ᠨᠠᠨ ᠰᠢᠨ ᠵᠡᠭᠡᠯᠢ ᠭᠤᠳᠤᠮᠵᠢ ᠶᠢᠨ ᠲᠤᠮᠢᠯᠠᠭᠰᠠᠨ ᠰᠠᠯᠪᠤᠷᠢ ᠬᠠᠷᠢᠶ᠎ᠠ ᠲᠤᠭᠤᠷᠢᠭ ᠤᠨ ᠵᠤᠴᠢᠳ ᠤᠨ ᠪᠠᠭᠤᠳᠠᠯ ᠳᠤ ᠠᠮᠤᠷ ᠲᠦᠪᠰᠢᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2017-09-22
       ᠬᠠᠷᠢᠶ᠎ᠠ ᠲᠤᠭᠤᠷᠢᠭ ᠤᠨ ᠤᠷᠴᠢᠨ ᠲᠤᠭᠤᠷᠢᠨ ᠤ ᠠᠮᠤᠷ ᠲᠦᠪᠰᠢᠨ ᠢ ᠳᠡᠭᠡᠭᠰᠢᠯᠡᠭᠦᠯᠦᠨ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠲᠤ ᠠᠮᠤᠷ ᠵᠢᠷᠭᠠᠯ ᠲᠠᠢ ᠨᠡᠶᠢᠭᠡᠮ ᠤᠨ ᠤᠷᠴᠢᠨ ᠬᠠᠩᠭᠠᠬᠤ ᠶᠢᠨ ᠲᠦᠯᠦᠭᠡ᠂ ᠬᠤᠩ ᠱᠠᠨ ᠲᠤᠭᠤᠷᠢᠭ ᠤᠨ ᠨᠠᠨ ᠰᠢᠨ ᠵᠡᠭᠡᠯᠢ ᠭᠤᠳᠤᠮᠵᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠲᠤᠭᠤᠷᠢᠭ ᠤᠨ ᠵᠤᠴᠢᠳ ᠤᠨ ᠪᠠᠭᠤᠳᠠᠯ ᠳᠤ ᠰᠠᠭᠤᠵᠤ ᠪᠠᠶᠢᠭ᠎ᠠ ᠬᠦᠮᠦᠰ ᠲᠤ ᠪᠠᠶᠢᠴᠠᠭᠠᠯᠲᠠ ᠬᠢᠬᠦ ᠶᠢᠨ ᠬᠠᠮᠲᠤ ᠪᠠᠰᠠ ᠵᠠᠷᠢᠮ ᠪᠠᠭᠤᠳᠠᠯ ᠳᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠪᠡ᠃        ᠨᠠᠨ ᠰᠢᠨ ᠵᠡᠭᠡᠯᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠲᠤᠭᠤᠷᠢᠭ ᠤᠨ ᠬᠡᠰᠡᠭ ᠪᠠᠭᠤᠳᠠᠯ ᠤᠨ ᠵᠤᠴᠢᠳ ᠤᠨ ᠪᠡᠶ᠎ᠡ ᠶᠢᠨ ᠦᠨᠡᠮᠯᠡᠯ ᠢ ᠨᠢ ᠬᠠᠷᠭᠤᠭᠤᠯᠤᠨ ᠦᠵᠡᠭᠰᠡᠨ ᠮᠦᠷᠲᠡᠭᠡᠨ ᠳᠦᠭᠦᠮ ᠯᠠᠪᠯᠠᠨ ᠠᠰᠠᠭᠤᠵᠤ᠂ ᠰᠡᠵᠢᠭ ᠲᠠᠢ ᠬᠦᠮᠦᠰ ᠢ ᠤᠯᠠᠮ ᠴᠢᠨᠠᠭᠰᠢᠲᠠ ᠪᠠᠶᠢᠴᠠᠭᠠᠪᠠ᠃ ᠭᠠᠯ ᠢ ᠰᠡᠷᠭᠡᠶᠢᠯᠡᠬᠦ ᠪᠠᠶᠢᠴᠠᠭᠠᠯᠲᠠ ᠳᠠᠭᠠᠨ᠂ ᠨᠢᠭᠡ ᠳᠤ ᠡᠯ᠎ᠡ ᠪᠠᠶᠢᠭᠤᠯᠤᠯᠭ᠎ᠠ ᠨᠢᠭᠡᠴᠡ ᠶᠢᠨ ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ᠪᠦᠷᠢᠨ ᠡᠰᠡᠭᠦ︔ ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ ᠳ᠋ᠧᠩ᠂ ᠲᠡᠮᠳᠡᠭ ᠡᠪᠳᠡᠷᠡᠭᠰᠡᠨ ᠡᠰᠡᠭᠦ︔ ᠭᠤᠷᠪᠠ ᠳᠤ ᠭᠡᠷ ᠲᠤᠲᠤᠷᠠᠬᠢ ᠴᠠᠬᠢᠯᠭᠠᠨ ᠮᠠᠰᠢᠨ ᠤ ᠴᠠᠬᠢᠯᠭᠠᠨ ᠤᠲᠠᠰᠤ ᠡᠷᠦᠢ ᠬᠤᠷᠤᠢ ᠦᠭᠡᠢ ᠪᠠᠶᠢᠬᠤ ᠡᠰᠡᠭᠦ︔ ᠳᠦᠷᠪᠡ ᠳᠤ ᠪᠠᠴᠢᠮ ᠲᠤᠲᠠᠭᠠᠬᠤ ᠡᠭᠦᠳᠡ ᠰᠠᠭᠠᠳ ᠦᠭᠡᠢ ᠨᠡᠪᠲᠡᠷᠡᠬᠦ ᠡᠰᠡᠭᠦ ᠪᠤᠯᠤᠨ᠎ᠠ᠃        ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠨ᠂ ᠬᠠᠷᠢᠶ᠎ᠠ ᠲᠤᠭᠤᠷᠢᠭ ᠤᠨ ᠲᠤᠲᠤᠷᠠᠬᠢ ᠵᠤᠴᠢᠳ ᠤᠨ ᠪᠠᠭᠤᠳᠠᠯ ᠡᠵᠡᠩᠨᠡᠵᠦ ᠪᠠᠶᠢᠭ᠎ᠠ ᠬᠦᠮᠦᠰ ᠤᠨ ᠠᠮᠤᠷ ᠲᠦᠪᠰᠢᠨ ᠤ ᠦᠵᠡᠯᠲᠡ ᠪᠠ ᠭᠠᠯ ᠢ ᠰᠡᠷᠭᠡᠶᠢᠯᠡᠬᠦ ᠤᠬᠠᠮᠰᠠᠷ ᠢ ᠪᠦᠲᠦᠮᠵᠢᠲᠡᠢ ᠪᠠᠷ ᠳᠡᠭᠡᠭᠰᠢᠯᠡᠭᠦᠯᠵᠦ᠂ ᠡᠭᠦᠨ ᠤ ᠬᠠᠮᠲᠤ᠂ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠯ᠎ᠡ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠠᠮᠤᠷ ᠢ ᠬᠠᠮᠠᠭᠠᠯᠠᠬᠤ ᠪᠠ ᠭᠠᠯ ᠢ ᠰᠡᠷᠭᠡᠶᠢᠯᠡᠬᠦ ᠶᠢ ᠰᠠᠶᠢᠲᠤᠷ ᠠᠳᠬᠤᠨ᠂ ᠠᠮᠤᠷ ᠲᠦᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠵᠢᠵᠢᠭᠦᠷᠯᠡᠨ ᠪᠠᠶᠢᠴᠠᠭᠠᠬᠤ ᠪᠠ ᠭᠠᠯ ᠢ ᠰᠡᠷᠭᠡᠶᠢᠯᠡᠬᠦ ᠲᠤᠭᠤᠷᠢᠨ ᠪᠠᠶᠢᠴᠠᠭᠠᠯᠲᠠ ᠶᠢ ᠴᠢᠩᠭᠠᠳᠬᠠᠨ᠂ ᠴᠠᠭ ᠲᠤᠬᠠᠢ ᠳᠤᠨᠢ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠵᠦ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠲᠤ ᠤᠬᠢ ᠰᠠᠶᠢᠨ ᠠᠮᠤᠷ ᠲᠦᠪᠰᠢᠨ ᠤᠷᠴᠢᠨ ᠲᠤᠭᠤᠷᠢᠨ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号