ᠪᠦᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠤᠷᠢ ᠶᠢᠨ ᠭᠡᠷ᠎ᠡ ᠶᠢᠨ ᠬᠠᠤᠯᠢ
ᠨᠡᠶᠢᠲᠡᠯᠡᠭᠰᠡᠨ ᠴᠠᠭ᠄
2017-09-15
       ︵2007 ᠤᠨ ᠤ 6 ᠳ᠋ᠤᠭᠠᠷ ᠰᠠᠷ᠎ᠠ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠠᠴᠠ ᠪᠠᠳᠤᠯᠠᠵᠦ᠂ 2012 ᠤᠨ ᠤ 12 ᠳ᠋ᠤᠭᠠᠷ ᠰᠠᠷ᠎ᠡ ᠶᠢᠨ 28 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠬᠤᠷᠠᠯ ᠤᠨ ︽︿ᠪᠦᠭᠦᠲᠡ ᠨᠠᠶᠢᠷᠠᠮᠳᠠᠬᠤ ᠳᠤᠮᠳᠠᠳᠤ ᠤᠯᠤᠰ ᠤᠨ ᠬᠦᠳᠡᠯᠮᠤᠷᠢ ᠶᠢᠨ ᠭᠡᠷ᠎ᠡ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠦᠰᠦᠯᠡᠵᠦ ᠵᠠᠰᠠᠪᠤᠷᠢ ᠤᠷᠤᠭᠤᠯᠪᠠ︾        ᠭᠠᠷᠴᠠᠬ        ᠨᠢᠭᠡᠳᠤᠭᠡᠷ ᠪᠦᠯᠦᠭ    ᠶᠡᠷᠦᠩᠬᠡᠢ ᠲᠦᠷᠢᠮ        ᠬᠤᠶᠠᠳᠤᠭᠠᠷ ᠪᠦᠯᠦᠭ    ᠬᠦᠳᠡᠯᠮᠤᠷᠢ ᠶᠢᠨ ᠭᠡᠷ᠎ᠡ ᠲᠤᠬᠳᠠᠬᠤ        ᠭᠤᠷᠪᠠᠳᠤᠭᠠᠷ ᠪᠦᠯᠦᠭ    ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠪᠠ ᠬᠤᠪᠢᠷᠠᠭᠤᠯᠬᠤ        ᠲᠦᠷᠪᠡᠳᠦᠭᠡᠷ ᠪᠦᠯᠦᠭ    ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠ ᠲᠠᠭᠤᠰᠬᠠᠬᠤ        ᠲᠠᠪᠤᠳᠤᠭᠠᠷ ᠪᠦᠯᠦᠭ    ᠤᠨᠴᠠᠭᠠᠢ ᠲᠤᠬᠳᠠᠭᠠᠯ        ᠨᠢᠭᠡᠳᠤᠭᠡᠷ ᠬᠡᠰᠡᠭ    ᠬᠠᠮᠳᠤ ᠶᠢᠨ ᠭᠡᠷ᠎ᠡ        ᠬᠤᠶᠠᠳᠤᠭᠠᠷ ᠬᠡᠰᠡᠭ    ᠬᠦᠳᠡᠯᠮᠤᠷᠢ ᠬᠦᠴᠦ ᠲᠤᠮᠢᠯᠠᠬᠤ        ᠭᠤᠷᠪᠠᠳᠤᠭᠠᠷ ᠬᠡᠰᠡᠭ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ        ᠵᠢᠷᠭᠤᠳᠤᠭᠠᠷ ᠪᠦᠯᠦᠭ    ᠬᠢᠨᠠᠯᠳᠠ ᠲᠠᠯᠪᠢᠵᠤ ᠪᠠᠶᠢᠴᠠᠭᠠᠬᠤ        ᠲᠤᠯᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠨᠠᠢᠮᠠᠳᠤᠭᠠᠷ ᠪᠦᠯᠦᠭ    ᠲᠠᠭᠠᠯᠳᠤᠭᠤᠯᠤᠯ ᠲᠦᠷᠢᠮ        ᠨᠢᠭᠡᠳᠤᠭᠡᠷ ᠪᠦᠯᠦᠭ    ᠶᠡᠷᠦᠩᠬᠡᠢ ᠲᠦᠷᠢᠮ        ᠨᠢᠭᠡᠳᠤᠭᠡᠷ ᠵᠦᠢᠯ    ᠬᠦᠳᠡᠯᠮᠤᠷᠢ ᠶᠢᠨ ᠭᠡᠷ᠎ᠡ ᠶᠢᠨ ᠲᠦᠷᠢᠮ ᠢ ᠲᠡᠭᠦᠯᠳᠡᠷᠵᠢᠭᠦᠯᠵᠤ᠂ ᠬᠦᠳᠡᠯᠮᠤᠷᠢ ᠶᠢᠨ ᠭᠡᠷ᠎ᠡ ᠶᠢᠨ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠡᠷᠬᠡ ᠠᠰᠢᠬ ᠪᠤᠯᠤᠨ ᠡᠭᠦᠷᠭᠡ ᠶᠢ ᠲᠤᠳᠤᠷᠬᠠᠢᠢᠯᠠᠵᠤ᠂ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠵᠤ᠂ ᠡᠶ᠎ᠡ ᠵᠤᠬᠢᠴᠠᠩᠭᠤᠢ ᠠᠮᠤᠷ ᠲᠤᠬᠳᠠᠭᠤᠨ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠤᠨ ᠬᠦᠭᠵᠢᠭᠦᠯᠬᠦ ᠶᠢᠨ ᠲᠦᠯᠦᠭᠡ᠂ ᠲᠤᠰ ᠬᠠᠤᠯᠢ ᠶᠢ ᠲᠤᠬᠳᠠᠭᠠᠪᠠ᠃        ᠬᠤᠶᠠᠳᠤᠭᠠᠷ ᠵᠦᠢᠯ    ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷᠠᠬᠢ ᠠᠵᠤ ᠠᠬᠤᠢᠢᠯᠠᠯ᠂ ᠬᠤᠪᠢ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠪᠤᠰᠤ ᠨᠢᠭᠡᠴᠡ ᠵᠡᠷᠭᠡ ᠵᠤᠬᠢᠶᠠᠨ ᠪᠠᠶᠢᠭᠤᠯᠤᠯᠳᠠ ︵ᠲᠤᠷᠤᠬᠰᠢ ᠬᠦᠮᠦᠨ ᠬᠡᠷᠡᠭᠯᠡᠬᠦ ᠨᠢᠭᠡᠴᠡ ᠭᠡᠵᠤ ᠨᠡᠷᠡᠯᠡᠨ᠎ᠡ︶ ᠠᠴᠠ ᠬᠦᠳᠡᠯᠮᠤᠷᠢᠴᠢᠨ ᠲᠠᠢ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠬᠤ᠂ ᠬᠦᠳᠡᠯᠮᠤᠷᠢ ᠶᠢᠨ ᠭᠡᠷ᠎ᠡ ᠲᠤᠬᠳᠠᠬᠤ᠂ ᠭᠦᠢᠴᠡᠳᠭᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠲᠤᠰ ᠬᠠᠤᠯᠢ ᠶᠢ ᠬᠡᠷᠡᠭᠯᠡᠨ᠎ᠡ᠃        ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠤᠯᠤᠨ ᠲᠡᠭᠦᠨ ᠯᠦᠭᠡ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠬᠰᠠᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠲᠤᠬᠳᠠᠬᠤ᠂ ᠭᠦᠢᠴᠡᠳᠭᠡᠬᠦ ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ᠂ ᠲᠤᠰ ᠬᠠᠤᠯᠢ ᠶᠢᠨ ᠶᠤᠰᠤᠭᠠᠷ ᠭᠦᠢᠴᠡᠳᠭᠡᠨ᠎ᠡ᠃        ᠭᠤᠷᠪᠠᠳᠤᠭᠠᠷ ᠵᠦᠢᠯ    ᠬᠦᠳᠡᠯᠮᠤᠷᠢ ᠶᠢᠨ ᠭᠡᠷ᠎ᠡ ᠲᠤᠬᠳᠠᠬᠤ ᠳᠤ᠂ ᠬᠠᠤᠯᠢ ᠶᠤᠰᠤᠨ ᠤ᠂ ᠲᠦᠪ ᠭᠤᠤᠯᠴᠢ᠂ ᠡᠷᠬᠡ ᠲᠡᠭᠰᠢ ᠰᠠᠶᠢᠨ ᠲᠤᠷ᠎ᠠ ᠶᠢᠨ ᠪᠠᠶᠢᠬᠤ᠂ ᠵᠦᠪᠳᠡᠯᠴᠡᠵᠤ ᠰᠠᠨᠠᠯ ᠨᠢᠭᠡᠳᠬᠦ᠂ ᠦᠨᠡᠨᠴᠢ ᠢᠳᠡᠭᠡᠯᠳᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠳᠠᠢ᠃ ᠬᠠᠤᠯᠢ ᠶᠤᠰᠤᠭᠠᠷ ᠲᠤᠬᠳᠠᠬᠰᠠᠨ ᠬᠦᠳᠡᠯᠮᠤᠷᠢ ᠶᠢᠨ ᠭᠡᠷ᠎ᠡ ᠨᠢ ᠬᠢᠵᠠᠭᠠᠷᠯᠠᠬᠤ ᠬᠦᠴᠦᠨ ᠲᠠᠢ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠳᠤ ᠲᠤᠬᠳᠠᠬᠰᠠᠨ ᠡᠭᠦᠷᠭᠡ ᠪᠠᠨ ᠭᠦᠢᠴᠡᠳᠭᠡᠬᠦ ᠬᠡᠷᠡᠭᠳᠠᠢ᠃        ᠲᠦᠷᠪᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢ ᠶᠢᠨ ᠲᠦᠷᠢᠮ ᠲᠤᠬᠳᠠᠭᠠᠯ ᠢᠶᠠᠨ ᠬᠠᠤᠯᠢ ᠶᠤᠰᠤᠭᠠᠷ ᠲᠤᠬᠳᠠᠭᠠᠨ ᠲᠡᠭᠦᠯᠳᠡᠷᠵᠢᠭᠦᠯᠵᠤ᠂ ᠬᠦᠳᠡᠯᠮᠤᠷᠢᠴᠢᠨ ᠤ ᠬᠦᠳᠡᠯᠮᠤᠷᠢᠯᠡᠬᠦ ᠡᠷᠬᠡ ᠪᠠᠨ ᠡᠳ᠋ᠯᠡᠬᠦ᠂ ᠬᠦᠳᠡᠯᠮᠤᠷᠢ ᠶᠢᠨ ᠡᠭᠦᠷᠭᠡ ᠶᠢ ᠭᠦᠢᠴᠡᠳᠭᠡᠬᠦ ᠶᠢ ᠪᠠᠳᠤᠯᠠᠬᠤ ᠬᠡᠷᠡᠭᠳᠠᠢ᠃        ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢ ᠶᠢᠨ ᠤᠯᠭᠤᠮᠵᠢ᠂ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ᠂ ᠬᠦᠳᠡᠯᠮᠤᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ᠂ ᠠᠵᠢᠯᠳᠡᠨ ᠠᠵᠢᠯᠴᠢᠨ ᠤ ᠪᠤᠯᠪᠠᠰᠤᠷᠠᠯ᠂ ᠬᠦᠳᠡᠯᠮᠤᠷᠢ ᠶᠢᠨ ᠰᠠᠬᠢᠯᠭ᠎ᠠ ᠪᠠᠳᠤ ᠵᠢᠴᠢ ᠬᠦᠳᠡᠯᠮᠤᠷᠢ ᠶᠢᠨ ᠨᠤᠷᠮᠠᠳᠤ ᠬᠠᠮᠢᠶᠠᠷᠤᠯᠳᠠ ᠵᠡᠷᠭᠡ ᠬᠦᠳᠡᠯᠮᠤᠷᠢᠴᠢᠨ ᠤ ᠬᠤᠪᠢ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠤ ᠲᠦᠷᠢᠮ ᠲᠤᠬᠳᠠᠭᠠᠯ ᠪᠤᠶᠤ ᠴᠢᠬᠤᠯᠠ ᠶᠡᠭᠡ ᠤᠴᠢᠷ ᠶᠠᠪᠤᠳᠠᠯ ᠢ ᠲᠤᠬᠳᠠᠭᠠᠬᠤ᠂ ᠲᠡᠭᠦᠨ ᠳᠤ ᠵᠠᠰᠠᠪᠤᠷᠢ ᠤᠷᠤᠭᠤᠯᠬᠤ ᠪᠤᠶᠤ ᠲᠡᠭᠦᠨ ᠤ ᠲᠤᠬᠠᠢ ᠲᠤᠬᠳᠠᠭᠠᠯ ᠭᠠᠷᠭᠠᠬᠤ ᠳᠠᠭᠠᠨ᠂ ᠠᠵᠢᠯᠳᠡᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠳᠡᠨ ᠠᠵᠢᠯᠴᠢᠨ ᠢᠶᠠᠷ ᠶᠠᠷᠢᠯᠴᠠᠭᠤᠯᠤᠭᠠᠳ᠂ ᠲᠦᠰᠦᠯ ᠪᠤᠯᠤᠨ ᠰᠠᠨᠠᠯ ᠢᠶᠠᠨ ᠲᠤᠷᠠᠳᠴᠤ᠂ ᠠᠵᠢᠯᠴᠢᠨ ᠤ ᠡᠪᠯᠡᠯ ᠪᠤᠶᠤ ᠠᠵᠢᠯᠳᠡᠨ ᠠᠵᠢᠯᠴᠢᠨ ᠤ ᠲᠦᠯᠦᠭᠡᠯᠡᠭᠴᠢᠳ ᠲᠠᠢ ᠡᠷᠬᠡ ᠲᠡᠭᠰᠢ ᠪᠠᠷ ᠵᠦᠪᠳᠡᠯᠴᠡᠵᠤ ᠲᠤᠬᠳᠠᠭᠠᠬᠤ ᠬᠡᠷᠡᠭᠳᠠᠢ᠃        ᠲᠦᠷᠢᠮ ᠲᠤᠬᠳᠠᠭᠠᠯ ᠪᠠ ᠴᠢᠬᠤᠯᠠ ᠶᠡᠭᠡ ᠤᠴᠢᠷ ᠶᠠᠪᠤᠳᠠᠯ ᠢ ᠲᠤᠬᠳᠠᠭᠠᠨ ᠬᠡᠷᠡᠭᠵᠢᠭᠦᠯᠬᠦ ᠶᠠᠪᠤᠴᠠ ᠳᠤ᠂ ᠠᠵᠢᠯᠴᠢᠨ ᠤ ᠡᠪᠯᠡᠯ ᠪᠤᠶᠤ ᠠᠵᠢᠯᠳᠡᠨ ᠠᠵᠢᠯᠴᠢᠨ ᠲᠡᠭᠦᠨ ᠢ ᠵᠤᠬᠢᠰ ᠦᠭᠡᠢ ᠭᠡᠵᠤ ᠦᠵᠡᠪᠡᠯ᠂ ᠬᠦᠮᠦᠨ ᠬᠡᠷᠡᠭᠯᠡᠬᠦ ᠨᠢᠭᠡᠴᠡ ᠳᠤ ᠰᠠᠨᠠᠯ ᠢᠶᠠᠨ ᠲᠤᠷᠠᠳᠴᠤ᠂ ᠵᠦᠪᠳᠡᠯᠴᠡᠵᠤ ᠪᠠᠶᠢᠭᠠᠳ ᠵᠠᠰᠠᠪᠤᠷᠢ ᠤᠷᠤᠭᠤᠯᠵᠤ ᠲᠡᠭᠦᠯᠳᠡᠷᠵᠢᠭᠦᠯᠤᠨ᠎ᠡ᠃        ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢᠴᠢᠨ ᠤ ᠬᠤᠪᠢ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠤ ᠲᠦᠷᠢᠮ ᠲᠤᠬᠳᠠᠭᠠᠯ ᠪᠤᠶᠤ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠲᠤᠬᠳᠠᠭᠠᠯ ᠢ ᠢᠯᠡ ᠨᠡᠶᠢᠳᠡᠯᠡᠬᠦ ᠪᠤᠶᠤ ᠬᠦᠳᠡᠯᠮᠤᠷᠢᠴᠢᠨ ᠳᠤ ᠮᠡᠳᠡᠭᠳᠡᠬᠦ ᠬᠡᠷᠡᠭᠳᠠᠢ᠃        ᠲᠠᠪᠤᠳᠤᠭᠠᠷ ᠵᠦᠢᠯ    ᠰᠢᠶᠠᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠨᠢ ᠠᠵᠢᠯᠴᠢᠨ ᠤ ᠡᠪᠯᠡᠯ ᠪᠤᠯᠤᠨ ᠠᠵᠤ ᠠᠬᠤᠢᠢᠯᠠᠯ ᠤᠨ ᠲᠠᠯ᠎ᠠ ᠶᠢᠨ ᠲᠦᠯᠦᠭᠡᠯᠡᠭᠴᠢ ᠲᠠᠢ ᠬᠠᠮᠳᠤᠷᠠᠵᠤ ᠪᠠᠶᠢᠭᠠᠳ ᠬᠦᠳᠡᠯᠮᠤᠷᠢ ᠶᠢᠨ ᠬᠠᠷᠢᠴᠠᠭ᠎ᠠ ᠶᠢ ᠵᠤᠬᠢᠴᠠᠭᠤᠯᠬᠤ ᠭᠤᠷᠪᠠᠨ ᠲᠠᠯ᠎ᠠ ᠶᠢᠨ ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠤᠷᠢ ᠶᠢᠨ ᠬᠠᠷᠢᠴᠠᠭ᠎ᠠ ᠳᠤ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠢ ᠬᠠᠮᠳᠤᠪᠡᠷ ᠰᠤᠳᠤᠯᠵᠤ ᠰᠢᠢᠳᠪᠤᠷᠢᠯᠡᠨ᠎ᠡ᠃        ᠵᠢᠷᠭᠤᠳᠤᠭᠠᠷ ᠵᠦᠢᠯ    ᠠᠵᠢᠯᠴᠢᠨ ᠤ ᠡᠪᠯᠡᠯ ᠨᠢ ᠬᠦᠳᠡᠯᠮᠤᠷᠢᠴᠢᠨ ᠢ ᠬᠠᠪᠰᠤᠷᠤᠨ ᠵᠢᠯᠤᠭᠤᠳᠴᠤ ᠪᠠᠶᠢᠭᠠᠳ ᠬᠦᠮᠦᠨ ᠬᠡᠷᠡᠭᠯᠡᠬᠦ ᠨᠢᠭᠡᠴᠡ ᠲᠠᠢ ᠬᠠᠤᠯᠢ ᠶᠤᠰᠤᠭᠠᠷ ᠬᠦᠳᠡᠯᠮᠤᠷᠢ ᠶᠢᠨ ᠭᠡᠷ᠎ᠡ ᠲᠤᠬᠳᠠᠬᠤ ᠪᠠ ᠭᠦᠢᠴᠡᠳᠭᠡᠬᠦ ᠶᠢᠨ ᠬᠠᠮᠳᠤ ᠬᠦᠮᠦᠨ ᠬᠡᠷᠡᠭᠯᠡᠬᠦ ᠨᠢᠭᠡᠴᠡ ᠲᠠᠢ ᠬᠠᠮᠳᠤᠪᠡᠷ ᠵᠦᠪᠳᠡᠯᠴᠡᠬᠦ ᠲᠤᠬᠳᠠᠴᠠ ᠪᠠᠶᠢᠭᠤᠯᠵᠤ᠂ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠬᠡᠷᠡᠭᠳᠠᠢ᠃        ᠬᠤᠶᠠᠳᠤᠭᠠᠷ ᠪᠦᠯᠦᠭ    ᠬᠦᠳᠡᠯᠮᠤᠷᠢ ᠶᠢᠨ ᠭᠡᠷ᠎ᠡ ᠲᠤᠬᠳᠠᠬᠤ        ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠢ ᠬᠡᠷᠡᠭᠯᠡᠭᠰᠡᠨ ᠡᠳᠦᠷ ᠠᠴᠠ ᠪᠠᠨ ᠡᠬᠢᠯᠡᠭᠡᠳ ᠬᠦᠳᠡᠯᠮᠤᠷᠢᠴᠢᠨ ᠲᠠᠢ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠨ᠎ᠠ᠃ ᠬᠦᠮᠦᠨ ᠬᠡᠷᠡᠭᠯᠡᠬᠦ ᠨᠢᠭᠡᠴᠡ ᠠᠵᠢᠯᠳᠡᠨ ᠠᠵᠢᠯᠴᠢᠨ ᠤ ᠨᠡᠷ᠎ᠡ ᠶᠢᠨ ᠲᠠᠩᠰᠠ ᠪᠠᠶᠢᠭᠤᠯᠵᠤ ᠪᠠᠶᠢᠴᠠᠭᠠᠬᠤ ᠳᠤ ᠪᠡᠯᠡᠬᠡᠨ ᠪᠤᠯᠭᠠᠨ᠎ᠠ᠃        ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠢ ᠡᠯᠰᠡᠵᠤ ᠬᠡᠷᠡᠭᠯᠡᠬᠦ ᠦᠶ᠎ᠡ ᠳᠡᠭᠡᠨ᠂ ᠠᠵᠢᠯ ᠤᠨ ᠠᠭᠤᠯᠭ᠎ᠠ᠂ ᠠᠵᠢᠯ ᠤᠨ ᠨᠦᠬᠦᠴᠡᠯ᠂ ᠠᠵᠢᠯ ᠤᠨ ᠭᠠᠵᠠᠷ᠂ ᠠᠵᠢᠯ ᠮᠡᠷᠭᠡᠵᠢᠯ ᠤᠨ ᠬᠤᠤᠷ ᠬᠦᠨᠦᠭᠡᠯ᠂ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ᠂ ᠬᠦᠳᠡᠯᠮᠤᠷᠢ ᠶᠢᠨ ᠤᠯᠭᠤᠮᠵᠢ ᠵᠢᠴᠢ ᠬᠦᠳᠡᠯᠮᠤᠷᠢᠴᠢᠨ ᠤ ᠤᠢᠢᠯᠠᠭᠠᠬᠤ ᠪᠠᠷ ᠱᠠᠭᠠᠷᠳᠠᠬᠰᠠᠨ ᠪᠤᠰᠤᠳ ᠪᠠᠶᠢᠳᠠᠯ ᠢ ᠬᠦᠳᠡᠯᠮᠤᠷᠢᠴᠢᠨ ᠳᠤ ᠦᠨᠡᠨ ᠮᠦᠨ ᠢᠶᠠᠷ ᠨᠢ ᠮᠡᠳᠡᠭᠳᠡᠬᠦ ᠬᠡᠷᠡᠭᠳᠠᠢ︔ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠤ ᠬᠦᠳᠡᠯᠮᠤᠷᠢ ᠶᠢᠨ ᠭᠡᠷ᠎ᠡ ᠲᠠᠢ ᠰᠢᠭᠤᠳ ᠬᠤᠯᠪᠤᠬᠳᠠᠬᠤ ᠬᠠᠮᠢᠶ᠎ᠠ ᠪᠦᠬᠦᠢ ᠦᠨᠳᠦᠰᠦᠨ ᠪᠠᠶᠢᠳᠠᠯ ᠢ ᠤᠢᠢᠯᠠᠭᠠᠬᠤ ᠡᠷᠬᠡ ᠲᠠᠢ᠂ ᠬᠦᠳᠡᠯᠮᠤᠷᠢᠴᠢᠨ ᠦᠨᠡᠨ ᠮᠦᠨ ᠢᠶᠠᠷ ᠨᠢ ᠲᠤᠳᠤᠷᠬᠠᠢᠢᠯᠠᠬᠤ ᠬᠡᠷᠡᠭᠳᠠᠢ᠃        ᠶᠢᠰᠦᠳᠦᠭᠡᠷ ᠵᠦᠢᠯ ᠬᠦᠮᠦᠨ    ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠡᠯᠰᠡᠵᠤ ᠬᠡᠷᠡᠭᠯᠡᠬᠦ ᠳᠡᠭᠡᠨ ᠬᠦᠳᠡᠯᠮᠤᠷᠢᠴᠢᠨ ᠤ ᠪᠡᠶ᠎ᠡ ᠶᠢᠨ ᠦᠨᠡᠮᠯᠡᠯ ᠪᠤᠯᠤᠨ ᠪᠤᠰᠤᠳ ᠭᠡᠷᠡᠴᠢ ᠦᠨᠡᠮᠯᠡᠯ ᠢ ᠲᠠᠷᠤᠵᠤ ᠠᠪᠴᠤ ᠪᠤᠯᠬᠤ ᠦᠭᠡᠢ᠂ ᠬᠦᠳᠡᠯᠮᠤᠷᠢᠴᠢᠨ ᠢᠶᠠᠷ ᠪᠠᠳᠤᠯᠠᠯᠳᠠ ᠬᠠᠩᠭᠠᠯᠭᠠᠬᠤ ᠪᠠᠷ ᠱᠠᠭᠠᠷᠳᠠᠬᠤ ᠪᠤᠶᠤ ᠡᠰᠡᠭᠦᠯ᠎ᠡ ᠪᠤᠰᠤᠳ ᠨᠡᠷ᠎ᠡ ᠪᠠᠷ ᠬᠦᠳᠡᠯᠮᠤᠷᠢᠴᠢᠨ ᠠᠴᠠ ᠡᠳ᠋ ᠪᠤᠳᠠᠰ ᠠᠪᠴᠤ ᠪᠤᠯᠬᠤ ᠦᠭᠡᠢ᠃        ᠠᠷᠪᠠᠳᠤᠭᠠᠷ ᠵᠦᠢᠯ    ᠬᠦᠳᠡᠯᠮᠤᠷᠢ ᠶᠢᠨ ᠬᠠᠷᠢᠴᠠᠭ᠎ᠠ ᠪᠠᠶᠢᠭᠤᠯᠬᠤ ᠳᠤ᠂ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠃        ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠬᠰᠠᠨ ᠪᠤᠯᠪᠠᠴᠤ᠂ ᠬᠠᠮᠳᠤ ᠳᠤᠨᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠠᠵᠢᠯᠴᠢᠨ ᠢ ᠬᠡᠷᠡᠭᠯᠡᠵᠤ ᠡᠬᠢᠯᠡᠭᠰᠡᠨ ᠡᠳᠦᠷ ᠠᠴᠠ ᠡᠬᠢᠯᠡᠭᠡᠳ ᠨᠢᠭᠡ ᠰᠠᠷ᠎ᠠ ᠶᠢᠨ ᠲᠤᠳᠤᠷ᠎ᠠ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠃        ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠨᠢ ᠠᠵᠢᠯᠴᠢᠨ ᠬᠡᠷᠡᠭᠯᠡᠬᠦ ᠠᠴᠠ ᠡᠮᠦᠨ᠎ᠡ ᠬᠦᠳᠡᠯᠮᠤᠷᠢ ᠶᠢᠨ ᠭᠡᠷ᠎ᠡ ᠲᠤᠬᠳᠠᠬᠰᠠᠨ ᠪᠠᠶᠢᠪᠠᠯ᠂ ᠬᠦᠳᠡᠯᠮᠤᠷᠢ ᠶᠢᠨ ᠬᠠᠷᠢᠴᠠᠭ᠎ᠠ ᠨᠢ ᠠᠵᠢᠯᠴᠢᠨ ᠢ ᠬᠡᠷᠡᠭᠯᠡᠭᠰᠡᠨ ᠡᠳᠦᠷ ᠠᠴᠠ ᠪᠠᠶᠢᠭᠤᠯᠤᠬᠳᠠᠨ᠎ᠠ᠃        ᠠᠷᠪᠠᠨ ᠨᠢᠭᠡᠳᠤᠭᠡᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠬᠡᠷᠡᠭᠯᠡᠬᠦ ᠳᠡᠭᠡᠨ ᠬᠠᠮᠳᠤ ᠳᠤᠨᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ᠂ ᠬᠦᠳᠡᠯᠮᠤᠷᠢᠴᠢᠨ ᠯᠦᠭᠡ ᠪᠤᠯᠵᠤᠨ ᠲᠤᠬᠳᠠᠬᠰᠠᠨ ᠬᠦᠳᠡᠯᠮᠤᠷᠢ ᠶᠢᠨ ᠤᠯᠭᠤᠮᠵᠢ ᠨᠢ ᠲᠤᠳᠤᠷᠬᠠᠢ ᠦᠭᠡᠢ ᠪᠠᠶᠢᠪᠠᠯ᠂ ᠰᠢᠨ᠎ᠡ ᠪᠠᠷ ᠡᠯᠰᠡᠵᠤ ᠬᠡᠷᠡᠭᠯᠡᠭᠰᠡᠨ ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠶᠢ ᠬᠠᠮᠳᠤ ᠶᠢᠨ ᠭᠡᠷ᠎ᠡ ᠶᠢᠨ ᠲᠤᠬᠳᠠᠭᠠᠯ ᠤᠨ ᠪᠠᠷᠢᠮᠵᠢᠶ᠎ᠡ ᠪᠠᠷ ᠦᠭᠭᠦᠨ᠎ᠡ︔ ᠬᠠᠮᠳᠤ ᠶᠢᠨ ᠭᠡᠷ᠎ᠡ ᠪᠠᠶᠢᠬᠤ ᠦᠭᠡᠢ ᠪᠤᠶᠤ ᠬᠠᠮᠳᠤ ᠶᠢᠨ ᠭᠡᠷ᠎ᠡ ᠳᠤ ᠲᠤᠬᠳᠠᠭᠠᠯ ᠦᠭᠡᠢ ᠪᠤᠯ᠂ ᠠᠳᠠᠯᠢ ᠬᠦᠳᠡᠯᠮᠤᠷᠢ ᠳᠤ ᠠᠳᠠᠯᠢ ᠤᠯᠭᠤᠮᠵᠢ ᠦᠭᠬᠦ ᠲᠦᠷᠢᠮ ᠢ ᠬᠡᠷᠡᠭᠵᠢᠭᠦᠯᠤᠨ᠎ᠡ᠃        ᠠᠷᠪᠠᠨ ᠬᠤᠶᠠᠳᠤᠭᠠᠷ ᠵᠦᠢᠯ    ᠬᠦᠳᠡᠯᠮᠤᠷᠢ ᠶᠢᠨ ᠭᠡᠷ᠎ᠡ ᠶᠢ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠪᠠ ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠭᠡᠵᠤ ᠬᠤᠪᠢᠶᠠᠨ᠎ᠠ᠃        ᠠᠷᠪᠠᠨ ᠭᠤᠷᠪᠠᠳᠤᠭᠠᠷ ᠵᠦᠢᠯ    ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠭᠡᠷ᠎ᠡ ᠪᠠᠨ ᠲᠠᠭᠤᠰᠬᠠᠬᠤ ᠴᠠᠬ ᠢ ᠪᠤᠯᠵᠤᠨ ᠲᠤᠬᠳᠠᠬᠰᠠᠨ ᠬᠦᠳᠡᠯᠮᠤᠷᠢ ᠶᠢᠨ ᠭᠡᠷ᠎ᠡ ᠶᠢ ᠬᠡᠯᠡᠵᠤ ᠪᠠᠶᠢᠨ᠎ᠠ᠃ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ᠃        ᠠᠷᠪᠠᠨ ᠲᠦᠷᠪᠡᠳᠦᠭᠡᠷ ᠵᠦᠢᠯ    ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠤ ᠪᠤᠯᠵᠤᠨ ᠲᠤᠬᠳᠠᠬᠰᠠᠨ ᠲᠠᠭᠤᠰᠬᠠᠬᠤ ᠴᠠᠬ ᠢ ᠲᠤᠬᠳᠠᠭᠠᠬᠤ ᠦᠭᠡᠢ ᠬᠦᠳᠡᠯᠮᠤᠷᠢ ᠶᠢᠨ ᠭᠡᠷ᠎ᠡ ᠶᠢ ᠬᠡᠯᠡᠵᠤ ᠪᠠᠶᠢᠨ᠎ᠠ᠃        ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ᠃ ᠲᠤᠤᠷ᠎ᠠ ᠵᠢᠬᠰᠠᠭᠠᠬᠰᠠᠨ ᠪᠠᠶᠢᠳᠠᠯ ᠤᠨ ᠨᠢᠭᠡ ᠵᠦᠢᠯ ᠨᠢ ᠪᠠᠶᠢᠵᠤ᠂ ᠬᠦᠳᠡᠯᠮᠤᠷᠢᠴᠢᠨ ᠠᠴᠠ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠬᠤ᠂ ᠲᠤᠬᠳᠠᠬᠤ ᠶᠢ ᠵᠦᠪᠰᠢᠶᠡᠷᠡᠭᠰᠡᠨ ᠪᠤᠶᠤ ᠲᠤᠷᠠᠳᠤᠬᠰᠠᠨ ᠪᠠᠶᠢᠪᠠᠯ᠂ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠂ ᠬᠦᠳᠡᠯᠮᠤᠷᠢᠴᠢᠨ ᠠᠴᠠ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠤ ᠶᠢ ᠲᠤᠷᠠᠳᠤᠬᠰᠠᠨ ᠨᠢ ᠡᠭᠦᠨ ᠳᠤ ᠪᠠᠭᠳᠠᠬᠤ ᠦᠭᠡᠢ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ᠄        ︵1︶ ᠬᠦᠳᠡᠯᠮᠤᠷᠢᠴᠢᠨ ᠲᠤᠰ ᠬᠦᠮᠦᠨ ᠬᠡᠷᠡᠭᠯᠡᠬᠦ ᠨᠢᠭᠡᠴᠡ ᠳᠤ ᠦᠷᠭᠦᠯᠵᠢᠯᠡᠨ ᠪᠦᠬᠦᠯᠢ ᠠᠷᠪᠠᠨ ᠵᠢᠯ ᠠᠵᠢᠯᠯᠠᠬᠰᠠᠨ︔        ︵2︶ ᠬᠦᠮᠦᠨ ᠬᠡᠷᠡᠭᠯᠡᠬᠦ ᠨᠢᠭᠡᠴᠡ ᠠᠩᠬ᠎ᠠ ᠤᠳᠠᠭ᠎ᠠ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠪᠤᠶᠤ ᠡᠰᠡᠭᠦᠯ᠎ᠡ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠲᠤᠬᠳᠠᠴᠠ ᠪᠠᠨ ᠬᠤᠪᠢᠷᠠᠭᠤᠯᠵᠤ ᠬᠦᠳᠡᠯᠮᠤᠷᠢ ᠶᠢᠨ ᠭᠡᠷ᠎ᠡ ᠶᠢ ᠲᠠᠬᠢᠵᠤ ᠲᠤᠬᠳᠠᠬᠤ ᠦᠶ᠎ᠡ ᠳᠤ᠂ ᠬᠦᠳᠡᠯᠮᠤᠷᠢᠴᠢᠨ ᠲᠤᠰ ᠬᠦᠮᠦᠨ ᠬᠡᠷᠡᠭᠯᠡᠬᠦ ᠨᠢᠭᠡᠴᠡ ᠳᠤ ᠦᠷᠭᠦᠯᠵᠢᠯᠡᠨ ᠠᠵᠢᠯᠯᠠᠭᠠᠳ ᠠᠷᠪᠠᠨ ᠵᠢᠯ ᠪᠤᠯᠤᠬᠰᠠᠨ ᠪᠦᠭᠡᠳ ᠬᠠᠤᠯᠢ ᠪᠠᠷ ᠲᠤᠬᠳᠠᠭᠠᠬᠰᠠᠨ ᠠᠵᠢᠯ ᠠᠴᠠ ᠪᠠᠨ ᠠᠮᠠᠷᠠᠬᠤ ᠨᠠᠰᠤ ᠪᠤᠯᠳᠠᠯ᠎ᠠ ᠠᠷᠪᠠᠨ ᠵᠢᠯ ᠬᠦᠷᠬᠦ ᠦᠭᠡᠢ ᠪᠠᠶᠢᠬᠤ︔        ︵3︶ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠬᠤᠶᠠᠷ ᠤᠳᠠᠭ᠎ᠠ ᠲᠤᠬᠳᠠᠬᠰᠠᠨ ᠮᠦᠷᠳᠡᠭᠡᠨ ᠬᠦᠳᠡᠯᠮᠤᠷᠢᠴᠢᠨ ᠳᠤ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠪᠤᠯᠤᠨ ᠲᠦᠴᠢᠳᠦᠭᠡᠷ ᠵᠦᠢᠯ ᠤᠨ ᠨᠢᠭᠡᠳᠤᠭᠡᠷ ᠵᠤᠷᠪᠤᠰ᠂ ᠬᠤᠶᠠᠳᠤᠭᠠᠷ ᠵᠤᠷᠪᠤᠰ ᠤᠨ ᠲᠤᠬᠳᠠᠭᠠᠯ ᠳᠠᠬᠢ ᠪᠠᠶᠢᠳᠠᠯ ᠦᠯᠦ ᠪᠠᠶᠢᠬᠤ ᠪᠦᠭᠡᠳ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠬᠰᠠᠨ᠃        ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠭᠡᠳ ᠪᠦᠬᠦᠯᠢ ᠨᠢᠭᠡ ᠵᠢᠯ ᠪᠤᠯᠤᠬᠰᠠᠨ ᠪᠠᠶᠢᠳᠠᠯ᠎ᠠ ᠬᠦᠳᠡᠯᠮᠤᠷᠢᠴᠢᠨ ᠲᠠᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠬᠰᠠᠨ ᠳᠤ ᠲᠤᠭᠠᠴᠠᠬᠳᠠᠨ᠎ᠠ᠃        ᠠᠷᠪᠠᠨ ᠲᠠᠪᠤᠳᠤᠭᠠᠷ ᠵᠦᠢᠯ    ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠯᠡᠭᠴᠢ ᠶᠠᠮᠠᠷ ᠨᠢᠭᠡᠨ ᠠᠵᠢᠯ ᠢ ᠪᠡᠶᠡᠯᠡᠭᠦᠯᠬᠦ ᠪᠠᠷ ᠭᠡᠷ᠎ᠡ ᠶᠢᠨ ᠬᠤᠭᠤᠴᠠᠭ᠎ᠠ ᠪᠤᠯᠭᠠᠬᠰᠠᠨ ᠬᠦᠳᠡᠯᠮᠤᠷᠢ ᠶᠢᠨ ᠭᠡᠷ᠎ᠡ ᠲᠤᠬᠳᠠᠬᠤ ᠶᠢ ᠬᠡᠯᠡᠵᠤ ᠪᠠᠶᠢᠨ᠎ᠠ᠃        ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠯᠡᠭᠴᠢ ᠵᠦᠪᠳᠡᠯᠴᠡᠵᠤ ᠰᠠᠨᠠᠯ ᠨᠢᠭᠡᠳᠪᠡᠯ᠂ ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠶᠢ ᠲᠤᠬᠳᠠᠵᠤ ᠪᠤᠯᠤᠨ᠎ᠠ᠃        ᠠᠷᠪᠠᠨ ᠵᠢᠷᠭᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠶᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠦᠭᠰᠡᠨ ᠪᠦᠭᠡᠳ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠲᠠᠷᠤᠬᠰᠠᠨ ᠪᠠᠶᠢᠪᠠᠯ ᠬᠦᠳᠡᠯᠮᠤᠷᠢ ᠶᠢᠨ ᠭᠡᠷ᠎ᠡ ᠬᠦᠴᠦᠨ ᠲᠠᠢ ᠪᠤᠯᠤᠨ᠎ᠠ᠃        ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠤᠰ ᠲᠤᠰ ᠨᠢᠭᠡ ᠬᠤᠪᠢ ᠦᠯᠡᠳᠡᠭᠡᠨ᠎ᠡ᠃        ᠠᠷᠪᠠᠨ ᠲᠤᠯᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠳᠤ ᠲᠤᠤᠷ᠎ᠠ ᠵᠢᠬᠰᠠᠭᠠᠬᠰᠠᠨ ᠵᠦᠢᠯ ᠵᠤᠷᠪᠤᠰ ᠢ ᠪᠦᠷᠢᠯᠳᠦᠭᠦᠯᠦᠭᠰᠡᠨ ᠪᠠᠶᠢᠬᠤ ᠬᠡᠷᠡᠭᠳᠠᠢ᠄        ︵ᠨᠢᠭᠡ︶ ᠬᠦᠮᠦᠨ ᠬᠡᠷᠡᠭᠯᠡᠬᠦ ᠨᠢᠭᠡᠴᠡ ᠶᠢᠨ ᠨᠡᠷᠡᠶᠢᠳᠤᠯ᠂ ᠰᠠᠭᠤᠭ᠎ᠠ ᠭᠠᠵᠠᠷ᠂ ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ ᠪᠤᠶᠤ ᠭᠤᠤᠯ ᠬᠠᠷᠢᠭᠤᠴᠠᠯᠭᠠᠳᠠᠨ︔        ︵ᠬᠤᠶᠠᠷ︶ ᠬᠦᠳᠡᠯᠮᠤᠷᠢᠴᠢᠨ ᠤ ᠤᠪᠤᠬ ᠨᠡᠷ᠎ᠡ᠂ ᠰᠠᠭᠤᠭ᠎ᠠ ᠭᠠᠵᠠᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠤᠨ ᠨᠤᠮᠧᠷ︔        ︵ᠭᠤᠷᠪᠠ︶ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ︔        ︵ᠲᠦᠷᠪᠡ︶ ᠠᠵᠢᠯ ᠤᠨ ᠠᠭᠤᠯᠭ᠎ᠠ ᠪᠠ ᠠᠵᠢᠯᠯᠠᠬᠤ ᠭᠠᠵᠠᠷ︔        ︵ᠲᠠᠪᠤ︶ ᠠᠵᠢᠯᠯᠠᠬᠤ ᠴᠠᠬ ᠪᠠ ᠠᠮᠠᠷᠠᠯᠳᠠ᠂ ᠠᠮᠠᠷᠠᠯᠳᠠ ᠶᠢᠨ ᠴᠢᠯᠦᠭᠡ︔        ︵ᠵᠢᠷᠭᠤᠭ᠎ᠠ︶ ᠬᠦᠳᠡᠯᠮᠤᠷᠢ ᠶᠢᠨ ᠤᠯᠭᠤᠮᠵᠢ︔        ︵ᠲᠤᠯᠤᠭ᠎ᠠ︶ ᠨᠡᠶᠢᠭᠡᠮ ᠤᠨ ᠲᠠᠭᠠᠳᠬᠠᠯ︔        ︵ᠨᠠᠢᠮᠠ︶ ᠬᠦᠳᠡᠯᠮᠤᠷᠢ ᠶᠢᠨ ᠬᠠᠮᠠᠭᠠᠯᠠᠯᠳᠠ᠂ ᠬᠦᠳᠡᠯᠮᠤᠷᠢ ᠶᠢᠨ ᠨᠦᠬᠦᠴᠡᠯ ᠪᠠ ᠠᠵᠢᠯ ᠮᠡᠷᠭᠡᠵᠢᠯ ᠤᠨ ᠬᠤᠤᠷ ᠬᠦᠨᠦᠭᠡᠯ ᠤᠨ ᠬᠠᠮᠠᠭᠠᠯᠠᠯᠳᠠ︔        ︵ᠶᠢᠰᠦ︶ ᠬᠠᠤᠯᠢ ᠲᠦᠷᠢᠮ ᠳᠤ ᠲᠤᠬᠳᠠᠭᠠᠬᠰᠠᠨ ᠬᠦᠳᠡᠯᠮᠤᠷᠢ ᠶᠢᠨ ᠭᠡᠷ᠎ᠡ ᠳᠤ ᠤᠷᠤᠭᠤᠯᠬᠤ ᠴᠢᠬᠤᠯᠠ ᠲᠠᠢ ᠪᠤᠰᠤᠳ ᠵᠦᠢᠯ᠃        ᠬᠦᠳᠡᠯᠮᠤᠷᠢ ᠶᠢᠨ ᠭᠡᠷ᠎ᠡ ᠳᠤ ᠡᠮᠦᠨᠡᠬᠢ ᠪᠠᠳᠠᠬ ᠲᠤ ᠲᠤᠬᠳᠠᠭᠠᠬᠰᠠᠨ ᠵᠠᠪᠠᠯ ᠪᠦᠷᠢᠯᠳᠦᠭᠦᠯᠬᠦ ᠴᠢᠬᠤᠯᠠ ᠲᠠᠢ ᠵᠦᠢᠯ ᠪᠠᠶᠢᠬᠤ ᠠᠴᠠ ᠭᠠᠳᠠᠨ᠎ᠠ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠪᠠᠰᠠ ᠲᠤᠷᠰᠢᠨ ᠬᠡᠷᠡᠭᠯᠡᠬᠦ ᠬᠤᠭᠤᠴᠠᠭ᠎ᠠ᠂ ᠪᠤᠯᠪᠠᠰᠤᠷᠠᠯ᠂ ᠨᠢᠭᠤᠴᠠ ᠶᠢ ᠬᠠᠮᠠᠭᠠᠯᠠᠬᠤ᠂ ᠨᠦᠬᠦᠪᠤᠷᠢ ᠲᠠᠭᠠᠳᠬᠠᠯ ᠪᠠ ᠠᠰᠠᠷᠠᠮᠵᠢ ᠬᠠᠷᠠᠭᠠᠯᠵᠠᠯ ᠵᠡᠷᠭᠡ ᠪᠤᠰᠤᠳ ᠵᠦᠢᠯ ᠤᠳ ᠢ ᠪᠤᠯᠵᠤᠨ ᠲᠤᠬᠳᠠᠵᠤ ᠪᠤᠯᠤᠨ᠎ᠠ᠃        ᠠᠷᠪᠠᠨ ᠨᠠᠢᠮᠠᠳᠤᠭᠠᠷ ᠵᠦᠢᠯ    ᠬᠦᠳᠡᠯᠮᠤᠷᠢ ᠶᠢᠨ ᠭᠡᠷ᠎ᠡ ᠳᠤ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠵᠡᠷᠭᠡ ᠪᠠᠷᠢᠮᠵᠢᠶ᠎ᠠ ᠶᠢᠨ ᠲᠤᠬᠠᠢ ᠪᠤᠯᠵᠤᠨ ᠲᠤᠬᠳᠠᠬᠰᠠᠨ ᠨᠢ ᠲᠤᠳᠤᠷᠬᠠᠢ ᠦᠭᠡᠢ ᠠᠴᠠ ᠪᠤᠯᠵᠤ ᠮᠠᠷᠭᠤᠭᠠᠨ ᠭᠠᠷᠪᠠᠯ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠠᠬᠢᠨ ᠵᠦᠪᠳᠡᠯᠴᠡᠵᠤ ᠪᠤᠯᠤᠨ᠎ᠠ ︔ ᠵᠦᠪᠳᠡᠯᠴᠡᠭᠡᠳ ᠪᠦᠳᠦᠬᠦ ᠦᠭᠡᠢ ᠪᠤᠯ᠂ ᠬᠠᠮᠳᠤ ᠶᠢᠨ ᠭᠡᠷ᠎ᠡ ᠶᠢᠨ ᠲᠤᠬᠳᠠᠭᠠᠯ ᠢ ᠬᠡᠷᠡᠭᠵᠢᠭᠦᠯᠤᠨ᠎ᠡ︔ ᠬᠠᠮᠳᠤ ᠶᠢᠨ ᠭᠡᠷ᠎ᠡ ᠪᠠᠶᠢᠬᠤ ᠦᠭᠡᠢ ᠪᠤᠶᠤ ᠬᠠᠮᠳᠤ ᠶᠢᠨ ᠭᠡᠷ᠎ᠡ ᠳᠤ ᠬᠦᠳᠡᠯᠮᠤᠷᠢ ᠶᠢᠨ ᠤᠯᠭᠤᠮᠵᠢ ᠶᠢ ᠲᠤᠬᠳᠠᠭᠠᠬᠰᠠᠨ ᠦᠭᠡᠢ ᠪᠠᠶᠢᠪᠠᠯ᠂ ᠠᠳᠠᠯᠢ ᠬᠦᠳᠡᠯᠮᠤᠷᠢ ᠳᠤ ᠠᠳᠠᠯᠢ ᠤᠯᠭᠤᠮᠵᠢ ᠤᠯᠭᠤᠬᠤ ᠲᠦᠷᠢᠮ ᠢ ᠬᠡᠷᠡᠭᠵᠢᠭᠦᠯᠤᠨ᠎ᠡ︔ ᠬᠠᠮᠳᠤ ᠶᠢᠨ ᠭᠡᠷ᠎ᠡ ᠦᠭᠡᠢ ᠪᠤᠶᠤ ᠬᠠᠮᠳᠤ ᠶᠢᠨ ᠭᠡᠷ᠎ᠡ ᠳᠤ ᠬᠦᠳᠡᠯᠮᠤᠷᠢ ᠶᠢᠨ ᠨᠦᠬᠦᠴᠡᠯ ᠢ ᠲᠤᠬᠳᠠᠭᠠᠬᠰᠠᠨ ᠦᠭᠡᠢ ᠪᠠᠶᠢᠪᠠᠯ᠂ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠢ ᠬᠡᠷᠡᠭᠵᠢᠭᠦᠯᠤᠨ᠎ᠡ᠃        ᠠᠷᠪᠠ ᠶᠢᠰᠦᠳᠦᠭᠡᠷ ᠵᠦᠢᠯ    ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠭᠤᠷᠪᠠᠨ ᠰᠠᠷ᠎ᠠ ᠠᠴᠠ ᠲᠡᠭᠡᠭᠰᠢ᠂ ᠪᠦᠬᠦᠯᠢ ᠨᠢᠭᠡ ᠵᠢᠯ ᠬᠦᠷᠬᠦ ᠦᠭᠡᠢ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠰᠠᠷ᠎ᠠ ᠠᠴᠠ ᠬᠡᠳᠦᠷᠡᠵᠤ ᠪᠤᠯᠬᠤ ᠦᠭᠡᠢ︔ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠨᠢᠭᠡ ᠵᠢᠯ ᠠᠴᠠ ᠲᠡᠭᠡᠭᠰᠢ᠂ ᠪᠦᠬᠦᠯᠢ ᠭᠤᠷᠪᠠᠨ ᠵᠢᠯ ᠬᠦᠷᠬᠦ ᠦᠭᠡᠢ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠬᠤᠶᠠᠷ ᠰᠠᠷ᠎ᠠ ᠠᠴᠠ ᠬᠡᠳᠦᠷᠡᠵᠤ ᠪᠤᠯᠬᠤ ᠦᠭᠡᠢ︔ ᠭᠤᠷᠪᠠᠨ ᠵᠢᠯ ᠠᠴᠠ ᠲᠡᠭᠡᠭᠰᠢ ᠲᠤᠬᠳᠠᠮᠠᠯ ᠬᠤᠭᠤᠴᠠᠭ᠎ᠠ ᠲᠠᠢ ᠪᠠ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠶᠢᠨ ᠲᠤᠷᠰᠢᠨ ᠬᠡᠷᠡᠭᠯᠡᠬᠦ ᠬᠤᠭᠤᠴᠠᠭ᠎ᠠ ᠨᠢ ᠵᠢᠷᠭᠤᠭᠠᠨ ᠰᠠᠷ᠎ᠠ ᠠᠴᠠ ᠬᠡᠳᠦᠷᠡᠵᠤ ᠪᠤᠯᠬᠤ ᠦᠭᠡᠢ᠃        ᠠᠳᠠᠯᠢ ᠨᠢᠭᠡᠨ ᠬᠦᠮᠦᠨ ᠬᠡᠷᠡᠭᠯᠡᠬᠦ ᠨᠢᠭᠡᠴᠡ ᠪᠤᠯᠤᠨ ᠠᠳᠠᠯᠢ ᠨᠢᠭᠡᠨ ᠬᠦᠳᠡᠯᠮᠤᠷᠢᠴᠢᠨ ᠨᠢ ᠲᠤᠷᠰᠢᠨ ᠬᠡᠷᠡᠭᠯᠡᠬᠦ ᠬᠤᠭᠤᠴᠠᠭ᠎ᠠ ᠶᠢ ᠵᠦᠪᠬᠡᠨ ᠨᠢᠭᠡ ᠤᠳᠠᠭ᠎ᠠ ᠪᠤᠯᠵᠤᠨ ᠲᠤᠬᠳᠠᠵᠤ ᠪᠤᠯᠤᠨ᠎ᠠ᠃        ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠪᠤᠶᠤ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠭᠤᠷᠪᠠᠨ ᠰᠠᠷ᠎ᠠ ᠪᠤᠯᠤᠭᠠᠳᠤᠢ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠵᠤ ᠪᠤᠯᠬᠤ ᠦᠭᠡᠢ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠦᠳᠡᠯᠮᠤᠷᠢ ᠶᠢᠨ ᠭᠡᠷ᠎ᠡ ᠶᠢᠨ ᠬᠤᠭᠤᠴᠠᠭᠠᠨ ᠤ ᠲᠤᠳᠤᠷ᠎ᠠ ᠪᠠᠭᠳᠠᠨ᠎ᠠ᠃ ᠬᠦᠳᠡᠯᠮᠤᠷᠢ ᠶᠢᠨ ᠭᠡᠷ᠎ᠡ ᠳᠤ ᠵᠦᠪᠬᠡᠨ ᠲᠤᠷᠰᠢᠨ ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠲᠡᠷᠡ ᠨᠢ ᠬᠦᠴᠦᠨ ᠦᠭᠡᠢ᠂ ᠲᠤᠰ ᠬᠤᠭᠤᠴᠠᠭ᠎ᠠ ᠪᠤᠯ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠪᠤᠯᠤᠨ᠎ᠠ᠃        ᠬᠤᠷᠢᠳᠤᠭᠠᠷ ᠵᠦᠢᠯ    ᠬᠦᠳᠡᠯᠮᠤᠷᠢᠴᠢᠨ ᠢ ᠲᠤᠷᠰᠢᠨ ᠬᠡᠷᠡᠭᠯᠡᠬᠦ ᠬᠤᠭᠤᠴᠠᠭᠠᠨ ᠳᠠᠬᠢ ᠴᠠᠯᠢᠩ ᠨᠢ ᠲᠤᠰ ᠨᠢᠭᠡᠴᠡ ᠶᠢᠨ ᠠᠳᠠᠯᠢ ᠠᠵᠢᠯ ᠤᠨ ᠪᠠᠶᠢᠷᠢ ᠶᠢᠨ ᠬᠠᠮᠤᠬ ᠤᠨ ᠲᠤᠤᠷ᠎ᠠ ᠲᠡᠰ ᠤᠨ ᠴᠠᠯᠢᠩ ᠪᠤᠶᠤ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠴᠠᠯᠢᠩ ᠤᠨ ᠵᠠᠭᠤᠨ ᠤ ᠨᠠᠶᠠ ᠠᠴᠠ ᠲᠤᠤᠷ᠎ᠠ ᠪᠠᠶᠢᠵᠤ ᠪᠤᠯᠬᠤ ᠦᠭᠡᠢ ᠪᠦᠭᠡᠳ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠬᠠᠮᠤᠬ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃        ᠬᠤᠷᠢᠨ ᠨᠢᠭᠡᠳᠤᠭᠡᠷ ᠵᠦᠢᠯ    ᠲᠤᠷᠰᠢᠨ ᠬᠡᠷᠡᠭᠯᠡᠬᠦ ᠬᠤᠭᠤᠴᠠᠭᠠᠨ ᠳᠤ᠂ ᠬᠦᠳᠡᠯᠮᠤᠷᠢᠴᠢᠨ ᠳᠤ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠪᠠ ᠲᠦᠴᠢᠳᠦᠭᠡᠷ ᠵᠦᠢᠯ ᠤᠨ ᠨᠢᠭᠡᠳᠤᠭᠡᠷ ᠵᠤᠷᠪᠤᠰ᠂ ᠬᠤᠶᠠᠳᠤᠭᠠᠷ ᠵᠤᠷᠪᠤᠰ ᠲᠤ ᠲᠤᠬᠳᠠᠭᠠᠬᠰᠠᠨ ᠪᠠᠶᠢᠳᠠᠯ ᠲᠠᠢ ᠪᠠᠶᠢᠬᠤ ᠶᠢ ᠭᠠᠷᠭᠠᠪᠠᠯ᠂ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠬᠦᠷᠪᠡᠯ᠂ ᠬᠦᠳᠡᠯᠮᠤᠷᠢᠴᠢᠨ ᠳᠤ ᠤᠴᠢᠷ ᠰᠢᠯᠳᠠᠭᠠᠨ ᠢ ᠨᠢ ᠲᠤᠳᠤᠷᠬᠠᠢᠢᠯᠠᠬᠤ ᠬᠡᠷᠡᠭᠳᠠᠢ᠃        ᠬᠤᠷᠢᠨ ᠬᠤᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠲᠤᠰᠬᠠᠢ ᠪᠤᠯᠪᠠᠰᠤᠷᠠᠯ ᠤᠨ ᠵᠠᠷᠤᠳᠠᠯ ᠢ ᠬᠠᠩᠭᠠᠵᠤ᠂ ᠬᠦᠳᠡᠯᠮᠤᠷᠢᠴᠢᠨ ᠢ ᠲᠤᠰᠬᠠᠢ ᠮᠡᠷᠭᠡᠵᠢᠯ ᠤᠨ ᠪᠤᠯᠪᠠᠰᠤᠷᠠᠯ ᠤᠨ ᠪᠤᠯᠪᠠᠰᠤᠷᠠᠯ ᠬᠢᠯᠭᠡᠬᠦ ᠳᠤ ᠬᠦᠷᠪᠡᠯ᠂ ᠲᠤᠰ ᠬᠦᠳᠡᠯᠮᠤᠷᠢᠴᠢᠨ ᠲᠠᠢ ᠬᠡᠯᠡᠯᠴᠡᠭᠡᠷ ᠲᠤᠬᠳᠠᠵᠤ᠂ ᠦᠢᠯᠡᠴᠢᠯᠡᠭᠡᠨ ᠤ ᠬᠤᠭᠤᠴᠠᠭ᠎ᠠ ᠶᠢ ᠪᠤᠯᠵᠤᠨ ᠲᠤᠬᠳᠠᠵᠤ ᠪᠤᠯᠤᠨ᠎ᠠ᠃        ᠬᠦᠳᠡᠯᠮᠤᠷᠢᠴᠢᠨ ᠦᠢᠯᠡᠴᠢᠯᠡᠭᠡᠨ ᠤ ᠬᠤᠭᠤᠴᠠᠭᠠᠨ ᠤ ᠪᠤᠯᠵᠤᠯ ᠠᠴᠠ ᠵᠦᠷᠢᠴᠡᠭᠰᠡᠨ ᠪᠠᠶᠢᠪᠠᠯ᠂ ᠪᠤᠯᠵᠤᠯ ᠶᠤᠰᠤᠭᠠᠷ ᠬᠦᠮᠦᠨ ᠬᠡᠷᠡᠭᠯᠡᠬᠦ ᠨᠢᠭᠡᠴᠡ ᠳᠤ ᠪᠤᠯᠵᠤᠭ᠎ᠠ ᠵᠦᠷᠢᠴᠡᠭᠰᠡᠨ ᠮᠦᠡᠭᠬᠦ ᠲᠦᠯᠦᠬᠦ ᠬᠡᠷᠡᠭᠳᠠᠢ᠃ ᠪᠤᠯᠵᠤᠭ᠎ᠠ ᠵᠦᠷᠢᠴᠡᠭᠰᠡᠨ ᠮᠦᠡᠭᠬᠦ ᠶᠢᠨ ᠲᠤᠭ᠎ᠠ ᠨᠢ ᠬᠦᠮᠦᠨ ᠬᠡᠷᠡᠭᠯᠡᠬᠦ ᠨᠢᠭᠡᠴᠡ ᠶᠢᠨ ᠬᠠᠩᠭᠠᠬᠰᠠᠨ ᠪᠤᠯᠪᠠᠰᠤᠷᠠᠯ ᠤᠨ ᠵᠠᠷᠤᠳᠠᠯ ᠠᠴᠠ ᠬᠡᠳᠦᠷᠡᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠢᠶᠠᠷ ᠲᠦᠯᠦᠭᠦᠯᠬᠦ ᠪᠠᠷ ᠱᠠᠭᠠᠷᠳᠠᠬᠤ ᠪᠤᠯᠵᠤᠭ᠎ᠠ ᠵᠦᠷᠢᠴᠡᠭᠰᠡᠨ ᠮᠦᠡᠭᠬᠦ ᠨᠢ ᠦᠢᠯᠡᠴᠢᠯᠡᠭᠡᠨ ᠤ ᠬᠤᠭᠤᠴᠠᠭᠠᠨ ᠳᠤ ᠬᠠᠷᠠᠬᠠᠨ ᠭᠦᠢᠴᠡᠳᠬᠡᠭᠡᠳᠦᠢ ᠬᠡᠰᠡᠭ ᠤᠨ ᠬᠤᠪᠢᠶᠠᠨ ᠲᠠᠭᠠᠭᠠᠬᠤ ᠶᠤᠰᠤᠳᠠᠢ ᠪᠤᠯᠪᠠᠰᠤᠷᠠᠯ ᠤᠨ ᠵᠠᠷᠤᠳᠠᠯ ᠠᠴᠠ ᠬᠡᠳᠦᠷᠡᠵᠤ ᠪᠤᠯᠬᠤ ᠦᠭᠡᠢ᠃        ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠦᠢᠯᠡᠴᠢᠯᠡᠭᠡᠨ ᠤ ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠬᠡᠪ ᠤᠨ ᠴᠠᠯᠢᠩ ᠲᠤᠬᠢᠷᠠᠭᠤᠯᠬᠤ ᠲᠤᠬᠳᠠᠴᠠ ᠶᠤᠰᠤᠭᠠᠷ ᠬᠦᠳᠡᠯᠮᠤᠷᠢᠴᠢᠨ ᠤ ᠦᠢᠯᠡᠴᠢᠯᠡᠭᠡᠨ ᠤ ᠬᠤᠭᠤᠴᠠᠭᠠᠨ ᠳᠠᠬᠢ ᠬᠦᠳᠡᠯᠮᠤᠷᠢ ᠶᠢᠨ ᠤᠯᠭᠤᠮᠵᠢ ᠶᠢ ᠲᠡᠭᠡᠭᠰᠢᠯᠡᠭᠦᠯᠬᠦ ᠶᠢ ᠨᠦᠯᠦᠭᠡᠯᠡᠬᠦ ᠦᠭᠡᠢ᠃        ᠬᠤᠷᠢᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠡ ᠶᠢᠨ ᠬᠤᠳᠠᠯᠳᠤᠭᠠᠨ ᠤ ᠨᠢᠭᠤᠴᠠ ᠪᠤᠯᠤᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠲᠠᠢ ᠬᠤᠯᠪᠤᠬᠳᠠᠬᠤ ᠨᠢᠭᠤᠴᠠ ᠶᠢ ᠬᠠᠮᠠᠭᠠᠯᠠᠬᠤ ᠤᠴᠢᠷ ᠶᠠᠪᠤᠳᠠᠯ ᠢ ᠪᠤᠯᠵᠤᠨ ᠲᠤᠬᠳᠠᠵᠤ ᠪᠤᠯᠤᠨ᠎ᠠ        ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠭᠡᠷ᠎ᠡ ᠪᠤᠶᠤ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠡᠭᠡᠨ ᠨᠢᠭᠤᠴᠠ ᠶᠢ ᠬᠠᠮᠠᠭᠠᠯᠠᠬᠤ ᠡᠭᠦᠷᠭᠡ ᠲᠠᠢ ᠬᠦᠳᠡᠯᠮᠤᠷᠢᠴᠢᠨ ᠲᠠᠢ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠵᠦᠢᠯ ᠵᠤᠷᠪᠤᠰ ᠢ ᠪᠤᠯᠵᠤᠨ ᠲᠤᠬᠳᠠᠬᠤ ᠶᠢᠨ ᠬᠠᠮᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠰᠠᠨ ᠤ ᠲᠠᠷᠠᠭ᠎ᠠ᠂ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠬᠤᠭᠤᠴᠠᠭᠠᠨ ᠳᠤ ᠬᠦᠳᠡᠯᠮᠤᠷᠢᠴᠢᠨ ᠳᠤ ᠰᠠᠷ᠎ᠠ ᠪᠠᠷ ᠪᠤᠳᠤᠵᠤ ᠠᠵᠤ ᠠᠬᠤᠢ ᠶᠢᠨ ᠨᠦᠬᠦᠪᠤᠷᠢ ᠦᠭᠬᠦ ᠪᠠᠷ ᠪᠤᠯᠵᠤᠨ ᠲᠤᠬᠳᠠᠵᠤ ᠪᠤᠯᠤᠨ᠎ᠠ᠃ ᠬᠦᠳᠡᠯᠮᠤᠷᠢᠴᠢᠨ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠪᠤᠯᠵᠤᠯ ᠢ ᠵᠦᠷᠢᠴᠡᠬᠦ ᠳᠤ ᠬᠦᠷᠪᠡᠯ᠂ ᠪᠤᠯᠵᠤᠯ ᠶᠤᠰᠤᠭᠠᠷ ᠬᠦᠮᠦᠨ ᠬᠡᠷᠡᠭᠯᠡᠬᠦ ᠨᠢᠭᠡᠴᠡ ᠳᠤ ᠪᠤᠯᠵᠤᠭ᠎ᠠ ᠵᠦᠷᠢᠴᠡᠭᠰᠡᠨ ᠮᠦᠡᠭᠬᠦ ᠲᠦᠯᠦᠬᠦ ᠬᠡᠷᠡᠭᠳᠠᠢ᠃        ᠬᠤᠷᠢᠨ ᠲᠦᠷᠪᠡᠳᠦᠭᠡᠷ ᠵᠦᠢᠯ    ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠲᠠᠢ ᠬᠦᠮᠦᠰ ᠢ ᠬᠦᠮᠦᠨ ᠬᠡᠷᠡᠭᠯᠡᠬᠦ ᠨᠢᠭᠡᠴᠡ ᠶᠢᠨ ᠲᠡᠭᠡᠳᠤ ᠵᠡᠷᠭᠡ ᠶᠢᠨ ᠬᠠᠮᠢᠶᠠᠷᠤᠯᠳᠠ ᠶᠢᠨ ᠠᠵᠢᠯᠳᠡᠨ᠂ ᠲᠡᠭᠡᠳᠤ ᠵᠡᠷᠭᠡ ᠶᠢᠨ ᠮᠡᠷᠭᠡᠵᠢᠯ ᠤᠨ ᠠᠵᠢᠯᠳᠡᠨ ᠪᠠ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠪᠦᠬᠦᠢ ᠪᠤᠰᠤᠳ ᠠᠵᠢᠯᠳᠡᠨ ᠤ ᠲᠤᠳᠤᠷ᠎ᠠ ᠬᠢᠵᠠᠭᠠᠷᠯᠠᠨ᠎ᠠ᠃ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠬᠦᠷᠢᠶ᠎ᠡ ᠬᠡᠪᠴᠢᠶ᠎ᠡ᠂ ᠭᠠᠵᠠᠷ ᠤᠷᠤᠨ᠂ ᠬᠤᠭᠤᠴᠠᠭ᠎ᠠ ᠶᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠪᠤᠯᠵᠤᠨ ᠲᠤᠬᠳᠠᠨ᠎ᠠ᠂ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠪᠤᠯᠵᠤᠯ ᠨᠢ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠲᠤᠬᠳᠠᠭᠠᠯ ᠢ ᠵᠦᠷᠢᠴᠡᠵᠤ ᠪᠤᠯᠬᠤ ᠦᠭᠡᠢ᠃        ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠰᠠᠨ ᠤ ᠲᠠᠷᠠᠭ᠎ᠠ᠂ ᠡᠮᠦᠨᠡᠬᠢ ᠪᠠᠳᠠᠬ ᠲᠤ ᠲᠤᠬᠳᠠᠭᠠᠬᠰᠠᠨ ᠠᠵᠢᠯᠳᠡᠨ ᠲᠤᠰ ᠨᠢᠭᠡᠴᠡ ᠶᠢᠨ ᠠᠳᠠᠯᠢ ᠲᠦᠷᠦᠯ ᠤᠨ ᠦᠢᠯᠡᠳᠬᠦᠨ ᠢ ᠦᠢᠯᠡᠳᠪᠤᠷᠢᠯᠡᠬᠦ ᠪᠤᠶᠤ ᠡᠵᠡᠩᠨᠡᠬᠦ᠂ ᠠᠳᠠᠯᠢ ᠲᠦᠷᠦᠯ ᠤᠨ ᠲᠤᠬᠠᠢᠢᠯᠠᠬᠰᠠᠨ ᠠᠵᠢᠯ ᠢ ᠡᠷᠬᠢᠯᠡᠭᠰᠡᠨ ᠦᠷᠢᠰᠦᠯᠳᠡᠭᠡᠨ ᠤ ᠬᠠᠷᠢᠴᠠᠭ᠎ᠠ ᠲᠠᠢ ᠪᠤᠰᠤᠳ ᠬᠦᠮᠦᠨ ᠬᠡᠷᠡᠭᠯᠡᠬᠦ ᠨᠢᠭᠡᠴᠡ ᠳᠤ ᠤᠴᠢᠬᠤ᠂ ᠡᠰᠡᠭᠦᠯ᠎ᠡ ᠦᠪᠡᠷ ᠢᠶᠠᠨ ᠠᠵᠢᠯ ᠡᠬᠢᠯᠡᠭᠦᠯᠤᠨ ᠠᠳᠠᠯᠢ ᠲᠦᠷᠦᠯ ᠤᠨ ᠦᠢᠯᠡᠳᠬᠦᠨ ᠢ ᠦᠢᠯᠡᠳᠪᠤᠷᠢᠯᠡᠬᠦ ᠪᠤᠶᠤ ᠡᠵᠡᠩᠨᠡᠬᠦ᠂ ᠠᠳᠠᠯᠢ ᠲᠦᠷᠦᠯ ᠤᠨ ᠲᠤᠬᠠᠢᠢᠯᠠᠬᠰᠠᠨ ᠠᠵᠢᠯ ᠢ ᠡᠷᠬᠢᠯᠡᠬᠦ ᠳᠤ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠬᠤᠭᠤᠴᠠᠭ᠎ᠠ ᠶᠢ ᠨᠢ ᠬᠤᠶᠠᠷ ᠵᠢᠯ ᠠᠴᠠ ᠬᠡᠳᠦᠷᠡᠭᠦᠯᠵᠤ ᠪᠤᠯᠬᠤ ᠦᠭᠡᠢ᠃        ᠬᠤᠷᠢᠨ ᠲᠠᠪᠤᠳᠤᠭᠠᠷ ᠵᠦᠢᠯ    ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠪᠠ ᠬᠤᠷᠢᠨ ᠭᠤᠷᠪᠠᠳᠤᠭᠠᠷ ᠵᠦᠢᠯ ᠳᠤ ᠲᠤᠬᠳᠠᠭᠠᠬᠰᠠᠨ ᠪᠠᠶᠢᠳᠠᠯ ᠢ ᠭᠠᠷᠭᠠᠪᠠᠯ᠂ ᠬᠦᠮᠦᠨ ᠬᠡᠷᠡᠭᠯᠡᠬᠦ ᠨᠢᠭᠡᠴᠡ ᠨᠢ ᠪᠤᠯᠵᠤᠭ᠎ᠠ ᠵᠦᠷᠢᠴᠡᠭᠰᠡᠨ ᠮᠦᠡᠭᠬᠦ ᠶᠢ ᠬᠦᠳᠡᠯᠮᠤᠷᠢᠴᠢᠨ ᠡᠭᠦᠷᠬᠡᠯᠡᠨ᠎ᠡ ᠭᠡᠵᠤ ᠬᠦᠳᠡᠯᠮᠤᠷᠢᠴᠢᠨ ᠲᠠᠢ ᠪᠤᠯᠵᠤᠨ ᠲᠤᠬᠳᠠᠵᠤ ᠪᠤᠯᠬᠤ ᠦᠭᠡᠢ᠃        ᠬᠤᠷᠢᠨ ᠵᠢᠷᠭᠤᠳᠤᠭᠠᠷ ᠵᠦᠢᠯ    ᠲᠤᠤᠷ᠎ᠠ ᠵᠢᠬᠰᠠᠭᠠᠬᠰᠠᠨ ᠬᠦᠳᠡᠯᠮᠤᠷᠢ ᠶᠢᠨ ᠭᠡᠷ᠎ᠡ ᠬᠦᠴᠦᠨ ᠦᠭᠡᠢ ᠪᠤᠶᠤ ᠨᠢᠭᠡ ᠬᠡᠰᠡᠭ ᠨᠢ ᠬᠦᠴᠦᠨ ᠦᠭᠡᠢ᠄        ︵ᠨᠢᠭᠡ︶ ᠮᠡᠬᠡᠯᠡᠨ ᠬᠢᠬᠠᠬᠤ᠂ ᠰᠦᠷᠳᠡᠭᠦᠯᠬᠦ ᠠᠷᠭ᠎ᠠ ᠪᠠᠷ ᠪᠤᠶᠤ ᠬᠦᠴᠢᠷᠳᠠᠢ ᠪᠠᠶᠢᠳᠠᠯ ᠢ ᠨᠢ ᠲᠠᠯᠢᠮᠳᠠᠭᠤᠯᠤᠨ ᠨᠦᠭᠦᠭᠡ ᠡᠳᠡᠭᠡᠳ ᠤᠨ ᠢᠶᠠᠨ ᠦᠨᠡᠨ ᠰᠠᠨᠠᠭ᠎ᠠ ᠠᠴᠠ ᠵᠦᠷᠢᠴᠡᠭᠰᠡᠨ ᠪᠠᠶᠢᠳᠠᠯ ᠲᠤᠤᠷ᠎ᠠ ᠲᠤᠬᠳᠠᠭᠠᠬᠰᠠᠨ ᠪᠤᠶᠤ ᠬᠤᠪᠢᠷᠠᠭᠤᠯᠤᠬᠰᠠᠨ ᠬᠦᠳᠡᠯᠮᠤᠷᠢ ᠶᠢᠨ ᠭᠡᠷ᠎ᠡ︔        ︵ᠬᠤᠶᠠᠷ︶ ᠬᠦᠮᠦᠨ ᠬᠡᠷᠡᠭᠯᠡᠬᠦ ᠨᠢᠭᠡᠴᠡ ᠨᠢ ᠦᠪᠡᠷ ᠤᠨ ᠬᠠᠤᠯᠢ ᠶᠤᠰᠤᠨ ᠤ ᠬᠠᠷᠢᠭᠤᠴᠠᠯᠭ᠎ᠠ ᠪᠠᠨ ᠬᠡᠯᠳᠦᠷᠢᠭᠦᠯᠵᠤ᠂ ᠬᠦᠳᠡᠯᠮᠤᠷᠢᠴᠢᠨ ᠤ ᠡᠷᠬᠡ ᠶᠢ ᠬᠠᠰᠤᠬᠰᠠᠨ ᠬᠦᠳᠡᠯᠮᠤᠷᠢ ᠶᠢᠨ ᠭᠡᠷ᠎ᠡ︔        ︵ᠭᠤᠷᠪᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠤᠨ ᠠᠯᠪᠠᠳᠠᠯᠭ᠎ᠠ ᠶᠢᠨ ᠴᠢᠨᠠᠷᠳᠠᠢ ᠲᠤᠬᠳᠠᠭᠠᠯ ᠠᠴᠠ ᠵᠦᠷᠢᠴᠡᠭᠰᠡᠨ ᠬᠦᠳᠡᠯᠮᠤᠷᠢ ᠶᠢᠨ ᠭᠡᠷ᠎ᠡ᠃        ᠬᠦᠳᠡᠯᠮᠤᠷᠢ ᠶᠢᠨ ᠭᠡᠷ᠎ᠡ ᠬᠦᠴᠦᠨ ᠦᠭᠡᠢ ᠪᠤᠯᠤᠬᠰᠠᠨ ᠪᠤᠶᠤ ᠨᠢᠭᠡ ᠬᠡᠰᠡᠭ ᠨᠢ ᠬᠦᠴᠦᠨ ᠦᠭᠡᠢ ᠪᠤᠯᠤᠬᠰᠠᠨ ᠲᠤᠬᠠᠢ ᠮᠠᠷᠭᠤᠭᠠᠨ ᠲᠠᠢ ᠪᠠᠶᠢᠪᠠᠯ᠂ ᠬᠦᠳᠡᠯᠮᠤᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠪᠤᠶᠤ ᠠᠷᠠᠳ ᠤᠨ ᠰᠢᠭᠦᠬᠦ ᠬᠤᠷᠢᠶ᠎ᠠ ᠠᠴᠠ ᠮᠠᠭᠠᠳᠯᠠᠨ ᠲᠤᠬᠳᠠᠭᠠᠨ᠎ᠠ᠃        ᠬᠤᠷᠢᠨ ᠲᠤᠯᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ ᠪᠤᠯᠤᠬᠰᠠᠨ ᠪᠤᠯᠪᠠᠴᠤ ᠪᠤᠰᠤᠳ ᠬᠡᠰᠡᠭ ᠤᠨ ᠬᠦᠴᠦᠨ ᠲᠠᠢ ᠪᠠᠶᠢᠬᠤ ᠶᠢ ᠨᠦᠯᠦᠭᠡᠯᠡᠬᠦ ᠦᠭᠡᠢ ᠪᠠᠶᠢᠪᠠᠯ᠂ ᠪᠤᠰᠤᠳ ᠬᠡᠰᠡᠭ ᠨᠢ ᠮᠦᠨ ᠬᠦ ᠬᠦᠴᠦᠨ ᠲᠠᠢ᠃        ᠬᠤᠷᠢᠨ ᠨᠠᠢᠮᠠᠳᠤᠭᠠᠷ ᠵᠦᠢᠯ    ᠬᠦᠳᠡᠯᠮᠤᠷᠢ ᠶᠢᠨ ᠭᠡᠷ᠎ᠡ ᠨᠢ ᠬᠦᠴᠦᠨ ᠦᠭᠡᠢ ᠭᠡᠵᠤ ᠨᠤᠳᠠᠯᠠᠬᠳᠠᠵᠤ᠂ ᠬᠦᠳᠡᠯᠮᠤᠷᠢᠴᠢᠨ ᠨᠢᠭᠡᠨᠳᠡ ᠬᠦᠳᠡᠯᠮᠤᠷᠢ ᠵᠠᠷᠤᠴᠠᠭᠤᠯᠤᠬᠰᠠᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠬᠦᠳᠡᠯᠮᠤᠷᠢ ᠶᠢᠨ ᠤᠯᠭᠤᠮᠵᠢ ᠦᠭᠬᠦ ᠬᠡᠷᠡᠭᠳᠠᠢ᠃ ᠬᠦᠳᠡᠯᠮᠤᠷᠢ ᠶᠢᠨ ᠤᠯᠭᠤᠮᠵᠢ ᠶᠢᠨ ᠲᠤᠭ᠎ᠠ ᠶᠢ ᠲᠤᠰ ᠨᠢᠭᠡᠴᠡ ᠶᠢᠨ ᠠᠳᠠᠯᠢ ᠪᠤᠶᠤ ᠠᠳᠠᠯᠢᠪᠳᠤᠷ ᠠᠵᠢᠯ ᠤᠨ ᠪᠠᠶᠢᠷᠢ ᠶᠢᠨ ᠬᠦᠳᠡᠯᠮᠤᠷᠢᠴᠢᠨ ᠤ ᠤᠯᠭᠤᠮᠵᠢ ᠪᠠᠷ ᠯᠠᠪᠯᠠᠯᠳᠠ ᠪᠤᠯᠭᠠᠵᠤ ᠲᠤᠬᠳᠠᠭᠠᠨ᠎ᠠ᠃        ᠭᠤᠷᠪᠠᠳᠤᠭᠠᠷ ᠪᠦᠯᠦᠭ    ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠪᠠ ᠬᠤᠪᠢᠷᠠᠭᠤᠯᠬᠤ        ᠬᠤᠷᠢ ᠶᠢᠰᠦᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ᠂ ᠦᠪᠡᠷ ᠦᠪᠡᠷ ᠤᠨ ᠢᠶᠠᠨ ᠡᠭᠦᠷᠭᠡ ᠪᠠᠨ ᠪᠦᠬᠦ ᠲᠠᠯ᠎ᠠ ᠪᠠᠷ ᠭᠦᠢᠴᠡᠳᠭᠡᠬᠦ ᠬᠡᠷᠡᠭᠳᠠᠢ᠃        ᠭᠤᠴᠢᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠭᠡᠷ᠎ᠡ ᠶᠢᠨ ᠪᠤᠯᠵᠤᠯ ᠪᠠ ᠤᠯᠤᠰ ᠤᠨ ᠲᠤᠬᠳᠠᠭᠠᠯ ᠶᠤᠰᠤᠭᠠᠷ᠂ ᠬᠦᠳᠡᠯᠮᠤᠷᠢ ᠶᠢᠨ ᠤᠯᠭᠤᠮᠵᠢ ᠶᠢ ᠬᠦᠳᠡᠯᠮᠤᠷᠢᠴᠢᠨ ᠳᠤ ᠴᠠᠬ ᠲᠤᠬᠠᠢ ᠳᠤᠨᠢ ᠲᠤᠭ᠎ᠠ ᠶᠤᠰᠤᠭᠠᠷ ᠦᠭᠬᠦ ᠬᠡᠷᠡᠭᠳᠠᠢ᠃        ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠤᠯᠭᠤᠮᠵᠢ ᠶᠢ ᠦᠷᠢᠳᠦᠵᠤ ᠤᠳᠠᠭᠠᠰᠢᠷᠠᠭᠤᠯᠤᠬᠰᠠᠨ ᠪᠤᠶᠤ ᠲᠤᠭ᠎ᠠ ᠶᠤᠰᠤᠭᠠᠷ ᠨᠢ ᠦᠭᠭᠦᠭᠰᠡᠨ ᠦᠭᠡᠢ ᠪᠠᠶᠢᠪᠠᠯ᠂ ᠦᠭᠭᠦᠭᠦᠯᠬᠦ ᠵᠠᠷᠯᠢᠬ ᠭᠠᠷᠭᠠᠯᠭᠠᠬᠤ ᠪᠠᠷ ᠬᠦᠳᠡᠯᠮᠤᠷᠢᠴᠢᠨ ᠬᠠᠤᠯᠢ ᠶᠤᠰᠤᠭᠠᠷ ᠲᠤᠬᠠᠢ ᠶᠢᠨ ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠪᠤᠯᠤᠨ᠎ᠠ᠂ ᠠᠷᠠᠳ ᠤᠨ ᠰᠢᠭᠦᠬᠦ ᠬᠤᠷᠢᠶ᠎ᠠ ᠬᠠᠤᠯᠢ ᠶᠤᠰᠤᠭᠠᠷ ᠦᠭᠭᠦᠭᠦᠯᠬᠦ ᠵᠠᠷᠯᠢᠬ ᠭᠠᠷᠭᠠᠬᠤ ᠬᠡᠷᠡᠭᠳᠠᠢ᠃        ᠭᠤᠴᠢᠨ ᠨᠢᠭᠡᠳᠤᠭᠡᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠨᠤᠷᠮ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠳᠠᠢ᠂ ᠠᠯᠪᠠᠳᠠᠬᠤ ᠪᠤᠶᠤ ᠬᠡᠯᠪᠡᠷᠢ ᠶᠢ ᠨᠢ ᠦᠭᠡᠷᠡᠳᠡᠭᠦᠯᠤᠨ ᠠᠯᠪᠠᠳᠠᠵᠤ ᠪᠠᠶᠢᠭᠠᠳ ᠬᠦᠳᠡᠯᠮᠤᠷᠢᠴᠢᠨ ᠢ ᠴᠠᠬ ᠨᠡᠮᠡᠨ ᠠᠵᠢᠯᠯᠠᠭᠤᠯᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠴᠠᠬ ᠨᠡᠮᠡᠵᠤ ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠠᠶᠢᠪᠠᠯ᠂ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠴᠠᠬ ᠨᠡᠮᠡᠵᠤ ᠠᠵᠢᠯᠯᠠᠬᠰᠠᠨ ᠮᠦᠡᠭᠬᠦ ᠦᠭᠬᠦ ᠬᠡᠷᠡᠭᠳᠠᠢ᠃        ᠭᠤᠴᠢᠨ ᠬᠤᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠬᠠᠮᠢᠶᠠᠷᠤᠯᠳᠠ ᠶᠢᠨ ᠠᠵᠢᠯᠳᠡᠨ ᠤ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠬᠤ᠂ ᠠᠶᠤᠯ ᠲᠦᠭᠰᠢᠭᠦᠷᠢ ᠲᠠᠢ ᠠᠵᠢᠯ ᠢ ᠠᠯᠪᠠᠳᠠᠨ ᠬᠢᠯᠭᠡᠬᠦ ᠶᠢ ᠬᠦᠳᠡᠯᠮᠤᠷᠢᠴᠢᠨ ᠲᠡᠪᠴᠢᠭᠰᠡᠨ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠵᠦᠷᠢᠴᠡᠭᠰᠡᠨ ᠳᠤ ᠲᠤᠭᠠᠴᠠᠬᠳᠠᠬᠤ ᠦᠭᠡᠢ᠃        ᠬᠦᠳᠡᠯᠮᠤᠷᠢᠴᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠦᠭᠡᠯ ᠲᠠᠢ ᠬᠦᠳᠡᠯᠮᠤᠷᠢ ᠶᠢᠨ ᠨᠦᠬᠦᠴᠡᠯ ᠤᠨ ᠲᠠᠯ᠎ᠠ ᠪᠠᠷ ᠬᠦᠮᠦᠨ ᠬᠡᠷᠡᠭᠯᠡᠬᠦ ᠨᠢᠭᠡᠴᠡ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃        ᠭᠤᠴᠢᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠨᠡᠷᠡᠶᠢᠳᠤᠯ᠂ ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ᠂ ᠭᠤᠤᠯ ᠬᠠᠷᠢᠭᠤᠴᠠᠯᠭᠠᠳᠠᠨ ᠪᠤᠶᠤ ᠪᠡᠯᠡ ᠤᠷᠤᠭᠤᠯᠤᠬᠴᠢ ᠵᠡᠷᠭᠡ ᠪᠠᠨ ᠬᠤᠪᠢᠷᠠᠭᠤᠯᠬᠤ ᠤᠴᠢᠷ ᠶᠠᠪᠤᠳᠠᠯ ᠨᠢ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠶᠢ ᠨᠦᠯᠦᠭᠡᠯᠡᠬᠦ ᠦᠭᠡᠢ᠃        ᠭᠤᠴᠢᠨ ᠲᠦᠷᠪᠡᠳᠤᠭᠡᠷ ᠵᠦᠢᠯ    ᠬᠦᠮᠦᠨ ᠬᠡᠷᠡᠭᠯᠡᠬᠦ ᠨᠢᠭᠡᠴᠡ ᠳᠤ ᠨᠡᠶᠢᠯᠡᠭᠦᠯᠬᠦ ᠪᠤᠶᠤ ᠰᠠᠯᠭᠠᠬᠤ ᠵᠡᠷᠭᠡ ᠪᠠᠶᠢᠳᠠᠯ ᠭᠠᠷᠬᠤ ᠳᠤ ᠤᠤᠯ ᠤᠨ ᠬᠦᠳᠡᠯᠮᠤᠷᠢ ᠶᠢᠨ ᠭᠡᠷ᠎ᠡ ᠦᠷᠬᠦᠯᠵᠢᠯᠡᠨ ᠬᠦᠴᠦᠨ ᠲᠠᠢ ᠪᠠᠶᠢᠵᠤ᠂ ᠲᠡᠭᠦᠨ ᠤ ᠡᠷᠬᠡ ᠪᠠ ᠡᠭᠦᠷᠭᠡ ᠶᠢ ᠵᠠᠯᠭᠠᠮᠵᠢᠯᠠᠬᠰᠠᠨ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠭᠦᠢᠴᠡᠳᠭᠡᠨ᠎ᠡ᠃        ᠭᠤᠴᠢᠨ ᠲᠠᠪᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠠᠭᠤᠯᠭ᠎ᠠ ᠶᠢ ᠬᠤᠪᠢᠷᠠᠭᠤᠯᠵᠤ ᠪᠤᠯᠤᠨ᠎ᠠ᠃ ᠬᠦᠳᠡᠯᠮᠤᠷᠢ ᠶᠢᠨ ᠭᠡᠷ᠎ᠡ ᠶᠢ ᠬᠤᠪᠢᠷᠠᠭᠤᠯᠬᠤ ᠳᠤ ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠳᠠᠢ᠃        ᠬᠤᠪᠢᠷᠠᠭᠤᠯᠤᠬᠰᠠᠨ ᠤ ᠲᠠᠷᠠᠭᠠᠬᠢ ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠲᠤᠰ ᠪᠦᠷᠢ ᠨᠢᠭᠡ ᠬᠤᠪᠢ ᠦᠯᠡᠳᠡᠭᠡᠨ᠎ᠡ᠃        ᠲᠦᠷᠪᠡᠳᠦᠭᠡᠷ ᠪᠦᠯᠦᠭ    ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠ ᠲᠠᠭᠤᠰᠬᠠᠬᠤ        ᠭᠤᠴᠢᠨ ᠵᠢᠷᠭᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃        ᠭᠤᠴᠢᠨ ᠲᠤᠯᠤᠳᠤᠭᠠᠷ ᠵᠦᠢᠯ    ᠬᠦᠳᠡᠯᠮᠤᠷᠢᠴᠢᠨ ᠭᠤᠴᠢᠨ ᠡᠳᠦᠷ ᠤᠨ ᠡᠮᠦᠨ᠎ᠡ ᠬᠦᠮᠦᠨ ᠬᠡᠷᠡᠭᠯᠡᠬᠦ ᠨᠢᠭᠡᠴᠡ ᠳᠤ ᠪᠢᠴᠢᠭ ᠤᠨ ᠬᠡᠯᠪᠡᠷᠢ ᠪᠠᠷ ᠮᠡᠳᠡᠭᠳᠡᠵᠤ᠂ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ ᠬᠦᠳᠡᠯᠮᠤᠷᠢᠴᠢᠨ ᠲᠤᠷᠰᠢᠨ ᠬᠡᠷᠡᠭᠯᠡᠬᠦ ᠬᠤᠭᠤᠴᠠᠭᠠᠨ ᠳᠤ ᠭᠤᠷᠪᠠᠨ ᠡᠳᠦᠷ ᠤᠨ ᠡᠮᠦᠨ᠎ᠡ ᠬᠦᠮᠦᠨ ᠬᠡᠷᠡᠭᠯᠡᠬᠦ ᠨᠢᠭᠡᠴᠡ ᠳᠤ ᠮᠡᠳᠡᠭᠳᠡᠵᠤ᠂ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃        ᠭᠤᠴᠢᠨ ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄        ︵ᠨᠢᠭᠡ︶ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ ᠬᠦᠳᠡᠯᠮᠤᠷᠢ ᠶᠢᠨ ᠬᠠᠮᠠᠭᠠᠯᠠᠯᠳᠠ ᠪᠤᠶᠤ ᠬᠦᠳᠡᠯᠮᠤᠷᠢ ᠶᠢᠨ ᠨᠦᠬᠦᠴᠡᠯ ᠢ ᠦᠯᠦ ᠬᠠᠩᠭᠠᠬᠰᠠᠨ︔        ︵ᠬᠤᠶᠠᠷ︶ ᠬᠦᠳᠡᠯᠮᠤᠷᠢ ᠶᠢᠨ ᠤᠯᠭᠤᠮᠵᠢ ᠶᠢ ᠴᠠᠬ ᠲᠤᠬᠠᠢ ᠳᠤᠨᠢ ᠲᠤᠭ᠎ᠠ ᠶᠤᠰᠤᠭᠠᠷ ᠦᠯᠦ ᠦᠭᠭᠦᠭᠰᠡᠨ        ︵ᠭᠤᠷᠪᠠ︶ ᠬᠠᠤᠯᠢ ᠶᠤᠰᠤᠭᠠᠷ ᠬᠦᠳᠡᠯᠮᠤᠷᠢᠴᠢᠨ ᠳᠤ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠦᠯᠦ ᠲᠤᠰᠢᠶᠠᠬᠰᠠᠨ︔        ︵ᠲᠦᠷᠪᠡ︶ ᠬᠦᠮᠦᠨ ᠬᠡᠷᠡᠭᠯᠡᠬᠦ ᠨᠢᠭᠡᠴᠡ ᠶᠢᠨ ᠲᠦᠷᠢᠮ ᠲᠤᠬᠳᠠᠭᠠᠯ ᠨᠢ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠲᠤᠬᠳᠠᠭᠠᠯ ᠠᠴᠠ ᠵᠦᠷᠢᠴᠡᠵᠤ᠂ ᠬᠦᠳᠡᠯᠮᠤᠷᠢᠴᠢᠨ ᠤ ᠡᠷᠬᠡ ᠠᠰᠢᠬ ᠢ ᠬᠤᠬᠢᠷᠠᠭᠤᠯᠤᠬᠰᠠᠨ︔        ︵ᠲᠠᠪᠤ︶ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠨᠢᠭᠡᠳᠤᠭᠡᠷ ᠪᠠᠳᠠᠬ ᠲᠤ ᠲᠤᠬᠳᠠᠭᠠᠬᠰᠠᠨ ᠪᠠᠶᠢᠳᠠᠯ ᠠᠴᠠ ᠪᠤᠯᠵᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠬᠰᠠᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠪᠤᠰᠤᠳ ᠪᠠᠶᠢᠳᠠᠯ ᠤᠳ᠃        ᠬᠦᠮᠦᠨ ᠬᠡᠷᠡᠭᠯᠡᠬᠦ ᠨᠢᠭᠡᠴᠡ ᠬᠦᠴᠦᠷᠬᠡᠭᠯᠡᠬᠦ᠂ ᠰᠦᠷᠳᠡᠭᠦᠯᠬᠦ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠬᠦᠳᠡᠯᠮᠤᠷᠢᠴᠢᠨ ᠢ ᠠᠯᠪᠠᠳᠠᠨ ᠬᠦᠳᠡᠯᠮᠤᠷᠢᠯᠡᠭᠦᠯᠦᠭᠰᠡᠨ᠂ ᠡᠰᠡᠭᠦᠯ᠎ᠡ ᠬᠦᠮᠦᠨ ᠬᠡᠷᠡᠭᠯᠡᠬᠦ ᠨᠢᠭᠡᠴᠡ ᠨᠢ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠤᠬᠰᠠᠨ᠂ ᠠᠶᠤᠯ ᠲᠦᠭᠰᠢᠭᠦᠷᠢᠳᠠᠢ ᠠᠵᠢᠯ ᠢ ᠠᠯᠪᠠᠳᠠᠨ ᠬᠢᠯᠭᠡᠭᠡᠳ ᠬᠦᠳᠡᠯᠮᠤᠷᠢᠴᠢᠨ ᠤ ᠬᠦᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠬᠰᠠᠨ ᠪᠠᠶᠢᠪᠠᠯ᠂ ᠬᠦᠳᠡᠯᠮᠤᠷᠢᠴᠢᠨ ᠲᠠᠷᠤᠢ ᠳᠤᠨᠢ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠬᠦᠮᠦᠨ ᠬᠡᠷᠡᠭᠯᠡᠬᠦ ᠨᠢᠭᠡᠴᠡ ᠳᠤ ᠤᠷᠢᠳᠠᠪᠡᠷ ᠮᠡᠳᠡᠭᠳᠡᠬᠦ ᠴᠢᠬᠤᠯᠠ ᠦᠭᠡᠢ᠃        ᠭᠤᠴᠢ ᠶᠢᠰᠦᠳᠦᠭᠡᠷ ᠵᠦᠢᠯ    ᠬᠦᠳᠡᠯᠮᠤᠷᠢᠴᠢᠨ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄        ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠭᠡᠷᠡᠴᠢᠯᠡᠭᠳᠡᠭᠰᠡᠨ︔        ︵ᠬᠤᠶᠠᠷ︶ ᠬᠦᠮᠦᠨ ᠬᠡᠷᠡᠭᠯᠡᠬᠦ ᠨᠢᠭᠡᠴᠡ ᠶᠢᠨ ᠲᠦᠷᠢᠮ ᠲᠤᠬᠳᠠᠭᠠᠯ ᠢ ᠬᠦᠨᠳᠤ ᠨᠤᠴᠢᠳᠠᠢ ᠵᠦᠷᠢᠴᠡᠭᠰᠡᠨ︔        ︵ᠭᠤᠷᠪᠠ︶ ᠡᠭᠦᠷᠭᠡ ᠬᠠᠷᠢᠭᠤᠴᠠᠯᠭ᠎ᠠ ᠳᠠᠭᠠᠨ ᠬᠦᠨᠳᠤ ᠨᠤᠴᠢᠳᠠᠢ ᠤᠰᠤᠯᠳᠠᠵᠤ᠂ ᠬᠤᠪᠢ ᠶᠢᠨ ᠨᠠᠶᠢᠷ ᠬᠠᠷᠠᠵᠤ ᠭᠡᠮ ᠬᠢᠭᠡᠳ ᠬᠦᠮᠦᠨ ᠬᠡᠷᠡᠭᠯᠡᠬᠦ ᠨᠢᠭᠡᠴᠡ ᠳᠤ ᠬᠦᠨᠳᠤ ᠶᠡᠭᠡ ᠬᠤᠬᠢᠷᠠᠯ ᠤᠴᠠᠷᠠᠭᠤᠯᠤᠬᠰᠠᠨ︔        ︵ᠲᠦᠷᠪᠡ︶ ᠬᠦᠳᠡᠯᠮᠤᠷᠢᠴᠢᠨ ᠪᠤᠰᠤᠳ ᠬᠦᠮᠦᠨ ᠬᠡᠷᠡᠭᠯᠡᠬᠦ ᠨᠢᠭᠡᠴᠡ ᠲᠠᠢ ᠵᠡᠷᠭᠡᠪᠡᠷ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠵᠤ᠂ ᠲᠤᠰ ᠨᠢᠭᠡᠴᠡ ᠶᠢᠨ ᠠᠵᠢᠯ ᠤᠨ ᠡᠭᠦᠷᠭᠡ ᠶᠢ ᠪᠡᠶᠡᠯᠡᠭᠦᠯᠬᠦ ᠳᠤ ᠬᠦᠨᠳᠤ ᠨᠤᠴᠢᠳᠠᠢ ᠨᠦᠯᠦᠭᠡ ᠦᠵᠡᠭᠦᠯᠦᠭᠰᠡᠨ᠂ ᠡᠰᠡᠭᠦᠯ᠎ᠡ ᠬᠦᠮᠦᠨ ᠬᠡᠷᠡᠭᠯᠡᠬᠦ ᠨᠢᠭᠡᠴᠡ ᠠᠴᠠ ᠲᠤᠷᠠᠳᠤᠬᠰᠠᠨ ᠪᠠᠶᠢᠳᠠᠯ᠎ᠠ ᠵᠠᠯᠠᠷᠠᠭᠤᠯᠬᠤ ᠶᠢ ᠲᠡᠪᠴᠢᠭᠰᠡᠨ︔        ︵ᠲᠠᠪᠤ︶ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠨᠢᠭᠡᠳᠤᠭᠡᠷ ᠪᠠᠳᠠᠬ ᠤᠨ ᠨᠢᠭᠡᠳᠤᠭᠡᠷ ᠵᠤᠷᠪᠤᠰ ᠲᠤ ᠲᠤᠬᠳᠠᠭᠠᠬᠰᠠᠨ ᠪᠠᠶᠢᠳᠠᠯ ᠠᠴᠠ ᠪᠤᠯᠤᠭᠠᠳ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠵᠢᠷᠭᠤᠭ᠎ᠠ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃        ᠳᠥᠴᠢᠳᠦᠭᠡᠷ ᠵᠦᠢᠯ    ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠭᠤᠴᠢᠨ ᠡᠳᠦᠷ ᠤᠨ ᠡᠮᠦᠨ᠎ᠡ ᠬᠦᠳᠡᠯᠮᠤᠷᠢᠴᠢᠨ ᠲᠤᠰ ᠬᠦᠮᠦᠨ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠪᠤᠶᠤ ᠬᠦᠳᠡᠯᠮᠤᠷᠢᠴᠢᠨ ᠳᠤ ᠢᠯᠡᠭᠦᠦ ᠨᠢᠭᠡ ᠰᠠᠷ᠎ᠠ ᠶᠢᠨ ᠴᠠᠯᠢᠩ ᠦᠭᠭᠦᠭᠰᠡᠨ ᠤ ᠲᠠᠷᠠᠭ᠎ᠠ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄        ︵ᠨᠢᠭᠡ︶ ᠬᠦᠳᠡᠯᠮᠤᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠳᠠᠭᠠᠨ ᠢᠶᠠᠷ ᠰᠢᠷᠬᠠᠳᠤᠭᠠᠳ ᠲᠤᠬᠳᠠᠬᠰᠠᠨ ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ ᠪᠤᠯᠤᠬᠰᠠᠨ ᠪᠦᠭᠡᠳ ᠬᠦᠮᠦᠨ ᠬᠡᠷᠡᠭᠯᠡᠬᠦ ᠨᠢᠭᠡᠴᠡ ᠠᠴᠠ ᠠᠰᠳᠠᠭᠠᠨ ᠲᠤᠬᠢᠷᠠᠭᠤᠯᠤᠬᠰᠠᠨ ᠠᠵᠢᠯ ᠢ ᠴᠤ ᠬᠢᠵᠤ ᠴᠢᠳᠠᠬᠤ ᠦᠭᠡᠢ ᠪᠤᠯᠤᠬᠰᠠᠨ︔        ︵ᠬᠤᠶᠠᠷ︶ ᠬᠦᠳᠡᠯᠮᠤᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠭᠤᠯᠤᠬᠰᠠᠨ ᠪᠤᠶᠤ ᠠᠵᠢᠯ ᠤᠨ ᠪᠠᠶᠢᠷᠢ ᠳᠤᠨᠢ ᠲᠤᠬᠢᠷᠠᠭᠤᠯᠤᠯᠳᠠ ᠬᠢᠭᠰᠡᠨ ᠪᠤᠯᠪᠠᠴᠤ ᠮᠦᠨ ᠯᠡ ᠠᠵᠢᠯ ᠢᠶᠠᠨ ᠬᠢᠵᠤ ᠲᠡᠶᠢᠯᠬᠦ ᠦᠭᠡᠢ︔        ︵ᠭᠤᠷᠪᠠ︶ ᠬᠦᠳᠡᠯᠮᠤᠷᠢ ᠶᠢᠨ ᠭᠡᠷ᠎ᠡ ᠶᠢ ᠲᠤᠬᠳᠠᠬᠤ ᠦᠶ᠎ᠡ ᠳᠤ ᠦᠨᠳᠦᠰᠦᠯᠡᠯ ᠪᠤᠯᠭᠠᠬᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠳᠠ ᠭᠠᠷᠤᠭᠠᠳ ᠬᠦᠳᠡᠯᠮᠤᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠭᠡᠳ ᠬᠦᠳᠡᠯᠮᠤᠷᠢ ᠶᠢᠨ ᠭᠡᠷ᠎ᠡ ᠶᠢᠨ ᠠᠭᠤᠯᠭ᠎ᠠ ᠶᠢ ᠬᠤᠪᠢᠷᠠᠭᠤᠯᠬᠤ ᠲᠤᠬᠠᠢ ᠬᠡᠯᠡᠯᠴᠡᠭᠡᠷ ᠬᠢᠭᠡᠳ ᠲᠤᠬᠢᠷᠠᠯᠴᠠᠵᠤ ᠴᠢᠳᠠᠬᠰᠠᠨ ᠦᠭᠡᠢ᠃        ᠲᠦᠴᠢᠨ ᠨᠢᠭᠡᠳᠤᠭᠡᠷ ᠵᠦᠢᠯ    ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠵᠤ᠂ ᠬᠤᠷᠢᠨ ᠬᠦᠮᠦᠨ ᠠᠴᠠ ᠲᠡᠭᠡᠭᠰᠢ ᠬᠠᠰᠤᠬᠤ ᠪᠤᠶᠤ ᠬᠤᠷᠢᠨ ᠬᠦᠮᠦᠨ ᠠᠴᠠ ᠲᠤᠭᠤᠬᠰᠢ ᠬᠠᠰᠤᠬᠤ ᠴᠢᠬᠤᠯᠠᠳᠠᠢ ᠪᠤᠯᠤᠬᠰᠠᠨ ᠪᠤᠯᠪᠠᠴᠤ ᠲᠡᠷᠡ ᠨᠢ ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠪᠦᠬᠦ ᠲᠤᠭᠠᠨ ᠤ ᠵᠠᠭᠤᠨ ᠤ ᠠᠷᠪᠠ ᠠᠴᠠ ᠲᠡᠭᠡᠭᠰᠢᠬᠢ ᠶᠢ ᠡᠵᠡᠯᠡᠵᠤ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠭᠤᠴᠢᠨ ᠡᠳᠦᠷ ᠤᠨ ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠳᠡᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠢᠢᠯᠠᠨ ᠦᠭᠴᠤ᠂ ᠠᠵᠢᠯᠴᠢᠨ ᠤ ᠡᠪᠯᠠᠯ ᠪᠤᠶᠤ ᠠᠵᠢᠯᠳᠡᠨ ᠠᠵᠢᠯᠴᠢᠨ ᠤ ᠰᠠᠨᠠᠯ ᠢ ᠰᠤᠨᠤᠰᠴᠤ᠂ ᠬᠦᠮᠦᠨ ᠬᠠᠰᠤᠬᠤ ᠲᠦᠰᠦᠯ ᠢᠶᠠᠨ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠄        ︵ᠨᠢᠭᠡ︶ ᠠᠵᠤ ᠠᠬᠤᠢᠢᠯᠠᠯ ᠤᠨ ᠲᠠᠮᠫᠤᠷᠠᠯ ᠤᠨ ᠬᠠᠤᠯᠢ ᠶᠢᠨ ᠲᠤᠬᠳᠠᠭᠠᠯ ᠶᠤᠰᠤᠭᠠᠷ ᠲᠠᠬᠢᠨ ᠴᠡᠭᠴᠡᠯᠡᠯᠳᠡ ᠬᠢᠭᠰᠡᠨ︔        ︵ᠬᠤᠶᠠᠷ︶ ᠦᠢᠯᠡᠳᠪᠤᠷᠢᠯᠡᠯ ᠡᠵᠡᠩᠨᠡᠯᠳᠡ ᠶᠢᠨ ᠪᠠᠶᠢᠳᠠᠯ ᠳᠤ ᠬᠦᠨᠳᠤ ᠨᠤᠴᠢᠳᠠᠢ ᠬᠦᠴᠢᠷᠳᠡᠯ ᠲᠤᠯᠭᠠᠷᠠᠬᠰᠠᠨ︔        ︵ᠭᠤᠷᠪᠠ︶ ᠠᠵᠤ ᠠᠬᠤᠢᠢᠯᠠᠯ ᠦᠢᠯᠡᠳᠪᠤᠷᠢᠯᠡᠯ ᠢᠶᠠᠨ ᠬᠤᠪᠢᠷᠠᠭᠤᠯᠵᠤ᠂ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠳᠡ ᠬᠢᠬᠦ ᠪᠤᠶᠤ ᠡᠵᠡᠩᠨᠡᠯᠳᠡ ᠶᠢᠨ ᠠᠷᠭ᠎ᠠ ᠮᠠᠶ᠋ᠢᠬ ᠢᠶᠠᠨ ᠬᠤᠪᠢᠷᠠᠭᠤᠯᠵᠤ᠂ ᠬᠦᠳᠡᠯᠮᠤᠷᠢ ᠶᠢᠨ ᠭᠡᠷ᠎ᠡ ᠶᠢ ᠬᠤᠪᠢᠷᠠᠭᠤᠯᠤᠬᠰᠠᠨ ᠤ ᠲᠠᠷᠠᠭ᠎ᠠ᠂ ᠮᠦᠨ ᠬᠦᠮᠦᠨ ᠬᠠᠰᠤᠬᠤ ᠴᠢᠬᠤᠯᠠ ᠲᠠᠢ ᠪᠤᠯᠤᠬᠰᠠᠨ︔        ︵ᠲᠦᠷᠪᠡ︶ ᠬᠦᠳᠡᠯᠮᠤᠷᠢ ᠶᠢᠨ ᠭᠡᠷ᠎ᠡ ᠶᠢ ᠲᠤᠬᠳᠠᠬᠤ ᠦᠶ᠎ᠡ ᠳᠤ ᠦᠨᠳᠦᠰᠦᠯᠡᠯ ᠪᠤᠯᠭᠠᠬᠰᠠᠨ ᠪᠤᠰᠤᠳᠴᠢ ᠠᠵᠤ ᠠᠬᠤᠢ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠳᠠ ᠭᠠᠷᠤᠬᠰᠠᠨ ᠠᠴᠠ ᠪᠤᠯᠵᠤ ᠬᠦᠳᠡᠯᠮᠤᠷᠢ ᠶᠢᠨ ᠭᠡᠷ᠎ᠡ ᠶᠢ ᠬᠡᠷᠡᠭᠵᠢᠭᠦᠯᠬᠦ ᠠᠷᠭ᠎ᠠ ᠦᠭᠡᠢ ᠪᠤᠯᠤᠬᠰᠠᠨ ᠪᠤᠰᠤᠳ ᠪᠠᠶᠢᠳᠠᠯ᠃        ᠬᠦᠮᠦᠨ ᠬᠠᠰᠤᠬᠤ ᠦᠶ᠎ᠡ ᠳᠤ ᠲᠤᠤᠷᠠᠬᠢ ᠬᠦᠮᠦᠰ ᠢ ᠤᠷᠢᠳᠠᠪᠡᠷ ᠦᠯᠡᠳᠡᠭᠡᠨ ᠬᠡᠷᠡᠭᠯᠡᠬᠦ ᠬᠡᠷᠡᠭᠳᠠᠢ᠄        ︵ᠨᠢᠭᠡ︶ ᠲᠤᠰ ᠨᠢᠭᠡᠴᠡ ᠲᠠᠢ ᠨᠡᠯᠢᠶᠡᠳ ᠤᠷᠳᠤ ᠬᠤᠭᠤᠴᠠᠭᠠᠨ ᠤ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠰᠠᠨ︔        ︵ᠬᠤᠶᠠᠷ︶ ᠲᠤᠰ ᠨᠢᠭᠡᠴᠡ ᠲᠠᠢ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠬᠰᠠᠨ︔        ︵ᠭᠤᠷᠪᠠ︶ ᠭᠡᠷ ᠪᠦᠯᠢ ᠳᠤᠨᠢ ᠤᠨᠳᠤᠤ ᠠᠵᠢᠯ ᠲᠠᠢ ᠬᠦᠮᠦᠨ ᠪᠠᠶᠢᠬᠤ ᠦᠭᠡᠢ᠂ ᠠᠰᠠᠷᠠᠨ ᠲᠡᠵᠢᠭᠡᠬᠦ ᠨᠠᠰᠤᠳᠡᠨ ᠪᠤᠶᠤ ᠨᠠᠰᠤᠨ ᠳᠤ ᠦᠯᠦ ᠬᠦᠷᠦᠭᠰᠡᠳ ᠪᠠᠶᠢᠬᠤ︔        ᠬᠦᠮᠦᠨ ᠬᠡᠷᠡᠭᠯᠡᠬᠦ ᠨᠢᠭᠡᠴᠡ ᠲᠤᠰ ᠵᠦᠢᠯ ᠤᠨ ᠨᠢᠭᠡᠳᠤᠭᠡᠷ ᠪᠠᠳᠠᠬ ᠤᠨ ᠲᠤᠬᠳᠠᠭᠠᠯ ᠶᠤᠰᠤᠭᠠᠷ ᠬᠦᠮᠦᠨ ᠬᠠᠰᠤᠭᠠᠳ᠂ ᠵᠢᠷᠭᠤᠭᠠᠨ ᠰᠠᠷ᠎ᠠ ᠶᠢᠨ ᠲᠤᠳᠤᠷ᠎ᠠ ᠰᠢᠨ᠎ᠡ ᠪᠠᠷ ᠬᠦᠮᠦᠨ ᠡᠯᠰᠡᠵᠤ ᠬᠡᠷᠡᠭᠯᠡᠪᠡᠯ᠂ ᠬᠠᠰᠤᠬᠳᠠᠬᠰᠠᠨ ᠬᠦᠮᠦᠰ ᠲᠤ ᠮᠡᠳᠡᠭᠳᠡᠬᠦ ᠬᠡᠷᠡᠭᠳᠠᠢ ᠪᠦᠭᠡᠳ ᠠᠳᠠᠯᠢᠬᠠᠨ ᠨᠦᠬᠦᠴᠡᠯ ᠤᠨ ᠲᠤᠤᠷ᠎ᠠ ᠬᠠᠰᠤᠬᠳᠠᠬᠰᠠᠨ ᠬᠦᠮᠦᠰ ᠢ ᠤᠷᠢᠳᠠᠪᠡᠷ ᠡᠯᠰᠡᠵᠤ ᠬᠡᠷᠡᠭᠯᠡᠬᠦ ᠬᠡᠷᠡᠭᠳᠠᠢ᠃        ᠲᠦᠴᠢᠨ ᠬᠤᠶᠠᠳᠤᠭᠠᠷ ᠵᠦᠢᠯ    ᠬᠦᠳᠡᠯᠮᠤᠷᠢᠴᠢᠨ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠲᠤᠰ ᠬᠠᠤᠯᠢ ᠶᠢᠨ ᠲᠦᠴᠢᠳᠦᠭᠡᠷ ᠵᠦᠢᠯ᠂ ᠲᠦᠴᠢᠨ ᠨᠢᠭᠡᠳᠤᠭᠡᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄        ︵ᠨᠢᠭᠡ︶ ᠠᠵᠢᠯ ᠤᠨ ᠨᠦᠯᠦᠭᠡᠨ ᠤ ᠡᠪᠡᠳᠴᠢᠨ ᠤ ᠬᠤᠤᠷ ᠬᠦᠨᠦᠭᠡᠯ ᠲᠠᠢ ᠠᠵᠢᠯ ᠬᠢᠵᠤ ᠪᠠᠶᠢᠬᠰᠠᠨ ᠬᠦᠳᠡᠯᠮᠤᠷᠢᠴᠢᠨ ᠠᠵᠢᠯ ᠤᠨ ᠪᠠᠶᠢᠷᠢ ᠠᠴᠠ ᠰᠠᠯᠬᠤ ᠠᠴᠠ ᠡᠮᠦᠨ᠎ᠡ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠳᠠ ᠦᠯᠦ ᠬᠢᠭᠰᠡᠨ᠂ ᠡᠰᠡᠭᠦᠯ᠎ᠡ ᠠᠵᠢᠯ ᠤᠨ ᠨᠦᠯᠦᠭᠡᠨ ᠤ ᠡᠪᠡᠳᠴᠢᠨ ᠤ ᠰᠡᠵᠢᠭᠯᠡᠯᠳᠠᠢ ᠡᠪᠡᠳᠴᠢᠳᠡᠨ ᠤᠨᠤᠰᠢᠯᠠᠭᠤᠯᠬᠤ ᠪᠤᠶᠤ ᠠᠨᠠᠭᠠᠬᠤ ᠤᠬᠠᠭᠠᠨ ᠤ ᠠᠵᠢᠬᠯᠠᠯᠳᠠ ᠬᠢᠯᠭᠡᠬᠦ ᠬᠤᠭᠤᠴᠠᠭᠠᠨ ᠳᠤ ᠪᠠᠶᠢᠬᠤ︔        ︵ᠬᠤᠶᠠᠷ︶ ᠲᠤᠰ ᠨᠢᠭᠡᠴᠡ ᠳᠤ ᠠᠵᠢᠯ ᠤᠨ ᠨᠦᠯᠦᠭᠡᠨ ᠤ ᠡᠪᠡᠳᠴᠢᠨ ᠤᠯᠤᠬᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠳᠤᠭᠠᠳ ᠬᠦᠳᠡᠯᠮᠤᠷᠢᠯᠡᠬᠦ ᠴᠢᠳᠠᠪᠤᠷᠢ ᠪᠠᠨ ᠠᠯᠳᠠᠬᠰᠠᠨ ᠪᠤᠶᠤ ᠬᠡᠰᠡᠭ ᠲᠠᠯ᠎ᠠ ᠪᠠᠷ ᠠᠯᠳᠠᠬᠰᠠᠨ ᠬᠡᠵᠤ ᠲᠤᠳᠤᠯᠠᠬᠳᠠᠬᠰᠠᠨ︔        ︵ᠭᠤᠷᠪᠠ︶ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠳᠠᠭᠠᠨ ᠢᠶᠠᠷ ᠰᠢᠷᠬᠠᠳᠤᠭᠠᠳ ᠲᠤᠬᠳᠠᠬᠰᠠᠨ ᠡᠮᠴᠢᠯᠡᠭᠦᠯᠬᠦ ᠬᠤᠭᠤᠴᠠᠭᠠᠨ ᠳᠤ ᠪᠠᠶᠢᠬᠤ︔        ︵ᠲᠦᠷᠪᠡ︶ ᠡᠮᠡᠭᠳᠠᠢ ᠠᠵᠢᠯᠳᠡᠨ ᠠᠵᠢᠯᠴᠢᠨ ᠵᠢᠷᠮᠤᠰᠤᠨ ᠬᠤᠭᠤᠴᠠᠭ᠎ᠠ᠂ ᠬᠦᠡᠭᠭᠡᠵᠢᠬᠦ ᠬᠤᠭᠤᠴᠠᠭ᠎ᠠ᠂ ᠬᠦᠬᠦᠯᠬᠦ ᠬᠤᠭᠤᠴᠠᠭᠠᠨ ᠳᠤ ᠪᠠᠶᠢᠬᠤ︔        ︵ᠲᠠᠪᠤ︶ ᠲᠤᠰ ᠨᠢᠭᠡᠴᠡ ᠳᠤ ᠠᠷᠪᠠᠨ ᠲᠠᠪᠤᠨ ᠵᠢᠯ ᠦᠷᠭᠦᠯᠵᠢᠯᠡᠨ ᠠᠵᠢᠯᠯᠠᠬᠰᠠᠨ ᠪᠦᠭᠡᠳ ᠬᠠᠤᠯᠢ ᠪᠠᠷ ᠲᠤᠬᠳᠠᠭᠠᠬᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠳᠡᠯ᠎ᠡ ᠲᠠᠪᠤᠨ ᠵᠢᠯ ᠬᠦᠷᠬᠦ ᠦᠭᠡᠢ ᠪᠠᠶᠢᠬᠤ︔        ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃        ᠲᠦᠴᠢᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠭᠠᠭᠴᠠ ᠲᠠᠯ᠎ᠠ ᠠᠴᠠ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠤᠴᠢᠷ ᠰᠢᠯᠳᠠᠭᠠᠨ ᠢᠶᠠᠨ ᠠᠵᠢᠯᠴᠢᠨ ᠤ ᠡᠪᠯᠡᠯ ᠳᠤ ᠤᠷᠢᠳᠠᠪᠡᠷ ᠮᠡᠳᠡᠭᠦᠯᠬᠦ ᠬᠡᠷᠡᠭᠳᠠᠢ᠃ ᠬᠦᠮᠦᠨ ᠬᠡᠷᠡᠭᠯᠡᠬᠦ ᠨᠢᠭᠡᠴᠡ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠪᠤᠶᠤ ᠬᠦᠳᠡᠯᠮᠤᠷᠢ ᠶᠢᠨ ᠭᠡᠷ᠎ᠡ ᠠᠴᠠ ᠵᠦᠷᠢᠴᠡᠭᠰᠡᠨ ᠪᠠᠶᠢᠪᠠᠯ᠂ ᠠᠵᠢᠯᠴᠢᠨ ᠤ ᠡᠪᠯᠡᠯ ᠬᠦᠮᠦᠨ ᠬᠡᠷᠡᠭᠯᠡᠬᠦ ᠨᠢᠭᠡᠴᠡ ᠶᠢ ᠵᠠᠯᠠᠷᠠᠭᠤᠯᠤᠭᠤᠯᠬᠤ ᠪᠠᠷ ᠱᠠᠭᠠᠷᠳᠠᠬᠤ ᠡᠷᠬᠡ ᠲᠠᠢ᠃ ᠬᠦᠮᠦᠨ ᠬᠡᠷᠡᠭᠯᠡᠬᠦ ᠨᠢᠭᠡᠴᠡ ᠠᠵᠢᠯᠴᠢᠨ ᠤ ᠡᠪᠯᠡᠯ ᠤᠨ ᠰᠠᠨᠠᠯ ᠢ ᠰᠤᠳᠤᠯᠬᠤ ᠬᠡᠷᠡᠭᠳᠠᠢ ᠪᠦᠭᠡᠳ ᠰᠢᠢᠳᠪᠤᠷᠢᠯᠡᠭᠰᠡᠨ ᠳ᠋ᠦᠩ ᠢᠶᠠᠨ ᠠᠵᠢᠯᠴᠢᠨ ᠤ ᠡᠪᠯᠡᠯ ᠳᠤ ᠪᠢᠴᠢᠭ ᠢᠶᠠᠷ ᠮᠡᠳᠡᠭᠳᠡᠬᠦ ᠬᠡᠷᠡᠭᠳᠠᠢ᠃        ᠲᠦᠴᠢᠨ ᠲᠦᠷᠪᠡᠳᠦᠭᠡᠷ ᠵᠦᠢᠯ    ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠲᠠᠭᠤᠰᠬᠠᠨ᠎ᠠ᠄        ︵ᠨᠢᠭᠡ︶ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ︔        ︵ᠬᠤᠶᠠᠷ︶ ᠬᠦᠳᠡᠯᠮᠤᠷᠢᠴᠢᠨ ᠦᠨᠳᠦᠰᠦᠨ ᠨᠠᠰᠤᠵᠢᠯ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠳᠡᠵᠤ ᠡᠬᠢᠯᠡᠭᠰᠡᠨ︔        ︵ᠭᠤᠷᠪᠠ︶ ᠬᠦᠳᠡᠯᠮᠤᠷᠢᠴᠢᠨ ᠦᠬᠦᠭᠰᠡᠨ᠂ ᠡᠰᠡᠭᠦᠯ᠎ᠡ ᠠᠷᠠᠳ ᠤᠨ ᠰᠢᠭᠦᠬᠦ ᠬᠤᠷᠢᠶᠠᠨ ᠠᠴᠠ ᠬᠦᠳᠡᠯᠮᠤᠷᠢᠴᠢᠨ ᠢ ᠦᠭᠦᠭᠰᠡᠨ ᠪᠤᠶᠤ ᠰᠤᠷᠠᠬ ᠦᠭᠡᠢ ᠪᠤᠯᠤᠬᠰᠠᠨ ᠭᠡᠵᠤ ᠨᠡᠶᠢᠳᠡᠯᠡᠭᠰᠡᠨ︔        ︵ᠲᠦᠷᠪᠡ︶ ᠬᠦᠮᠦᠨ ᠬᠡᠷᠡᠭᠯᠡᠬᠦ ᠨᠢᠭᠡᠴᠡ ᠲᠠᠮᠫᠤᠷᠠᠬᠰᠠᠨ ᠭᠡᠵᠤ ᠬᠠᠤᠯᠢ ᠶᠤᠰᠤᠭᠠᠷ ᠨᠡᠶᠢᠳᠡᠯᠡᠭᠰᠡᠨ︔        ︵ᠲᠠᠪᠤ︶ ᠬᠦᠮᠦᠨ ᠬᠡᠷᠡᠭᠯᠡᠬᠦ ᠨᠢᠭᠡᠴᠡ ᠡᠵᠡᠩᠨᠡᠯᠳᠡ ᠶᠢᠨ ᠦᠨᠡᠮᠯᠡᠯ ᠢᠶᠠᠨ ᠬᠤᠷᠢᠶᠠᠬᠳᠠᠨ ᠬᠦᠴᠦᠨ ᠦᠭᠡᠢ ᠪᠤᠯᠭᠠᠬᠳᠠᠬᠰᠠᠨ᠂ ᠵᠠᠷᠯᠢᠬ ᠢᠶᠠᠷ ᠡᠭᠦᠳᠡ ᠪᠠᠨ ᠬᠠᠭᠠᠭᠳᠠᠭᠰᠠᠨ᠂ ᠬᠦᠴᠦᠨ ᠦᠭᠡᠢ ᠪᠤᠯᠭᠠᠬᠳᠠᠬᠰᠠᠨ ᠪᠤᠶᠤ ᠬᠦᠮᠦᠨ ᠬᠡᠷᠡᠭᠯᠡᠬᠦ ᠨᠢᠭᠡᠴᠡ ᠶᠢ ᠤᠷᠢᠳᠴᠢᠯᠠᠨ ᠲᠠᠷᠬᠠᠭᠠᠬᠤ ᠪᠠᠷ ᠲᠤᠬᠳᠠᠭᠠᠬᠰᠠᠨ︔        ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃        ᠲᠦᠴᠢᠨ ᠲᠠᠪᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠴᠤ᠂ ᠲᠤᠰ ᠬᠠᠤᠯᠢ ᠶᠢᠨ ᠲᠦᠴᠢᠨ ᠬᠤᠶᠠᠳᠤᠭᠠᠷ ᠵᠦᠢᠯ ᠳᠤ ᠲᠤᠬᠳᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠵᠤᠬᠢᠴᠠᠩᠭᠤᠢ ᠪᠠᠶᠢᠳᠠᠯ ᠦᠭᠡᠢ ᠪᠤᠯᠬᠤ ᠪᠤᠯᠳᠠᠯ᠎ᠠ ᠦᠷᠭᠦᠯᠵᠢᠯᠡᠭᠦᠯᠤᠭᠡᠳ ᠲᠠᠭᠤᠰᠬᠠᠬᠤ ᠬᠡᠷᠡᠭᠳᠠᠢ᠃ ᠭᠡᠪᠡᠴᠤ ᠲᠤᠰ ᠬᠠᠤᠯᠢ ᠶᠢᠨ ᠲᠦᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠤᠬᠳᠠᠭᠠᠬᠰᠠᠨ ᠬᠦᠳᠡᠯᠮᠤᠷᠢᠯᠡᠬᠦ ᠴᠢᠳᠠᠪᠤᠷᠢ ᠪᠠᠨ ᠠᠯᠳᠠᠬᠰᠠᠨ ᠪᠤᠶᠤ ᠬᠡᠰᠡᠭ ᠲᠠᠯ᠎ᠠ ᠪᠠᠷ ᠠᠯᠳᠠᠬᠰᠠᠨ ᠬᠦᠳᠡᠯᠮᠤᠷᠢᠴᠢᠨ ᠤ ᠬᠦᠳᠡᠯᠮᠤᠷᠢ ᠶᠢᠨ ᠭᠡᠷ᠎ᠡ ᠶᠢ ᠲᠠᠭᠤᠰᠬᠠᠬᠤ ᠳᠤ᠂ ᠤᠯᠤᠰ ᠤᠨ ᠬᠤᠯᠪᠤᠬᠳᠠᠯ ᠪᠦᠬᠦᠢ ᠠᠵᠢᠯ ᠠᠴᠠ ᠪᠤᠯᠤᠬᠰᠠᠨ ᠭᠡᠮᠳᠤᠯ ᠤᠨ ᠲᠠᠭᠠᠳᠬᠠᠯ ᠤᠨ ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃        ᠲᠦᠴᠢᠨ ᠵᠢᠷᠭᠤᠳᠤᠭᠠᠷ ᠵᠦᠢᠯ    ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠬᠡᠷᠡᠭᠳᠠᠢ᠄        ︵ᠨᠢᠭᠡ︶ ᠬᠦᠳᠡᠯᠮᠤᠷᠢᠴᠢᠨ ᠲᠤᠰ ᠬᠠᠤᠯᠢ ᠶᠢᠨ ᠭᠤᠴᠢᠨ ᠨᠠᠢᠮᠠᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠬᠤᠶᠠᠷ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠲᠤᠷᠠᠳᠤᠬᠰᠠᠨ ᠪᠦᠭᠡᠳ ᠬᠦᠳᠡᠯᠮᠤᠷᠢᠴᠢᠨ ᠲᠠᠢ ᠵᠦᠪᠳᠡᠯᠴᠡᠨ ᠰᠠᠨᠠᠯ ᠨᠢᠭᠡᠳᠴᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠭᠤᠷᠪᠠ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠦᠴᠢᠳᠦᠭᠡᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠳᠥᠷᠪᠡ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠦᠴᠢᠨ ᠨᠢᠭᠡᠳᠤᠭᠡᠷ ᠵᠦᠢᠯ ᠤᠨ ᠨᠢᠭᠡᠳᠤᠭᠡᠷ ᠪᠠᠳᠠᠬ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔        ︵ᠲᠠᠪᠤ︶ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠨᠦᠬᠦᠴᠡᠯ ᠢ ᠲᠡᠷᠡ ᠶᠠᠩᠵᠤ ᠪᠠᠷ ᠨᠢ ᠪᠠᠶᠢᠯᠭᠠᠬᠤ ᠪᠤᠶᠤ ᠲᠡᠭᠡᠭᠰᠢᠯᠡᠭᠦᠯᠤᠭᠡᠳ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠭᠠᠬᠰᠠᠨ᠂ ᠬᠦᠳᠡᠯᠮᠤᠷᠢᠴᠢᠨ ᠦᠷᠭᠦᠯᠵᠢᠯᠡᠨ ᠲᠤᠬᠳᠠᠭᠠᠬᠤ ᠶᠢ ᠦᠯᠦ ᠵᠦᠪᠰᠢᠶᠡᠷᠡᠭᠰᠡᠨ ᠪᠠᠶᠢᠳᠠᠯ ᠠᠴᠠ ᠭᠠᠳᠠᠨ᠎ᠠ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠨᠢᠭᠡᠳᠤᠭᠡᠷ ᠵᠤᠷᠪᠤᠰ ᠤᠨ ᠲᠤᠬᠳᠠᠭᠠᠯ ᠶᠤᠰᠤᠭᠠᠷ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠲᠠᠭᠤᠰᠬᠠᠬᠰᠠᠨ︔        ︵ᠵᠢᠷᠭᠤᠭ᠎ᠠ︶ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠦᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠲᠠᠭᠤᠰᠬᠠᠬᠰᠠᠨ︔        ︵ᠲᠤᠯᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠲᠦᠷᠢᠮ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃        ᠲᠦᠴᠢᠨ ᠲᠤᠯᠤᠳᠤᠭᠠᠷ ᠵᠦᠢᠯ    ᠠᠵᠤ ᠠᠬᠤᠢ ᠶᠢᠨ ᠨᠦᠬᠦᠪᠤᠷᠢ ᠶᠢ ᠪᠤᠯ ᠬᠦᠳᠡᠯᠮᠤᠷᠢᠴᠢᠨ ᠤ ᠲᠤᠰ ᠨᠢᠭᠡᠴᠡ ᠳᠤ ᠠᠵᠢᠯᠯᠠᠬᠰᠠᠨ ᠵᠢᠯ ᠬᠤᠭᠤᠴᠠᠭ᠎ᠠ ᠪᠠᠷ ᠨᠢ ᠪᠦᠬᠦᠯᠢ ᠨᠢᠭᠡ ᠵᠢᠯ ᠪᠤᠯᠬᠤ ᠪᠦᠷᠢ ᠨᠢᠭᠡ ᠰᠠᠷ᠎ᠠ ᠶᠢᠨ ᠴᠠᠯᠢᠩ ᠤᠯᠭᠤᠬᠤ ᠪᠠᠷᠢᠮᠵᠢᠶ᠎ᠠ ᠪᠠᠷ ᠬᠦᠳᠡᠯᠮᠤᠷᠢᠴᠢᠨ ᠳᠤ ᠦᠭᠭᠦᠨ᠎ᠡ᠃ ᠵᠢᠷᠭᠤᠭᠠᠨ ᠰᠠᠷ᠎ᠠ ᠠᠴᠠ ᠲᠡᠭᠡᠭᠰᠢ ᠨᠢᠭᠡ ᠵᠢᠯ ᠪᠤᠯᠤᠭᠠᠳᠤᠢ ᠪᠠᠶᠢᠪᠠᠯ᠂ ᠨᠢᠭᠡ ᠵᠢᠯ ᠢᠶᠠᠷ ᠪᠤᠳᠤᠨ᠎ᠠ᠃ ᠵᠢᠷᠭᠤᠭᠠᠨ ᠰᠠᠷ᠎ᠠ ᠪᠤᠯᠤᠭᠠᠳᠤᠢ ᠪᠠᠶᠢᠪᠠᠯ᠂ ᠬᠦᠳᠡᠯᠮᠤᠷᠢᠴᠢᠨ ᠳᠤ ᠬᠠᠭᠠᠰ ᠰᠠᠷ᠎ᠠ ᠶᠢᠨ ᠴᠠᠯᠢᠩ ᠤᠨ ᠠᠵᠤ ᠠᠬᠤᠢ ᠶᠢᠨ ᠨᠦᠬᠦᠪᠤᠷᠢ ᠦᠭᠭᠦᠨ᠎ᠡ᠃ ᠬᠦᠳᠡᠯᠮᠤᠷᠢᠴᠢᠨ ᠤ ᠰᠠᠷ᠎ᠠ ᠶᠢᠨ ᠴᠠᠯᠢᠩ ᠨᠢ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠰᠢᠭᠤᠳ ᠬᠠᠷᠢᠶ᠎ᠠ ᠬᠤᠳᠠ᠂ ᠲᠤᠭᠤᠷᠢᠬ ᠪᠦᠬᠦᠢ ᠬᠤᠳᠠ ᠶᠢᠨ ᠲᠡᠰ ᠤᠨ ᠠᠷᠠᠳ ᠤᠨ ᠵᠠᠰᠠᠬ ᠤᠨ ᠤᠷᠳᠤᠨ ᠤ ᠨᠡᠶᠢᠳᠡᠯᠡᠭᠰᠡᠨ ᠲᠤᠰ ᠭᠠᠵᠠᠷ ᠤᠷᠤᠨ ᠤ ᠲᠦᠷᠦᠭᠦᠦ ᠵᠢᠯ ᠤᠨ ᠠᠵᠢᠯᠳᠡᠨ ᠠᠵᠢᠯᠴᠢᠨ ᠤ ᠰᠠᠷ᠎ᠠ ᠶᠢᠨ ᠲᠤᠮᠳᠠᠴᠢ ᠴᠠᠯᠢᠩ ᠤᠨ ᠭᠤᠷᠪᠠᠨ ᠲᠠᠬᠢᠨ ᠠᠴᠠ ᠦᠨᠳᠦᠷ ᠪᠤᠯᠪᠠᠯ᠂ ᠲᠡᠭᠦᠨ ᠳᠤ ᠦᠭᠬᠦ ᠠᠵᠤ ᠠᠬᠤᠢ ᠶᠢᠨ ᠨᠦᠬᠦᠪᠤᠷᠢ ᠶᠢᠨ ᠪᠠᠷᠢᠮᠵᠢᠶ᠎ᠠ ᠨᠢ ᠠᠵᠢᠯᠳᠡᠨ ᠠᠵᠢᠯᠴᠢᠨ ᠤ ᠰᠠᠷ᠎ᠠ ᠶᠢᠨ ᠲᠤᠮᠳᠠᠴᠢ ᠴᠠᠯᠢᠩ ᠤᠨ ᠭᠤᠷᠪᠠᠨ ᠲᠠᠬᠢᠨ ᠪᠤᠯᠤᠨ᠎ᠠ᠂ ᠲᠡᠭᠦᠨ ᠳᠤ ᠠᠵᠤ ᠠᠬᠤᠢ ᠶᠢᠨ ᠨᠦᠬᠦᠪᠤᠷᠢ ᠦᠭᠬᠦ ᠵᠢᠯ ᠬᠤᠭᠤᠴᠠᠭ᠎ᠠ ᠨᠢ ᠬᠠᠮᠤᠬ ᠤᠷᠳᠤ ᠳᠠᠭᠠᠨ ᠠᠷᠪᠠᠨ ᠬᠤᠶᠠᠷ ᠵᠢᠯ ᠠᠴᠠ ᠬᠡᠳᠦᠷᠡᠬᠦ ᠦᠭᠡᠢ᠃        ᠲᠤᠰ ᠵᠦᠢᠯ ᠳᠤ ᠬᠡᠯᠡᠵᠤ ᠪᠠᠶᠢᠭ᠎ᠠ ᠰᠠᠷ᠎ᠠ ᠶᠢᠨ ᠴᠠᠯᠢᠩ ᠭᠡᠳᠡᠭ ᠨᠢ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠠᠴᠠ ᠡᠮᠦᠨᠡᠬᠢ ᠠᠷᠪᠠᠨ ᠬᠤᠶᠠᠷ ᠰᠠᠷ᠎ᠠ ᠶᠢᠨ ᠲᠤᠮᠳᠠᠴᠢ ᠴᠠᠯᠢᠩ ᠢ ᠵᠢᠭᠠᠵᠤ ᠪᠠᠶᠢᠨ᠎ᠠ᠃        ᠲᠦᠴᠢᠨ ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠠᠴᠠ ᠵᠦᠷᠢᠴᠡᠵᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ᠂ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠬᠦ ᠶᠢ ᠱᠠᠭᠠᠷᠳᠠᠪᠠᠯ᠂ ᠬᠦᠮᠦᠨ ᠬᠡᠷᠡᠭᠯᠡᠬᠦ ᠨᠢᠭᠡᠴᠡ ᠦᠷᠭᠦᠯᠵᠢᠯᠡᠨ ᠭᠦᠢᠴᠡᠳᠭᠡᠬᠦ ᠬᠡᠷᠡᠭᠳᠠᠢ︔ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠬᠦ ᠶᠢ ᠦᠯᠦ ᠱᠠᠭᠠᠷᠳᠠᠬᠰᠠᠨ ᠪᠤᠶᠤ ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠵᠤ ᠲᠡᠶᠢᠯᠬᠦ ᠦᠭᠡᠢ ᠪᠤᠯᠤᠬᠰᠠᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠨᠠᠶᠠᠨ ᠲᠤᠯᠤᠳᠤᠭᠠᠷ ᠵᠦᠢᠯ ᠤᠨ ᠲᠣᠭᠲᠠᠭᠠᠯ ᠶᠤᠰᠤᠭᠠᠷ ᠲᠦᠯᠦᠪᠤᠷᠢ ᠮᠦᠡᠭᠬᠦ ᠦᠭᠬᠦ ᠬᠡᠷᠡᠭᠳᠠᠢ᠃        ᠲᠦᠴᠢ ᠶᠢᠰᠦᠳᠦᠭᠡᠷ ᠵᠦᠢᠯ    ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠤᠷᠢᠴᠢᠨ ᠤ ᠨᠡᠶᠢᠭᠡᠮ ᠤᠨ ᠲᠠᠭᠠᠳᠬᠠᠯ ᠤᠨ ᠬᠠᠷᠢᠴᠠᠭᠠᠨ ᠤ ᠭᠠᠵᠠᠷ ᠤᠷᠤᠨ ᠠᠯᠤᠰᠯᠠᠨ ᠰᠢᠯᠵᠢᠭᠦᠯᠵᠤ ᠦᠷᠭᠦᠯᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠤᠨ᠎ᠡ᠃        ᠲᠠᠪᠢᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠦᠶ᠎ᠡ ᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠭᠡᠷᠡᠴᠢ ᠤᠯᠭᠤᠬᠤ ᠬᠡᠷᠡᠭᠳᠠᠢ ᠪᠦᠭᠡᠳ ᠠᠷᠪᠠᠨ ᠲᠠᠪᠤᠨ ᠡᠳᠦᠷ ᠤᠨ ᠲᠤᠳᠤᠷ᠎ᠠ ᠬᠦᠳᠡᠯᠮᠤᠷᠢᠴᠢᠨ ᠳᠤ ᠲᠠᠩᠰᠠ ᠡᠪᠬᠡᠮᠡᠯ ᠪᠠ ᠨᠡᠶᠢᠭᠡᠮ ᠤᠨ ᠲᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠭᠠᠷ ᠭᠦᠢᠴᠡᠳᠭᠡᠯ ᠢ ᠭᠦᠢᠴᠡᠳᠭᠡᠵᠤ ᠦᠭᠬᠦ ᠬᠡᠷᠡᠭᠳᠠᠢ᠃        ᠬᠦᠳᠡᠯᠮᠤᠷᠢᠴᠢᠨ ᠬᠤᠶᠠᠷ ᠲᠠᠯ᠎ᠠ ᠶᠢᠨ ᠪᠤᠯᠵᠤᠯ ᠶᠤᠰᠤᠭᠠᠷ᠂ ᠠᠵᠢᠯ ᠲᠤᠰᠢᠶᠠᠬᠤ ᠪᠠ ᠬᠦᠯᠢᠶᠡᠨ ᠠᠪᠬᠤ ᠶᠢ ᠭᠦᠢᠴᠡᠳᠭᠡᠬᠦ ᠬᠡᠷᠡᠭᠳᠠᠢ᠃ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠶᠤᠰᠤᠳᠠᠢ ᠪᠠᠶᠢᠪᠠᠯ᠂ ᠠᠵᠢᠯ ᠲᠤᠰᠢᠶᠠᠬᠤ ᠪᠠ ᠬᠦᠯᠢᠶᠡᠨ ᠠᠪᠬᠤ ᠶᠢ ᠭᠦᠢᠴᠡᠳᠭᠡᠬᠦ ᠦᠶ᠎ᠡ ᠳᠤ ᠦᠭᠬᠦ ᠬᠡᠷᠡᠭᠳᠠᠢ᠃        ᠬᠦᠮᠦᠨ ᠬᠡᠷᠡᠭᠯᠡᠬᠦ ᠨᠢᠭᠡᠴᠡ ᠨᠢᠭᠡᠨᠳᠡ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠬᠦᠳᠡᠯᠮᠤᠷᠢ ᠶᠢᠨ ᠭᠡᠷ᠎ᠡ ᠶᠢᠨ ᠪᠢᠴᠢᠭ ᠢ ᠠᠳᠠᠬ ᠲᠠᠭᠠᠨ ᠬᠤᠶᠠᠷ ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠭᠡᠬᠦ ᠬᠡᠷᠡᠭᠳᠠᠢ᠃        ᠲᠠᠪᠤᠳᠤᠭᠠᠷ ᠪᠦᠯᠦᠭ    ᠤᠨᠴᠠᠭᠠᠢ ᠲᠤᠬᠳᠠᠭᠠᠯ        ᠨᠢᠭᠡᠳᠤᠭᠡᠷ ᠬᠡᠰᠡᠭ    ᠬᠠᠮᠳᠤ ᠶᠢᠨ ᠭᠡᠷ᠎ᠡ        ᠲᠠᠪᠢᠨ ᠨᠢᠭᠡᠳᠤᠭᠡᠷ ᠵᠦᠢᠯ    ᠠᠵᠤ ᠠᠬᠤᠢᠢᠯᠠᠯ ᠤᠨ ᠠᠵᠢᠯᠴᠢᠨ ᠠᠵᠢᠯᠳᠡᠨ ᠤ ᠨᠢᠭᠡ ᠲᠠᠯ᠎ᠠ ᠬᠢᠭᠡᠳ ᠬᠦᠮᠦᠨ ᠬᠡᠷᠡᠭᠯᠡᠬᠦ ᠨᠢᠭᠡᠴᠡ ᠡᠷᠬᠡ ᠲᠡᠭᠰᠢ ᠪᠠᠷ ᠵᠦᠪᠳᠡᠯᠴᠡᠬᠦ ᠪᠠᠷ ᠲᠠᠮᠵᠢᠭᠠᠳ᠂ ᠬᠦᠳᠡᠯᠮᠤᠷᠢ ᠶᠢᠨ ᠤᠯᠭᠤᠮᠵᠢ᠂ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ᠂ ᠬᠦᠳᠡᠯᠮᠤᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠳᠤ ᠶᠢᠨ ᠭᠡᠷ᠎ᠡ ᠲᠤᠬᠳᠠᠵᠤ ᠪᠤᠯᠤᠨ᠎ᠠ᠃ ᠬᠠᠮᠳᠤ ᠶᠢᠨ ᠭᠡᠷ᠎ᠡ ᠶᠢᠨ ᠲᠦᠰᠦᠯ ᠢ ᠠᠵᠢᠯᠳᠡᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠳᠡᠨ ᠠᠵᠢᠯᠴᠢᠨ ᠳᠤ ᠲᠡᠪᠰᠢᠭᠦᠯᠤᠨ ᠶᠠᠷᠢᠯᠴᠠᠭᠤᠯᠵᠤ ᠪᠠᠳᠤᠯᠠᠭᠤᠯᠬᠤ ᠬᠡᠷᠡᠭᠳᠠᠢ᠃        ᠬᠠᠮᠳᠤ ᠶᠢᠨ ᠭᠡᠷ᠎ᠡ ᠶᠢ ᠠᠵᠢᠯᠴᠢᠨ ᠤ ᠡᠪᠯᠡᠯ ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠨᠢᠭᠡ ᠲᠠᠯ᠎ᠠ ᠶᠢ ᠲᠦᠯᠦᠭᠡᠯᠡᠨ ᠬᠦᠮᠦᠨ ᠬᠡᠷᠡᠭᠯᠡᠬᠦ ᠨᠢᠭᠡᠴᠡ ᠲᠠᠢ ᠲᠤᠬᠳᠠᠨ᠎ᠠ︔ ᠠᠵᠢᠯᠴᠢᠨ ᠤ ᠡᠪᠯᠡᠯ ᠢ ᠬᠠᠷᠠᠬᠠᠨ ᠪᠠᠶᠢᠭᠤᠯᠤᠭᠠᠳᠤᠢ ᠬᠦᠮᠦᠨ ᠬᠡᠷᠡᠭᠯᠡᠬᠦ ᠨᠢᠭᠡᠴᠡ ᠳᠤ ᠪᠤᠯ ᠲᠡᠭᠡᠳᠤ ᠱᠠᠳᠤᠨ ᠤ ᠬᠢᠨᠢ ᠠᠵᠢᠯᠴᠢᠨ ᠤ ᠡᠪᠯᠡᠯ ᠠᠴᠠ ᠬᠦᠳᠡᠯᠮᠤᠷᠢᠴᠢᠨ ᠤ ᠲᠠᠨᠢᠯᠴᠠᠭᠤᠯᠤᠬᠰᠠᠨ ᠲᠦᠯᠦᠭᠡᠯᠡᠭᠴᠢ ᠶᠢ ᠵᠢᠭᠠᠨ ᠵᠢᠯᠤᠭᠤᠳᠴᠤ ᠪᠠᠶᠢᠭᠠᠳ ᠬᠦᠮᠦᠨ ᠬᠡᠷᠡᠭᠯᠡᠬᠦ ᠨᠢᠭᠡᠴᠡ ᠲᠠᠢ ᠲᠤᠬᠳᠠᠨ᠎ᠠ᠃        ᠲᠠᠪᠢᠨ ᠬᠤᠶᠠᠳᠤᠭᠠᠷ ᠵᠦᠢᠯ    ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠨᠢᠭᠡ ᠲᠠᠯ᠎ᠠ ᠨᠢ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ᠂ ᠡᠮᠡᠭᠳᠠᠢ ᠠᠵᠢᠯᠳᠡᠨ ᠠᠵᠢᠯᠴᠢᠨ ᠤ ᠡᠷᠬᠡ ᠠᠰᠢᠬ ᠤᠨ ᠬᠠᠮᠠᠭᠠᠯᠠᠯ᠂ ᠴᠠᠯᠢᠩ ᠲᠤᠬᠢᠷᠠᠭᠤᠯᠬᠤ ᠲᠤᠬᠳᠠᠴᠠ ᠵᠡᠷᠭᠡ ᠲᠤᠰᠬᠠᠢ ᠵᠦᠢᠯ ᠤᠨ ᠬᠠᠮᠳᠤ ᠶᠢᠨ ᠭᠡᠷ᠎ᠡ ᠶᠢ ᠲᠤᠬᠳᠠᠵᠤ ᠪᠤᠯᠤᠨ᠎ᠠ᠃        ᠲᠠᠪᠢᠨ ᠭᠤᠷᠪᠠᠳᠤᠭᠠᠷ ᠵᠦᠢᠯ    ᠰᠢᠶᠠᠨ ᠤ ᠱᠠᠳᠤᠨ ᠠᠴᠠ ᠲᠤᠭᠤᠬᠰᠢᠬᠢ ᠤᠷᠤᠨ ᠪᠦᠰᠡ ᠶᠢᠨ ᠲᠤᠳᠤᠷᠠᠬᠢ ᠪᠠᠷᠢᠯᠭ᠎ᠠ ᠶᠢᠨ ᠦᠢᠯᠡᠰ᠂ ᠠᠭᠤᠷᠬᠠᠢ ᠮᠠᠯᠳᠠᠬᠤ ᠦᠢᠯᠡᠰ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠵᠡᠷᠭᠡ ᠠᠵᠢᠯ ᠲᠦᠷᠦᠯ ᠳᠤ ᠠᠵᠢᠯᠴᠢᠨ ᠤ ᠡᠪᠯᠡᠯ ᠬᠢᠭᠡᠳ ᠠᠵᠤ ᠠᠬᠤᠢᠢᠯᠠᠯ ᠤᠨ ᠲᠠᠯ᠎ᠠ ᠶᠢᠨ ᠲᠦᠯᠦᠭᠡᠯᠡᠭᠴᠢ ᠨᠢ ᠠᠵᠢᠯ ᠲᠦᠷᠦᠯ ᠤᠨ ᠴᠢᠨᠠᠷᠳᠠᠢ ᠬᠠᠮᠳᠤ ᠶᠢᠨ ᠭᠡᠷ᠎ᠡ ᠶᠢ ᠲᠤᠬᠳᠠᠬᠤ ᠪᠤᠶᠤ ᠤᠷᠤᠨ ᠪᠦᠰᠡ ᠶᠢᠨ ᠴᠢᠨᠠᠷᠳᠠᠢ ᠬᠠᠮᠳᠤ ᠶᠢᠨ ᠭᠡᠷ᠎ᠡ ᠲᠤᠬᠳᠠᠵᠤ ᠪᠤᠯᠤᠨ᠎ᠠ᠃        ᠲᠠᠪᠢᠨ ᠲᠦᠷᠪᠡᠳᠤᠭᠡᠷ ᠵᠦᠢᠯ    ᠬᠠᠮᠳᠤ ᠶᠢᠨ ᠭᠡᠷ᠎ᠡ ᠶᠢ ᠲᠤᠬᠳᠠᠬᠰᠠᠨ ᠤ ᠲᠠᠷᠠᠭ᠎ᠠ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠤᠨ ᠬᠦᠷᠭᠡᠬᠦ ᠬᠡᠷᠡᠭᠳᠠᠢ︔ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠨᠢ ᠬᠠᠮᠳᠤ ᠶᠢᠨ ᠭᠡᠷ᠎ᠡ ᠶᠢᠨ ᠪᠢᠴᠢᠭ ᠢ ᠤᠯᠵᠤ ᠠᠪᠤᠬᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠠ ᠤᠨᠳᠤᠤ ᠰᠠᠨᠠᠯ ᠭᠠᠷᠭᠠᠬᠰᠠᠨ ᠦᠭᠡᠢ ᠪᠠᠶᠢᠪᠠᠯ᠂ ᠬᠠᠮᠳᠤ ᠶᠢᠨ ᠭᠡᠷ᠎ᠡ ᠲᠠᠷᠤᠢ ᠬᠦᠴᠦᠨ ᠲᠠᠢ ᠪᠤᠯᠤᠨ᠎ᠠ᠃        ᠬᠠᠤᠯᠢ ᠶᠤᠰᠤᠭᠠᠷ ᠲᠤᠬᠳᠠᠭᠠᠬᠰᠠᠨ ᠬᠠᠮᠳᠤ ᠶᠢᠨ ᠭᠡᠷ᠎ᠡ ᠨᠢ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯ ᠲᠦᠷᠦᠯ ᠤᠨ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ ᠬᠠᠮᠳᠤ ᠶᠢᠨ ᠭᠡᠷ᠎ᠡ ᠨᠢ ᠲᠤᠬᠠᠢ ᠶᠢᠨ ᠭᠠᠵᠠᠷ ᠤᠨ ᠲᠤᠰ ᠠᠵᠢᠯ ᠲᠦᠷᠦᠯ᠂ ᠲᠤᠰ ᠤᠷᠤᠨ ᠪᠦᠰᠡ ᠶᠢᠨ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠳᠤ ᠬᠢᠵᠠᠭᠠᠷᠯᠠᠬᠤ ᠬᠦᠴᠦᠨ ᠲᠠᠢ᠃        ᠲᠠᠪᠢᠨ ᠲᠠᠪᠤᠳᠤᠭᠠᠷ ᠵᠦᠢᠯ    ᠬᠠᠮᠳᠤ ᠶᠢᠨ ᠭᠡᠷ᠎ᠡ ᠶᠢᠨ ᠲᠤᠳᠤᠷᠠᠬᠢ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠵᠡᠷᠭᠡ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ ᠵᠠᠬ᠎ᠠ ᠶᠢᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ︔ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠲᠤᠬᠳᠠᠬᠰᠠᠨ ᠬᠦᠳᠡᠯᠮᠤᠷᠢ ᠶᠢᠨ ᠭᠡᠷ᠎ᠡ ᠶᠢᠨ ᠲᠤᠳᠤᠷᠠᠬᠢ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠵᠡᠷᠭᠡ ᠪᠠᠷᠢᠮᠵᠢᠶ᠎ᠠ ᠨᠢ ᠬᠠᠮᠳᠤ ᠶᠢᠨ ᠭᠡᠷ᠎ᠡ ᠳᠤ ᠲᠤᠬᠳᠠᠬᠰᠠᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃        ᠲᠠᠪᠢᠨ ᠵᠢᠷᠭᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠬᠠᠮᠳᠤ ᠶᠢᠨ ᠭᠡᠷ᠎ᠡ ᠶᠢ ᠵᠦᠷᠢᠴᠡᠵᠤ᠂ ᠠᠵᠢᠯᠳᠡᠨ ᠠᠵᠢᠯᠴᠢᠨ ᠤ ᠬᠦᠳᠡᠯᠮᠤᠷᠢ ᠶᠢᠨ ᠭᠡᠷ᠎ᠡ ᠶᠢᠨ ᠡᠷᠬᠡ ᠠᠰᠢᠬ ᠲᠤ ᠬᠠᠯᠳᠠᠬᠰᠠᠨ ᠪᠠᠶᠢᠪᠠᠯ᠂ ᠠᠵᠢᠯᠴᠢᠨ ᠤ ᠡᠪᠯᠡᠯ ᠠᠴᠠ ᠬᠦᠮᠦᠨ ᠬᠡᠷᠡᠭᠯᠡᠬᠦ ᠨᠢᠭᠡᠴᠡ ᠪᠠᠷ ᠬᠠᠷᠢᠭᠤᠴᠠᠯᠭ᠎ᠠ ᠡᠭᠦᠷᠬᠡᠯᠡᠭᠦᠯᠬᠦ ᠶᠢ ᠬᠠᠤᠯᠢ ᠶᠤᠰᠤᠭᠠᠷ ᠱᠠᠭᠠᠷᠳᠠᠵᠤ ᠪᠤᠯᠤᠨ᠎ᠠ︔ ᠬᠠᠮᠳᠤ ᠶᠢᠨ ᠭᠡᠷ᠎ᠡ ᠶᠢ ᠭᠦᠢᠴᠡᠳᠭᠡᠭᠰᠡᠨ ᠠᠴᠠ ᠪᠤᠯᠤᠭᠠᠳ ᠮᠠᠷᠭᠤᠭᠠᠨ ᠡᠭᠦᠰᠴᠤ᠂ ᠵᠦᠪᠳᠡᠯᠴᠡᠭᠡᠳ ᠰᠢᠢᠳᠪᠤᠷᠢᠯᠡᠵᠤ ᠲᠡᠶᠢᠯᠬᠦ ᠦᠭᠡᠢ ᠪᠠᠶᠢᠪᠠᠯ᠂ ᠠᠵᠢᠯᠴᠢᠨ ᠤ ᠡᠪᠯᠡᠯ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠠᠭᠤᠯᠬᠤ ᠭᠤᠶᠤᠴᠢᠯᠠᠯ ᠭᠠᠷᠭᠠᠵᠤ᠂ ᠵᠠᠭᠠᠯᠳᠤᠵᠤ ᠪᠤᠯᠤᠨ᠎ᠠ᠃        ᠬᠤᠶᠠᠳᠤᠭᠠᠷ ᠬᠡᠰᠡᠭ    ᠬᠦᠳᠡᠯᠮᠤᠷᠢ ᠬᠦᠴᠦ ᠲᠤᠮᠢᠯᠠᠬᠤ        ᠲᠠᠪᠢᠨ ᠲᠤᠯᠤᠳᠤᠭᠠᠷ ᠵᠦᠢᠯ    ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠬᠦ ᠳᠤ ᠡᠷᠭᠡᠪᠰᠢ ᠲᠤᠤᠷᠠᠬᠢ ᠨᠦᠬᠦᠴᠡᠯ ᠢ ᠪᠦᠷᠢᠯᠳᠦᠬᠦᠯᠬᠦ ᠬᠡᠷᠡᠭᠲᠠᠢ᠄        ︵ᠨᠢᠭᠡ︶ ᠲᠠᠩᠰᠠᠯᠠᠭᠤᠯᠤᠬᠰᠠᠨ ᠪᠡᠯᠡ ᠮᠦᠡᠭᠬᠦ ᠨᠢ ᠬᠤᠶᠠᠷ ᠵᠠᠭᠤᠨ ᠲᠦᠮᠡᠨ ᠲᠦᠭᠦᠷᠢᠭ ᠠᠴᠠ ᠲᠤᠳᠠᠭᠤ ᠪᠠᠶᠢᠵᠤ ᠪᠤᠯᠬᠤ ᠦᠭᠡᠢ︔        ︵ᠬᠤᠶᠠᠷ︶ ᠠᠵᠢᠯ ᠦᠷᠨᠢᠬᠦᠯᠬᠦ ᠳᠤ ᠲᠤᠬᠢᠷᠠᠭᠰᠠᠨ ᠲᠤᠭᠳᠠᠮᠠᠯ ᠡᠵᠡᠩᠨᠡᠯᠳᠡ ᠶᠢᠨ ᠲᠠᠯᠠᠪᠤᠷ ᠪᠠ ᠲᠦᠬᠦᠭᠡᠷᠦᠮᠵᠢ ᠪᠠᠶᠢᠬᠤ ᠬᠡᠷᠡᠭᠲᠠᠢ︔        ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠬᠦᠳᠡᠯᠮᠤᠷᠢ ᠬᠦᠴᠦ ᠲᠤᠮᠢᠯᠠᠬᠤ ᠬᠠᠮᠢᠶᠠᠷᠤᠯᠳᠠ ᠶᠢᠨ ᠲᠦᠷᠢᠮ ᠪᠠᠶᠢᠬᠤ ᠬᠡᠷᠡᠭᠲᠠᠢ︔        ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ ᠨᠦᠬᠦᠴᠡᠯ᠃ ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠬᠦ ᠳᠤ ᠬᠦᠳᠡᠯᠮᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠭᠤᠶᠤᠴᠢᠯᠠᠬᠤ ᠬᠡᠷᠡᠭᠲᠠᠢ᠃ ᠵᠦᠪᠰᠢᠶᠡᠷᠡᠬᠦᠯᠦᠭᠰᠡᠨ ᠪᠠᠶᠢᠪᠠᠯ᠂ ᠬᠠᠤᠯᠢ ᠶᠤᠰᠤᠭᠠᠷ ᠬᠠᠷᠠᠭᠠᠯᠵᠠᠭᠰᠠᠨ ᠺᠤᠮᠫᠠᠨᠢ ᠶᠢᠨ ᠲᠠᠩᠰᠠᠯᠠᠯᠳᠠ ᠶᠢ ᠬᠦᠢᠴᠡᠳᠭᠡᠨ᠎ᠡ᠃ ᠵᠦᠪᠰᠢᠶᠡᠷᠡᠬᠦᠯᠦᠭᠰᠡᠨ ᠦᠭᠡᠢ ᠪᠤᠯ᠂ ᠶᠠᠮᠠᠷᠪᠠ ᠨᠢᠭᠡᠴᠡ ᠪᠠ ᠬᠤᠪᠢ ᠬᠦᠮᠦᠨ ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠵᠦ ᠪᠤᠯᠬᠤ ᠦᠭᠡᠢ᠃        ᠲᠠᠪᠢᠨ ᠨᠠᠢᠮᠠᠳᠤᠭᠠᠷ ᠵᠦᠢᠯ    ᠬᠦᠳᠡᠯᠮᠤᠷᠢ ᠬᠦᠴᠦ ᠲᠤᠮᠢᠯᠠᠬᠤ ᠨᠢᠭᠡᠴᠡ ᠭᠡᠳᠡᠭ ᠪᠤᠯ ᠲᠤᠰ ᠬᠠᠤᠯᠢ ᠳᠤ ᠬᠡᠯᠡᠵᠤ ᠪᠠᠶᠢᠭ᠎ᠠ ᠬᠦᠮᠦᠨ ᠬᠡᠷᠡᠭᠯᠡᠬᠦ ᠨᠢᠭᠡᠴᠡ ᠪᠤᠯᠤᠨ᠎ᠠ᠂ ᠲᠡᠷᠡ ᠨᠢ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠳᠤ ᠡᠭᠦᠷᠬᠡᠯᠡᠬᠦ ᠡᠭᠦᠷᠭᠡ ᠶᠢ ᠭᠦᠢᠴᠡᠳᠭᠡᠬᠦ ᠬᠡᠷᠡᠭᠳᠠᠢ᠃        ᠬᠦᠳᠡᠯᠮᠤᠷᠢ ᠬᠦᠴᠦ ᠲᠤᠮᠢᠯᠠᠬᠤ ᠨᠢᠭᠡᠴᠡ ᠶᠢᠨ ᠲᠤᠮᠢᠯᠠᠬᠳᠠᠬᠤ ᠬᠦᠳᠡᠯᠮᠤᠷᠢᠴᠢᠨ ᠲᠠᠢ ᠲᠤᠬᠳᠠᠬᠰᠠᠨ ᠬᠦᠳᠡᠯᠮᠤᠷᠢ ᠶᠢᠨ ᠭᠡᠷ᠎ᠡ ᠳᠤ ᠲᠤᠰ ᠬᠠᠤᠯᠢ ᠶᠢᠨ ᠠᠷᠪᠠᠨ ᠲᠤᠯᠤᠳᠤᠭᠠᠷ ᠵᠦᠢᠯ ᠳᠤ ᠲᠤᠬᠳᠠᠭᠠᠬᠰᠠᠨ ᠵᠦᠢᠯ ᠢ ᠲᠤᠳᠤᠷᠬᠠᠢᠢᠯᠠᠬᠤ ᠠᠴᠠ ᠭᠠᠳᠠᠨ᠎ᠠ ᠪᠠᠰᠠ ᠲᠤᠮᠢᠯᠠᠬᠳᠠᠬᠤ ᠬᠦᠳᠡᠯᠮᠤᠷᠢᠴᠢᠨ ᠢ ᠬᠡᠷᠡᠭᠯᠡᠬᠦ ᠨᠢᠭᠡᠴᠡ ᠬᠢᠭᠡᠳ ᠲᠤᠮᠢᠯᠠᠬᠤ ᠬᠤᠭᠤᠴᠠᠭ᠎ᠠ᠂ ᠠᠵᠢᠯ ᠤᠨ ᠪᠠᠶᠢᠷᠢ ᠵᠡᠷᠭᠡ ᠪᠠᠶᠢᠳᠠᠯ ᠢ ᠲᠤᠳᠤᠷᠬᠠᠢᠢᠯᠠᠬᠤ ᠬᠡᠷᠡᠭᠳᠠᠢ᠃        ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠮᠢᠯᠠᠬᠳᠠᠬᠤ ᠬᠦᠳᠡᠯᠮᠤᠷᠢᠴᠢᠨ ᠲᠠᠢ ᠬᠤᠶᠠᠷ ᠵᠢᠯ ᠠᠴᠠ ᠲᠡᠭᠡᠭᠰᠢ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠵᠤ᠂ ᠰᠠᠷ᠎ᠠ ᠪᠠᠷ ᠪᠤᠳᠤᠵᠤ ᠬᠦᠳᠡᠯᠮᠤᠷᠢ ᠶᠢᠨ ᠤᠯᠭᠤᠮᠵᠢ ᠦᠭᠬᠦ ᠬᠡᠷᠡᠭᠳᠠᠢ︔ ᠲᠤᠮᠢᠯᠠᠬᠳᠠᠬᠰᠠᠨ ᠬᠦᠳᠡᠯᠮᠤᠷᠢᠴᠢᠨ ᠠᠵᠢᠯ ᠦᠭᠡᠢ ᠪᠠᠶᠢᠬᠤ ᠬᠤᠭᠤᠴᠠᠭᠠᠨ ᠳᠤ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠤᠰᠤᠭᠠᠷ ᠬᠦᠳᠡᠯᠮᠤᠷᠢᠴᠢᠨ ᠳᠤ ᠰᠠᠷ᠎ᠠ ᠪᠠᠷ ᠪᠤᠳᠤᠵᠤ ᠤᠯᠭᠤᠮᠵᠢ ᠦᠭᠬᠦ ᠬᠡᠷᠡᠭᠳᠠᠢ᠃        ᠲᠠᠪᠢ ᠶᠢᠰᠦᠳᠦᠭᠡᠷ ᠵᠦᠢᠯ    ᠬᠦᠳᠡᠯᠮᠤᠷᠢ ᠬᠦᠴᠦ ᠲᠤᠮᠢᠯᠠᠬᠤ ᠨᠢᠭᠡᠴᠡ ᠶᠢᠨ ᠲᠤᠮᠢᠯᠠᠬᠰᠠᠨ ᠬᠦᠳᠡᠯᠮᠤᠷᠢᠴᠢᠨ ᠬᠦᠳᠡᠯᠮᠤᠷᠢ ᠬᠦᠴᠦ ᠲᠤᠮᠢᠯᠠᠬᠤ ᠬᠡᠯᠪᠡᠷᠢ ᠪᠠᠷ ᠬᠦᠯᠢᠶᠡᠨ ᠠᠪᠤᠬᠰᠠᠨ ᠠᠵᠢᠯᠴᠢᠨ ᠬᠡᠷᠡᠭᠯᠡᠬᠦ ᠨᠢᠭᠡᠴᠡ ︵ᠲᠤᠷᠤᠬᠰᠢ ᠠᠵᠢᠯᠴᠢᠨ ᠬᠡᠷᠡᠭᠯᠡᠬᠦ ᠨᠢᠭᠡᠴᠡ ᠭᠡᠵᠤ ᠨᠡᠷᠡᠯᠡᠨ᠎ᠡ︶ ᠲᠠᠢ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠲᠤᠬᠳᠠᠬᠤ ᠬᠡᠷᠡᠭᠳᠠᠢ᠃ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠲᠤ ᠲᠤᠮᠢᠯᠠᠬᠤ ᠠᠵᠢᠯ ᠤᠨ ᠪᠠᠶᠢᠷᠢ ᠪᠠ ᠠᠵᠢᠯᠳᠡᠨ ᠤ ᠲᠤᠭ᠎ᠠ᠂ ᠲᠤᠮᠢᠯᠠᠬᠤ ᠬᠤᠭᠤᠴᠠᠭ᠎ᠠ᠂ ᠬᠦᠳᠡᠯᠮᠤᠷᠢ ᠶᠢᠨ ᠤᠯᠭᠤᠮᠵᠢ ᠪᠠ ᠨᠡᠶᠢᠭᠡᠮ ᠤᠨ ᠲᠠᠭᠠᠳᠬᠠᠯ ᠤᠨ ᠰᠦᠢᠳᠭᠡᠯ ᠤᠨ ᠲᠤᠭ᠎ᠠ ᠵᠢᠴᠢ ᠦᠭᠬᠦ ᠠᠷᠭ᠎ᠠ ᠮᠠᠶ᠋ᠢᠬ᠂ ᠬᠡᠯᠡᠯᠴᠡᠭᠡᠷ ᠠᠴᠠ ᠵᠦᠷᠢᠴᠡᠭᠰᠡᠨ ᠬᠠᠷᠢᠭᠤᠴᠠᠯᠭ᠎ᠠ ᠶᠢ ᠪᠤᠯᠵᠤᠨ ᠲᠤᠬᠳᠠᠬᠤ ᠬᠡᠷᠡᠭᠳᠠᠢ᠃        ᠠᠵᠢᠯᠴᠢᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠪᠤᠳᠠᠳᠤ ᠬᠡᠷᠡᠭᠴᠡᠭᠡ ᠪᠠᠨ ᠦᠨᠳᠦᠰᠦᠯᠡᠨ ᠬᠦᠳᠡᠯᠮᠤᠷᠢ ᠬᠦᠴᠦ ᠲᠤᠮᠢᠯᠠᠬᠤ ᠨᠢᠭᠡᠴᠡ ᠲᠠᠢ ᠲᠤᠮᠢᠯᠠᠬᠤ ᠬᠤᠭᠤᠴᠠᠭ᠎ᠠ ᠶᠢ ᠲᠤᠬᠳᠠᠬᠤ ᠬᠡᠷᠡᠭᠳᠠᠢ᠂ ᠦᠷᠭᠦᠯᠵᠢᠯᠡᠭᠰᠡᠨ ᠠᠵᠢᠯᠴᠢᠨ ᠬᠡᠷᠡᠭᠯᠡᠬᠦ ᠬᠤᠭᠤᠴᠠᠭ᠎ᠠ ᠶᠢ ᠰᠠᠯᠭᠠᠭᠠᠳ ᠬᠡᠳᠦ ᠬᠡᠳᠦᠨ ᠤᠬᠤᠷᠬᠠᠨ ᠬᠤᠭᠤᠴᠠᠭᠠᠨ ᠤ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠪᠤᠯᠭᠠᠨ ᠲᠤᠬᠳᠠᠭᠠᠵᠤ ᠪᠤᠯᠬᠤ ᠦᠭᠡᠢ᠃        ᠵᠢᠷᠠᠳᠤᠭᠠᠷ ᠵᠦᠢᠯ    ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠤᠨ ᠠᠭᠤᠯᠭ᠎ᠠ ᠶᠢ ᠲᠤᠮᠢᠯᠠᠬᠳᠠᠬᠤ ᠬᠦᠳᠡᠯᠮᠤᠷᠢᠴᠢᠨ ᠳᠤ ᠮᠡᠳᠡᠭᠳᠡᠬᠦ ᠬᠡᠷᠡᠭᠳᠠᠢ᠃ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠠᠵᠢᠯᠴᠢᠨ ᠬᠡᠷᠡᠭᠯᠡᠬᠦ ᠨᠢᠭᠡᠴᠡ ᠠᠴᠠ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠶᠤᠰᠤᠭᠠᠷ ᠲᠤᠮᠢᠯᠠᠬᠳᠠᠬᠤ ᠬᠦᠳᠡᠯᠮᠤᠷᠢᠴᠢᠨ ᠳᠤ ᠦᠭᠬᠦᠭᠰᠡᠨ ᠬᠦᠳᠡᠯᠮᠤᠷᠢ ᠶᠢᠨ ᠤᠯᠭᠤᠮᠵᠢ ᠶᠢ ᠰᠠᠭᠤᠳᠬᠠᠨ ᠠᠪᠴᠤ ᠪᠤᠯᠬᠤ ᠦᠭᠡᠢ᠃ ᠬᠦᠳᠡᠯᠮᠤᠷᠢ ᠬᠦᠴᠦ ᠲᠤᠮᠢᠯᠠᠬᠤ ᠨᠢᠭᠡᠴᠡ ᠪᠠ ᠠᠵᠢᠯᠴᠢᠨ ᠬᠡᠷᠡᠭᠯᠡᠬᠦ ᠨᠢᠭᠡᠴᠡ ᠨᠢ ᠲᠤᠮᠢᠯᠠᠬᠳᠠᠬᠰᠠᠨ ᠬᠦᠳᠡᠯᠮᠤᠷᠢᠴᠢᠨ ᠠᠴᠠ ᠰᠦᠢᠳᠭᠡᠯ ᠬᠤᠷᠢᠶᠠᠨ ᠠᠪᠴᠤ ᠪᠤᠯᠬᠤ ᠦᠭᠡᠢ᠃        ᠵᠢᠷᠠᠨ ᠨᠢᠭᠡᠳᠤᠭᠡᠷ ᠵᠦᠢᠯ    ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠭᠠᠵᠠᠷ ᠤᠷᠤᠨ ᠠᠯᠤᠰᠯᠠᠨ ᠬᠦᠳᠡᠯᠮᠤᠷᠢᠴᠢᠨ ᠢ ᠲᠤᠮᠢᠯᠠᠬᠰᠠᠨ ᠪᠠᠶᠢᠪᠠᠯ᠂ ᠲᠤᠮᠢᠯᠠᠬᠳᠠᠬᠰᠠᠨ ᠬᠦᠳᠡᠯᠮᠤᠷᠢᠴᠢᠨ ᠤ ᠡᠳ᠋ᠯᠡᠬᠦ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠢ ᠠᠵᠢᠯᠴᠢᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠪᠠᠷᠢᠮᠵᠢᠶ᠎ᠠ ᠶᠤᠰᠤᠭᠠᠷ ᠬᠡᠷᠡᠭᠵᠢᠭᠦᠯᠬᠦ ᠬᠡᠷᠡᠭᠳᠠᠢ᠃        ᠵᠢᠷᠠᠨ ᠬᠤᠶᠠᠳᠤᠭᠠᠷ ᠵᠦᠢᠯ    ᠠᠵᠢᠯᠴᠢᠨ ᠬᠡᠷᠡᠭᠯᠡᠬᠦ ᠨᠢᠭᠡᠴᠡ ᠨᠢ ᠲᠤᠤᠷ᠎ᠠ ᠵᠢᠬᠰᠠᠭᠠᠬᠰᠠᠨ ᠡᠭᠦᠷᠭᠡ ᠨᠦᠭᠦᠳ ᠢ ᠭᠦᠢᠴᠡᠳᠭᠡᠬᠦ ᠬᠡᠷᠡᠭᠳᠠᠢ᠄        ︵ᠨᠢᠭᠡ︶ ᠤᠯᠤᠰ ᠤᠨ ᠬᠦᠳᠡᠯᠮᠤᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠤ᠂ ᠵᠤᠬᠢᠴᠠᠩᠭᠤᠢ ᠬᠦᠳᠡᠯᠮᠤᠷᠢ ᠶᠢᠨ ᠨᠦᠬᠦᠴᠡᠯ ᠪᠠ ᠬᠦᠳᠡᠯᠮᠤᠷᠢ ᠶᠢᠨ ᠬᠠᠮᠠᠭᠠᠯᠠᠯᠳᠠ ᠶᠢ ᠬᠠᠩᠭᠠᠨ᠎ᠠ︔        ︵ᠬᠤᠶᠠᠷ︶ ᠲᠤᠮᠢᠯᠠᠬᠳᠠᠬᠰᠠᠨ ᠬᠦᠳᠡᠯᠮᠤᠷᠢᠴᠢᠨ ᠳᠤ ᠠᠵᠢᠯ ᠤᠨ ᠱᠠᠭᠠᠷᠳᠠᠯᠭ᠎ᠠ ᠪᠠ ᠬᠦᠳᠡᠯᠮᠤᠷᠢ ᠶᠢᠨ ᠤᠯᠭᠤᠮᠵᠢ ᠶᠢ ᠮᠡᠳᠡᠭᠳᠡᠨ᠎ᠡ︔        ︵ᠭᠤᠷᠪᠠ︶ ᠴᠠᠬ ᠨᠡᠮᠡᠵᠤ ᠠᠵᠢᠯᠯᠠᠬᠰᠠᠨ ᠮᠦᠡᠭᠬᠦ᠂ ᠠᠮᠵᠢᠯᠳᠠ ᠪᠦᠳᠦᠮᠵᠢ ᠶᠢᠨ ᠱᠠᠩᠨᠠᠯ ᠤᠨ ᠮᠦᠡᠭᠬᠦ ᠦᠭᠴᠤ᠂ ᠠᠵᠢᠯ ᠤᠨ ᠪᠠᠶᠢᠷᠢ ᠲᠠᠢ ᠨᠢ ᠬᠤᠯᠪᠤᠬᠳᠠᠯ ᠲᠠᠢ ᠠᠰᠠᠷᠠᠮᠵᠢ ᠬᠠᠷᠠᠭᠠᠯᠵᠠᠯ ᠢ ᠬᠠᠩᠭᠠᠨ᠎ᠠ︔        ︵ᠲᠦᠷᠪᠡ︶ ᠠᠵᠢᠯ ᠤᠨ ᠪᠠᠶᠢᠷᠢᠨ ᠳᠤ ᠪᠠᠶᠢᠭ᠎ᠠ ᠲᠤᠮᠢᠯᠠᠬᠳᠠᠬᠰᠠᠨ ᠬᠦᠳᠡᠯᠮᠤᠷᠢᠴᠢᠨ ᠢ ᠠᠵᠢᠯ ᠤᠨ ᠪᠠᠶᠢᠷᠢ ᠶᠢᠨ ᠴᠢᠬᠤᠯᠠ ᠪᠦᠬᠦᠢ ᠪᠤᠯᠪᠠᠰᠤᠷᠠᠯ ᠬᠢᠯᠭᠡᠨ᠎ᠡ︔        ︵ᠲᠠᠪᠤ︶ ᠦᠷᠭᠦᠯᠵᠢᠯᠡᠨ ᠠᠵᠢᠯᠴᠢᠨ ᠬᠡᠷᠡᠭᠯᠡᠪᠡᠯ᠂ ᠬᠡᠪ ᠤᠨ ᠴᠠᠯᠢᠩ ᠲᠤᠬᠢᠷᠠᠭᠤᠯᠬᠤ ᠲᠤᠬᠳᠠᠴᠠ ᠶᠢ ᠬᠡᠷᠡᠭᠵᠢᠭᠦᠯᠤᠨ᠎ᠡ᠃ ᠠᠵᠢᠯᠴᠢᠨ ᠬᠡᠷᠡᠭᠯᠡᠬᠦ ᠨᠢᠭᠡᠴᠡ ᠨᠢ ᠲᠤᠮᠢᠯᠠᠬᠳᠠᠬᠰᠠᠨ ᠬᠦᠳᠡᠯᠮᠤᠷᠢᠴᠢᠨ ᠢ ᠪᠤᠰᠤᠳ ᠬᠦᠮᠦᠨ ᠬᠡᠷᠡᠭᠯᠡᠬᠦ ᠨᠢᠭᠡᠴᠡ ᠳᠤ ᠲᠠᠬᠢᠨ ᠲᠤᠮᠢᠯᠠᠵᠤ ᠪᠤᠯᠬᠤ ᠦᠭᠡᠢ᠃        ᠵᠢᠷᠠᠨ ᠭᠤᠷᠪᠠᠳᠤᠭᠠᠷ ᠵᠦᠢᠯ    ᠲᠤᠮᠢᠯᠠᠬᠳᠠᠬᠰᠠᠨ ᠬᠦᠳᠡᠯᠮᠤᠷᠢᠴᠢᠨ ᠨᠢ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠠᠳᠠᠯᠢ ᠠᠵᠢᠯ ᠳᠤ ᠠᠳᠠᠯᠢ ᠤᠯᠭᠤᠮᠵᠢ ᠤᠯᠬᠤ ᠡᠷᠬᠡ ᠲᠠᠢ᠃ ᠠᠵᠢᠯᠴᠢᠨ ᠬᠡᠷᠡᠭᠯᠡᠬᠦ ᠨᠢᠭᠡᠴᠡ ᠠᠳᠠᠯᠢ ᠠᠵᠢᠯ ᠳᠤ ᠠᠳᠠᠯᠢ ᠤᠯᠭᠤᠮᠵᠢ ᠤᠯᠭᠤᠬᠤ ᠵᠠᠷᠴᠢᠮ ᠢᠶᠠᠷ ᠲᠤᠮᠢᠯᠠᠬᠳᠠᠬᠰᠠᠨ ᠬᠦᠳᠡᠯᠮᠤᠷᠢᠴᠢᠨ ᠳᠤ ᠲᠤᠰ ᠨᠢᠭᠡᠴᠡ ᠶᠢᠨ ᠠᠳᠠᠯᠢ ᠲᠦᠷᠦᠯ ᠤᠨ ᠠᠵᠢᠯ ᠤᠨ ᠪᠠᠶᠢᠷᠢ ᠶᠢᠨ ᠬᠦᠳᠡᠯᠮᠤᠷᠢᠴᠢᠨ ᠲᠠᠢ ᠠᠳᠠᠯᠢ ᠬᠦᠳᠡᠯᠮᠤᠷᠢ ᠶᠢᠨ ᠤᠯᠭᠤᠮᠵᠢ ᠤᠯᠭᠤᠬᠤ ᠠᠷᠭ᠎ᠠ ᠭᠡᠷᠡᠭᠵᠢᠬᠦᠯᠦᠨ᠎ᠡ᠃ ᠠᠵᠢᠯᠴᠢᠨ ᠬᠡᠷᠡᠭᠯᠡᠬᠦ ᠨᠢᠭᠡᠴᠡ ᠳᠤ ᠠᠳᠠᠯᠢ ᠲᠦᠷᠦᠯ ᠤᠨ ᠠᠵᠢᠯ ᠤᠨ ᠪᠠᠶᠢᠷᠢ ᠶᠢᠨ ᠬᠦᠳᠡᠯᠮᠤᠷᠢᠴᠢᠨ ᠪᠠᠶᠢᠬᠤ ᠦᠭᠡᠢ ᠪᠤᠯ ᠠᠵᠢᠯᠴᠢᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠠᠳᠠᠯᠢ ᠪᠤᠶᠤ ᠠᠳᠠᠯᠢᠪᠳᠤᠷ ᠠᠵᠢᠯ ᠤᠨ ᠪᠠᠶᠢᠷᠢ ᠶᠢᠨ ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠪᠠᠷ ᠯᠠᠪᠯᠠᠯᠳᠠ ᠪᠤᠯᠭᠠᠵᠤ ᠲᠤᠬᠳᠠᠭᠠᠨ᠎ᠠ᠃        ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠮᠢᠯᠠᠬᠳᠠᠬᠰᠠᠨ ᠬᠦᠳᠡᠯᠮᠤᠷᠢᠴᠢᠨ ᠲᠠᠢ ᠲᠤᠭᠳᠠᠭᠠᠭᠰᠠᠨ ᠬᠦᠳᠡᠯᠮᠤᠷᠢ ᠶᠢᠨ ᠭᠡᠷ᠎ᠡ ᠪᠠ ᠠᠵᠢᠯᠴᠢᠨ ᠬᠡᠷᠡᠭᠯᠡᠬᠦ ᠨᠢᠭᠡᠴᠡ ᠲᠠᠢ ᠲᠤᠭᠳᠠᠭᠠᠭᠰᠠᠨ ᠬᠦᠳᠡᠯᠮᠤᠷᠢ ᠬᠦᠴᠦ ᠲᠤᠮᠢᠯᠠᠬᠤ ᠭᠡᠯᠡᠯᠴᠡᠭᠡᠷ ᠲᠤ ᠲᠤᠭᠳᠠᠭᠰᠠᠨ ᠪᠤᠶᠤ ᠪᠤᠯᠵᠤᠭᠰᠠᠨ ᠲᠤᠮᠢᠯᠠᠬᠳᠠᠬᠰᠠᠨ ᠬᠦᠳᠡᠯᠮᠤᠷᠢᠴᠢᠨ ᠳᠤ ᠤᠯᠭᠤᠬᠤ ᠬᠦᠳᠡᠯᠮᠤᠷᠢ ᠶᠢᠨ ᠤᠯᠭᠤᠮᠵᠢ ᠨᠢ ᠡᠮᠦᠨᠡᠬᠢ ᠵᠤᠷᠪᠤᠰ ᠤᠨ ᠲᠤᠭᠳᠠᠭᠠᠯ ᠳᠤ ᠨᠡᠶᠢᠴᠡᠬᠦ ᠬᠡᠷᠡᠭᠲᠠᠢ᠃        ᠵᠢᠷᠠᠨ ᠲᠦᠷᠪᠡᠳᠦᠭᠡᠷ ᠵᠦᠢᠯ    ᠲᠤᠮᠢᠯᠠᠬᠳᠠᠬᠰᠠᠨ ᠬᠦᠳᠡᠯᠮᠤᠷᠢᠴᠢᠨ ᠨᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠪᠤᠶᠤ ᠠᠵᠢᠯᠴᠢᠨ ᠬᠡᠷᠡᠭᠯᠡᠬᠦ ᠨᠢᠭᠡᠴᠡ ᠶᠢᠨ ᠠᠵᠢᠯᠴᠢᠨ ᠤ ᠡᠪᠯᠡᠯ ᠳᠤ ᠬᠠᠤᠯᠢ ᠶᠤᠰᠤᠭᠠᠷ ᠤᠷᠤᠯᠴᠠᠬᠤ ᠪᠤᠶᠤ ᠲᠡᠭᠦᠨ ᠢ ᠬᠠᠤᠯᠢ ᠶᠤᠰᠤᠭᠠᠷ ᠵᠤᠬᠢᠶᠠᠨ ᠪᠠᠶᠢᠭᠤᠯᠵᠤ᠂ ᠲᠤᠰ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠬ ᠢᠶᠠᠨ ᠬᠠᠮᠠᠭᠠᠯᠠᠬᠤ ᠡᠷᠬᠡ ᠲᠠᠢ᠃        ᠵᠢᠷᠠᠨ ᠲᠠᠪᠤᠳᠤᠭᠠᠷ ᠵᠦᠢᠯ    ᠲᠤᠮᠢᠯᠠᠬᠳᠠᠬᠰᠠᠨ ᠬᠦᠳᠡᠯᠮᠤᠷᠢᠴᠢᠨ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠬᠦᠴᠦ ᠲᠤᠮᠢᠯᠠᠬᠤ ᠨᠢᠭᠡᠴᠡ ᠲᠠᠢ ᠬᠦᠳᠡᠯᠮᠤᠷᠢ ᠶᠢᠨ ᠭᠡᠷ᠎ᠡ ᠪᠠᠨ ᠬᠦᠴᠦᠨ ᠦᠭᠡᠢ ᠪᠤᠯᠭᠠᠵᠤ ᠪᠤᠯᠤᠨ᠎ᠠ᠃        ᠲᠤᠮᠢᠯᠠᠬᠳᠠᠬᠰᠠᠨ ᠬᠦᠳᠡᠯᠮᠤᠷᠢᠴᠢᠨ ᠳᠤ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠪᠠ ᠲᠦᠴᠢᠳᠦᠭᠡᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠲᠤ ᠲᠤᠬᠳᠠᠭᠠᠬᠰᠠᠨ ᠪᠠᠶᠢᠳᠠᠯ ᠪᠠᠶᠢᠪᠠᠯ᠂ ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠳᠤ ᠪᠤᠴᠠᠭᠠᠵᠤ ᠪᠤᠯᠤᠨ᠎ᠠ᠂ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠲᠠᠢ ᠬᠦᠳᠡᠯᠮᠤᠷᠢ ᠶᠢᠨ ᠭᠡᠷ᠎ᠡ ᠪᠠᠨ ᠬᠦᠴᠦᠨ ᠦᠭᠡᠢ ᠪᠤᠯᠭᠠᠵᠤ ᠪᠤᠯᠤᠨ᠎ᠠ᠃        ᠵᠢᠷᠠᠨ ᠵᠢᠷᠭᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠪᠠᠷ ᠠᠵᠢᠯᠴᠢᠨ ᠬᠡᠷᠡᠭᠯᠡᠬᠦ ᠪᠤᠯ ᠮᠠᠨ ᠤ ᠤᠯᠤᠰ ᠤᠨ ᠠᠵᠦ ᠠᠬᠤᠶᠢᠯᠠᠯ ᠤᠨ ᠦᠨᠳᠦᠰᠦᠨ ᠠᠵᠢᠯᠴᠢᠨ ᠬᠡᠷᠡᠭᠯᠡᠬᠦ ᠭᠡᠯᠪᠡᠷᠢ ᠪᠤᠯᠤᠨ᠎ᠠ᠃ ᠬᠦᠳᠡᠯᠮᠤᠷᠢ ᠬᠦᠴᠦ ᠲᠤᠮᠢᠯᠠᠵᠦ ᠠᠵᠢᠯᠴᠢᠨ ᠬᠡᠷᠡᠭᠯᠡᠬᠦ ᠪᠤᠯ ᠨᠦᠬᠦᠪᠤᠷᠢ ᠭᠡᠯᠪᠡᠷᠢ᠂ ᠵᠦᠪᠭᠡᠨ ᠲᠦᠷ ᠴᠠᠬ ᠤᠨ ᠴᠢᠨᠠᠷᠳᠠᠢ᠂ ᠲᠤᠰᠠᠯᠠᠬᠤ ᠴᠢᠨᠠᠷᠳᠠᠢ ᠪᠤᠶᠤ ᠤᠷᠤᠯᠠᠬᠤ ᠴᠢᠨᠠᠷᠳᠠᠢ ᠠᠵᠢᠯ ᠤᠨ ᠪᠠᠶᠢᠷᠢᠨ ᠳᠤ ᠬᠡᠷᠡᠭᠵᠢᠭᠦᠯᠤᠨ᠎ᠡ᠃        ᠡᠮᠦᠨᠡᠬᠢ ᠵᠤᠷᠪᠤᠰ ᠲᠤ ᠲᠤᠭᠳᠠᠭᠠᠭᠰᠠᠨ ᠲᠦᠷ ᠴᠠᠬ ᠤᠨ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠦᠷᠬᠦᠯᠵᠢᠯᠡᠬᠦ ᠬᠤᠭᠤᠴᠠᠭ᠎ᠠ ᠨᠢ ᠵᠢᠷᠭᠤᠭᠠᠨ ᠰᠠᠷ᠎ᠡ ᠶᠢ ᠭᠡᠳᠦᠷᠡᠬᠦ ᠦᠭᠡᠢ ᠠᠵᠢᠯ ᠤᠨ ᠪᠠᠶᠢᠷᠢ ᠶᠢ ᠵᠢᠭᠠᠨ᠎ᠠ︔ ᠲᠤᠰᠠᠯᠠᠬᠤ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠭᠤᠤᠯ ᠠᠵᠢᠯ ᠤᠨ ᠪᠠᠶᠢᠷᠢ ᠦᠢᠯᠡᠴᠢᠯᠡᠭᠡ ᠬᠠᠩᠭᠠᠬᠤ ᠲᠡᠳ᠋ ᠠᠵᠢᠯ ᠤᠨ ᠪᠠᠶᠢᠷᠢ ᠶᠢ ᠵᠢᠭᠠᠨ᠎ᠠ︔ ᠤᠷᠤᠯᠠᠬᠤ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠦᠢᠯᠡᠳᠪᠤᠷᠢᠯᠡᠯ ᠠᠴᠠ ᠰᠠᠯᠵᠦ ᠰᠤᠷᠤᠯᠴᠠᠬᠤ᠂ ᠠᠮᠠᠷᠠᠬᠤ ᠵᠡᠷᠭᠡ ᠰᠢᠯᠳᠠᠭᠠᠨ ᠠᠴᠠ ᠪᠤᠯᠵᠦ ᠠᠵᠢᠯᠯᠠᠵᠦ ᠲᠡᠶᠢᠯᠬᠦ ᠦᠭᠡᠢ ᠬᠤᠭᠤᠴᠠᠭᠠᠨ ᠲᠤᠳᠤᠷ᠎ᠡ ᠪᠤᠰᠤᠳ ᠬᠦᠳᠡᠯᠮᠤᠷᠢᠴᠢᠨ ᠤᠷᠤᠯᠠᠵᠦ ᠠᠵᠢᠯᠯᠠᠵᠦ ᠪᠤᠯᠬᠤ ᠠᠵᠢᠯ ᠤᠨ ᠪᠠᠶᠢᠷᠢ ᠶᠢ ᠵᠢᠭᠠᠨ᠎ᠠ᠃        ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢ ᠬᠦᠴᠦ ᠲᠤᠮᠢᠯᠠᠭᠰᠠᠨ ᠠᠵᠢᠯᠴᠢᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠠᠢ᠂ ᠪᠦᠬᠦ ᠠᠵᠢᠯᠴᠢᠨ ᠤ ᠲᠤᠭᠳᠠᠭᠰᠠᠨ ᠬᠠᠷᠢᠴᠠᠯ ᠠᠴᠠ ᠭᠡᠳᠦᠷᠡᠵᠦ ᠪᠤᠯᠬᠤ ᠦᠭᠡᠢ᠂ ᠪᠤᠳᠠᠲᠠᠢ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠡᠨ ᠤ ᠬᠦᠳᠡᠯᠮᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃        ᠵᠢᠷᠠᠨ ᠲᠤᠯᠤᠳᠤᠭᠠᠷ ᠵᠦᠢᠯ    ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠪᠠᠶᠢᠭᠤᠯᠵᠤ᠂ ᠲᠤᠰ ᠨᠢᠭᠡᠴᠡ ᠪᠤᠶᠤ ᠬᠠᠷᠢᠶ᠎ᠠ ᠨᠢᠭᠡᠴᠡ ᠳᠡᠭᠡᠨ ᠬᠦᠳᠡᠯᠮᠤᠷᠢᠴᠢᠨ ᠢ ᠲᠤᠮᠢᠯᠠᠵᠤ ᠪᠤᠯᠬᠤ ᠦᠭᠡᠢ᠃        ᠭᠤᠷᠪᠠᠳᠤᠭᠠᠷ ᠬᠡᠰᠡᠭ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ        ᠵᠢᠷᠠᠨ ᠨᠠᠢᠮᠠᠳᠤᠭᠠᠷ ᠵᠦᠢᠯ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠲᠦᠷᠢᠮ ᠭᠡᠳᠡᠭ ᠨᠢ ᠴᠠᠬ ᠢᠶᠠᠷ ᠤᠯᠭᠤᠮᠵᠢ ᠪᠤᠳᠤᠬᠤ ᠪᠠᠷ ᠭᠤᠤᠯ ᠪᠤᠯᠭᠠᠬᠰᠠᠨ᠂ ᠬᠦᠳᠡᠯᠮᠤᠷᠢᠴᠢᠨ ᠤ ᠠᠳᠠᠯᠢ ᠨᠢᠭᠡᠨ ᠬᠦᠮᠦᠨ ᠬᠡᠷᠡᠭᠯᠡᠬᠦ ᠨᠢᠭᠡᠴᠡ ᠳᠠᠬᠢ ᠡᠩ ᠤᠨ ᠡᠳᠦᠷ ᠪᠦᠷᠢ ᠶᠢᠨ ᠲᠤᠮᠳᠠᠴᠢ ᠠᠵᠢᠯᠯᠠᠬᠤ ᠴᠠᠬ ᠨᠢ ᠲᠦᠷᠪᠡᠨ ᠴᠠᠬ ᠠᠴᠠ ᠬᠡᠳᠦᠷᠡᠬᠦ ᠦᠭᠡᠢ᠂ ᠭᠠᠷᠠᠬ ᠪᠦᠷᠢ ᠶᠢᠨ ᠠᠵᠢᠯᠯᠠᠬᠤ ᠴᠠᠬ ᠨᠢ ᠨᠡᠶᠢᠯᠡᠭᠡᠳ ᠬᠤᠷᠢᠨ ᠲᠦᠷᠪᠡᠨ ᠴᠠᠬ ᠠᠴᠠ ᠬᠡᠳᠦᠷᠡᠬᠦ ᠦᠭᠡᠢ ᠠᠵᠢᠯᠴᠢᠨ ᠬᠡᠷᠡᠭᠯᠡᠬᠦ ᠬᠡᠯᠪᠡᠷᠢ ᠶᠢ ᠬᠡᠯᠡᠵᠤ ᠪᠠᠶᠢᠨ᠎ᠠ᠃        ᠵᠢᠷᠠ ᠶᠢᠰᠦᠳᠦᠭᠡᠷ ᠵᠦᠢᠯ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠨᠢ ᠠᠮᠠᠨ ᠵᠦᠪᠯᠡᠯᠭᠡ ᠲᠤᠬᠳᠠᠵᠤ ᠪᠤᠯᠤᠨ᠎ᠠ᠃        ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠠᠵᠢᠯ ᠢ ᠬᠢᠵᠤ ᠪᠠᠶᠢᠭ᠎ᠠ ᠬᠦᠳᠡᠯᠮᠤᠷᠢᠴᠢᠨ ᠨᠢᠭᠡ ᠪᠤᠶᠤ ᠨᠢᠭᠡ ᠠᠴᠠ ᠲᠡᠭᠡᠭᠰᠢ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ︔ ᠭᠡᠪᠡᠴᠤ ᠰᠡᠭᠦᠯᠡᠷ ᠲᠤᠬᠳᠠᠬᠰᠠᠨ ᠬᠦᠳᠡᠯᠮᠤᠷᠢ ᠶᠢᠨ ᠭᠡᠷ᠎ᠡ ᠨᠢ ᠤᠷᠢᠳᠠᠪᠡᠷ ᠲᠤᠬᠳᠠᠬᠰᠠᠨ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠶᠢ ᠨᠦᠯᠦᠭᠡᠯᠡᠵᠤ ᠪᠤᠯᠬᠤ ᠦᠭᠡᠢ᠃        ᠲᠠᠯᠠᠳᠤᠭᠠᠷ ᠵᠦᠢᠯ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠨᠢ ᠲᠤᠷᠰᠢᠨ ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠵᠤ ᠪᠤᠯᠬᠤ ᠦᠭᠡᠢ᠃        ᠲᠠᠯᠠᠨ ᠨᠢᠭᠡᠳᠤᠭᠡᠷ ᠵᠦᠢᠯ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠠᠯᠢ ᠨᠢᠭᠡ ᠲᠠᠯ᠎ᠠ ᠨᠢ ᠴᠤ ᠴᠦᠮ ᠠᠵᠢᠯᠴᠢᠨ ᠬᠡᠷᠡᠭᠯᠡᠬᠦ ᠶᠢ ᠲᠠᠭᠤᠰᠬᠠᠬᠤ ᠶᠢ ᠨᠦᠭᠦᠭᠡ ᠲᠠᠯ᠎ᠠ ᠳᠠᠭᠠᠨ ᠴᠠᠬ ᠲᠤᠬᠠᠢ ᠳᠤᠨᠢ ᠮᠡᠳᠡᠭᠳᠡᠵᠤ ᠪᠤᠯᠤᠨ᠎ᠠ᠃ ᠠᠵᠢᠯᠴᠢᠨ ᠬᠡᠷᠡᠭᠯᠡᠬᠦ ᠶᠢ ᠲᠠᠭᠤᠰᠬᠠᠬᠤ ᠳᠤ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠦᠭᠡᠢ᠃        ᠲᠠᠯᠠᠨ ᠬᠤᠶᠠᠳᠤᠭᠠᠷ ᠵᠦᠢᠯ    ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠳᠤ ᠴᠠᠬ ᠢᠶᠠᠷ ᠪᠤᠳᠤᠬᠤ ᠤᠯᠭᠤᠮᠵᠢ ᠶᠢᠨ ᠪᠠᠷᠢᠮᠵᠢᠶ᠎ᠠ ᠶᠢ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ ᠵᠠᠬ᠎ᠠ ᠶᠢᠨ ᠴᠠᠬ ᠤᠨ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠳᠡᠭᠡᠨ ᠬᠦᠳᠡᠯᠮᠤᠷᠢ ᠶᠢᠨ ᠤᠯᠭᠤᠮᠵᠢ ᠶᠢ ᠲᠠᠰᠤᠯᠤᠨ ᠪᠤᠳᠤᠵᠤ ᠦᠭᠬᠦ ᠬᠤᠭᠤᠴᠠᠭ᠎ᠠ ᠶᠢ ᠬᠠᠮᠤᠬ ᠤᠷᠳᠤ ᠳᠠᠭᠠᠨ ᠠᠷᠪᠠᠨ ᠲᠠᠪᠤᠨ ᠡᠳᠦᠷ ᠠᠴᠠ ᠬᠡᠳᠦᠷᠡᠭᠦᠯᠵᠤ ᠪᠤᠯᠬᠤ ᠦᠭᠡᠢ᠃        ᠵᠢᠷᠭᠤᠳᠤᠭᠠᠷ ᠪᠦᠯᠦᠭ    ᠬᠢᠨᠠᠯᠳᠠ ᠲᠠᠯᠪᠢᠵᠤ ᠪᠠᠶᠢᠴᠠᠭᠠᠬᠤ        ᠲᠠᠯᠠᠨ ᠭᠤᠷᠪᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃        ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ ᠲᠤᠰ ᠵᠠᠰᠠᠬ ᠵᠠᠬᠢᠷᠭᠠᠨ ᠤ ᠤᠷᠤᠨ ᠪᠦᠰᠡ ᠶᠢᠨ ᠲᠤᠳᠤᠷᠠᠬᠢ ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃        ᠰᠢᠶᠠᠨ ᠤ ᠱᠠᠳᠤᠨ ᠠᠴᠠ ᠲᠡᠭᠡᠭᠰᠢᠬᠢ ᠡᠯ᠎ᠡ ᠱᠠᠳᠤᠨ ᠤ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ ᠠᠵᠢᠯ ᠤᠨ ᠲᠤᠮᠳᠠ ᠠᠵᠢᠯᠴᠢᠨ ᠤ ᠡᠪᠯᠡᠯ᠂ ᠠᠵᠤ ᠠᠬᠤᠢᠢᠯᠠᠯ ᠤᠨ ᠲᠠᠯ᠎ᠠ ᠶᠢᠨ ᠲᠦᠯᠦᠭᠡᠯᠡᠭᠴᠢ ᠬᠢᠭᠡᠳ ᠬᠤᠯᠪᠤᠬᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠰᠤᠨᠤᠰᠬᠤ ᠬᠡᠷᠡᠭᠳᠠᠢ᠃        ᠲᠠᠯᠠᠨ ᠲᠦᠷᠪᠡᠳᠦᠭᠡᠷ ᠵᠦᠢᠯ    ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ ᠲᠤᠤᠷ᠎ᠠ ᠵᠢᠬᠰᠠᠭᠠᠬᠰᠠᠨ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠤᠳ ᠢ ᠬᠠᠤᠯᠢ ᠶᠤᠰᠤᠭᠠᠷ ᠬᠢᠨᠠᠵᠤ ᠪᠠᠶᠢᠴᠠᠭᠠᠨ᠎ᠠ᠄        ︵ᠨᠢᠭᠡ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠤ ᠲᠤᠰ ᠪᠡᠶ᠎ᠡ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠰᠠᠨ ᠲᠦᠷᠢᠮ ᠲᠤᠬᠳᠠᠭᠠᠯ ᠢ ᠲᠤᠬᠳᠠᠭᠠᠬᠰᠠᠨ ᠪᠠ ᠬᠡᠷᠡᠭᠵᠢᠭᠦᠯᠦᠭᠰᠡᠨ ᠪᠠᠶᠢᠳᠠᠯ︔        ︵ᠬᠤᠶᠠᠷ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠬᠦᠳᠡᠯᠮᠤᠷᠢ ᠶᠢᠨ ᠭᠡᠷ᠎ᠡ ᠶᠢ ᠲᠤᠬᠳᠠᠬᠰᠠᠨ ᠪᠠ ᠬᠦᠴᠦᠨ ᠦᠭᠡᠢ ᠪᠤᠯᠭᠠᠬᠰᠠᠨ ᠪᠠᠶᠢᠳᠠᠯ︔        ︵ᠭᠤᠷᠪᠠ︶ ᠬᠦᠳᠡᠯᠮᠤᠷᠢ ᠬᠦᠴᠤ ᠲᠤᠮᠢᠯᠠᠬᠤ ᠨᠢᠭᠡᠴᠡ ᠪᠠ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠬᠦᠴᠦ ᠲᠤᠮᠢᠯᠠᠬᠤ ᠬᠤᠯᠪᠤᠬᠳᠠᠯ ᠪᠦᠬᠦᠢ ᠲᠤᠬᠳᠠᠭᠠᠯ ᠢ ᠵᠢᠷᠤᠮᠯᠠᠬᠰᠠᠨ ᠪᠠᠶᠢᠳᠠᠯ︔        ︵ᠲᠦᠷᠪᠡ︶ ᠬᠦᠮᠦᠨ ᠬᠡᠷᠡᠭᠯᠡᠬᠦ ᠨᠢᠭᠡᠴᠡ ᠶᠢᠨ ᠤᠯᠤᠰ ᠤᠨ ᠬᠦᠳᠡᠯᠮᠤᠷᠢᠴᠢᠨ ᠤ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ ᠠᠪᠬᠤ ᠲᠤᠬᠠᠢ ᠲᠤᠬᠳᠠᠭᠠᠯ ᠢ ᠵᠢᠷᠤᠮᠯᠠᠬᠰᠠᠨ ᠪᠠᠶᠢᠳᠠᠯ︔        ︵ᠲᠠᠪᠤ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠶᠤᠰᠤᠭᠠᠷ ᠬᠦᠳᠡᠯᠮᠤᠷᠢ ᠶᠢᠨ ᠤᠯᠭᠤᠮᠵᠢ ᠶᠢ ᠦᠭᠭᠦᠭᠰᠡᠨ ᠪᠠ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ︔        ︵ᠵᠢᠷᠭᠤᠭ᠎ᠠ︶ ᠬᠦᠮᠦᠨ ᠬᠡᠷᠡᠭᠯᠡᠬᠦ ᠨᠢᠭᠡᠴᠡ ᠶᠢᠨ ᠡᠯ᠎ᠡ ᠵᠦᠢᠯ ᠤᠨ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠪᠠ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠲᠤᠰᠢᠶᠠᠬᠰᠠᠨ ᠪᠠᠶᠢᠳᠠᠯ︔        ︵ᠲᠤᠯᠤᠭ᠎ᠠ︶ ᠬᠠᠤᠯᠢ ᠴᠠᠭᠠᠵᠠ᠂ ᠬᠠᠤᠯᠢ ᠲᠤᠬᠳᠠᠭᠠᠯ ᠳᠤ ᠲᠤᠬᠳᠠᠭᠠᠬᠰᠠᠨ ᠬᠦᠳᠡᠯᠮᠤᠷᠢ ᠶᠢ ᠬᠢᠨᠠᠨ ᠪᠠᠶᠢᠴᠠᠭᠠᠬᠤ ᠪᠤᠰᠤᠳ ᠪᠠᠶᠢᠳᠠᠯ ᠤᠳ᠃        ᠲᠠᠯᠠᠨ ᠲᠠᠪᠤᠳᠤᠭᠠᠷ ᠵᠦᠢᠯ    ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠳᠤ ᠬᠤᠯᠪᠤᠬᠳᠠᠬᠤ ᠮᠠᠲ᠋ᠧᠷᠢᠶᠠᠯ ᠢ ᠪᠠᠶᠢᠴᠠᠭᠠᠨ ᠦᠵᠡᠬᠦ ᠡᠷᠬᠡ ᠲᠠᠢ᠂ ᠬᠦᠳᠡᠯᠮᠤᠷᠢ ᠶᠢᠨ ᠲᠠᠯᠠᠪᠤᠷ ᠲᠤ ᠲᠤᠬᠠᠢ ᠶᠢᠨ ᠭᠠᠵᠠᠷ ᠤᠨ ᠪᠠᠶᠢᠴᠠᠭᠠᠯᠳᠠ ᠬᠢᠬᠦ ᠡᠷᠬᠡ ᠲᠠᠢ᠂ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠴᠦᠮ ᠬᠤᠯᠪᠤᠬᠳᠠᠯ ᠪᠦᠬᠦᠢ ᠪᠠᠶᠢᠳᠠᠯ ᠪᠠ ᠪᠢᠴᠢᠭ ᠮᠠᠲ᠋ᠧᠷᠢᠶᠠᠯ ᠢ ᠦᠨᠡᠨ ᠪᠤᠳᠠᠳᠠᠢ ᠪᠠᠷ ᠬᠠᠩᠭᠠᠵᠤ ᠦᠭᠬᠦ ᠬᠡᠷᠡᠭᠳᠠᠢ᠃        ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠨ ᠠᠵᠢᠯᠳᠡᠨ ᠬᠢᠨᠠᠯᠳᠠ ᠲᠠᠯᠪᠢᠵᠤ ᠪᠠᠶᠢᠴᠠᠭᠠᠯᠳᠠ ᠬᠢᠬᠦ ᠳᠡᠭᠡᠨ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠤᠰᠤᠭᠠᠷ ᠡᠷᠬᠡ ᠲᠤᠰᠢᠶᠠᠯ ᠢᠶᠠᠨ ᠭᠦᠢᠴᠡᠳᠭᠡᠵᠤ᠂ ᠬᠠᠤᠯᠢ ᠶᠢ ᠪᠤᠯᠪᠠᠰᠤᠨ ᠢᠶᠠᠷ ᠬᠡᠷᠡᠭᠵᠢᠭᠦᠯᠬᠦ ᠬᠡᠷᠡᠭᠳᠠᠢ᠃        ᠲᠠᠯᠠᠨ ᠵᠢᠷᠭᠤᠳᠤᠭᠠᠷ ᠵᠦᠢᠯ    ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠪᠦᠳᠦᠭᠡᠨ ᠪᠠᠶᠢᠭᠤᠯᠤᠯᠳᠠ᠂ ᠡᠷᠡᠭᠦᠯ ᠬᠠᠮᠠᠭᠠᠯᠠᠯ᠂ ᠠᠶᠤᠯ ᠦᠭᠡᠢ ᠦᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠵᠡᠷᠭᠡ ᠬᠤᠯᠪᠤᠬᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠲᠤᠳᠤᠷ᠎ᠠ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠬᠢᠨᠠᠵᠤ ᠬᠠᠮᠢᠶᠠᠷᠬᠤ ᠬᠡᠷᠡᠭᠳᠠᠢ᠃        ᠲᠠᠯᠠᠨ ᠲᠤᠯᠤᠳᠤᠭᠠᠷ ᠵᠦᠢᠯ    ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠨᠢ ᠬᠤᠤᠷ ᠬᠦᠨᠦᠭᠡᠯ ᠳᠤ ᠤᠴᠠᠷᠠᠬᠰᠠᠨ ᠪᠠᠶᠢᠪᠠᠯ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠲᠤ ᠬᠠᠤᠯᠢ ᠶᠤᠰᠤᠭᠠᠷ ᠰᠢᠢᠳᠪᠤᠷᠢᠯᠡᠭᠦᠯᠬᠦ ᠪᠠᠷ ᠱᠠᠭᠠᠷᠳᠠᠬᠤ᠂ ᠡᠰᠡᠭᠦᠯ᠎ᠡ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ᠂ ᠵᠠᠭᠠᠯᠳᠤᠬᠤ ᠡᠷᠬᠡ ᠲᠠᠢ᠃        ᠲᠠᠯᠠᠨ ᠨᠠᠢᠮᠠᠳᠤᠭᠠᠷ ᠵᠦᠢᠯ    ᠠᠵᠢᠯᠴᠢᠨ ᠤ ᠡᠪᠯᠡᠯ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠤᠯᠢ ᠶᠤᠰᠤᠭᠠᠷ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠨ᠎ᠠ᠃ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠬᠠᠤᠯᠢ ᠴᠠᠭᠠᠵᠠ᠂ ᠬᠠᠤᠯᠢ ᠲᠤᠬᠳᠠᠭᠠᠯ ᠪᠠ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠶᠢ ᠵᠦᠷᠢᠴᠡᠭᠰᠡᠨ ᠪᠠᠶᠢᠪᠠᠯ᠂ ᠠᠵᠢᠯᠴᠢᠨ ᠤ ᠡᠪᠯᠡᠯ ᠰᠠᠨᠠᠯ ᠲᠤᠷᠠᠳᠬᠤ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠬᠤ ᠡᠷᠬᠡ ᠲᠠᠢ᠃ ᠬᠦᠳᠡᠯᠮᠤᠷᠢᠴᠢᠨ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠵᠠᠭᠠᠯᠳᠤᠬᠰᠠᠨ ᠪᠠᠶᠢᠪᠠᠯ᠂ ᠠᠵᠢᠯᠴᠢᠨ ᠤ ᠡᠪᠯᠡᠯ ᠬᠠᠤᠯᠢ ᠶᠤᠰᠤᠭᠠᠷ ᠲᠡᠮᠵᠢᠵᠤ ᠬᠠᠪᠰᠤᠷᠬᠤ ᠬᠡᠷᠡᠭᠳᠠᠢ᠃        ᠲᠠᠯᠠ ᠶᠢᠰᠦᠳᠦᠭᠡᠷ ᠵᠦᠢᠯ    ᠶᠠᠮᠠᠷᠪᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠴᠦᠮ ᠲᠤᠰ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ ᠴᠠᠬ ᠲᠤᠬᠠᠢ ᠳᠤᠨᠢ ᠬᠢᠨᠠᠨ ᠮᠠᠭᠠᠳᠯᠠᠵᠤ᠂ ᠰᠢᠢᠳᠪᠤᠷᠢᠯᠡᠬᠦ ᠪᠦᠭᠡᠳ ᠢᠯᠡᠴᠢᠯᠡᠨ ᠵᠠᠭᠠᠯᠳᠤᠬᠰᠠᠨ ᠭᠠᠪᠢᠶ᠎ᠠ ᠲᠠᠢ ᠬᠦᠮᠦᠰ ᠢ ᠱᠠᠩᠨᠠᠬᠤ ᠬᠡᠷᠡᠭᠳᠠᠢ᠃         ᠲᠤᠯᠤᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ        ᠨᠠᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠤ ᠲᠤᠰ ᠪᠡᠶ᠎ᠡ ᠶᠢᠨ ᠠᠰᠢᠬ ᠲᠤᠰᠠ ᠳᠤ ᠰᠢᠭᠤᠳ ᠬᠤᠯᠪᠤᠬᠳᠠᠬᠰᠠᠨ ᠲᠦᠷᠢᠮ ᠲᠤᠬᠳᠠᠭᠠᠯ ᠨᠢ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠲᠤᠬᠳᠠᠭᠠᠯ ᠠᠴᠠ ᠵᠦᠷᠢᠴᠡᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠵᠤ᠂ ᠰᠡᠷᠡᠮᠵᠢ ᠦᠭᠭᠦᠨ᠎ᠡ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃        ᠨᠠᠶᠠᠨ ᠨᠢᠭᠡᠳᠤᠭᠡᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠬᠠᠩᠭᠠᠬᠰᠠᠨ ᠬᠦᠳᠡᠯᠮᠤᠷᠢ ᠶᠢᠨ ᠭᠡᠷ᠎ᠡ ᠶᠢᠨ ᠪᠢᠴᠢᠭ ᠲᠤ ᠲᠤᠰ ᠬᠠᠤᠯᠢ ᠳᠤ ᠲᠤᠬᠳᠠᠭᠠᠬᠰᠠᠨ ᠬᠦᠳᠡᠯᠮᠤᠷᠢ ᠶᠢᠨ ᠭᠡᠷ᠎ᠡ ᠶᠢᠨ ᠡᠷᠬᠡᠪᠰᠢ ᠪᠦᠷᠢᠯᠳᠦᠭᠦᠯᠬᠦ ᠴᠢᠬᠤᠯᠠ ᠲᠠᠢ ᠵᠦᠢᠯ ᠪᠠᠳᠠᠬ ᠢ ᠲᠤᠳᠤᠷᠬᠠᠢ ᠲᠡᠮᠳᠡᠭᠯᠡᠭᠰᠡᠨ ᠦᠭᠡᠢ ᠪᠤᠶᠤ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠳᠡᠯᠮᠤᠷᠢᠴᠢᠨ ᠳᠤ ᠦᠭᠭᠦᠭᠰᠡᠨ ᠦᠭᠡᠢ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠤᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃        ᠨᠠᠶᠠᠨ ᠬᠤᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠨ ᠨᠢᠭᠡ ᠰᠠᠷ᠎ᠠ ᠠᠴᠠ ᠬᠡᠳᠤᠷᠡᠭᠡᠳ ᠪᠦᠬᠦᠯᠢ ᠨᠢᠭᠡ ᠵᠢᠯ ᠪᠤᠯᠤᠭᠠᠳᠤᠢ ᠬᠤᠭᠤᠴᠠᠭᠠᠨ ᠳᠤ ᠬᠦᠳᠡᠯᠮᠤᠷᠢᠴᠢᠨ ᠲᠠᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠬᠦᠳᠡᠯᠮᠤᠷᠢᠴᠢᠨ ᠳᠤ ᠰᠠᠷ᠎ᠠ ᠪᠦᠷᠢ ᠬᠤᠶᠠᠷ ᠲᠠᠬᠢᠨ ᠴᠠᠯᠢᠩ ᠦᠭᠬᠦ ᠬᠡᠷᠡᠭᠳᠠᠢ᠃ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠲᠠᠢ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠶᠢ ᠲᠤᠬᠳᠠᠬᠰᠠᠨ ᠦᠭᠡᠢ ᠪᠠᠶᠢᠪᠠᠯ ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠬᠤ ᠶᠤᠰᠤᠳᠠᠢ ᠡᠳᠦᠷ ᠠᠴᠠ ᠡᠬᠢᠯᠡᠨ ᠬᠦᠳᠡᠯᠮᠤᠷᠢᠴᠢᠨ ᠳᠤ ᠰᠠᠷ᠎ᠠ ᠪᠦᠷᠢ ᠬᠤᠶᠠᠷ ᠲᠠᠬᠢᠨ ᠴᠠᠯᠢᠩ ᠦᠭᠬᠦ ᠬᠡᠷᠡᠭᠳᠠᠢ᠃        ᠨᠠᠶᠠᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠲᠠᠢ ᠲᠤᠷᠰᠢᠨ ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠤᠨ᠎ᠠ︔ ᠬᠠᠤᠯᠢ ᠠᠴᠠ ᠵᠦᠷᠢᠴᠡᠵᠤ ᠪᠤᠯᠵᠤᠨ ᠲᠤᠬᠳᠠᠬᠰᠠᠨ ᠲᠤᠷᠰᠢᠨ ᠬᠡᠷᠡᠭᠯᠡᠬᠦ ᠬᠤᠭᠤᠴᠠᠭ᠎ᠠ ᠶᠢ ᠨᠢᠭᠡᠨᠳᠡ ᠭᠦᠢᠴᠡᠳᠭᠡᠭᠰᠡᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠤ ᠲᠤᠷᠰᠢᠨ ᠬᠡᠷᠡᠭᠯᠡᠬᠦ ᠬᠤᠭᠤᠴᠠᠭ᠎ᠠ ᠲᠦᠭᠦᠷᠦᠭᠰᠡᠨ ᠤ ᠲᠠᠷᠠᠭᠠᠬᠢ ᠰᠠᠷ᠎ᠠ ᠶᠢᠨ ᠴᠠᠯᠢᠩ ᠢᠶᠠᠷ ᠪᠠᠷᠢᠮᠵᠢᠶ᠎ᠠ ᠪᠤᠯᠭᠠᠵᠤ᠂ ᠬᠠᠤᠯᠢ ᠪᠠᠷ ᠪᠤᠯᠵᠤᠨ ᠲᠤᠬᠳᠠᠬᠰᠠᠨ ᠲᠤᠷᠰᠢᠨ ᠬᠡᠷᠡᠭᠯᠡᠬᠦ ᠬᠤᠭᠤᠴᠠᠭ᠎ᠠ ᠠᠴᠠ ᠨᠢᠭᠡᠨᠳᠡ ᠬᠡᠳᠦᠷᠡᠳᠡᠯ᠎ᠡ ᠭᠦᠢᠴᠡᠳᠭᠡᠭᠰᠡᠨ ᠬᠤᠭᠤᠴᠠᠭ᠎ᠠ ᠪᠠᠷ ᠬᠦᠳᠡᠯᠮᠤᠷᠢᠴᠢᠨ ᠳᠤ ᠲᠦᠯᠦᠪᠤᠷᠢ ᠶᠢᠨ ᠮᠦᠡᠭᠬᠦ ᠦᠭᠭᠦᠨ᠎ᠡ᠃        ᠨᠠᠶᠠᠨ ᠲᠦᠷᠪᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ᠂ ᠬᠦᠳᠡᠯᠮᠤᠷᠢᠴᠢᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠦᠨᠡᠮᠯᠡᠯ ᠢ ᠲᠠᠷᠤᠵᠤ ᠠᠪᠤᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ ᠬᠦᠳᠡᠯᠮᠤᠷᠢᠴᠢᠨ ᠲᠤᠰ ᠬᠦᠮᠦᠨ ᠳᠤᠨᠢ ᠪᠤᠴᠠᠭᠠᠨ ᠦᠭᠭᠦᠭᠦᠯᠬᠦ ᠪᠠᠷ ᠵᠠᠷᠯᠢᠬᠳᠠᠬᠤ ᠶᠢᠨ ᠬᠠᠮᠳᠤ ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠲᠤᠬᠳᠠᠭᠠᠯ ᠶᠤᠰᠤᠭᠠᠷ ᠰᠢᠢᠳᠭᠡᠨ᠎ᠡ᠃        ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ᠂ ᠲᠠᠭᠠᠭᠠᠯᠳᠠ ᠬᠢᠬᠦ ᠪᠤᠶᠤ ᠪᠤᠰᠤᠳ ᠨᠡᠷ᠎ᠡ ᠪᠠᠷ ᠬᠦᠳᠡᠯᠮᠤᠷᠢᠴᠢᠨ ᠤ ᠡᠳ᠋ ᠬᠤᠬᠰᠢᠯ ᠢ ᠬᠤᠷᠢᠶᠠᠵᠤ ᠠᠪᠤᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ ᠬᠦᠳᠡᠯᠮᠤᠷᠢᠴᠢᠨ ᠲᠤᠰ ᠬᠦᠮᠦᠨ ᠳᠤᠨᠢ ᠪᠤᠴᠠᠭᠠᠨ ᠦᠭᠭᠦᠭᠦᠯᠬᠦ ᠪᠠᠷ ᠵᠠᠷᠯᠢᠬᠳᠠᠬᠤ ᠶᠢᠨ ᠬᠠᠮᠳᠤ ᠬᠦᠮᠦᠨ ᠪᠦᠷᠢ ᠶᠢ ᠲᠠᠪᠤᠨ ᠵᠠᠭᠤᠨ ᠲᠦᠭᠦᠷᠢᠭ ᠠᠴᠠ ᠲᠡᠭᠡᠭᠰᠢ ᠬᠤᠶᠠᠷ ᠮᠢᠩᠭᠠᠨ ᠲᠦᠭᠦᠷᠢᠭ ᠠᠴᠠ ᠲᠤᠭᠤᠬᠰᠢ ᠪᠠᠷᠢᠮᠵᠢᠶ᠎ᠡ ᠪᠠᠷ ᠵᠤᠭᠤᠰ ᠢᠶᠠᠷ ᠲᠤᠷᠭᠠᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠃ ᠬᠦᠳᠡᠯᠮᠤᠷᠢᠴᠢᠨ ᠬᠠᠤᠯᠢ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠤ ᠲᠠᠩᠰᠠ ᠡᠪᠬᠡᠮᠡᠯ ᠪᠤᠶᠤ ᠪᠤᠰᠤᠳ ᠡᠳ᠋ ᠪᠤᠳᠠᠰ ᠢ ᠲᠠᠷᠤᠵᠤ ᠠᠪᠤᠬᠰᠠᠨ ᠪᠠᠶᠢᠪᠠᠯ᠂ ᠡᠮᠦᠨᠡᠬᠢ ᠪᠠᠳᠠᠬ ᠤᠨ ᠲᠤᠬᠳᠠᠭᠠᠯ ᠶᠤᠰᠤᠭᠠᠷ ᠰᠢᠢᠳᠭᠡᠨ᠎ᠡ᠃        ᠨᠠᠶᠠᠨ ᠲᠠᠪᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ ᠬᠦᠳᠡᠯᠮᠤᠷᠢ ᠶᠢᠨ ᠤᠯᠭᠤᠮᠵᠢ᠂ ᠴᠠᠬ ᠤᠷᠳᠤᠳᠬᠠᠵᠤ ᠠᠵᠢᠯᠯᠠᠬᠰᠠᠨ ᠮᠦᠡᠭᠬᠦ ᠪᠤᠶᠤ ᠠᠵᠤ ᠠᠬᠤᠢ ᠶᠢᠨ ᠨᠦᠬᠦᠪᠤᠷᠢ ᠵᠤᠭᠤᠰ ᠦᠭᠭᠦᠭᠦᠯᠬᠦ ᠪᠠᠷ ᠵᠠᠷᠯᠢᠬᠳᠠᠨ᠎ᠠ︔ ᠬᠦᠳᠡᠯᠮᠤᠷᠢ ᠶᠢᠨ ᠤᠯᠭᠤᠮᠵᠢ ᠨᠢ ᠲᠤᠬᠠᠢ ᠶᠢᠨ ᠭᠠᠵᠠᠷ ᠤᠨ ᠬᠠᠮᠤᠬ ᠤᠨ ᠲᠤᠤᠷ᠎ᠠ ᠴᠠᠯᠢᠩ ᠤᠨ ᠪᠠᠷᠢᠮᠵᠢᠶ᠎ᠡ ᠠᠴᠠ ᠲᠤᠤᠷ᠎ᠠ ᠪᠠᠶᠢᠪᠠᠯ ᠲᠡᠭᠦᠨ ᠤ ᠵᠦᠷᠢᠶᠡᠳᠤ ᠲᠤᠭᠠᠨ ᠤ ᠬᠡᠰᠡᠭ ᠢ ᠨᠢ ᠦᠭᠬᠦ ᠬᠡᠷᠡᠭᠳᠠᠢ︔ ᠬᠤᠭᠤᠴᠠᠭ᠎ᠠ ᠨᠢ ᠬᠡᠳᠤᠷᠡᠭᠰᠡᠨ ᠪᠠᠶᠢᠳᠠᠯ᠎ᠠ ᠦᠭᠭᠦᠭᠰᠡᠨ ᠦᠭᠡᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠶᠢ ᠵᠠᠷᠯᠢᠬᠳᠠᠨ ᠲᠤᠰᠢᠶᠠᠪᠠᠰᠤ ᠵᠤᠬᠢᠬᠤ ᠵᠤᠭᠤᠰ ᠤᠨ ᠲᠤᠭᠠᠨ ᠤ ᠵᠠᠭᠤᠨ ᠤ ᠲᠠᠪᠢ ᠠᠴᠠ ᠲᠡᠭᠡᠭᠰᠢ ᠵᠠᠭᠤᠨ ᠤ ᠵᠠᠭᠤ ᠠᠴᠠ ᠲᠤᠭᠤᠬᠰᠢ ᠪᠠᠷᠢᠮᠵᠢᠶ᠎ᠡ ᠪᠠᠷ ᠬᠦᠳᠡᠯᠮᠤᠷᠢᠴᠢᠨ ᠳᠤ ᠲᠦᠯᠤᠪᠤᠷᠢ ᠮᠦᠡᠭᠬᠦ ᠨᠡᠮᠡᠵᠤ ᠦᠭᠭᠦᠭᠦᠯᠤᠨ᠎ᠡ᠄        ︵ᠨᠢᠭᠡ︶ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ ᠪᠤᠶᠤ ᠤᠯᠤᠰ ᠤᠨ ᠲᠤᠬᠳᠠᠭᠠᠯ ᠶᠤᠰᠤᠭᠠᠷ ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠶᠢ ᠴᠠᠬ ᠲᠤᠬᠠᠢ ᠳᠤᠨᠢ ᠭᠦᠢᠴᠡᠳ ᠲᠤᠭ᠎ᠠ ᠪᠠᠷ ᠦᠯᠦ ᠦᠭᠭᠦᠭᠰᠡᠨ        ︵ᠬᠤᠶᠠᠷ︶ ᠲᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠡ ᠠᠴᠠ ᠲᠤᠤᠷ᠎ᠠ ᠪᠠᠷᠢᠮᠵᠢᠶ᠎ᠠ ᠪᠠᠷ ᠬᠦᠳᠡᠯᠮᠤᠷᠢᠴᠢᠨ ᠳᠤ ᠴᠠᠯᠢᠩ ᠦᠭᠭᠦᠭᠰᠡᠨ︔        ︵ᠭᠤᠷᠪᠠ︶ ᠴᠠᠬ ᠤᠷᠳᠤᠳᠬᠠᠵᠤ ᠠᠵᠢᠯᠯᠠᠬᠤ ᠶᠢ ᠲᠤᠬᠢᠷᠠᠭᠤᠯᠤᠭᠠᠳ ᠴᠠᠬ ᠨᠡᠮᠡᠵᠤ ᠠᠵᠢᠯᠯᠠᠬᠰᠠᠨ ᠮᠦᠡᠭᠬᠦ ᠶᠢ ᠦᠯᠦ ᠦᠭᠭᠦᠭᠰᠡᠨ︔        ︵ᠲᠦᠷᠪᠡ︶ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠲᠤᠰ ᠬᠠᠤᠯᠢ ᠶᠢᠨ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠯᠦ ᠦᠭᠭᠦᠭᠰᠡᠨ᠃        ᠨᠠᠶᠠᠨ ᠵᠢᠷᠭᠤᠳᠤᠭᠠᠷ ᠵᠦᠢᠯ    ᠬᠦᠳᠡᠯᠮᠤᠷᠢ ᠶᠢᠨ ᠭᠡᠷ᠎ᠡ ᠨᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠴᠦᠨ ᠦᠭᠡᠢ ᠭᠡᠵᠤ ᠨᠤᠳᠠᠯᠠᠬᠳᠠᠭᠠᠳ᠂ ᠨᠦᠭᠦᠭᠡ ᠡᠳᠡᠭᠡᠳ ᠲᠡᠭᠡᠨ ᠬᠤᠬᠢᠷᠠᠯ ᠤᠴᠠᠷᠠᠭᠤᠯᠤᠬᠰᠠᠨ ᠪᠠᠶᠢᠪᠠᠯ᠂ ᠠᠯᠳᠠᠭ᠎ᠠ ᠲᠠᠢ ᠨᠢᠭᠡ ᠡᠳᠡᠭᠡᠳ ᠨᠢ ᠲᠦᠯᠦᠬᠦ ᠬᠠᠷᠢᠭᠤᠴᠠᠯᠭ᠎ᠠ ᠶᠢ ᠡᠭᠦᠷᠬᠡᠯᠡᠬᠦ ᠬᠡᠷᠡᠭᠳᠠᠢ        ᠨᠠᠶᠠᠨ ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠪᠠᠶᠢᠪᠠᠯ᠂ ᠲᠤᠰ ᠬᠠᠤᠯᠢ ᠶᠢᠨ ᠲᠦᠴᠢᠨ ᠲᠤᠯᠤᠳᠤᠭᠠᠷ ᠵᠦᠢᠯ ᠳᠤ ᠲᠤᠬᠳᠠᠭᠠᠬᠰᠠᠨ ᠠᠵᠤ ᠠᠬᠤᠢ ᠶᠢᠨ ᠨᠦᠬᠦᠪᠤᠷᠢ ᠦᠭᠬᠦ ᠪᠠᠷᠢᠮᠵᠢᠶ᠎ᠠ ᠶᠢᠨ ᠬᠤᠶᠠᠷ ᠲᠠᠬᠢᠨ ᠢᠶᠠᠷ ᠬᠦᠳᠡᠯᠮᠤᠷᠢᠴᠢᠨ ᠳᠤ ᠲᠦᠯᠦᠪᠤᠷᠢ ᠶᠢᠨ ᠮᠦᠡᠭᠬᠦ ᠦᠭᠬᠦ ᠬᠡᠷᠡᠭᠳᠠᠢ᠃        ᠨᠠᠶᠠᠨ ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠄        ︵ᠨᠢᠭᠡ︶ ᠬᠦᠴᠦᠷᠬᠡᠭᠯᠡᠬᠦ᠂ ᠰᠦᠷᠳᠡᠭᠦᠯᠬᠦ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ ᠬᠦᠳᠡᠯᠮᠤᠷᠢᠯᠡᠭᠦᠯᠦᠭᠰᠡᠨ︔        ︵ᠬᠤᠶᠠᠷ︶ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠤᠭᠠᠳ᠂ ᠡᠰᠡᠭᠦᠯ᠎ᠡ ᠠᠯᠪᠠᠳᠠᠨ ᠠᠶᠤᠯ ᠲᠦᠭᠰᠢᠭᠦᠷᠢᠳᠠᠢ ᠠᠵᠢᠯ ᠬᠢᠯᠭᠡᠭᠡᠳ ᠬᠦᠳᠡᠯᠮᠤᠷᠢᠴᠢᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠦᠭᠰᠡᠨ︔        ︵ᠭᠤᠷᠪᠠ︶ ᠬᠦᠳᠡᠯᠮᠤᠷᠢᠴᠢᠨ ᠢ ᠲᠤᠷᠤᠮᠵᠢᠯᠡᠵᠤ᠂ ᠬᠠᠯᠠ ᠦᠵᠡᠭᠦᠯᠵᠤ᠂ ᠵᠤᠳᠤᠵᠤ ᠴᠤᠬᠢᠵᠤ᠂ ᠬᠠᠤᠯᠢ ᠪᠤᠰᠤ ᠪᠠᠷ ᠨᠡᠩᠵᠢᠭᠰᠡᠨ ᠪᠤᠶᠤ ᠬᠤᠷᠢᠬᠰᠠᠨ︔        ︵ᠲᠦᠷᠪᠡ︶ ᠬᠦᠳᠡᠯᠮᠤᠷᠢ ᠶᠢᠨ ᠨᠦᠬᠦᠴᠡᠯ ᠨᠢ ᠮᠠᠭᠤ᠂ ᠤᠷᠴᠢᠨ ᠠᠬᠤᠢ ᠨᠢ ᠬᠦᠨᠳᠤ ᠨᠤᠴᠢᠳᠠᠢ ᠪᠤᠬᠢᠷᠳᠤᠯ ᠲᠠᠢ ᠪᠠᠶᠢᠵᠤ᠂ ᠬᠦᠳᠡᠯᠮᠤᠷᠢᠴᠢᠨ ᠤ ᠪᠡᠶ᠎ᠡ ᠰᠡᠳᠭᠢᠯ ᠡᠷᠡᠭᠦᠯ ᠮᠡᠨᠳᠤ ᠶᠢ ᠬᠦᠨᠳᠤ ᠨᠤᠴᠢᠳᠠᠢ ᠬᠤᠬᠢᠷᠠᠭᠤᠯᠤᠬᠰᠠᠨ᠃        ᠨᠠᠶᠠ ᠶᠢᠰᠦᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠪᠢᠴᠢᠭ ᠤᠨ ᠭᠡᠷᠡᠴᠢ ᠶᠢ ᠦᠯᠦ ᠦᠭᠭᠦᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠤᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠃        ᠶᠡᠷᠡᠳᠦᠭᠡᠷ ᠵᠦᠢᠯ    ᠬᠦᠳᠡᠯᠮᠤᠷᠢᠴᠢᠨ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ᠂ ᠡᠰᠡᠭᠦᠯ᠎ᠡ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠨᠢᠭᠤᠴᠠ ᠶᠢ ᠬᠠᠮᠠᠭᠠᠯᠠᠬᠤ ᠡᠭᠦᠷᠭᠡ ᠪᠤᠶᠤ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠢ ᠵᠦᠷᠢᠴᠡᠭᠡᠳ᠂ ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠃        ᠶᠡᠷᠡᠨ ᠨᠢᠭᠡᠳᠤᠭᠡᠷ ᠵᠦᠢᠯ    ᠬᠦᠮᠦᠨ ᠬᠡᠷᠡᠭᠯᠡᠬᠦ ᠨᠢᠭᠡᠴᠡ ᠨᠢ ᠪᠤᠰᠤᠳ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠭᠡᠷ᠎ᠡ ᠪᠠᠨ ᠬᠠᠷᠠᠬᠠᠨ ᠬᠦᠴᠦᠨ ᠦᠭᠡᠢ ᠪᠤᠯᠭᠠᠭᠠᠳᠤᠢ ᠪᠤᠶᠤ ᠲᠠᠭᠤᠰᠬᠠᠬᠰᠠᠨ ᠦᠭᠡᠢ ᠬᠦᠳᠡᠯᠮᠤᠷᠢᠴᠢᠨ ᠢ ᠡᠯᠰᠡᠨ ᠬᠡᠷᠡᠭᠯᠡᠭᠡᠳ᠂ ᠪᠤᠰᠤᠳ ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃        ᠶᠡᠷᠡᠨ ᠬᠤᠶᠠᠳᠤᠭᠠᠷ ᠵᠦᠢᠯ    ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠵᠦᠪᠰᠢᠶᠡᠷᠡᠬᠦᠯᠦᠭᠰᠡᠨ ᠦᠭᠡᠢ ᠪᠠᠷ ᠲᠤᠷ᠎ᠡ ᠪᠠᠷ ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠪᠡᠯ᠂ ᠬᠦᠳᠡᠯᠮᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠵᠤᠭᠰᠤᠭᠠᠵᠦ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠴᠦ᠂ ᠬᠠᠮᠳᠦ ᠳᠤᠨᠢ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢᠨ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠦᠭᠡᠢ ᠪᠤᠯ᠂ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠵᠦ ᠪᠤᠯᠤᠨ᠎ᠠ᠃ ᠬᠦᠳᠡᠯᠮᠤᠷᠢ ᠬᠦᠴᠦ ᠲᠤᠮᠢᠯᠠᠬᠤ ᠨᠢᠭᠡᠴᠡ᠂ ᠠᠵᠢᠯᠴᠢᠨ ᠬᠡᠷᠡᠭᠯᠡᠬᠦ ᠨᠢᠭᠡᠴᠡ ᠲᠤᠰ ᠬᠠᠤᠯᠢ ᠶᠢᠨ ᠬᠠᠮᠢᠶ᠎ᠠ ᠪᠦᠬᠦᠢ ᠬᠦᠳᠡᠯᠮᠤᠷᠢ ᠬᠦᠴᠦ ᠲᠤᠮᠢᠯᠠᠬᠤ ᠲᠤᠭᠳᠠᠭᠠᠯ ᠢ ᠵᠦᠷᠢᠴᠡᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠲᠤᠭᠳᠠᠭᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ︔ ᠬᠤᠭᠤᠴᠠᠭ᠎ᠠ ᠭᠡᠳᠦᠷᠡᠭᠡᠳ ᠵᠠᠯᠠᠷᠠᠭᠤᠯᠬᠤ ᠦᠭᠡᠢ ᠪᠠᠶᠢᠪᠠᠯ᠂ ᠬᠦᠮᠦᠨ ᠪᠦᠷᠢ ᠶᠢ ᠲᠠᠪᠤᠨ ᠮᠢᠩᠭᠠᠨ ᠲᠦᠭᠦᠷᠢᠭ ᠠᠴᠠ ᠲᠡᠭᠡᠭᠰᠢ ᠨᠢᠭᠡ ᠲᠦᠮᠡᠨ ᠲᠦᠭᠦᠷᠢᠭ ᠠᠴᠠ ᠲᠤᠭᠤᠬᠰᠢ ᠪᠠᠷᠢᠮᠵᠢᠶ᠎ᠠ ᠪᠠᠷ ᠵᠤᠭᠤᠰ ᠢᠶᠠᠷ ᠲᠤᠷᠭᠠᠵᠦ᠂ ᠬᠦᠳᠡᠯᠮᠤᠷᠢ ᠬᠦᠴᠦ ᠲᠤᠮᠢᠯᠠᠬᠤ ᠨᠢᠭᠡᠴᠡ ᠶᠢᠨ ᠬᠦᠳᠡᠯᠮᠤᠷᠢ ᠬᠦᠴᠦ ᠲᠤᠮᠢᠯᠠᠬᠤ ᠠᠵᠢᠯ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ ᠠᠵᠢᠯᠴᠢᠨ ᠬᠡᠷᠡᠭᠯᠡᠬᠦ ᠨᠢᠭᠡᠴᠡ ᠲᠤᠮᠢᠯᠠᠬᠳᠠᠬᠰᠠᠨ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠬᠦᠳᠡᠯᠮᠤᠷᠢ ᠬᠦᠴᠦ ᠲᠤᠮᠢᠯᠠᠬᠤ ᠨᠢᠭᠡᠴᠡ ᠬᠢᠭᠡᠳ ᠠᠵᠢᠯᠴᠢᠨ ᠬᠡᠷᠡᠭᠯᠡᠬᠦ ᠨᠢᠭᠡᠴᠡ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠬᠡᠯᠡᠨ᠎ᠡ᠃        ᠶᠡᠷᠡᠨ ᠭᠤᠷᠪᠠᠳᠤᠭᠠᠷ ᠵᠦᠢᠯ    ᠬᠠᠤᠯᠢ ᠶᠤᠰᠤᠨ ᠤ ᠡᠵᠡᠩᠨᠡᠯᠳᠡ ᠶᠢᠨ ᠬᠢᠷᠢ ᠭᠡᠮ ᠢ ᠪᠦᠷᠢᠯᠳᠦᠭᠦᠯᠦᠭᠰᠡᠨ ᠦᠭᠡᠢ ᠬᠦᠮᠦᠨ ᠬᠡᠷᠡᠭᠯᠡᠬᠦ ᠨᠢᠭᠡᠴᠡ ᠶᠢᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠠᠴᠠ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠦᠳᠡᠯᠮᠤᠷᠢᠴᠢᠨ ᠨᠢᠭᠡᠨᠳᠡ ᠬᠦᠳᠡᠯᠮᠤᠷᠢ ᠬᠦᠴᠦ ᠭᠠᠷᠭᠠᠬᠰᠠᠨ ᠪᠠᠶᠢᠪᠠᠯ ᠂ ᠲᠤᠰ ᠨᠢᠭᠡᠴᠡ ᠪᠤᠶᠤ ᠲᠡᠭᠦᠨ ᠤ ᠪᠡᠯᠡ ᠭᠠᠷᠭᠠᠬᠴᠢ ᠨᠢ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠬᠦᠳᠡᠯᠮᠤᠷᠢ ᠶᠢᠨ ᠤᠯᠭᠤᠮᠵᠢ᠂ ᠠᠵᠤ ᠠᠬᠤᠢ ᠶᠢᠨ ᠨᠦᠬᠦᠪᠤᠷᠢ᠂ ᠲᠦᠯᠦᠪᠤᠷᠢ ᠶᠢᠨ ᠮᠦᠡᠭᠬᠦ ᠦᠭᠬᠦ ᠬᠡᠷᠡᠭᠳᠠᠢ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃        ᠶᠡᠷᠡᠨ ᠲᠦᠷᠪᠡᠳᠦᠭᠡᠷ ᠵᠦᠢᠯ    ᠬᠤᠪᠢ ᠬᠦᠮᠦᠨ ᠲᠠᠭᠠᠭᠠᠴᠢᠯᠠᠨ ᠡᠵᠡᠩᠨᠡᠭᠡᠳ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢᠴᠢᠨ ᠢ ᠡᠯᠰᠡᠨ ᠬᠡᠷᠡᠭᠯᠡᠭᠡᠳ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠠᠭᠠᠭᠠᠴᠢᠯᠠᠭᠤᠯᠬᠤ ᠵᠤᠬᠢᠶᠠᠨ ᠪᠠᠶᠢᠭᠤᠯᠤᠯᠳᠠ ᠬᠢᠭᠡᠳ ᠬᠤᠪᠢ ᠬᠦᠮᠦᠨ ᠤ ᠲᠠᠭᠠᠭᠠᠴᠢᠯᠠᠨ ᠡᠵᠡᠩᠨᠡᠭᠴᠢ ᠨᠢ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠬᠡᠯᠡᠨ᠎ᠡ᠃        ᠶᠡᠷᠡᠨ ᠲᠠᠪᠤᠳᠤᠭᠠᠷ ᠵᠦᠢᠯ    ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠠ ᠪᠤᠰᠤᠳ ᠬᠤᠯᠪᠤᠬᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ ᠤ ᠠᠵᠢᠯᠳᠡᠨ ᠡᠭᠦᠷᠭᠡ ᠲᠤᠰᠢᠶᠠᠯ ᠢᠶᠠᠨ ᠤᠮᠳᠤᠭᠠᠢᠢᠯᠠᠵᠤ᠂ ᠬᠠᠤᠯᠢ ᠪᠠᠷ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠡᠰᠡᠭᠦᠯ᠎ᠡ ᠬᠠᠤᠯᠢ ᠠᠴᠠ ᠵᠦᠷᠢᠴᠡᠨ ᠡᠷᠬᠡ ᠲᠤᠰᠢᠶᠠᠯ ᠢᠶᠠᠨ ᠬᠡᠷᠡᠭᠯᠡᠭᠡᠳ ᠬᠦᠳᠡᠯᠮᠤᠷᠢᠴᠢᠨ ᠪᠤᠶᠤ ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠳᠡᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠡᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠪᠤᠯᠤᠨ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠨᠠᠢᠮᠠᠳᠤᠭᠠᠷ ᠪᠦᠯᠦᠭ    ᠲᠠᠭᠠᠯᠳᠤᠭᠤᠯᠤᠯ ᠲᠦᠷᠢᠮ        ᠶᠡᠷᠡᠨ ᠵᠢᠷᠭᠤᠳᠤᠭᠠᠷ ᠵᠦᠢᠯ    ᠠᠵᠢᠯ ᠦᠢᠯᠡᠰ ᠤᠨ ᠨᠢᠭᠡᠴᠡ ᠤᠷᠢᠵᠤ ᠬᠡᠷᠡᠭᠯᠡᠬᠦ ᠲᠦᠷᠢᠮ ᠢ ᠬᠡᠷᠡᠭᠵᠢᠭᠦᠯᠵᠤ ᠪᠠᠶᠢᠭ᠎ᠠ ᠠᠵᠢᠯᠳᠡᠨ ᠲᠠᠢ ᠬᠦᠳᠡᠯᠮᠤᠷᠢ ᠶᠢᠨ ᠭᠡᠷ᠎ᠡ ᠶᠢ ᠲᠤᠬᠳᠠᠬᠤ᠂ ᠭᠦᠢᠴᠡᠳᠭᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠠᠰᠳᠠᠭᠠᠨ ᠲᠤᠬᠳᠠᠭᠠᠯ ᠪᠠᠶᠢᠪᠠᠯ ᠲᠡᠷᠡ ᠲᠤᠬᠳᠠᠭᠠᠯ ᠢ ᠵᠢᠷᠤᠮᠯᠠᠨ᠎ᠡ︔ ᠲᠤᠭᠲᠠᠭᠠᠯ ᠭᠠᠷᠭᠠᠬᠰᠠᠨ ᠦᠭᠡᠢ ᠪᠠᠶᠢᠪᠠᠯ᠂ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃        ᠶᠡᠷᠡᠨ ᠲᠤᠯᠤᠳᠤᠭᠠᠷ ᠵᠦᠢᠯ    ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠳᠡ ᠬᠠᠤᠯᠢ ᠶᠤᠰᠤᠭᠠᠷ ᠲᠤᠬᠳᠠᠭᠠᠬᠰᠠᠨ ᠪᠦᠭᠡᠳ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠲᠤ ᠦᠯᠡᠳᠡᠨ ᠦᠷᠬᠦᠯᠵᠢᠯᠡᠵᠤ ᠪᠠᠶᠢᠬᠤ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠭᠦᠢᠴᠡᠳᠭᠡᠨ᠎ᠡ︔ ᠲᠤᠰ ᠬᠠᠤᠯᠢ ᠶᠢᠨ ᠠᠷᠪᠠᠨ ᠲᠦᠷᠪᠡᠳᠦᠭᠡᠷ ᠵᠦᠢᠯ ᠤᠨ ᠬᠤᠶᠠᠳᠤᠭᠠᠷ ᠪᠠᠳᠠᠬ ᠤᠨ ᠭᠤᠷᠪᠠᠳᠤᠭᠠᠷ ᠵᠤᠷᠪᠤᠰ ᠲᠤ ᠲᠤᠬᠳᠠᠭᠠᠬᠰᠠᠨ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠭᠠᠬᠤ ᠲᠤᠭ᠎ᠠ ᠶᠢ ᠲᠤᠰ ᠬᠠᠤᠯᠢ ᠶᠢ ᠬᠡᠷᠡᠭᠵᠢᠭᠦᠯᠦᠭᠰᠡᠨ ᠤ ᠲᠠᠷᠠᠭ᠎ᠠ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠭᠠᠬᠤ ᠴᠠᠬ ᠠᠴᠠ ᠡᠬᠢᠯᠡᠵᠤ ᠪᠤᠳᠤᠨ᠎ᠠ᠃ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠳᠡ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠨ᠂ ᠬᠠᠷᠠᠬᠠᠨ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠭᠠᠳᠤᠢ ᠪᠠᠶᠢᠪᠠᠯ᠂ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠲᠤᠳᠤᠷ᠎ᠠ ᠲᠤᠬᠳᠠᠭᠠᠬᠤ ᠬᠡᠷᠡᠭᠳᠠᠢ᠃ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠲᠤ ᠦᠯᠡᠳᠡᠨ ᠦᠷᠭᠦᠯᠵᠢᠯᠡᠵᠤ ᠪᠠᠶᠢᠬᠰᠠᠨ ᠬᠦᠳᠡᠯᠮᠤᠷᠢ ᠶᠢᠨ ᠭᠡᠷ᠎ᠡ ᠶᠢ ᠲᠤᠰ ᠬᠠᠤᠯᠢ ᠶᠢ ᠬᠡᠷᠡᠭᠵᠢᠭᠦᠯᠦᠭᠰᠡᠨ ᠤ ᠲᠠᠷᠠᠭ᠎ᠠ ᠬᠦᠴᠦᠨ ᠦᠭᠡᠢ ᠪᠤᠯᠭᠠᠬᠤ ᠪᠤᠶᠤ ᠲᠠᠭᠤᠰᠬᠠᠵᠤ᠂ ᠲᠤᠰ ᠬᠠᠤᠯᠢ ᠶᠢᠨ ᠲᠦᠴᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ ᠠᠵᠤ ᠠᠬᠤᠢ ᠶᠢᠨ ᠲᠦᠯᠦᠪᠤᠷᠢ ᠦᠭᠬᠦ ᠶᠤᠰᠤᠳᠠᠢ ᠪᠠᠶᠢᠪᠠᠯ᠂ ᠠᠵᠤ ᠠᠬᠤᠢ ᠶᠢᠨ ᠲᠦᠯᠦᠪᠤᠷᠢ ᠦᠭᠬᠦ ᠵᠢᠯ ᠬᠤᠭᠤᠴᠠᠭ᠎ᠠ ᠶᠢ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠪᠤᠳᠤᠨ᠎ᠠ︔ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠲᠤᠬᠠᠢ ᠶᠢᠨ ᠦᠶ᠎ᠡ ᠶᠢᠨ ᠬᠤᠯᠪᠤᠬᠳᠠᠯ ᠪᠦᠬᠦᠢ ᠲᠤᠬᠳᠠᠭᠠᠯ ᠶᠣᠰᠣᠭᠠᠷ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠶᠤᠰᠤᠳᠠᠢ ᠪᠠᠶᠢᠬᠰᠠᠨ ᠪᠠᠶᠢᠪᠠᠯ᠂ ᠲᠤᠬᠠᠢ ᠶᠢᠨ ᠦᠶ᠎ᠡ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃        ᠶᠡᠷᠡᠨ ᠨᠠᠢᠮᠠᠳᠤᠭᠠᠷ ᠵᠦᠢᠯ    ᠲᠤᠰ ᠬᠠᠤᠯᠢ ᠶᠢ 2013 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠤᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号