ᠲᠤᠲᠤᠭᠠᠳᠤ ᠶᠢ ᠬᠠᠮᠠᠭᠠᠯᠠᠬᠤ ᠶᠠᠮᠤᠨ ᠠᠷᠭ᠎ᠠ ᠬᠡᠮᠵᠢᠶ᠎ᠡ ᠠᠪᠴᠤ ᠬᠠᠤᠯᠢ ᠵᠦᠷᠢᠴᠡᠭᠰᠡᠨ ᠵᠢᠯᠤᠭᠤᠴᠢ ᠶᠢ ᠪᠦᠷᠢᠨ ᠬᠤᠪᠢ ᠬᠠᠰᠤᠭᠰᠠᠨ ᠬᠦᠮᠦᠵᠢᠯ ᠪᠠ ᠬᠢᠨᠠᠨ ᠰᠢᠯᠭᠠᠬᠤ ᠬᠦᠮᠦᠵᠢᠯ ᠢ ᠴᠢᠩᠭᠠᠳᠬᠠᠬᠤ ᠪᠠᠷ ᠪᠤᠢ
ᠨᠡᠶᠢᠲᠡᠯᠡᠭᠰᠡᠨ ᠴᠠᠭ᠄
2017-06-14
       ᠤᠶᠢᠷ᠎ᠠ ᠶᠢᠨ ᠡᠳᠦᠷ᠂ ᠰᠤᠷᠪᠤᠯᠵᠢᠯᠠᠭᠴᠢ ᠲᠤᠲᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠠᠴᠠ ᠤᠶᠢᠯᠠᠭᠠᠭᠰᠠᠨ ᠨᠢ᠂ ᠡᠯ᠎ᠡ ᠭᠠᠵᠠᠷ ᠤᠨ ᠲᠤᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠬᠠᠤᠯᠢ ᠵᠦᠷᠢᠴᠡᠭᠰᠡᠨ ᠵᠢᠯᠤᠭᠤᠴᠢ ᠶᠢ ᠪᠦᠷᠢᠨ ᠬᠤᠪᠢ ᠬᠠᠰᠤᠭᠰᠠᠨ ᠬᠦᠮᠦᠵᠢᠯ ᠪᠠ ᠬᠢᠨᠠᠨ ᠰᠢᠯᠭᠠᠬᠤ ᠬᠦᠮᠦᠵᠢᠯ ᠤᠨ ᠵᠢᠭᠠᠨ ᠰᠤᠷᠭᠠᠬᠤ ᠬᠡᠯᠪᠡᠷᠢ᠂ ᠰᠢᠯᠭᠠᠯᠲᠠ ᠶᠢᠨ ᠰᠠᠬᠢᠯᠭ᠎ᠠ ᠪᠠᠲᠤ ᠵᠡᠷᠭᠡ ᠶᠢ ᠴᠢᠩᠭᠠᠳᠬᠠᠵᠤ ︽ᠬᠤᠶᠠᠷ ᠬᠦᠮᠦᠵᠢᠯ︾ ᠤᠨ ᠦᠢᠯᠡᠳᠦᠯ ᠢ ᠦᠨᠡᠨ ᠬᠦ ᠪᠠᠳᠠᠷᠠᠭᠤᠯᠤᠨ᠂ ᠵᠢᠯᠤᠭᠤᠴᠢ ᠶᠢᠨ ᠪᠤᠯᠪᠠᠰᠤᠨ ᠤ ᠤᠬᠠᠮᠰᠠᠷ᠂ ᠠᠮᠤᠷ ᠲᠦᠪᠰᠢᠨ ᠤ ᠤᠬᠠᠮᠰᠠᠷ ᠪᠤᠯᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ ᠪᠠᠷ ᠪᠠᠶᠢᠨ᠎ᠠ᠃        ᠬᠠᠤᠯᠢ ᠵᠦᠷᠢᠴᠡᠭᠰᠡᠨ ᠵᠢᠯᠤᠭᠤᠴᠢ ᠶᠢ ᠪᠦᠷᠢᠨ ᠬᠤᠪᠢ ᠬᠠᠰᠤᠭᠰᠠᠨ ᠬᠦᠮᠦᠵᠢᠯ ᠪᠠ ᠬᠢᠨᠠᠨ ᠰᠢᠯᠭᠠᠬᠤ ᠬᠦᠮᠦᠵᠢᠯ ᠢ ᠵᠤᠬᠢᠶᠠᠨ ᠪᠠᠶᠢᠭᠤᠯᠵᠤ ᠦᠷᠨᠢᠭᠦᠯᠬᠦ ᠪᠤᠯ ᠵᠢᠯᠤᠭᠤᠴᠢ ᠶᠢᠨ ᠵᠠᠮ ᠬᠠᠷᠢᠯᠴᠠᠭᠠᠨ ᠤ ᠪᠤᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠦᠨ᠃ ᠬᠤᠯᠪᠤᠭᠳᠠᠯ ᠪᠦᠬᠦᠢ ᠲᠤᠭᠲᠠᠭᠠᠯ ᠢ ᠦᠨᠳᠦᠰᠦᠯᠡᠪᠡᠯ᠂ ᠮᠠᠰᠢᠨᠲᠤ ᠲᠡᠷᠭᠡᠨ ᠤ ᠵᠢᠯᠤᠭᠤᠴᠢ ᠬᠤᠪᠢ ᠲᠡᠮᠳᠡᠭᠯᠡᠬᠦ‍ ᠨᠢᠭᠡ ᠦᠶᠡᠯᠡᠬᠦ ᠬᠤᠭᠤᠴᠠᠭᠠᠨ ᠳᠤ ᠲᠡᠮᠳᠡᠭᠯᠡᠭᠦᠯᠦᠭᠰᠡᠨ ᠬᠤᠪᠢ ᠨᠢ ᠬᠤᠷᠠᠮᠳᠤᠭᠠᠳ 12 ᠬᠤᠪᠢ ᠪᠤᠯᠪᠠᠯ 15 ᠡᠳᠦᠷ ᠤᠨ ᠲᠤᠲᠤᠷ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠤᠭᠲᠠᠭᠠᠯ ᠪᠤᠯᠤᠨ ᠬᠤᠯᠪᠤᠭᠳᠠᠯ ᠪᠦᠬᠦᠢ ᠮᠡᠳᠡᠯᠭᠡ ᠶᠢᠨ ᠬᠦᠮᠦᠵᠢᠯ ᠳᠤ ᠤᠷᠤᠯᠴᠠᠬᠤ ᠬᠡᠷᠡᠭᠲᠡᠢ︔ ᠲᠤᠮᠤ ᠬᠡᠯᠪᠡᠷᠢ ᠶᠢᠨ ᠠᠴᠢᠶᠠᠨ ᠤ ᠮᠠᠰᠢᠨ᠂ ᠲᠤᠮᠤ ᠬᠡᠯᠪᠡᠷᠢ ᠶᠢᠨ ᠠᠶᠠᠨᠴᠢᠨ ᠤ ᠮᠠᠰᠢᠨ ᠵᠡᠷᠭᠡ ᠶᠢᠨ ᠵᠢᠯᠤᠭᠤᠴᠢ ᠶᠢᠨ ᠦᠨᠡᠮᠯᠡᠯ ᠤᠨ ᠵᠢᠯᠤᠭᠤᠴᠢ ᠨᠢ ᠬᠤᠪᠢ ᠲᠡᠮᠳᠡᠭᠯᠡᠭᠦᠯᠦᠭᠰᠡᠨ ᠲᠡᠮᠳᠡᠭᠯᠡᠯ ᠲᠠᠢ ᠪᠠᠶᠢᠪᠠᠯ᠂ ᠬᠤᠪᠢ ᠲᠡᠮᠳᠡᠭᠯᠡᠬᠦ ᠦᠶᠡᠯᠡᠬᠦ ᠬᠤᠭᠤᠴᠠᠭ᠎ᠠ ᠪᠦᠷᠢ ᠳᠠᠭᠤᠰᠤᠭᠰᠠᠨ ᠤ ᠳᠠᠷᠠᠭᠠᠬᠢ 30 ᠡᠳᠦᠷ ᠤᠨ ᠲᠤᠲᠤᠷ᠎ᠠ ᠬᠢᠨᠠᠨ ᠰᠢᠯᠭᠠᠬᠤ ᠬᠦᠮᠦᠵᠢᠯ ᠳᠤ ᠤᠷᠤᠯᠴᠠᠬᠤ ᠬᠡᠷᠡᠭᠲᠡᠢ᠃        ᠲᠤᠲᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠱᠠᠭᠠᠷᠳᠠᠯᠭ᠎ᠠ ᠶᠤᠰᠤᠭᠠᠷ᠂ ᠡᠯ᠎ᠡ ᠭᠠᠵᠠᠷ ᠤᠨ ᠬᠢᠨ ︽ᠬᠤᠶᠠᠷ ᠬᠦᠮᠦᠵᠢᠯ︾ ᠤᠨ ᠬᠠᠨᠳᠤᠯᠭᠠᠲᠤ ᠴᠢᠨᠠᠷ᠂ ᠰᠢᠨ᠎ᠡ ᠶᠢ ᠡᠭᠦᠳᠬᠦ ᠴᠢᠨᠠᠷ ᠪᠠ ᠬᠡᠷᠡᠭᠯᠡᠭᠡᠨ ᠤ ᠴᠢᠨᠠᠷ ᠢ ᠴᠢᠩᠭᠠᠳᠬᠠᠨ᠂ ᠠᠳᠠᠯᠢ ᠪᠤᠰᠤ ᠡᠲᠡᠭᠡᠳ ᠲᠤ ᠬᠠᠨᠳᠤᠭᠤᠯᠤᠨ᠂ ᠠᠳᠠᠯᠢ ᠪᠤᠰᠤ ᠪᠠᠶᠢᠳᠠᠯ ᠲᠠᠢ ᠤᠶᠠᠯᠳᠤᠭᠤᠯᠵᠤ᠂ ᠤᠯᠠᠨ ᠶᠠᠩᠵᠤ ᠬᠡᠯᠪᠡᠷᠢ ᠶᠢᠨ᠂ ᠦᠨᠳᠦᠷ ᠬᠢᠷᠢ ᠲᠦᠪᠰᠢᠨ ᠪᠦᠬᠦᠢ ᠵᠠᠮ ᠬᠠᠷᠢᠯᠴᠠᠭᠠᠨ ᠤ ᠤᠬᠠᠭᠤᠯᠬᠤ ᠮᠠᠲ᠋ᠧᠷᠢᠶᠠᠯ ᠪᠤᠯᠤᠨ ᠰᠤᠳᠤᠨ ᠬᠢᠴᠢᠶᠡᠯ ᠢ ᠨᠠᠶᠢᠷᠠᠭᠤᠯᠤᠨ ᠪᠢᠴᠢᠵᠦ᠂ ᠲᠦᠷᠦᠯ ᠬᠤᠪᠢᠶᠠᠨ ᠬᠦᠮᠦᠵᠢᠯ ᠬᠦᠷᠲᠡᠭᠡᠨ ᠬᠠᠷᠠᠯᠲᠠ ᠲᠠᠢ ᠪᠠᠷ ᠰᠤᠮᠤ ᠬᠠᠷᠪᠤᠵᠤ᠂ ᠵᠠᠮ ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠭᠤᠤᠯᠳᠠᠯᠭ᠎ᠠ ᠲᠠᠢ ᠵᠢᠯᠤᠭᠤᠴᠢ ᠶᠢ ᠦᠪᠡᠷ ᠢ ᠪᠠᠨ ᠰᠡᠷᠡᠮᠵᠢᠯᠡᠭᠦᠯᠵᠦ ᠪᠡᠶ᠎ᠡ ᠪᠠᠨ ᠪᠠᠷᠢᠬᠤ ᠤᠬᠠᠮᠰᠠᠷ  ᠲᠠᠢ ᠪᠤᠯᠭᠠᠬᠤ ᠶᠢᠨ ᠤᠯᠠᠮ ᠠᠴᠠ ᠬᠠᠤᠯᠢ ᠶᠢ ᠰᠠᠬᠢᠬᠤ᠂ ᠪᠤᠯᠪᠠᠰᠤᠨ ᠢᠶᠠᠷ ᠵᠢᠯᠤᠭᠤᠳᠬᠤ ᠰᠠᠶᠢᠨ ᠳᠠᠳᠬᠠᠯ ᠲᠠᠢ ᠪᠤᠯᠭᠠᠨ᠎ᠠ᠃        ᠲᠤᠲᠤᠭᠠᠳᠤ ᠶᠢ ᠬᠠᠮᠠᠭᠠᠯᠠᠬᠤ ᠶᠠᠮᠤᠨ ᠠᠷᠭ᠎ᠠ ᠬᠡᠮᠵᠢᠶ᠎ᠡ ᠠᠪᠴᠤ ᠬᠠᠤᠯᠢ ᠵᠦᠷᠢᠴᠡᠭᠰᠡᠨ ᠵᠢᠯᠤᠭᠤᠴᠢ ᠶᠢ ᠪᠦᠷᠢᠨ ᠬᠤᠪᠢ ᠬᠠᠰᠤᠭᠰᠠᠨ ᠬᠦᠮᠦᠵᠢᠯ ᠪᠠ ᠬᠢᠨᠠᠨ ᠰᠢᠯᠭᠠᠬᠤ ᠬᠦᠮᠦᠵᠢᠯ ᠢ ᠴᠢᠩᠭᠠᠳᠬᠠᠬᠤ ᠪᠠᠷ ᠪᠤᠢ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号