮᠢᠩᠭᠠᠨ ᠬᠥᠮᠦᠨ ᠤ ᠢᠳᠡᠭᠡᠨ ᠳᠤ ᠰᠤᠭᠤᠴᠠᠨ ᠪᠠᠶᠢᠴᠠᠭᠠᠯᠲᠠ ᠬᠢᠬᠦ ᠡᠭᠦᠷᠭᠡ ᠶᠢᠨ ᠪᠡᠶᠡᠯᠡᠯᠲᠡ ᠶᠢ ᠦᠨᠡᠨ ᠬᠦ ᠪᠠᠲᠤᠯᠠᠵᠤ᠂ ᠪᠦᠬᠦ ᠬᠤᠲᠠ ᠶᠢᠨ ᠬᠡᠪᠴᠢᠶᠡᠨ ᠳᠤ ᠡᠯ᠎ᠡ ᠵᠠᠩᠭᠢᠯᠠᠭ᠎ᠠ᠂ ᠡᠯ᠎ᠡ ᠲᠥᠷᠥᠯ ᠤᠨ ᠡᠵᠡᠩᠨᠡᠯᠲᠡ ᠶᠢᠨ ᠪᠠᠶᠢᠳᠠᠯ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠲᠦᠷᠭᠡᠨ ᠪᠠᠶᠢᠴᠠᠭᠠᠬᠤ ᠰᠢᠭᠰᠢᠨ ᠪᠠᠶᠢᠴᠠᠭᠠᠬᠤ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠲᠦᠭᠰᠢᠭᠦᠷᠢ ᠶᠡᠬᠡᠲᠡᠶ ᠲᠥᠷᠥᠯ ᠵᠦᠢᠯ᠂ ᠲᠦᠭᠰᠢᠭᠦᠷᠢ ᠶᠡᠬᠡᠲᠡᠶ ᠵᠠᠩᠭᠢᠯᠠᠭ᠎ᠠ᠂ ᠲᠦᠭᠰᠢᠭᠦᠷᠢ ᠶᠡᠬᠡᠲᠡᠶ ᠣᠷᠣᠨ ᠪᠦᠰᠡ ᠳᠤ ᠬᠢᠨᠠᠯᠲᠠ ᠲᠠᠯᠪᠢᠵᠤ ᠰᠤᠭᠤᠴᠡᠠ ᠪᠠᠶᠢᠴᠠᠭᠠᠬᠤ ᠶᠢ ᠳᠣᠪᠤᠶᠢᠯᠭᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠪᠦᠲᠦᠮᠵᠢᠲᠡᠶ ᠪᠠᠷ ᠰᠢᠶ᠋ᠳᠪᠦᠷᠢᠯᠡᠨ᠎ᠡ᠃ ᠪᠠᠷᠢᠮᠵᠢᠶ᠎ᠠ ᠳᠤ ᠨᠡᠶᠢᠴᠡᠬᠦ ᠦᠭᠡᠢ ᠪᠦᠲᠦᠭᠡᠭᠳᠡᠬᠦᠨ ᠤ ᠰᠡᠭᠦᠯᠴᠢ ᠶᠢᠨ ᠰᠢᠢᠳᠪᠦᠷᠢᠯᠡᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠠᠰᠠᠭᠤᠳᠠᠯ ᠲᠠᠢ ᠪᠦᠲᠦᠭᠡᠭᠳᠡᠬᠦᠨ ᠢ ᠲᠡᠷᠡ ᠳᠠᠷᠤᠶ ᠳᠤᠨᠢ ᠬᠢᠨᠠᠨ ᠪᠠᠶᠢᠴᠠᠭᠠᠨ ᠰᠢᠢᠳᠪᠦᠷᠢᠯᠡᠵᠦ᠂ ᠲᠦᠢᠯᠪᠤᠷᠢᠲᠠᠶ ᠤᠭ ᠦᠨᠳᠦᠰᠦ ᠶᠢ ᠨᠢ ᠡᠷᠢᠵᠦ᠂ ᠬᠤᠯᠪᠣᠭᠳᠠᠭᠰᠠᠨ ᠪᠦᠬᠦᠨ ᠳᠤ ᠲᠤᠤᠱᠲᠠᠢ ᠮᠥᠷᠳᠡᠨ᠂ ᠲᠤᠤᠱᠲᠠᠢ ᠮᠡᠳᠡᠭᠡᠯᠡᠵᠦ᠂ ᠠᠵᠤ ᠠᠬᠤᠶᠢᠯᠠᠯ ᠳᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠬᠢᠨᠠᠯᠲᠠ ᠲᠠᠯᠪᠢᠬᠤ ᠰᠤᠭᠤᠴᠡᠠ ᠪᠠᠶᠢᠴᠠᠭᠠᠬᠤ ᠦᠢᠯᠡᠳᠦᠯ ᠢ ᠳᠡᠭᠡᠭᠰᠢᠯᠡᠭᠦᠯᠦᠨ᠎ᠠ᠃        ︵ᠭᠤᠷᠪᠠ︶ ᠬᠠᠮᠤᠭ ᠤᠨ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠲᠦᠪᠡᠭᠲᠡᠶ ᠠᠰᠠᠭᠤᠳᠠᠯ ᠢ ᠴᠢᠩᠭ᠎ᠠ ᠠᠩᠬᠠᠷᠴᠤ᠂ ᠪᠤᠰᠢᠭᠤ ᠬᠥᠳᠡᠯᠦᠯᠴᠡᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠤᠳᠠᠯ ᠬᠤᠯᠢᠮᠠᠭ ᠵᠦᠢᠯ ᠢ ᠪᠣᠷᠣᠯᠠᠭᠤᠯᠬᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠰᠢᠨᠡᠳᠬᠡᠭᠰᠡᠨ ᠪᠦᠲᠦᠬᠡᠭᠳᠡᠬᠦᠨ ᠢᠶᠠᠷ ᠮᠡᠬᠡᠯᠡᠬᠦ ᠪᠠ ᠡᠯ᠎ᠡ ᠵᠦᠢᠯ ᠤᠨ ︽ᠳᠠᠯᠳᠠ ᠳᠦᠷᠢᠮ︾ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃        ᠶᠡᠭᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠲᠣᠯᠣᠭᠠᠢ ᠦᠨᠳᠡᠶᠢᠮᠡᠭᠴᠡ ᠳᠠᠷᠤᠶ ᠳᠤ ᠨᠢ ᠴᠣᠬᠢᠯᠲᠠ ᠥᠭᠴᠦ᠂ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠲᠠᠢ ᠪᠠᠶᠢᠯᠭᠠᠨ᠎ᠠ᠃ ᠲᠣᠮᠣ ᠬᠡᠷᠡᠭ ᠴᠢᠬᠤᠯᠠ ᠬᠡᠷᠡᠭ ᠢ ᠰᠢᠮᠳᠠᠭᠤᠯᠤᠨ ᠰᠢᠶ᠋ᠳᠪᠦᠷᠢᠯᠡᠭᠦᠯᠬᠦ ᠳᠦᠷᠢᠮ ᠢ ᠬᠡᠷᠡᠭᠵᠢᠭᠦᠯᠵᠦ᠂ ᠡᠷᠡᠭᠦᠦ ᠰᠢᠳᠬᠡᠯ ᠢ ᠵᠣᠯᠭᠠᠭᠤᠯᠬᠤ ᠠᠵᠢᠯ ᠢ ᠴᠢᠩᠭᠠᠳᠬᠠᠵᠤ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠠᠷᠠᠳ ᠤᠯᠠᠨ ᠳᠤ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠲᠥᠷᠥᠭᠳᠡᠭᠦᠯᠦᠨ᠎ᠡ᠃        ︵ᠲᠦᠷᠪᠡ︶ ︽ᠬᠤᠭᠤᠯᠨ ᠤᠮᠳᠠᠭᠠᠨ ᠤ ᠪᠣᠬᠢᠷᠲᠤᠯ︾ ᠢ ᠵᠠᠰᠠᠵᠤ᠂ ᠢᠳᠡᠭᠡᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠲᠣᠭᠤᠭᠠᠨ ᠭᠡᠷ ᠤᠨ ᠬᠤᠪᠢᠰᠬᠠᠯ︾ ᠬᠢᠵᠦ᠂ ᠢᠳᠡᠭᠡᠨ ᠤᠮᠳᠠᠭᠠᠨ ᠤ ᠦᠢᠯᠡᠰ ᠲᠤ ᠣᠷᠣᠰᠢᠵᠤ ᠪᠠᠶᠢᠭ᠎ᠠ ᠮᠤᠵᠢᠭᠤᠳᠠ ᠭᠡᠮ ᠢ ᠲᠦᠢᠯᠪᠤᠷᠢᠲᠠᠶ ᠰᠢᠶ᠋ᠳᠪᠦᠷᠢᠯᠡᠨ᠎ᠡ᠃ ᠬᠡᠮᠵᠢᠶᠡᠵᠢᠭᠦᠯᠦᠨ ᠱᠠᠲᠤ ᠬᠤᠪᠢᠶᠠᠨ ᠳᠡᠰ ᠳᠡᠭᠡᠭᠰᠢᠯᠡᠭᠦᠯᠬᠦ ᠪᠠ ︽ᠠᠷᠢᠭᠤᠨ ᠴᠡᠪᠡᠷ ᠲᠣᠭᠤᠭᠠᠨ ᠬᠡᠷ︾ ᠤᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠬᠤᠭᠤᠯᠠ ᠤᠮᠳᠠᠭᠠᠨ ᠤ ᠨᠢᠭᠡᠴᠡ + ᠬᠡᠳᠦ ᠳᠡᠯᠭᠡᠭᠦᠷ + ᠬᠤᠷᠰᠢᠶ᠎ᠠ ︾᠂ ︽ᠳᠠᠷᠢᠵᠤ ᠲᠡᠵᠢᠭᠡᠬᠦ ᠰᠠᠭᠤᠷᠢᠨ ᠭᠠᠵᠠᠷ + ᠲᠥᠪ ᠲᠣᠭᠤᠭᠠᠨ ᠭᠡᠷ + ᠢᠳᠡᠭᠡᠨ ᠤᠮᠳᠠᠭᠠᠨ ᠤ ᠳᠡᠯᠭᠡᠭᠦᠷ︾ ᠢ ᠳᠡᠯᠭᠡᠷᠡᠭᠦᠯᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠦᠬᠦ ᠶᠠᠪᠤᠴᠠ ᠶᠢ ᠮᠥᠷᠳᠡᠨ ᠨᠡᠬᠡᠮᠵᠢᠯᠡᠬᠦ ᠶᠢ ᠪᠠᠲᠤᠯᠠᠨ᠎ᠠ᠃ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠬᠠᠶᠠᠭᠳᠠᠮᠠᠯ ᠪᠣᠳᠠᠰ ᠪᠣᠯᠤᠨ ᠪᠠᠷᠢᠮᠵᠢᠶ᠎ᠠ ᠳᠤ ᠨᠡᠶᠢᠴᠡᠬᠦ ᠥᠭᠡᠢ ᠮᠠᠯ ᠵᠢᠭᠦᠷᠲᠡᠨ ᠤ ᠪᠦᠲᠦᠭᠡᠭᠳᠡᠬᠦᠨ ᠢ ᠬᠤᠣᠷ ᠦᠭᠡᠶᠢᠳᠡᠭᠦᠯᠦᠨ ᠰᠢᠶ᠋ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠵᠢᠷᠤᠮᠵᠢᠭᠤᠯᠤᠨ ᠰᠢᠶ᠋ᠳᠪᠦᠷᠢᠯᠡᠬᠦ ᠶᠢ ᠪᠡᠶᠡᠯᠡᠭᠦᠯᠦᠨ᠎ᠡ᠃        ︵ᠲᠠᠪᠤ︶ ᠰᠠᠭᠤᠷᠢ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠨᠠᠨ ᠬᠠᠮᠢᠶᠠᠷᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠳᠥᠷᠪᠡᠵᠢᠭᠦᠯᠯᠲᠡ︾ ᠶᠢᠨ ᠪᠠᠷᠢᠮᠵᠢᠶ᠎ᠠ ᠶᠣᠰᠣᠭᠠᠷ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠬᠡᠲᠦ ᠳᠡᠯᠭᠡᠭᠦᠷ ᠤᠨ ᠬᠡᠯᠬᠢᠶᠡᠵᠢᠭᠰᠡᠨ ᠠᠵᠤ ᠠᠬᠤᠶᠢᠯᠠᠯ ᠳᠤ ᠲᠦᠷᠭᠡᠨ ᠪᠠᠶᠢᠴᠠᠭᠠᠬᠤ ᠲᠠᠰᠤᠭ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠱᠠᠲᠤ︾ ᠶᠢᠨ ᠬᠢᠨᠠᠯᠲᠠ ᠬᠠᠮᠢᠶᠠᠷᠤᠯᠲᠠ᠂ ︽ᠳᠥᠷᠪᠡᠨ ᠱᠠᠲᠤ︾ ᠶᠢᠨ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠬᠤᠶᠠᠷ ᠵᠢᠷᠤᠭ᠂ ᠨᠢᠭᠡ ᠪᠢᠴᠢᠭ᠂ ᠭᠤᠷᠪᠠᠨ ᠳᠠᠩᠰᠠ ᠡᠪᠬᠡᠮᠡᠯ︾ ᠢ ᠪᠦᠷᠢᠨᠰᠢᠭᠦᠯᠦᠨ᠎ᠡ᠃ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠤᠯᠠᠨ ᠠᠷᠭ᠎ᠠ ᠪᠠᠷ ᠲᠦᠯᠬᠢᠨ ᠠᠬᠢᠭᠤᠯᠵᠤ᠂ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠤᠨ ︽ᠬᠥᠬᠡᠬᠤᠲᠠ ᠶᠢᠨ ᠢᠳᠡᠭᠡᠨ ᠪᠠ ᠡᠮ ᠤᠨ ᠵᠦᠢᠯ︾ APP ᠶᠢᠨ ᠦᠢᠯᠡᠳᠦᠯ ᠢ ᠪᠠᠳᠠᠷᠠᠭᠤᠯᠵᠤ᠂ ᠣᠶᠣᠨᠴᠢᠷ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠴᠠᠭᠠᠷᠠᠵᠤ ᠮᠡᠷᠭᠡᠵᠢᠭᠰᠡᠨ ᠪᠠᠶᠢᠴᠠᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃        ︵ᠵᠢᠷᠭᠤᠭ᠎ᠠ︶ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠶᠢᠭᠡᠮ ᠤᠨ ᠬᠠᠮᠲᠤ ᠪᠠᠷ ᠵᠠᠰᠠᠬᠤ ᠨᠠᠷᠢᠨ ᠨᠢᠭᠲᠠ ᠪᠥᠭᠡᠳ ᠥᠨᠳᠥᠷ ᠪᠦᠲᠦᠮᠵᠢᠲᠡᠶ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠬᠤᠣᠰ ᠨᠡᠶᠢᠳᠡ ᠳᠤ ᠵᠠᠷᠯᠠᠬᠤ︾ ᠲᠦᠷᠢᠮ ᠢ ᠬᠡᠷᠡᠭᠵᠢᠬᠦᠯᠵᠤ᠂ ᠮᠡᠳᠡᠭᠡ ᠵᠠᠩᠭᠢ ᠶᠢ ᠮᠡᠳᠡᠭᠳᠡᠬᠦ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨ᠎ᠡ᠃ ᠢᠳᠡᠭᠡᠨ ᠤ ᠠᠮᠤᠷ ᠲᠦᠪᠰᠢᠨ ᠤ ︽ᠲᠠ ᠳᠤᠷᠠᠳᠴᠤ ᠪᠢ ᠪᠠᠶᠢᠴᠠᠭᠠᠬᠤ︾ ᠠᠵᠢᠯᠯᠠᠭ᠎ᠠ ᠶᠢ ᠦᠷᠨᠢᠬᠦᠯᠦᠨ᠎ᠡ᠂ ᠤᠳᠤᠬᠠᠨ ᠳᠤ᠂ ᠰᠦᠯᠵᠢᠶᠡᠨ ᠳᠤ ᠭᠠᠷᠴᠤ ᠦᠵᠡᠵᠤ ᠤᠡᠭᠰᠢᠭ᠌ᠰᠠᠨ ᠬᠡᠮᠵᠢᠶ᠎ᠡ 32312 ᠬᠥᠮᠦᠨ ᠤᠳᠠᠭ᠎ᠠ ᠳᠤ ᠬᠦᠷᠴᠦ᠂ ᠨᠡᠶᠢᠭᠡᠮ ᠤᠨ ᠠᠩᠬᠠᠷᠤᠯ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤ ᠲᠤᠰᠬᠠᠭᠰᠠᠨ ᠪᠠᠶᠢᠨ᠎ᠠ᠃ ︽ᠬᠤᠤᠰ ᠲᠠᠪᠤᠨ ᠰᠠᠷ᠎ᠠ ᠶᠢᠨ ᠨᠢᠭᠡᠨ ᠤ ᠬᠢᠨᠠᠯᠲᠠ ᠲᠠᠯᠪᠢᠬᠤ︾ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠰᠢᠨ᠎ᠡ ᠵᠠᠭᠪᠤᠷᠰᠢᠯ ᠡᠭᠦᠳᠭᠦ ᠶᠢ ᠲᠦᠯᠬᠢᠨ ᠠᠬᠢᠭᠤᠯᠵᠤ᠂ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠮᠡᠳᠡᠯᠭᠡ ᠶᠢ ᠦᠷᠭᠡᠨ ᠢᠶᠠᠷ ᠤᠬᠠᠭᠤᠯᠵᠤ᠂ ᠤᠯᠠᠨ ᠨᠡᠶᠢᠲᠡ ᠶᠢᠨ ᠲᠠᠭᠠᠰᠢᠶᠠᠯ ᠤᠨ ᠬᠡᠮᠵᠢᠶ᠎ᠡ ᠪᠤᠯᠤᠨ ᠤᠶᠢᠯᠠᠭᠠᠵᠤ ᠮᠡᠳᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠢᠯᠡᠴᠢᠯᠡᠨ ᠮᠡᠳᠡᠭᠦᠯᠬᠦ ᠶᠢ ᠱᠠᠩᠨᠠᠬᠤ ᠲᠦᠷᠢᠮ ᠢ ᠨᠠᠶᠢᠳᠠᠪᠤᠷᠢᠵᠢᠭᠤᠯᠵᠤ᠂ ᠬᠠᠮᠲᠤᠪᠠᠷ ᠵᠠᠰᠠᠵᠤ ᠬᠠᠮᠲᠤᠪᠠᠷ ᠠᠰᠢᠭ ᠬᠦᠷᠲᠡᠬᠦ ᠠᠭᠤᠷ ᠠᠮᠢᠰᠬᠤᠯ ᠢ ᠪᠤᠢ ᠪᠤᠯᠭᠠᠨ᠎ᠠ᠃        ᠬᠥᠲᠥᠯᠥᠭᠴᠢ᠄        ᠲᠠ ᠡᠨᠡ ᠤᠳᠠᠭ᠎ᠠ ᠶᠢᠨ ᠲᠤᠰᠬᠠᠶ ᠴᠡᠭᠴᠡᠯᠡᠨ ᠵᠠᠰᠠᠬᠤ ᠳᠤ ᠠᠪᠤᠭᠰᠠᠨ ᠠᠷᠭ᠎ᠠ ᠬᠡᠮᠵᠢᠶ᠎ᠡ ᠪᠤᠯᠤᠨ ᠣᠯᠤᠭᠰᠠᠨ ᠦᠷ᠎ᠡ ᠪᠦᠲᠦᠮᠵᠢ ᠪᠠᠨ ᠶᠠᠷᠢᠭᠠᠳ ᠦᠭᠭᠦᠨ᠎ᠡ ᠤᠤ︖        ᠵᠢᠶᠤᠤ ᠬᠤᠩ᠄        ︽ᠢᠳᠡᠭᠡᠨ ᠢ ᠪᠣᠯᠪᠠᠰᠤᠷᠠᠭᠤᠯᠬᠤ ᠵᠢᠵᠢᠭ ᠦᠶ᠋ᠯᠡᠳᠬᠡᠯ ᠤᠨ ᠭᠠᠵᠠᠷ᠂ ᠰᠤᠯᠠ ᠢᠳᠡᠭᠡᠨ ᠤ ᠵᠢᠵᠢᠭ ᠳᠡᠯᠭᠡᠭᠦᠷ᠂ ᠰᠤᠯᠠ ᠢᠳᠡᠭᠡᠨ ᠬᠤᠳᠠᠯᠳᠤᠭᠴᠢᠳ᠂ ᠰᠤᠯᠠ ᠢᠳᠡᠭᠡᠨ ᠤᠮᠳᠠᠭᠠᠨ᠂ ᠰᠤᠷᠤᠭᠴᠢ ᠶᠢᠨ ᠵᠢᠵᠢᠭ ᠬᠤᠭᠤᠯᠠᠨ ᠭᠡᠷ᠂ ᠰᠦ ᠶᠢᠨ ᠪᠠᠭᠠᠷ︾ ᠵᠡᠷᠭᠡ ︽ᠵᠢᠷᠭᠤᠭᠠᠨ ᠵᠢᠵᠢᠭ︾ ᠠᠵᠢᠯ ᠲᠥᠷᠥᠯ ᠪᠣᠯ ᠢᠳᠡᠭᠡᠨ ᠤ ᠠᠮᠤᠷ ᠲᠦᠪᠰᠢᠨ ᠤ ᠬᠡᠷᠡᠭ ᠤᠯᠠᠨ ᠡᠭᠦᠰᠳᠡᠭ ᠭᠠᠵᠠᠷ ᠪᠤᠯᠤᠨ᠎ᠠ᠃ ᠤᠷᠤᠨ ᠤ ᠲᠦᠪ ᠤᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠯᠠᠳᠠ᠂ ᠬᠥᠬᠡᠬᠤᠲᠠ ᠶᠢᠨ ᠢᠳᠡᠭᠡᠨ ᠪᠠ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠂ ᠪᠠᠶᠢᠳᠠᠯ ᠢ ᠠᠰᠢᠭᠯᠠᠨ ᠬᠦᠴᠦ ᠲᠠᠯᠪᠢᠵᠤ᠂ ︽ᠵᠢᠷᠭᠤᠭᠠᠨ ᠵᠢᠵᠢᠭ︾ ᠠᠵᠢᠯ ᠲᠦᠷᠦᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠲᠣᠭᠤᠭᠠᠨ ᠭᠡᠷ ᠤᠨ ᠬᠤᠪᠢᠰᠬᠠᠯ︾ ᠢ ᠡᠷᠡᠰ ᠬᠡᠷᠡᠭᠵᠢᠭᠦᠯᠵᠦ᠂ ︽ᠪᠤᠵᠠᠷ᠂ ᠰᠠᠮᠠᠭᠤᠨ᠂ ᠮᠠᠭᠤ︾ ᠮᠤᠵᠢᠭᠤᠳᠠ ᠬᠡᠮ ᠢ ᠲᠦᠢᠯᠪᠤᠷᠢᠲᠠᠶ ᠵᠠᠰᠠᠵᠤ᠂ ᠢᠳᠡᠭᠡᠨ ᠤ ᠠᠮᠤᠷ ᠲᠦᠪᠰᠢᠨ ᠤ ᠲᠠᠯᠳᠠ ᠭᠡᠮ ᠢ ᠪᠦᠬᠦ ᠬᠦᠴᠦᠨ ᠢᠶᠠᠷ ᠠᠷᠢᠯᠭᠠᠵᠤ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠦᠨᠡᠨ ᠬᠦ ᠬᠠᠮᠠᠭᠠᠯᠠᠵᠤ᠂ ᠠᠷᠠᠳ ᠤᠯᠠᠨ ᠤ ᠲᠠᠭᠠᠰᠢᠶᠠᠯ ᠤᠨ ᠬᠡᠮᠵᠢᠶ᠎ᠡ ᠪᠤᠯᠤᠨ ᠬᠦᠷᠲᠡᠭᠡᠯ ᠤᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃        ︽ᠬᠤᠳᠤᠭᠤᠲᠤ ᠶᠢ ᠬᠠᠮᠠᠭᠠᠯᠠᠬᠤ︾ ᠳᠠᠶᠢᠨ ᠢᠶᠠᠷ ︽ᠲᠣᠭᠤᠭᠠᠨ ᠭᠡᠷ ᠤᠨ ᠬᠤᠪᠢᠰᠬᠠᠯ︾ ᠢ ᠢᠯᠡ ᠲᠤᠳᠤ ᠬᠢᠵᠤ᠂ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠮᠡᠳᠡᠬᠦ ᠡᠷᠬᠡ ᠶᠢ ᠬᠠᠨᠭ᠍ᠭᠠᠬᠤ ᠨᠢ ᠨᠢᠭᠡᠨᠲᠡ ᠶᠡᠭᠡ ᠬᠠᠨᠳᠤᠰᠢ ᠪᠤᠯᠤᠭᠰᠠᠨ ᠪᠠᠶᠢᠨ᠎ᠠ᠃ ᠪᠢᠳᠡ ᠪᠠᠷᠢᠮᠵᠢᠶ᠎ᠠ ᠶᠢ ᠴᠢᠩᠳᠠᠯᠠᠵᠤ᠂ ᠲᠠᠰᠤᠷᠠᠯᠲᠠ ᠥᠬᠡᠶ ᠬᠦᠴᠦᠯᠡᠵᠤ᠂ ᠪᠦᠬᠦ ᠬᠤᠳᠠ ᠶᠢᠨ ᠢᠳᠡᠭᠡᠨ ᠤᠮᠳᠠᠭᠠᠨ ᠤ ᠦᠢᠯᠡᠰ ᠤᠨ ᠲᠣᠭᠤᠭᠠᠨ ᠭᠡᠷ ᠲᠤ ᠴᠦᠮ ︽ᠳᠦᠷᠢᠮᠵᠢᠭᠰᠡᠨ᠂ ᠦᠡᠭᠭᠡ ᠲᠡᠮᠳᠡᠭᠵᠢᠭᠰᠡᠨ᠂ ᠬᠡᠳᠦ ᠳᠡᠯᠭᠡᠭᠦᠷᠴᠢᠯᠡᠭᠰᠡᠨ᠂ ᠢᠯᠡ ᠲᠤᠳᠤᠴᠢᠯᠠᠭᠰᠠᠨ︾ ᠲᠦᠷᠪᠡᠨ ᠬᠠᠮᠢᠶᠠᠷᠤᠯᠲᠠ ᠶᠢᠨ ᠵᠠᠭᠪᠤᠷᠰᠢᠯ ᠢ ᠬᠡᠷᠡᠭᠵᠢᠭᠦᠯᠵᠦ᠂ ︽ᠬᠤᠭᠤᠯᠠ ᠤᠮᠳᠠ ᠡᠷᠬᠢᠯᠡᠬᠦ ᠳᠤ ᠲᠣᠭᠤᠭᠠᠨ ᠭᠡᠷ ᠢ ᠴᠡᠪᠡᠷ ᠪᠠᠶᠢᠯᠭᠠᠬᠤ︔ ᠬᠤᠭᠤᠯᠠ ᠢᠳᠡᠬᠦ ᠠᠴᠠ ᠡᠮᠦᠨ᠎ᠡ ᠲᠣᠭᠤᠭᠠᠨ ᠭᠡᠷ ᠢ ᠦᠵᠡᠬᠦ︕︾ ᠬᠡᠷᠡᠭᠯᠡᠭᠡᠨ ᠤ ᠤᠨᠤᠯᠵᠢᠬᠤᠨ ᠪᠤᠯᠤᠨ ᠳᠠᠳᠬᠠᠯ ᠢ ᠶᠡᠬᠡᠪᠡᠷ ᠤᠬᠠᠭᠤᠯᠪᠠ᠃ ᠲᠣᠭᠤᠭᠠᠨ ᠭᠡᠷ ᠢ ᠬᠡᠷᠡᠭᠯᠡᠭᠴᠢᠳ ᠲᠤ ᠢᠯᠡ ᠦᠵᠡᠭᠦᠯᠵᠤ᠂ ᠪᠦᠬᠦ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠨᠢ ᠪᠠᠳᠠᠷᠠᠭᠤᠯᠵᠤ᠂ ᠢᠳᠡᠭᠡᠨ ᠤᠮᠳᠠᠭᠠᠨ ᠤ ᠦᠢᠯᠡᠰ ᠤᠨ ᠪᠡᠶ᠎ᠡ ᠪᠠᠨ ᠪᠠᠷᠢᠬᠤ ᠶᠢ ᠴᠢᠩᠭᠠᠳᠬᠠᠬᠤ ᠶᠢᠨ ᠤᠯᠠᠮ ᠠᠴᠠ ᠬᠡᠷᠡᠭᠯᠡᠭᠴᠢᠳ ᠢ ᠨᠡᠩ ᠰᠡᠳᠬᠢᠯ ᠰᠠᠨᠠᠭ᠎ᠠ ᠠᠮᠤᠷ ᠢᠳᠡᠵᠤ ᠤᠤᠭᠤᠬᠤ ᠪᠤᠯᠭᠠᠪᠠ᠃        ᠡᠮᠦᠨᠡᠬᠢ ᠬᠤᠭᠤᠴᠠᠭᠠᠨ ᠤ ᠴᠢᠷᠮᠠᠶᠢᠯᠭ᠎ᠠ ᠪᠠᠷ ᠳᠠᠮᠵᠢᠭᠠᠳ᠂ ᠬᠥᠬᠡᠬᠤᠲᠠ ᠶᠢᠨ ︽ᠵᠢᠷᠭᠤᠭᠠᠨ ᠵᠢᠵᠢᠭ︾ ᠠᠵᠢᠯ ᠲᠦᠷᠦᠯ ᠢ ᠲᠤᠰᠬᠠᠶ ᠴᠡᠭᠴᠡᠯᠡᠨ ᠵᠠᠰᠠᠬᠤ ᠪᠠ ︽ᠲᠣᠭᠤᠭᠠᠨ ᠭᠡᠷ ᠤᠨ ᠬᠤᠪᠢᠰᠬᠠᠯ︾ ᠤᠨ ᠠᠵᠢᠯ ᠠᠩᠬ᠎ᠠ ᠠᠯᠬᠤᠮ ᠠᠮᠵᠢᠯᠲᠠ ᠤᠯᠪᠠ᠃ ᠨᠢᠭᠡ ᠳᠤ᠂ ᠬᠦᠴᠦᠨ ᠢᠶᠠᠨ ᠲᠡᠭᠦᠯᠳᠡᠷᠵᠢᠭᠦᠯᠦᠨ᠂ ᠴᠡᠭᠴᠡᠯᠡᠨ ᠵᠠᠰᠠᠬᠤ ᠠᠵᠢᠯ ᠢ ᠬᠦᠴᠦᠲᠡᠶ ᠳᠥᠯᠭᠢᠨ ᠠᠬᠢᠭᠤᠯᠪᠠ᠃ ᠲᠤᠬᠠᠶᠢᠯᠠᠭᠰᠠᠨ ᠠᠵᠢᠯ ᠤᠨ 40 ᠨᠡᠷᠡᠰ ᠭᠤᠣᠯᠯᠠᠭᠴᠢ ᠬᠦᠴᠦᠨ ᠢ ᠬᠤᠳᠠ ᠶᠢᠨ ᠡᠯ᠎ᠡ ᠬᠢᠨᠠᠨ ᠵᠢᠯᠣᠭᠤᠳᠬᠤ ᠠᠵᠢᠯ ᠤᠨ ᠳᠤᠭᠤᠶᠢᠯᠠᠩ ᠳᠤ ᠲᠤᠮᠢᠯᠠᠨ ᠤᠴᠢᠭᠤᠯᠵᠤ ᠠᠵᠢᠯ ᠦᠷᠨᠢᠬᠦᠯᠦᠭᠰᠡᠨ ᠤ ᠰᠠᠭᠤᠷᠢᠨ ᠳᠡᠭᠡᠷ᠎ᠡ᠂ ᠮᠠᠨ ᠤ ᠲᠣᠪᠴᠢᠶ᠎ᠠ ᠪᠠᠰᠠ ᠬᠢᠨᠠᠨ ᠵᠢᠯᠤᠭᠤᠳᠴᠤ ᠬᠠᠮᠲᠤᠷᠠᠨ ᠠᠵᠢᠯᠯᠠᠬᠤ 5 ᠳᠤᠭᠤᠶᠢᠯᠠᠩ ᠨᠡᠮᠡᠵᠤ᠂ ᠬᠤᠰᠢᠭᠤ ᠰᠢᠶᠠᠨ᠂ ᠬᠤᠲᠠ ᠶᠢᠨ ᠳᠥᠷᠪᠡᠨ ᠲᠣᠭᠤᠷᠢᠭ ᠲᠤ ᠪᠠᠭᠤᠯᠭᠠᠵᠤ᠂ ᠣᠷᠣᠨ ᠭᠠᠵᠠᠷ ᠦᠯᠡᠳᠡᠭᠡᠯ ᠦᠭᠡᠶ᠂ ᠲᠠᠰᠤᠯᠳᠠᠭᠤᠯᠤᠯ ᠦᠭᠡᠶ ᠰᠢᠮᠳᠠᠭᠤᠯᠤᠨ ᠵᠢᠯᠣᠭᠤᠳᠴᠤ ᠪᠠᠶᠢᠴᠠᠭᠠᠪᠠ᠃ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠲᠥᠷᠥᠯ ᠬᠤᠪᠢᠶᠠᠨ ᠴᠠᠭ ᠬᠢᠵᠠᠭᠠᠷᠯᠠᠬᠤ᠂ ᠬᠡᠰᠡᠭ ᠢ ᠬᠥᠮᠦᠨ ᠲᠤᠭᠲᠠᠭᠠᠨ ᠳᠠᠭᠠᠭᠠᠴᠢᠯᠠᠭᠤᠯᠬᠤ᠂ ᠬᠢᠨᠠᠨ ᠵᠢᠯᠤᠭᠤᠳᠴᠤ ᠴᠡᠭᠴᠡᠯᠡᠨ ᠰᠠᠶᠢᠵᠢᠷᠠᠭᠤᠯᠬᠤ︾ ᠵᠡᠷᠭᠡ ᠠᠷᠭ᠎ᠠ ᠬᠡᠯᠪᠡᠷᠢ ᠶᠢ ᠦᠷᠭᠦᠯᠵᠢᠯᠡᠨ ᠬᠡᠷᠡᠭᠯᠡᠵᠦ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ᠂ ᠤᠨᠴᠠᠭᠠᠶᠢᠯᠠᠨ ᠢᠳᠡᠭᠡᠨ ᠤ ︽ᠵᠢᠷᠭᠤᠭᠠᠨ ᠵᠢᠵᠢᠭ︾ ᠠᠵᠢᠯ ᠳᠦᠷᠦᠯ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ᠂ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ᠂ ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠵᠤ᠂ ᠠᠷᠢᠭᠤᠨ ᠴᠡᠪᠡᠷ ᠤᠨ ᠪᠠᠷᠢᠮᠵᠢᠶ᠎ᠠ ᠶᠢ ᠲᠤᠲᠤᠷᠬᠠᠶᠢᠯᠠᠨ᠂ ᠪᠡᠶ᠎ᠡ ᠪᠠᠨ ᠳᠠᠭᠠᠭᠠᠵᠤ ᠪᠡᠶ᠎ᠡ ᠪᠠᠨ ᠪᠠᠷᠢᠬᠤ ᠶᠢ ᠱᠠᠭᠠᠷᠳᠠᠨ᠂ ᠲᠡᠷᠡ ᠳᠠᠷᠤᠢ ᠳᠤᠨᠢ ᠪᠠᠶᠢᠴᠠᠭᠠᠨ ᠵᠠᠯᠠᠷᠠᠭᠤᠯᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ︽ᠵᠢᠷᠭᠤᠭᠠᠨ ᠵᠢᠵᠢᠭ︾ ᠠᠵᠤ ᠠᠬᠤᠶᠢᠯᠠᠯ ᠪᠦᠬᠦᠨ ᠳᠤ ︽ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾᠂ ︽︿ᠵᠢᠷᠭᠤᠭᠠᠨ ᠵᠢᠵᠢᠭ﹀ ᠠᠵᠢᠯ ᠲᠥᠷᠥᠯ ᠢ ᠶᠡᠷᠦᠩᠬᠡᠶᠢᠯᠡᠨ ᠵᠠᠰᠠᠬᠤ ᠠᠯᠪᠠᠨ ᠵᠠᠷ︾ ᠨᠠᠭᠠᠵᠤ᠂ ︽ᠵᠢᠷᠭᠤᠭᠠᠨ ᠵᠢᠵᠢᠭ︾ ᠠᠵᠢᠯ ᠲᠦᠷᠦᠯ ᠤᠨ ᠦᠢᠯᠡᠳᠪᠦᠷᠢᠯᠡᠭᠴᠢᠳ ᠡᠵᠡᠩᠨᠡᠭᠴᠢᠳ᠂ ᠠᠵᠢᠯ ᠡᠷᠬᠢᠯᠡᠭᠴᠢᠳ ᠤᠨ ᠬᠠᠤᠯᠢ ᠲᠤᠭᠲᠠᠭᠠᠯ ᠤᠨ ᠤᠬᠠᠮᠰᠠᠷ᠂ ᠪᠡᠶ᠎ᠡ ᠪᠠᠨ ᠪᠠᠷᠢᠬᠤ ᠤᠬᠠᠮᠰᠠᠷ ᠪᠣᠯᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠤ᠂ ︽ᠵᠢᠷᠭᠤᠭᠠᠨ ᠵᠢᠵᠢᠭ︾ ᠠᠵᠢᠯ ᠲᠦᠷᠦᠯ ᠢ ᠰᠢᠮᠳᠠᠭᠤᠯᠵᠤ ᠪᠠᠶᠢᠭᠠᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠵᠢᠷᠤᠮᠵᠢᠯ ᠲᠠᠢ᠂ ᠡᠮᠬᠢ ᠳᠠᠷᠠᠭᠠᠯᠠᠯ ᠲᠠᠢ᠂ ᠠᠷᠢᠭᠤᠨ ᠴᠡᠪᠡᠷ ᠲᠡᠷᠢ ᠲᠡᠭᠰᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠪᠠ᠃        ᠬᠤᠶᠠᠷ ᠲᠤ ᠪᠠᠷᠢᠮᠵᠢᠶ᠎ᠠ ᠶᠢ ᠴᠢᠩᠭᠠᠯᠠᠵᠤ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠪᠠ᠃ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠵᠢᠯᠤᠭᠤᠳᠤᠨ ᠵᠢᠷᠤᠮᠵᠢᠭᠤᠯᠬᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠴᠣᠬᠢᠯᠲᠠ ᠥᠭᠴᠦ ᠴᠠᠭᠠᠵᠠᠯᠠᠬᠤ︾ ᠵᠡᠷᠭᠡ ᠠᠵᠢᠯ ᠤᠨ ᠰᠡᠳᠬᠢᠴᠡ ᠶᠤᠰᠤᠭᠠᠷ᠂ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠵᠤ᠂ ︽ᠬᠠᠲᠠᠭᠤ ᠵᠤᠷᠢᠭ ᠲᠠᠢ ᠪᠠᠶᠢᠬᠤ᠂ ᠬᠦᠴᠦᠲᠠᠢ ᠠᠷᠭ᠎ᠠ ᠬᠡᠮᠵᠢᠶ᠎ᠡ ᠲᠠᠢ ᠪᠠᠶᠢᠬᠤ᠂ ᠨᠢᠭᠤᠷ ᠲᠠᠯ᠎ᠠ ᠬᠠᠶᠠᠬᠤ ᠦᠭᠡᠢ ᠪᠠᠶᠢᠬᠤ︾ ᠠᠵᠢᠯ ᠤᠨ ᠵᠣᠷᠢᠭ ᠰᠠᠨᠠᠭ᠎ᠠ ᠪᠠᠷ᠂ ᠢᠳᠡᠭᠡᠨ ᠤᠮᠳᠠᠭᠠᠨ ᠤ ᠦᠢᠯᠡᠰ ᠤᠨ ︽ᠲᠣᠭᠤᠭᠠᠨ ᠭᠡᠷ ᠤᠨ ᠬᠤᠪᠢᠰᠬᠠᠯ︾ ᠤᠨ ᠲᠤᠰᠬᠠᠶ ᠴᠡᠭᠴᠡᠯᠡᠨ ᠵᠠᠰᠠᠯᠲᠠ ᠶᠢ ᠬᠦᠴᠦᠲᠡᠶ ᠳᠥᠯᠭᠢᠨ ᠠᠬᠢᠭᠤᠯᠪᠠ᠃ ᠪᠠᠶᠢᠴᠠᠭᠠᠬᠤ ᠠᠵᠢᠯᠳᠠᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ᠂ ᠳᠣᠲᠣᠭᠠᠳᠤ ᠶᠢᠨ ᠬᠠᠮᠢᠶᠠᠷᠤᠯᠲᠠ ᠶᠢᠨ ᠡᠮᠬᠢ ᠵᠢᠷᠤᠮ᠂ ᠡᠭᠦᠳᠡᠨ ᠡᠮᠦᠨᠡᠬᠢ ︽ᠭᠤᠷᠪᠠᠨ ᠳᠠᠭᠠᠭᠠᠴᠢᠯᠠᠯᠲᠠ︾ ᠶᠢ ᠵᠢᠷᠤᠮᠵᠢᠭᠤᠯᠬᠤ ᠤᠷᠢᠲᠠᠯ ᠳᠣᠣᠷ᠎ᠠ᠂ ᠵᠢᠵᠢᠭ ᠢᠳᠡᠭᠡᠨ ᠤᠮᠳᠠᠭᠠᠨ ᠤ ᠦᠢᠯᠡᠰ ᠤᠨ ᠲᠣᠭᠤᠭᠠᠨ ᠬᠡᠷ ᠤᠨ ᠡᠷᠡᠭᠦᠯ ᠬᠠᠮᠠᠭᠠᠯᠠᠯ ᠪᠠᠷ ᠠᠨᠠᠢ ᠪᠠᠶᠢᠬᠤ ᠪᠠ ᠬᠡᠷᠡᠴᠢ ᠦᠨᠡᠮᠯᠡᠯ ᠪᠦᠷᠢᠨ ᠪᠤᠰᠤ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠶ᠋ᠳᠪᠦᠷᠢᠯᠡᠵᠦ᠂ ᠦᠨᠡᠮᠯᠡᠯ ᠥᠭᠡᠢ ᠪᠤᠶᠤ ᠬᠡᠷᠡᠴᠢ ᠦᠨᠡᠮᠯᠡᠯ ᠪᠦᠷᠢᠨ ᠪᠤᠰᠤ᠂ ᠡᠷᠡᠭᠦᠯ ᠬᠠᠮᠠᠭᠠᠯᠠᠯ ᠤᠨ ᠨᠥᠬᠦᠴᠡᠯ ᠪᠠᠷᠤᠭᠲᠠᠶ᠂ ᠨᠡᠭᠡᠭᠡᠵᠤ ᠡᠷᠬᠢᠯᠡᠬᠦ ᠨᠥᠬᠦᠴᠡᠯ ᠳᠤ ᠨᠡᠶᠢᠴᠡᠬᠦ ᠦᠭᠡᠢ ᠶᠢ ᠡᠷᠡᠰ ᠬᠠᠭᠠᠵᠤ ᠵᠤᠭᠰᠤᠭᠠᠨ᠎ᠠ︔ ᠴᠡᠭᠴᠡᠯᠡᠨ ᠥᠭᠡᠷᠡᠴᠢᠯᠡᠵᠦ ᠪᠤᠯᠬᠤ ᠶᠢ ᠨᠢ ᠴᠡᠭᠴᠡᠯᠡᠨ ᠦᠭᠡᠷᠡᠴᠢᠯᠡᠭᠦᠯᠦᠭᠡᠳ ᠳᠠᠩᠰᠠ ᠠᠴᠠ ᠬᠠᠰᠤᠭᠰᠠᠨ ᠤ ᠲᠠᠷᠠᠭ᠎ᠠ ᠲᠠᠬᠢᠨ ᠡᠵᠡᠩᠨᠡᠭᠦᠯᠪᠡ︔ ᠴᠡᠭᠴᠡᠯᠡᠨ ᠦᠭᠡᠷᠡᠴᠢᠯᠡᠵᠤ ᠪᠤᠯᠬᠤ ᠦᠭᠡᠢ ᠶᠢ ᠨᠢ ᠡᠷᠡᠰ ᠬᠠᠭᠠᠯᠭᠠᠪᠠ᠃ ᠢᠳᠡᠭᠡᠨ ᠤ ᠠᠮᠤᠷ ᠲᠦᠪᠰᠢᠨ ᠤ ᠠᠷᠢᠭᠤᠨ ᠴᠡᠪᠡᠷ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠮᠵᠢᠶᠡᠵᠢᠬᠦᠯᠬᠦ ᠱᠠᠲᠦ ᠬᠤᠪᠢᠶᠠᠬᠤ ᠳᠡᠰ ᠳᠡᠪᠰᠢᠬᠦᠯᠬᠦ ᠪᠠ ︽ᠴᠡᠪᠡᠷ ᠠᠷᠢᠭᠤᠨ ᠲᠣᠭᠤᠭᠠᠨ ᠬᠡᠷ ︾ ᠤᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠤ᠂ ᠠᠷᠢᠭᠤᠳᠬᠠᠬᠤ ᠪᠡᠯᠡᠳᠬᠡᠮᠵᠢ ᠶᠢ ᠪᠦᠷᠢᠨᠰᠢᠬᠦᠯᠵᠤ᠂ ᠲᠣᠭᠤᠭᠠᠨ ᠬᠡᠷ ᠲᠤ ᠣᠷᠣᠨ ᠵᠠᠢ ᠬᠤᠪᠢᠶᠠᠨ ᠠᠵᠢᠯᠯᠠᠵᠤ᠂ ᠠᠮᠪᠠᠨ᠂ ᠬᠢᠲᠤᠭᠠᠨ ᠬᠡᠷᠡᠭᠰᠡᠯ ᠵᠡᠷᠭᠡ ᠳᠤ ᠦᠡᠭᠭᠡ ᠲᠡᠮᠳᠡᠭ ᠢᠯᠭᠠᠨ ᠲᠦᠷᠦᠯ ᠬᠤᠪᠢᠶᠠᠨ ᠬᠠᠮᠢᠶᠠᠷᠴᠤ᠂ ᠡᠳ᠋ ᠪᠣᠳᠠᠰ ᠢ ᠬᠡᠳᠦ ᠳᠡᠯᠭᠡᠭᠦᠷᠴᠢᠯᠡᠨ ᠬᠥᠮᠥᠷᠭᠡᠯᠡᠨ ᠬᠠᠳᠠᠭᠠᠯᠠᠵᠤ᠂ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠶᠢᠲᠡᠭᠦᠯᠦᠨ ᠰᠢᠢᠳᠪᠦᠷᠢᠯᠡᠵᠤ᠂ ᠭᠡᠷᠡᠴᠢ ︵ᠦᠨᠡᠮᠯᠡᠯ︶ ᠶᠢ ᠢᠯᠡ ᠡᠯᠬᠦᠨ ᠬᠠᠤᠯᠢ ᠶᠣᠰᠣᠭᠠᠷ ᠡᠵᠡᠩᠨᠡᠭᠦᠯᠪᠡ᠃        ᠣᠶᠢᠷ᠎ᠠ ᠳᠤ᠂ ᠢᠦᠢ ᠴᠢᠤᠸᠠᠨ ᠲᠣᠭᠤᠷᠢᠭ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ ᠪᠣᠯᠣᠨ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶᠠᠨ ᠳᠠᠬᠢ ᠢᠳᠡᠭᠡᠨ ᠤᠮᠳᠠᠭᠠᠨ ᠤ ᠦᠢᠯᠡᠰ ᠤᠨ 4 ᠡᠵᠡᠩᠨᠡᠭᠴᠢ ᠢᠳᠡᠭᠡᠨ ᠪᠠ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠨ ᠪᠢᠲᠡᠭᠦᠮᠵᠢᠯᠡᠭᠰᠡᠨ ᠬᠠᠭᠤᠳᠠᠰᠤ ᠶᠢ ᠳᠤᠷ᠎ᠠ ᠪᠠᠷ ᠢᠶᠠᠨ ᠤᠷᠠᠵᠤ ᠬᠠᠶᠠᠭᠰᠠᠨ ᠢᠶᠠᠷ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠰᠢᠢᠳᠪᠦᠷᠢᠯᠡᠭᠰᠡᠨ ᠪᠦᠭᠡᠳ ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠣᠯᠭᠤᠪᠠ᠃        2 ᠳ᠋ᠤᠭᠠᠷ ᠰᠠᠷ᠎ᠠ ᠶᠢᠨ 28 ᠤ ᠡᠳᠦᠷ — 3 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠬᠥᠬᠡᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ 9 ᠬᠤᠰᠢᠭᠤ ᠰᠢᠶᠠᠨ ᠲᠣᠭᠤᠷᠢᠭ ᠪᠣᠯᠣᠨ ᠨᠡᠭᠡᠭᠡᠯᠲᠡ ᠶᠢᠨ ᠲᠣᠭᠤᠷᠢᠭ ᠤᠨ ᠵᠢᠵᠢᠭ ᠬᠤᠭᠤᠯᠠᠨ ᠭᠡᠷ ᠤᠳ ᠲᠤ ᠭᠦᠨᠵᠡᠭᠡᠶᠢᠷᠡᠵᠦ᠂ ᠳᠠᠭᠤ ᠴᠢᠮᠡᠭᠡ ᠠᠪᠤᠯᠴᠠᠬᠤ ᠦᠭᠡᠢ᠂ ᠲᠠᠰᠢᠷᠠᠮ ᠢᠶᠠᠷ ᠰᠤᠭᠤᠴᠠᠨ ᠪᠠᠶᠢᠴᠠᠭᠠᠬᠤ ᠬᠡᠯᠪᠡᠷᠢ ᠪᠠᠷ᠂ ᠡᠯ᠎ᠡ ᠭᠠᠵᠠᠷ ᠤᠨ ᠵᠢᠵᠢᠭ ᠬᠤᠭᠤᠯᠠ ᠭᠡᠷ ᠤᠳ ᠤᠨ ︽ᠲᠣᠭᠤᠭᠠᠨ ᠭᠡᠷ ᠤᠨ ᠬᠤᠪᠢᠰᠬᠠᠯ︾ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠰᠢᠮᠳᠠᠭᠤᠯᠤᠨ ᠪᠠᠶᠢᠴᠠᠭᠠᠵᠦ᠂ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠭᠰᠠᠨ ᠥᠭᠡᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ 11 ᠭᠠᠵᠠᠷ ᠪᠣᠯᠣᠨ 17 ᠠᠵᠢᠯᠳᠠᠨ ᠢ ᠵᠠᠷᠯᠠᠨ ᠰᠢᠭᠦᠮᠵᠢᠯᠡᠪᠡ᠃        3 ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠯᠲᠠ ᠢᠳᠡᠭᠡᠨ ᠤ ᠵᠦᠢᠯ ᠤᠨ ︽ᠵᠢᠷᠭᠤᠭᠠᠨ ᠵᠢᠵᠢᠭ︾ ᠠᠵᠢᠯ ᠲᠦᠷᠦᠯ ᠤᠨ ᠲᠤᠰᠬᠠᠶ ᠵᠠᠰᠠᠯᠲᠠ ᠪᠠ ᠵᠢᠵᠢᠭ ᠬᠤᠭᠤᠯᠠᠨ ᠭᠡᠷ ᠤᠨ ︽ᠲᠣᠭᠤᠭᠠᠨ ᠭᠡᠷ ᠤᠨ ᠬᠤᠪᠢᠰᠬᠠᠯ︾ ᠤᠨ ᠱᠠᠲᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ᠃ ᠬᠤᠲᠠ ᠶᠢᠨ ᠳᠡᠳ᠋ ᠳᠠᠷᠤᠭ᠎ᠠ ᠪᠠᠢ ᠶᠢᠨ ᠰᠢᠶᠠᠩ ᠴᠢᠬᠤᠯᠠᠴᠢᠯᠠᠭᠰᠠᠨ ᠨᠢ᠂ ᠪᠠᠷᠢᠮᠵᠢᠶ᠎ᠠ ᠶᠢ ᠪᠠᠷᠢᠮᠳᠠᠯᠠᠨ᠂ ᠰᠤᠭᠤᠴᠠᠨ ᠪᠠᠶᠢᠴᠠᠭᠠᠬᠤ ᠶᠢ ᠴᠢᠩᠭᠠᠳᠬᠠᠵᠤ᠂ ᠨᠡᠶᠢᠯᠡᠯ ᠬᠦᠴᠦᠨ ᠢ ᠪᠦᠷᠢᠯᠳᠦᠭᠦᠯᠦᠨ᠂ ︽ᠵᠢᠷᠭᠤᠭᠠᠨ ᠵᠢᠵᠢᠭ︾ ᠠᠵᠢᠯ ᠲᠦᠷᠦᠯ ᠤᠨ ᠲᠤᠰᠬᠠᠶ ᠵᠠᠰᠠᠯᠲᠠ ᠪᠠ ︽ᠲᠣᠭᠤᠭᠠᠨ ᠭᠡᠷ ᠤᠨ ᠬᠤᠪᠢᠰᠬᠠᠯ︾ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ ᠭᠡᠪᠡ᠃        ᠭᠤᠷᠪᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠥᠳᠥᠮᠵᠢᠳᠤ ᠲᠣᠭᠲᠠᠴᠠ ᠶᠢ ᠪᠤᠢ ᠪᠣᠯᠭᠠᠪᠠ᠃ ᠲᠤᠰᠬᠠᠶ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠤᠰᠠᠳᠠ᠂ ︽ᠵᠢᠷᠭᠤᠭᠠᠨ ᠵᠢᠵᠢᠭ︾ ᠠᠵᠢᠯ ᠲᠦᠷᠦᠯ ᠤᠨ ᠵᠠᠰᠠᠯᠲᠠ ᠶᠢᠨ ᠤᠷᠳᠤ ᠬᠤᠭᠤᠴᠠᠭᠠᠨ ᠤ ᠪᠥᠳᠥᠮᠵᠢᠳᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠮᠦᠷ ᠢᠶᠠᠷ ᠬᠠᠷᠠᠬᠤ︾ ᠤᠳᠠᠭ᠎ᠠ ᠶᠢ ᠨᠡᠮᠡᠭᠳᠡᠭᠦᠯᠦᠨ᠂ ᠨᠢᠭᠡᠨᠲᠡ ᠵᠠᠰᠠᠭᠰᠠᠨ ︽ᠮᠤᠵᠢᠭᠤᠳᠠ ᠵᠠᠮ︾ ᠤᠨ ᠳᠠᠬᠢᠨ ᠡᠭᠦᠰᠬᠦ ᠶᠢ ᠡᠷᠡᠰ ᠬᠤᠷᠢᠭᠯᠠᠵᠤ᠂ ᠨᠢᠭᠡ ᠶᠢ ᠵᠠᠰᠠᠪᠠᠯ ᠨᠢᠭᠡ ᠶᠢ ᠪᠠᠬᠢᠵᠢᠭᠦᠯᠵᠦ᠂ ︽ᠵᠢᠷᠭᠤᠭᠠᠨ ᠵᠢᠵᠢᠭ︾ ᠠᠵᠢᠯ ᠲᠥᠷᠦᠯ ᠤᠨ ᠬᠤᠷᠳᠤᠴᠠ ᠪᠠᠨ ᠨᠡᠮᠡᠭᠳᠡᠭᠦᠯᠵᠦ ᠳᠡᠰ ᠳᠡᠪᠰᠢᠭᠦᠯᠬᠦ ᠶᠢ ᠠᠬᠢᠭᠤᠯᠪᠠ᠃        ᠲᠦᠷᠪᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠪᠠᠷ ᠵᠠᠰᠠᠵᠤ ᠬᠠᠮᠲᠤᠪᠠᠷ ᠠᠰᠢᠭ ᠬᠦᠷᠲᠡᠬᠦ ᠣᠷᠴᠢᠨ ᠨᠦᠭᠦᠴᠡᠯ ᠢ ᠪᠤᠢ ᠪᠣᠯᠭᠠᠪᠠ᠃ ᠡᠯ᠎ᠡ ᠱᠠᠲᠤᠨ ᠤ ᠡᠯ᠎ᠡ ᠲᠦᠷᠦᠯ ᠤᠨ ᠰᠣᠨᠢᠨ ᠮᠡᠳᠡᠭᠡᠨ ᠤ ᠵᠠᠭᠤᠴᠢ ᠪᠣᠯᠤᠨ ᠮᠠᠨ ᠤ ᠲᠣᠪᠴᠢᠶ᠎ᠠ ᠶᠢᠨ ︽ᠸᠢᠴᠠᠲ ᠪᠢᠴᠢᠯ ᠪᠦᠷᠭᠡ ᠰᠦᠯᠵᠢᠶ᠎ᠡ ᠨᠢᠭᠡ ᠮᠡᠳᠡᠭᠡ ᠨᠢᠭᠡ ᠨᠣᠮᠧᠷ︾ ᠤᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠨ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠬᠠᠷᠢᠴᠠᠭᠤᠯᠤᠨ ᠳᠡᠯᠭᠡᠵᠦ᠂ ᠴᠡᠭᠴᠡᠯᠡᠨ ᠵᠠᠰᠠᠬᠤ ᠠᠵᠢᠯ ᠤᠨ ᠭᠢᠯᠠᠰ ᠴᠡᠭ ᠢ ᠤᠬᠠᠭᠤᠯᠵᠤ᠂ ᠠᠰᠠᠭᠤᠳᠠᠯ ᠲᠠᠢ ᠠᠵᠤ ᠠᠬᠤᠶᠢᠯᠠᠯ ᠢ ᠢᠯᠡᠴᠢᠯᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠰᠢᠨ᠎ᠡ ᠵᠠᠭᠤᠴᠢᠯᠠᠭᠤᠷ ᠤᠨ ᠬᠠᠷᠢᠯᠴᠠᠨ ᠦᠢᠯᠡᠳᠦᠯᠴᠡᠬᠦ ᠴᠢᠳᠠᠪᠤᠷᠢ ᠶᠢ ᠠᠰᠢᠭᠯᠠᠨ᠂ ᠣᠯᠠᠨ ᠨᠡᠶᠢᠲᠡ ᠲᠠᠢ ᠴᠠᠭ ᠲᠤᠬᠠᠢ ᠳᠤᠨᠢ ᠳᠥᠭᠦᠮ ᠠᠪᠰᠠᠷᠬᠠᠨ ᠢᠶᠠᠷ ᠰᠠᠨᠠᠯ ᠢᠶᠠᠨ ᠰᠣᠯᠢᠯᠴᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠂ ︽ᠵᠢᠷᠭᠤᠭᠠᠨ ᠵᠢᠵᠢᠭ︾ ᠠᠵᠢᠯ ᠳᠦᠷᠦᠯ ᠤᠨ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠤᠯᠠᠨ ᠨᠡᠶᠢᠲᠡ ᠶᠢᠨ ᠢᠳᠡᠭᠡᠨ ᠪᠣᠯᠣᠨ ᠡᠮ ᠤᠨ ᠵᠦᠢᠯ ᠤᠨ ᠠᠮᠤᠷ ᠲᠥᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠣᠳᠣᠬᠠᠨ ᠪᠣᠯᠲᠠᠯ᠎ᠠ᠂ ︽ᠵᠢᠷᠭᠤᠭᠠᠨ ᠵᠢᠵᠢᠭ︾ ᠠᠵᠢᠯ ᠲᠦᠷᠦᠯ ᠤᠨ 34722 ᠡᠷᠦᠬᠡ ᠶᠢ ᠪᠠᠶᠢᠴᠠᠭᠠᠵᠤ᠂ 7318 ᠡᠷᠦᠬᠡ ᠶᠢᠨ ᠡᠵᠡᠩᠨᠡᠯᠲᠡ ᠶᠢ ᠨᠢ ᠵᠣᠭᠰᠣᠭᠠᠵᠤ ᠴᠡᠭᠴᠡᠯᠡᠨ ᠥᠭᠡᠷᠡᠴᠢᠯᠡᠭᠦᠯᠵᠦ ᠪᠠᠶᠢᠨ᠎ᠠ᠃ ᠴᠡᠭᠴᠡᠯᠡᠨ ᠥᠭᠡᠷᠡᠴᠢᠯᠡᠵᠦ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠭᠰᠡᠨ ᠨᠢ 5192 ᠡᠷᠦᠬᠡ᠂ ᠬᠠᠭᠠᠵᠤ ᠵᠣᠭᠰᠤᠭᠠᠭᠰᠠᠨ ᠨᠢ 1227 ᠡᠷᠦᠬᠡ᠂ ᠵᠠᠷᠯᠢᠭᠳᠠᠵᠤ ᠪᠠᠶᠢᠭᠠᠳ ᠴᠡᠭᠴᠡᠯᠡᠨ ᠦᠭᠡᠷᠡᠴᠢᠯᠡᠭᠦᠯᠦᠭᠰᠡᠨ ᠨᠢ 8367 ᠡᠷᠦᠬᠡ ᠪᠠᠶᠢᠨ᠎ᠠ︔ ︽ᠲᠣᠭᠤᠭᠠᠨ ᠭᠡᠷ ᠤᠨ ᠬᠤᠪᠢᠰᠬᠠᠯ︾ ᠢ ᠬᠡᠷᠡᠭᠵᠢᠭᠦᠯᠦᠭᠰᠡᠨ ᠠᠴᠠ ᠨᠠᠰᠢ᠂ 25461 ᠡᠷᠦᠬᠡ ᠵᠢᠵᠢᠭ ᠬᠤᠭᠤᠯᠠᠨ ᠭᠡᠷ ᠢ ᠪᠠᠶᠢᠴᠠᠭᠠᠵᠤ᠂ 6761 ᠡᠷᠦᠬᠡ ᠶᠢᠨ ᠡᠵᠡᠩᠨᠡᠯᠲᠡ ᠶᠢ ᠨᠢ ᠵᠣᠭᠰᠣᠭᠠᠵᠤ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠥᠭᠡᠷᠡᠴᠢᠯᠡᠵᠦ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠭᠰᠡᠨ ᠨᠢ 4107 ᠡᠷᠦᠬᠡ᠂ ᠬᠠᠭᠠᠵᠤ ᠵᠣᠭᠰᠤᠭᠠᠭᠰᠠᠨ ᠨᠢ 667 ᠡᠷᠦᠬᠡ᠂ ᠵᠠᠷᠯᠢᠭᠳᠠᠵᠤ ᠪᠠᠶᠢᠭᠠᠳ ᠴᠡᠭᠴᠡᠯᠡᠨ ᠦᠭᠡᠷᠡᠴᠢᠯᠡᠭᠦᠯᠦᠭᠰᠡᠨ ᠨᠢ 6933 ᠡᠷᠦᠬᠡ ᠪᠠᠶᠢᠨ᠎ᠠ᠃        ᠳᠠᠷᠠᠭᠠᠴᠢ ᠶᠢᠨ ᠠᠯᠬᠤᠮ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠡᠭᠴᠡᠯᠡᠵᠦ ᠵᠠᠰᠠᠭᠰᠠᠨ ᠠᠮᠵᠢᠯᠲᠠ ᠪᠦᠲᠦᠮᠵᠢ ᠪᠠᠨ ᠲᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠲᠣᠭᠲᠠᠭᠰᠠᠨ ᠴᠠᠭ ᠲᠠᠭᠠᠨ ᠵᠢᠱᠢᠭᠰᠡᠨ ᠬᠠᠷᠠᠯᠲᠠ ᠪᠠᠨ ᠪᠡᠶᠡᠯᠡᠭᠦᠯᠦᠨ᠎ᠡ᠃ ᠨᠢᠭᠡ ᠳᠤ ᠬᠤᠳᠠ ᠶᠢᠨ ᠨᠠᠮ ᠤᠨ ᠬᠤᠷᠢᠶ᠎ᠠ ᠶᠢᠨ ᠶᠦᠨ ᠭᠤᠸᠠᠩ ᠵᠦᠩ ᠱᠦᠵᠢ ᠶᠢᠨ ᠳᠤᠷᠠᠳᠤᠭᠰᠠᠨ ︽ᠳᠥᠷᠪᠡᠨ ᠨᠠᠷᠢᠯᠢᠭ︾ ︵ᠨᠠᠷᠢᠯᠢᠭ ᠵᠣᠬᠢᠶᠠᠨ ᠪᠠᠶᠢᠭᠤᠯᠬᠤ᠂ ᠨᠠᠷᠢᠯᠢᠭ ᠴᠡᠭᠴᠡᠯᠡᠨ ᠥᠭᠡᠷᠡᠴᠢᠯᠡᠬᠦ᠂ ᠨᠠᠷᠢᠯᠢᠭ ᠬᠠᠮᠢᠶᠠᠷᠬᠤ᠂ ᠨᠠᠷᠢᠯᠢᠭ ᠦᠷ᠎ᠡ ᠪᠦᠲᠥᠮᠵᠢ ᠣᠯᠬᠤ︶ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠬᠤᠪᠢᠶᠠᠨ ᠡᠮᠬᠢᠯᠡᠨ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃        ᠬᠤᠶᠠᠷ ᠲᠤ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠵᠣᠷᠢᠭ ᠢᠶᠠᠨ ᠬᠥᠪᠴᠢᠯᠡᠵᠦ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠢᠯᠣᠭᠤ ᠲᠠᠲᠠᠬᠤ ᠦᠭᠡᠢ ᠡᠷᠡᠰ ᠵᠣᠷᠢᠭ ᠢᠶᠠᠷ᠂ ᠢᠳᠡᠭᠡᠨ ᠤ ︽ᠵᠢᠷᠭᠤᠭᠠᠨ ᠵᠢᠵᠢᠭ︾ ᠠᠵᠢᠯ ᠲᠦᠷᠦᠯ ᠤᠨ ᠲᠤᠰᠬᠠᠶ ᠵᠠᠰᠠᠯᠲᠠ ᠪᠣᠯᠣᠨ ᠵᠢᠵᠢᠭ ᠬᠤᠭᠤᠯᠠᠨ ᠭᠡᠷ ᠤᠨ ︽ᠲᠣᠭᠤᠭᠠᠨ ᠭᠡᠷ ᠤᠨ ᠬᠤᠪᠢᠰᠬᠠᠯ︾ ᠢ ᠡᠴᠦᠰ ᠲᠤᠨᠢ ᠲᠤᠯᠲᠠᠯ᠎ᠠ ᠬᠢᠵᠦ᠂ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ ᠴᠡᠭᠴᠡᠯᠡᠨ ᠵᠠᠰᠠᠯᠲᠠ ᠶᠢ ᠬᠤᠭᠤᠴᠠᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃        ᠭᠤᠷᠪᠠ ᠳᠤ ᠰᠢᠮᠳᠠᠭᠤᠯᠤᠨ ᠵᠢᠯᠣᠭᠤᠳᠴᠤ ᠬᠤᠯᠪᠣᠭᠠᠯᠠᠨ ᠳᠠᠭᠠᠭᠠᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠨ ᠵᠤᠯᠭᠠᠭᠤᠯᠤᠨ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃        ᠲᠦᠷᠪᠡ ᠳᠤ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠨ᠂ ᠬᠠᠷᠢᠯᠴᠠᠨ ᠲᠣᠯᠢᠯᠠᠵᠤ᠂ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠥᠳᠥᠮᠵᠢᠳᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠣᠶᠢᠷ᠎ᠠ ᠳᠤ ᠡᠯ᠎ᠡ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠠ ᠰᠣᠯᠢᠯᠴᠠᠬᠤ ᠠᠵᠢᠯᠯᠠᠭ᠎ᠠ ᠥᠷᠨᠢᠭᠦᠯᠣᠨ᠎ᠠ᠃        ᠲᠠᠪᠤ ᠳᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠡᠷᠴᠢᠮᠯᠡᠨ ᠠᠬᠢᠭᠤᠯᠵᠤ᠂ ︽ᠬᠤᠶᠠᠷ ᠵᠢᠷᠤᠭ ᠨᠢᠭᠡ ᠪᠢᠴᠢᠭ ᠭᠤᠷᠪᠠᠨ ᠳᠠᠩᠰᠠ ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠳᠠᠩᠰᠠ ᠡᠪᠬᠡᠮᠡᠯ ᠳᠡᠪᠲᠡᠷ ᠲᠡᠮᠳᠡᠭ ᠪᠠᠶᠢᠭᠤᠯᠬᠤ ᠶᠢ ᠰᠠᠶᠢᠲᠤᠷ ᠠᠳᠬᠤᠨ᠎ᠠ᠃ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠰᠢᠪᠲᠤᠯᠤᠯᠲᠠ ᠭᠠᠷᠭᠠᠵᠤ᠂ ᠲᠤᠭ᠎ᠠ ᠪᠦᠷᠢᠨ ᠪᠠᠶᠢᠳᠠᠯ ᠲᠣᠳᠣᠷᠬᠠᠶ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃        ᠵᠢᠷᠭᠤᠭ᠎ᠠ ᠳᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠦ ᠢᠯᠠᠩᠭᠤᠶ᠎ᠠ ᠵᠢᠵᠢᠭ ᠬᠤᠭᠤᠯᠠᠨ ᠭᠡᠷ ᠤᠨ ᠢᠳᠡᠭᠡᠨ ᠤᠮᠳᠠᠭᠠᠨ ᠤ ᠠᠮᠤᠷ ᠲᠥᠪᠰᠢᠨ ᠤ ᠲᠠᠯ᠎ᠠ ᠪᠠᠷ ᠲᠤᠰᠬᠠᠶ ᠰᠤᠭᠤᠴᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃        ᠬᠥᠲᠥᠯᠥᠭᠴᠢ᠄        ᠵᠠ ᠰᠠᠶᠢᠨ ᠪᠣᠯᠣᠯ᠎ᠠ᠂ ᠵᠢᠶᠤᠤ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠡᠮ ᠳᠤ ᠪᠠᠶᠠᠷᠲᠠᠶ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号