2017 ᠤᠨ ᠤ ᠠᠵᠤ ᠠᠬᠤᠶᠢᠯᠠᠯ ᠤᠨ ᠴᠠᠯᠢᠩ ᠤᠨ ᠵᠢᠯᠤᠭᠤᠳᠤᠯᠭ᠎ᠠ ᠶᠢᠨ ᠱᠤᠭᠤᠮ ᠭᠠᠷᠴᠤ ᠢᠷᠡᠪᠡ
ᠨᠡᠶᠢᠲᠡᠯᠡᠭᠰᠡᠨ ᠴᠠᠭ᠄
2017-06-14
       ᠤᠶᠢᠷ᠎ᠠ ᠶᠢᠨ ᠡᠳᠦᠷ ᠠᠴᠠ ᠨᠠᠰᠢ᠂ ᠱᠠᠨᠳᠦ᠋ᠩ᠂ ᠱᠠᠨ ᠰᠢ᠂ ᠦᠪᠦᠷ ᠮᠤᠩᠭᠤᠯ ᠵᠡᠷᠭᠡ ᠭᠠᠵᠠᠷ ᠤᠷᠤᠨ 2017 ᠤᠨ ᠤ ᠠᠵᠤ ᠠᠬᠤᠶᠢᠯᠠᠯ ᠤᠨ ᠴᠠᠯᠢᠩ ᠤᠨ ᠵᠢᠯᠤᠭᠤᠳᠤᠯᠭ᠎ᠠ ᠶᠢᠨ ᠱᠤᠭᠤᠮ ᠢᠶᠠᠨ ᠨᠡᠶᠢᠲᠡᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠢ ᠲᠤᠬᠢᠷᠠᠭᠤᠯᠬᠤ ᠳᠤ ᠯᠠᠪᠯᠠᠬᠤ ᠦᠨᠳᠦᠰᠦᠯᠡᠯ ᠬᠠᠩᠭᠠᠭᠰᠠᠨ ᠪᠠᠶᠢᠨ᠎ᠠ᠃        ᠱᠠᠨ ᠰᠢ ᠮᠤᠵᠢ ᠶᠢᠨ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠶᠢᠷ᠎ᠠ ᠳᠤ 2017 ᠤᠨ ᠤ ᠠᠵᠤ ᠠᠬᠤᠶᠢᠯᠠᠯ ᠤᠨ ᠴᠠᠯᠢᠩ ᠤᠨ ᠵᠢᠯᠤᠭᠤᠳᠤᠯᠭ᠎ᠠ ᠶᠢᠨ ᠱᠤᠭᠤᠮ ᠢᠶᠠᠨ ᠨᠡᠶᠢᠲᠡᠯᠡᠵᠡᠢ᠂ ᠡᠭᠦᠨ ᠳᠤ 2017 ᠤᠨ ᠤ ᠱᠠᠨ ᠰᠢ ᠮᠤᠵᠢ ᠶᠢᠨ ᠠᠵᠤ ᠠᠬᠤᠶᠢᠯᠠᠯ ᠤᠨ ᠴᠠᠯᠢᠩ ᠤᠨ ᠨᠡᠮᠡᠭᠳᠡᠯ ᠤᠨ ᠰᠠᠭᠤᠷᠢ ᠱᠤᠭᠤᠮ ᠨᠢ 8% ᠪᠠᠶᠢᠵᠤ᠂ ᠨᠡᠮᠡᠭᠳᠡᠯ ᠤᠨ ᠳᠡᠭᠡᠳᠦ ᠱᠤᠭᠤᠮ ᠨᠢ 12% ᠪᠠᠶᠢᠵᠤ ᠨᠡᠮᠡᠭᠳᠡᠯ ᠤᠨ ᠳᠤᠤᠷᠠᠳᠤ ᠱᠤᠭᠤᠮ ᠨᠢ 4% ᠪᠤᠯᠤᠨ᠎ᠠ᠃ ᠱᠠᠨᠳᠦ᠋ᠩ ᠤᠨ ᠴᠠᠯᠢᠩ ᠤᠨ ᠰᠠᠭᠤᠷᠢ ᠱᠤᠭᠤᠮ ᠨᠢ 7.5% ᠪᠠᠶᠢᠵᠤ᠂ ᠳᠡᠭᠡᠳᠦ ᠱᠤᠭᠤᠮ ᠨᠢ 12%᠂ ᠳᠤᠤᠷᠠᠳᠤ ᠱᠤᠭᠤᠮ ᠨᠢ 3% ᠪᠤᠯᠤᠨ᠎ᠠ︔ ᠦᠪᠦᠷ ᠮᠤᠩᠭᠤᠯ ᠤᠨ ᠰᠠᠭᠤᠷᠢ ᠱᠤᠭᠤᠮ ᠨᠢ 8%᠂ ᠳᠡᠭᠡᠳᠦ ᠱᠤᠭᠤᠮ ᠨᠢ 12%᠂ ᠳᠤᠤᠷᠠᠳᠤ ᠱᠤᠭᠤᠮ ᠨᠢ 2% ᠪᠤᠯᠤᠨ᠎ᠠ᠃        ᠤᠶᠢᠯᠠᠭᠠᠭᠰᠠᠨ ᠢᠶᠠᠷ᠂ ᠠᠵᠤ ᠠᠬᠤᠶᠢᠯᠠᠯ ᠤᠨ ᠴᠠᠯᠢᠩ ᠤᠨ ᠵᠢᠯᠤᠭᠤᠳᠤᠯᠭ᠎ᠠ ᠶᠢᠨ ᠱᠤᠭᠤᠮ ᠨᠢ ᠰᠠᠭᠤᠷᠢ ᠱᠤᠭᠤᠮ᠂ ᠳᠡᠭᠡᠳᠦ ᠱᠤᠭᠤᠮ ᠪᠤᠯᠤᠨ ᠳᠤᠤᠷᠠᠳᠤ ᠱᠤᠭᠤᠮ ᠢᠶᠠᠷ ᠪᠦᠷᠢᠯᠳᠦᠵᠦ᠂ ᠲᠡᠷᠡ ᠨᠢ ᠵᠠᠰᠠᠭ ᠤᠨ ᠤᠷᠳᠤᠨ ᠤ ᠲᠤᠬᠠᠢ ᠶᠢᠨ ᠵᠢᠯ ᠤᠨ ᠠᠵᠤ ᠠᠬᠤᠢ ᠶᠢᠨ ᠬᠦᠭᠵᠢᠯᠲᠡ ᠶᠢᠨ ᠲᠤᠬᠢᠷᠠᠭᠤᠯᠤᠯ ᠡᠵᠡᠮᠳᠡᠯ ᠤᠨ ᠬᠠᠷᠠᠯᠲᠠ ᠪᠠᠨ ᠦᠨᠳᠦᠰᠦᠯᠡᠨ ᠨᠡᠶᠢᠭᠡᠮ ᠳᠠᠶᠠᠭᠠᠷ ᠲᠤ ᠨᠡᠶᠢᠲᠡᠯᠡᠬᠦ ᠤᠨ ᠤ ᠴᠠᠯᠢᠩ ᠤᠨ ᠨᠡᠮᠡᠭᠳᠡᠯ ᠤᠨ ᠬᠢᠷᠢ ᠲᠦᠪᠰᠢᠨ ᠤ ᠰᠠᠨᠠᠭᠤᠯᠭ᠎ᠠ ᠮᠦᠨ ᠪᠤᠯᠬᠤᠷ ᠠᠯᠪᠠᠳᠠᠯᠭ᠎ᠠ ᠶᠢᠨ ᠬᠢᠵᠠᠭᠠᠷᠯᠠᠬᠤ ᠬᠦᠴᠦᠨ ᠦᠭᠡᠢ ᠶᠤᠮ᠂ ᠭᠡᠪᠡᠴᠦ ᠠᠵᠤ ᠠᠬᠤᠶᠢᠯᠠᠯ  ᠨᠢ ᠠᠵᠢᠯᠲᠠᠨ ᠠᠵᠢᠯᠴᠢᠨ ᠲᠠᠢ ᠪᠠᠨ ᠴᠠᠯᠢᠩ ᠤᠨ ᠨᠡᠮᠡᠭᠳᠡᠯ ᠤᠨ ᠬᠢᠷᠢ ᠲᠦᠪᠰᠢᠨ ᠢ ᠦᠪᠡᠰᠦᠪᠡᠨ ᠵᠦᠢ ᠵᠤᠬᠢᠰᠲᠠᠢ ᠲᠤᠭᠲᠠᠭᠠᠬᠤ ᠳᠤ ᠯᠠᠪᠯᠠᠬᠤ ᠦᠨᠳᠦᠰᠦᠯᠡᠯ ᠬᠠᠩᠭᠠᠳᠠᠭ᠃        ᠰᠠᠭᠤᠷᠢ ᠱᠤᠭᠤᠮ ᠤᠨ ᠲᠠᠯ᠎ᠠ ᠪᠠᠷ᠂ ᠱᠠᠨᠳᠦ᠋ᠩ 8% ᠪᠠᠶᠢᠭᠰᠠᠨ ᠠᠴᠠ 7.5% ᠪᠤᠯᠤᠨ ᠪᠠᠭᠤᠷᠠᠵᠤ᠂ 0.5 ᠵᠠᠭᠤᠨ ᠤ ᠨᠢᠭᠡᠴᠢ ᠪᠠᠭᠤᠷᠠᠪᠠ︔ ᠱᠠᠨ ᠰᠢ 7% ᠪᠠᠶᠢᠭᠰᠠᠨ ᠠᠴᠠ 8% ᠪᠣᠯᠵᠤ ᠳᠡᠭᠡᠭᠰᠢᠯᠡᠪᠡ︔ ᠦᠪᠦᠷ ᠮᠤᠩᠭᠤᠯ 8.5% ᠪᠠᠶᠢᠭᠰᠠᠨ ᠠᠴᠠ 8% ᠪᠤᠯᠤᠨ ᠪᠠᠭᠤᠷᠠᠪᠠ᠃ ᠳᠡᠭᠡᠳᠦ ᠱᠤᠭᠤᠮ ᠤᠨ ᠲᠠᠯ᠎ᠠ ᠪᠠᠷ᠂ ᠱᠠᠨᠳᠦ᠋ᠩ 13% ᠪᠠᠶᠢᠭᠰᠠᠨ ᠠᠴᠠ 12% ᠪᠣᠯᠵᠤ ᠪᠠᠭᠤᠷᠠᠪᠠ︔ ᠱᠠᠨ ᠰᠢ 11% ᠪᠠᠶᠢᠭᠰᠠᠨ ᠠᠴᠠ 12% ᠪᠤᠯᠵᠤ ᠳᠡᠭᠡᠭᠰᠢᠯᠡᠪᠡ︔ ᠦᠪᠦᠷ ᠮᠤᠩᠭᠤᠯ 13.5% ᠪᠠᠶᠢᠭᠰᠠᠨ ᠠᠴᠠ 12% ᠪᠣᠯᠵᠤ ᠪᠠᠭᠤᠷᠠᠪᠠ᠃
 
ᠢᠷᠡᠯᠲᠡ᠄ ᠭᠤᠸᠠᠩᠮᠢᠩ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号