ᠲᠡᠷᠭᠡᠯ ᠰᠠᠷᠠᠨ ᠤ ᠪᠠᠶᠠᠷ ᠪᠠ ᠤᠯᠤᠰ ᠤᠨ ᠪᠠᠶᠠᠷ ᠲᠤ 8 ᠡᠳᠦᠷ ᠠᠮᠠᠷᠠᠵᠤ 10 ᠰᠠᠷ᠎ᠠ ᠶᠢᠨ 9 ᠤ ᠡᠳᠦᠷ ᠠᠵᠢᠯᠯᠠᠨ᠎ᠠ
ᠨᠡᠶᠢᠲᠡᠯᠡᠭᠰᠡᠨ ᠴᠠᠭ᠄
2017-09-12
       ᠠᠷᠠᠳ ᠤᠨ ᠰᠦᠯᠵᠢᠶ᠎ᠡ ᠶᠢᠨ ᠪᠡᠭᠡᠵᠢᠩ ᠤᠨ 9 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ︵ᠰᠣᠷᠪᠣᠯᠵᠢᠯᠠᠭᠴᠢ ᠪᠠᠢ ᠢᠤᠢ︶ ᠪᠡᠭᠡᠵᠢᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ 9 ᠰᠠᠷ᠎ᠠ ᠶᠢᠨ 5 ᠤ ᠡᠳᠦᠷ ᠠᠯᠪᠠᠨ ᠤ ᠲᠠᠯ᠎ᠠ ᠶᠢᠨ ᠰᠦᠯᠵᠢᠶᠡᠨ ᠳᠡᠭᠡᠷ᠎ᠡ ᠪᠠᠨ ︽2017 ᠣᠨ ᠤ ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠲᠣᠬᠢᠷᠠᠭᠤᠯᠤᠯᠲᠠ ᠶᠢᠨ ᠲᠤᠬᠠᠢ ᠮᠡᠳᠡᠭᠳᠡᠯ︾ ᠨᠡᠶᠢᠲᠡᠯᠡᠵᠦ᠂ 10 ᠰᠠᠷ᠎ᠠ ᠶᠢᠨ 1 ᠤ ᠡᠳᠦᠷ ︵ᠭᠠᠷᠠᠭ ᠤᠨ ᠡᠳᠦᠷ︶ ᠠᠴᠠ 10 ᠰᠠᠷ᠎ᠠ ᠶᠢᠨ 8 ︵ᠭᠠᠷᠠᠭ ᠤᠨ ᠡᠳᠦᠷ︶ ᠪᠣᠯᠲᠠᠯ᠎ᠠ ᠴᠢᠯᠦᠭᠡ ᠲᠠᠯᠪᠢᠵᠤ᠂ ᠨᠡᠶᠢᠲᠡ 8 ᠡᠳᠦᠷ ᠠᠮᠠᠷᠠᠨ᠎ᠠ᠃ 9 ᠰᠠᠷ᠎ᠠ ᠶᠢᠨ 30 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃
       ᠮᠡᠳᠡᠭᠳᠡᠯ ᠳᠤ ᠱᠠᠭᠠᠷᠳᠠᠭᠰᠠᠨ ᠨᠢ᠂ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠪᠠᠶᠢᠭᠤᠯᠤᠯᠭ᠎ᠠ ᠶᠢᠨ ᠬᠢᠨ ᠵᠢᠵᠢᠭᠦᠷ ᠤᠨ ᠠᠵᠢᠯ ᠪᠠ ᠠᠮᠤᠷ ᠲᠦᠪᠰᠢᠨ᠂ ᠠᠮᠤᠷ ᠢ ᠬᠠᠮᠠᠭᠠᠯᠠᠬᠤ ᠠᠵᠢᠯ ᠢᠶᠠᠨ ᠲᠣᠬᠢᠲᠠᠢ ᠪᠠᠶᠢᠷᠢᠯᠠᠭᠤᠯᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠪᠡᠯ᠂ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠵᠣᠬᠢᠰᠲᠠᠢ ᠰᠢᠢᠳᠪᠦᠷᠢᠯᠡᠨ᠂ ᠠᠷᠠᠳ ᠣᠯᠠᠨ ᠤ ᠠᠮᠤᠷ ᠲᠦᠪᠰᠢᠨ ᠢᠶᠠᠷ ᠪᠠᠶᠠᠷ ᠢᠶᠠᠨ ᠪᠡᠯᠭᠡᠯᠡᠬᠦ ᠶᠢ ᠪᠠᠲᠤᠯᠠᠬᠤ ᠬᠡᠷᠡᠭᠲᠡᠢ ᠭᠡᠵᠡᠢ᠃        ᠡᠭᠦᠨ ᠠᠴᠠ ᠭᠠᠳᠠᠨ᠎ᠠ᠂ ᠵᠠᠮ ᠨᠡᠪᠲᠡᠷᠡᠯᠭᠡ ᠶᠢᠨ ᠶᠠᠮᠤᠨ ᠤ ᠮᠡᠳᠡᠭᠡ ᠵᠠᠩᠭᠢ ᠶᠢ ᠦᠨᠳᠦᠰᠦᠯᠡᠪᠡᠯ᠂ ᠡᠨᠡ ᠵᠢᠯ ᠤᠨ ᠲᠡᠷᠭᠡᠯ ᠰᠠᠷᠠᠨ ᠤ ᠪᠠᠶᠠᠷ ᠪᠣᠯᠣᠨ ᠤᠯᠤᠰ ᠤᠨ ᠪᠠᠶᠠᠷ ᠲᠤ ᠵᠠᠯᠭᠠᠵᠦ ᠠᠮᠠᠷᠠᠨ᠎ᠠ᠃ ᠬᠡᠷᠡᠭᠵᠢᠭᠦᠯᠬᠦ ᠲᠥᠰᠥᠯ ᠳᠤ ᠲᠣᠭᠲᠠᠭᠠᠭᠰᠠᠨ ᠶᠣᠰᠣᠭᠠᠷ᠂ ᠲᠡᠷᠭᠡᠯ ᠰᠠᠷᠠᠨ ᠤ ᠪᠠᠶᠠᠷ ᠲᠤ ᠤᠯᠤᠰ ᠤᠨ ᠪᠠᠶᠠᠷ ᠤᠨ ᠡᠳᠦᠷ ᠲᠠᠢ ᠠᠳᠠᠯᠢ ᠪᠠᠷ ᠵᠠᠮ ᠤᠨ ᠲᠦᠯᠦᠪᠤᠷᠢ ᠬᠤᠷᠢᠶᠠᠬᠤ ᠦᠭᠡᠢ᠃ ᠡᠭᠦᠨ ᠢ ᠦᠨᠳᠦᠰᠦᠯᠡᠨ᠂ ᠡᠨᠡ ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠤ ᠪᠠᠭ᠎ᠠ ᠮᠠᠰᠢᠨ ᠲᠡᠷᠭᠡᠨ ᠤ ᠲᠦᠯᠦᠪᠤᠷᠢ ᠦᠭᠡᠢ ᠨᠡᠪᠲᠡᠷᠡᠬᠦ ᠴᠠᠭ ᠢ 9 ᠰᠠᠷ᠎ᠠ ᠶᠢᠨ 30 ᠤ ᠡᠳᠦᠷ ᠤᠨ 0 ᠴᠠᠭ ᠠᠴᠠ 10 ᠰᠠᠷ᠎ᠠ ᠶᠢᠨ 7 ᠤ ᠡᠳᠦᠷ ᠤᠨ 24 ᠴᠠᠭ ᠭᠡᠵᠦ ᠲᠣᠳᠣᠷᠬᠠᠢ ᠲᠤᠭᠲᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号