ᠠᠯᠪᠠᠲᠠᠨ ᠠᠯᠪᠠᠨ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠬᠤ ᠳᠠᠭᠠᠨ ᠳᠠᠷᠠᠭᠠᠴᠢ ᠪᠠᠷ ᠬᠢᠬᠦ ᠠᠵᠢᠯ ᠢᠶᠠᠨ ᠦᠨᠡᠨ ᠮᠦᠨ ᠢᠶᠠᠷ ᠨᠢ ᠮᠡᠳᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2017-06-14
       ᠤᠶᠢᠷ᠎ᠠ ᠳᠤ᠂ ᠲᠦᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ᠂ ᠤᠯᠤᠰ ᠤᠨ ᠠᠯᠪᠠᠲᠠᠨ ᠤ ᠲᠤᠪᠴᠢᠶ᠎ᠠ ᠬᠠᠮᠲᠤᠷᠠᠨ ︽ᠠᠯᠪᠠᠲᠠᠨ ᠤ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠳᠠᠷᠠᠭᠠᠬᠢ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠰᠠᠨᠠᠯ︾ ︵ᠳᠤᠷᠤᠭᠰᠢ ︽ᠰᠠᠨᠠᠯ︾ ᠭᠡᠵᠦ ᠲᠤᠪᠴᠢᠯᠠᠨ᠎ᠠ︶ ᠢ ᠲᠠᠷᠬᠠᠭᠠᠪᠠ᠃        ︽ᠰᠠᠨᠠᠯ︾ ᠳᠤ᠂ ᠡᠯ᠎ᠡ ᠱᠠᠲᠤᠨ ᠤ ᠪᠠᠶᠢᠭᠤᠯᠤᠯᠭ᠎ᠠ ᠳᠠᠬᠢ ᠤᠤᠯ ᠤᠨ ᠤᠳᠤᠷᠢᠳᠬᠤ ᠪᠠᠭ ᠤᠨ ᠪᠦᠷᠢᠯᠳᠦᠭᠦᠨ ᠪᠠᠶᠢᠭᠰᠠᠨ ᠠᠯᠪᠠᠲᠠᠨ ᠵᠢᠴᠢ ᠰᠢᠶᠠᠨ ᠪᠠ ᠭᠠᠵᠠᠷ ᠤᠨ ᠱᠠᠲᠤᠨ ᠠᠴᠠ ᠳᠡᠭᠡᠭᠰᠢᠬᠢ ᠲᠤᠰᠢᠶᠠᠯ ᠡᠭᠦᠷᠭᠡᠯᠡᠵᠦ ᠪᠠᠶᠢᠭᠰᠠᠨ ᠪᠤᠰᠤᠳ ᠠᠯᠪᠠᠲᠠᠨ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠳᠠᠷᠠᠭᠠᠬᠢ 3 ᠵᠢᠯ ᠤᠨ ᠲᠤᠲᠤᠷ᠎ᠠ᠂ ᠤᠤᠯ ᠤᠨ ᠡᠭᠦᠷᠭᠡᠯᠡᠵᠦ ᠪᠠᠶᠢᠭᠰᠠᠨ ᠲᠤᠰᠢᠶᠠᠯ ᠤᠨ ᠬᠠᠷᠢᠶᠠᠨ ᠳᠠᠬᠢ ᠭᠠᠵᠠᠷ ᠤᠷᠤᠨ ᠪᠠ ᠲᠤᠬᠠᠶᠢᠯᠠᠭᠰᠠᠨ ᠠᠵᠢᠯ ᠤᠨ ᠬᠡᠪᠴᠢᠶᠡᠨ ᠲᠤᠲᠤᠷᠠᠬᠢ ᠠᠵᠤ ᠠᠬᠤᠶᠢᠯᠠᠯ᠂ ᠵᠠᠭᠤᠴᠢ ᠪᠠᠶᠢᠭᠤᠯᠤᠮᠵᠢ ᠪᠤᠶᠤ ᠪᠤᠰᠤᠳ ᠠᠰᠢᠭ ᠬᠤᠨᠵᠢᠬᠤ ᠴᠢᠨᠠᠷᠲᠠᠢ ᠵᠤᠬᠢᠶᠠᠨ ᠪᠠᠶᠢᠭᠤᠯᠤᠯᠲᠠ ᠶᠢᠨ ᠤᠷᠢᠯᠲᠠ ᠶᠢ ᠬᠦᠯᠢᠶᠡᠨ ᠠᠪᠴᠤ ᠪᠤᠯᠬᠤ ᠦᠭᠡᠢ᠂ ᠬᠤᠪᠢ ᠬᠦᠮᠦᠨ ᠤᠤᠯ ᠤᠨ ᠡᠭᠦᠷᠭᠡᠯᠡᠵᠦ ᠪᠠᠶᠢᠭᠰᠠᠨ ᠲᠤᠰᠢᠶᠠᠯ ᠳᠤ ᠬᠠᠷᠢᠶᠠᠯᠠᠭᠳᠠᠬᠤ ᠲᠤᠬᠠᠶᠢᠯᠠᠭᠰᠠᠨ ᠠᠵᠢᠯ ᠲᠠᠢ ᠰᠢᠭᠤᠳ ᠬᠤᠯᠪᠤᠭ᠎ᠠ ᠲᠠᠢ ᠠᠰᠢᠭ ᠬᠤᠨᠵᠢᠬᠤ ᠴᠢᠨᠠᠷᠲᠠᠢ ᠠᠵᠢᠯᠯᠠᠭ᠎ᠠ ᠶᠢ ᠬᠢᠵᠦ ᠪᠤᠯᠬᠤ ᠦᠭᠡᠢ︔ ᠪᠤᠰᠤᠳ ᠠᠯᠪᠠᠲᠠᠨ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠪᠠᠨ ᠳᠠᠷᠠᠭ᠎ᠠ 2 ᠵᠢᠯ ᠤᠨ ᠲᠤᠲᠤᠷ᠎ᠠ᠂ ᠤᠤᠯ ᠤᠨ ᠠᠵᠢᠯ ᠤᠨ ᠲᠤᠬᠠᠶᠢᠯᠠᠭᠰᠠᠨ ᠠᠵᠢᠯ ᠲᠠᠢ ᠰᠢᠭᠤᠳ ᠬᠤᠯᠪᠤᠭ᠎ᠠ ᠲᠠᠢ ᠠᠵᠤ ᠠᠬᠤᠶᠢᠯᠠᠯ᠂ ᠵᠠᠭᠤᠴᠢ ᠪᠠᠶᠢᠭᠤᠯᠤᠮᠵᠢ ᠪᠤᠶᠤ ᠪᠤᠰᠤᠳ ᠠᠰᠢᠭ ᠬᠤᠨᠵᠢᠬᠤ ᠴᠢᠨᠠᠷᠲᠠᠢ ᠵᠤᠬᠢᠶᠠᠨ ᠪᠠᠶᠢᠭᠤᠯᠤᠯᠲᠠ ᠶᠢᠨ ᠤᠷᠢᠯᠲᠠ ᠶᠢ ᠬᠦᠯᠢᠶᠡᠨ ᠠᠪᠴᠤ ᠪᠤᠯᠬᠤ ᠦᠭᠡᠢ᠂ ᠬᠤᠪᠢ ᠬᠦᠮᠦᠨ ᠤᠤᠯ ᠤᠨ ᠲᠤᠬᠠᠶᠢᠯᠠᠭᠰᠠᠨ ᠠᠵᠢᠯ ᠲᠠᠢ ᠪᠠᠨ ᠬᠤᠯᠪᠤᠭ᠎ᠠ ᠲᠠᠢ ᠠᠰᠢᠭ ᠬᠤᠨᠵᠢᠬᠤ ᠴᠢᠨᠠᠷᠲᠠᠢ ᠠᠵᠢᠯᠯᠠᠭ᠎ᠠ ᠶᠢ ᠬᠢᠵᠦ ᠪᠤᠯᠬᠤ ᠦᠭᠡᠢ ᠭᠡᠵᠦ ᠲᠤᠭᠲᠠᠭᠠᠪᠠ᠃        ︽ᠰᠠᠨᠠᠯ︾ ᠳᠤ᠂ ᠠᠯᠪᠠᠲᠠᠨ ᠠᠯᠪᠠᠨ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠬᠤ ᠳᠠᠭᠠᠨ ᠳᠠᠷᠠᠭᠠᠴᠢ ᠪᠠᠷ ᠬᠢᠬᠦ ᠠᠵᠢᠯ ᠢᠶᠠᠨ ᠦᠨᠡᠨ ᠮᠦᠨ ᠢᠶᠠᠷ ᠨᠢ ᠮᠡᠳᠡᠭᠦᠯᠦᠨ᠂ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠠᠵᠢᠯ ᠬᠢᠬᠦ ᠬᠢᠵᠠᠭᠠᠷᠯᠠᠯ ᠤᠨ ᠬᠤᠭᠤᠴᠠᠭᠠᠨ ᠳᠤ ᠠᠵᠢᠯ ᠤᠨ ᠬᠤᠪᠢᠷᠠᠯᠲᠠ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ︔ ᠠᠯᠪᠠᠲᠠᠨ ᠤ ᠤᠤᠯ ᠤᠨ ᠪᠠᠶᠢᠭ᠎ᠠ ᠨᠢᠭᠡᠴᠡ ᠠᠯᠪᠠᠨ ᠲᠤᠰᠢᠶᠠᠯ ᠠᠴᠠ ᠪᠠᠨ ᠪᠠᠭᠤᠬᠤ ᠶᠢ ᠨᠢ ᠵᠦᠪᠰᠢᠶᠡᠷᠡᠬᠦ ᠠᠴᠠ ᠡᠮᠦᠨ᠎ᠡ ᠬᠤᠪᠢ ᠬᠦᠮᠦᠨ ᠲᠠᠢ ᠶᠠᠷᠢᠯᠴᠠᠵᠤ᠂ ᠳᠠᠷᠠᠭᠠᠴᠢ ᠪᠠᠷ ᠬᠢᠬᠦ ᠠᠵᠢᠯ ᠤᠨ ᠪᠠᠶᠢᠳᠠᠯ ᠢ ᠤᠶᠢᠯᠠᠭᠠᠨ᠂ ᠠᠵᠢᠯ ᠬᠢᠬᠦ ᠬᠢᠵᠠᠭᠠᠷᠯᠠᠯ ᠤᠨ ᠲᠤᠭᠲᠠᠭᠠᠯ ᠢ ᠴᠢᠩᠭ᠎ᠠ ᠵᠢᠷᠤᠮᠯᠠᠬᠤ ᠲᠤᠬᠠᠢ ᠰᠠᠨᠠᠭᠤᠯᠬᠤ ᠬᠡᠷᠡᠭᠲᠡᠢ︔ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠯᠪᠠᠲᠠᠨ ᠤ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠳᠠᠷᠠᠭᠠᠬᠢ ᠬᠢᠬᠦ ᠠᠵᠢᠯ ᠢ ᠳᠠᠩᠰᠠᠯᠠᠬᠤ ᠪᠠ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠪᠠᠶᠢᠭᠤᠯᠤᠯᠭ᠎ᠠ ᠶᠢᠨ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠳᠠᠷᠠᠭᠠᠬᠢ ᠬᠢᠬᠦ ᠠᠵᠢᠯ ᠤᠨ ᠲᠤᠬᠠᠢ ᠲᠤᠭᠲᠠᠭᠠᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠵᠢᠯᠤᠭᠤᠳᠬᠤ ᠪᠠ ᠬᠢᠨᠠᠨ ᠪᠠᠶᠢᠴᠠᠭᠠᠬᠤ ᠬᠡᠷᠡᠭᠲᠡᠢ︔ ᠦᠢᠯᠡᠳᠪᠦᠷᠢ ᠬᠤᠳᠠᠯᠳᠤᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠᠶᠢᠴᠠᠭᠠᠨ ᠲᠤᠳᠤᠯᠠᠭᠰᠠᠨ ᠲᠤᠭᠲᠠᠭᠠᠯ ᠵᠦᠷᠢᠴᠡᠨ ᠠᠵᠢᠯ ᠡᠷᠬᠢᠯᠡᠭᠰᠡᠨ ᠬᠦᠮᠦᠰ ᠪᠤᠯᠤᠨ ᠤᠷᠢᠵᠤ ᠬᠡᠷᠡᠭᠯᠡᠭᠰᠡᠨ ᠠᠵᠤ ᠠᠬᠤᠶᠢᠯᠠᠯ ᠳᠤ ᠵᠤᠬᠢᠴᠠᠩᠭᠤᠢ ᠰᠢᠳᠬᠡᠯ ᠦᠭᠬᠦ ᠬᠡᠷᠡᠭᠲᠡᠢ ᠭᠡᠵᠦ ᠱᠠᠭᠠᠷᠳᠠᠪᠠ᠃        ︽ᠰᠠᠨᠠᠯ︾ ᠳᠤ᠂ ᠲᠦᠷᠦ ᠶᠢᠨ ᠪᠤᠳᠤᠯᠭ᠎ᠠ ᠶᠢ ᠤᠨᠤᠪᠴᠢᠲᠠᠢ ᠡᠵᠡᠮᠳᠡᠨ ᠬᠡᠷᠡᠭᠵᠢᠭᠦᠯᠵᠦ᠂ ᠠᠯᠪᠠᠲᠠᠨ ᠤ ᠬᠠᠤᠯᠢ ᠶᠤᠰᠤᠭᠠᠷ ᠠᠯᠪᠠᠨ ᠲᠤᠰᠢᠶᠠᠯ ᠠᠴᠠ ᠪᠠᠨ ᠪᠠᠭᠤᠬᠤ ᠦᠢᠯᠡ ᠠᠵᠢᠯᠯᠠᠭ᠎ᠠ ᠳᠤ ᠵᠦᠪ ᠢᠶᠠᠷ ᠬᠠᠨᠳᠤᠨ᠂ ᠴᠢᠳᠠᠪᠤᠷᠢᠲᠠᠨ ᠤ ᠵᠦᠢ ᠵᠤᠬᠢᠰᠲᠠᠢ ᠰᠢᠯᠵᠢᠬᠦ ᠶᠢ ᠳᠡᠮᠵᠢᠵᠦ᠂ ᠠᠯᠪᠠᠨ ᠲᠤᠰᠢᠶᠠᠯ ᠠᠴᠠ ᠪᠠᠨ ᠪᠠᠭᠤᠭᠰᠠᠨ ᠠᠯᠪᠠᠲᠠᠨ ᠤ ᠬᠠᠤᠯᠢ ᠶᠤᠰᠤ ᠪᠠᠷ ᠠᠵᠢᠯ ᠤᠯᠬᠤ ᠪᠠ ᠦᠢᠯᠡᠰ ᠴᠤᠭᠴᠠᠯᠠᠬᠤ ᠡᠷᠬᠡ ᠠᠰᠢᠭ ᠢ ᠭᠦᠢᠴᠡᠳ ᠬᠦᠨᠳᠦᠳᠬᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ︽ᠰᠠᠨᠠᠯ︾ ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠠᠯᠪᠠᠲᠠᠨ ᠤ ᠬᠢᠨᠠᠯᠲᠠ ᠬᠢᠵᠠᠭᠠᠷᠯᠠᠯ ᠤᠨ ᠲᠤᠭᠲᠠᠴᠠ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠮᠦᠨ᠃ ᠳᠠᠷᠠᠭᠠᠴᠢ ᠶᠢᠨ ᠠᠯᠬᠤᠮ ᠳᠤ᠂ ᠡᠯ᠎ᠡ ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠦᠢᠯᠡᠳᠪᠦᠷᠢ ᠬᠤᠳᠠᠯᠳᠤᠭ᠎ᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ︽ᠰᠠᠨᠠᠯ︾ ᠤᠨ ᠱᠠᠭᠠᠷᠳᠠᠯᠭ᠎ᠠ ᠶᠤᠰᠤᠭᠠᠷ᠂ ᠠᠯᠪᠠᠲᠠᠨ ᠤ ᠠᠯᠪᠠᠨ ᠲᠤᠰᠢᠶᠠᠯ ᠠᠴᠠ ᠪᠠᠨ ᠪᠠᠭᠤᠭᠰᠠᠨ ᠤ ᠳᠠᠷᠠᠭᠠᠬᠢ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号