ᠬᠤᠨᠭ᠍ᠱᠠᠨ ᠲᠤᠭᠤᠷᠢᠭ ᠤᠨ ᠴᠠᠩ ᠴᠢᠩ ᠵᠡᠬᠡᠯᠢ ᠭᠤᠳᠤᠮᠵᠢ ᠠᠷᠠᠳ ᠤᠨ ᠲᠦᠯᠦᠬᠡᠯᠡᠭᠴᠢᠳ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠬᠦ ᠠᠵᠢᠯᠯᠠᠭᠠᠨ ᠦᠷᠨᠢᠬᠦᠯᠪᠠ
ᠨᠡᠶᠢᠲᠡᠯᠡᠭᠰᠡᠨ ᠴᠠᠭ᠄
2018-02-23
       ᠠᠷᠠᠳ ᠤᠨ ᠲᠦᠯᠦᠬᠡᠯᠡᠭᠴᠢᠳ ᠪᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠬᠠᠷᠢᠴᠠᠭ᠎ᠠ ᠶᠢ ᠤᠯᠠᠮ ᠰᠠᠶᠢᠵᠢᠷᠠᠭᠤᠯᠵᠦ᠂ ᠤᠯᠠᠨ ᠲᠦᠮᠡᠨ ᠤ ᠬᠦᠰᠡᠯ ᠢ ᠤᠢᠢᠯᠠᠭᠠᠨ᠂ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠲᠦᠯᠦᠬᠡᠯᠡᠭᠴᠢ ᠤᠯᠠᠨ ᠲᠦᠮᠡᠨ ᠲᠠᠢ ᠨᠢᠠᠠᠳᠠ ᠬᠠᠷᠢᠯᠴᠠᠬᠤ ᠬᠦᠬᠦᠷᠬᠡ ᠬᠤᠯᠪᠤᠭᠠᠰᠦ ᠶᠢᠨ ᠤᠢᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠦᠯᠦᠬᠡ᠂ ᠤᠢᠢᠷ᠎ᠠ ᠳᠤ᠂ ᠬᠤᠨᠭ᠍ᠱᠠᠨ ᠲᠤᠭᠤᠷᠢᠭ ᠤᠨ ᠴᠠᠩ ᠴᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠠᠩ ᠴᠢᠩ ᠨᠡᠶᠢᠬᠡᠮ ᠲᠤᠭᠤᠷᠢᠭ ᠲᠤ ︽ᠠᠷᠠᠳ ᠤᠨ ᠲᠦᠯᠦᠬᠡᠯᠡᠭᠴᠢᠳ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠨ᠂ ᠠᠷᠠᠳ ᠤᠨ ᠬᠦᠰᠡᠯ ᠢ ᠬᠠᠨᠭ᠍ᠭᠠᠬᠤ︾ ᠨᠡᠶᠢᠳᠡ ᠶᠢᠨ ᠠᠰᠠᠷᠠᠮᠵᠢ ᠶᠢᠨ ᠠᠵᠢᠯᠯᠠᠭᠠᠨ ᠦᠷᠨᠢᠬᠦᠯᠪᠠ᠃        ᠠᠵᠢᠯᠯᠠᠭᠠᠨ ᠤ ᠲᠤᠬᠠᠢ ᠶᠢᠨ ᠲᠠᠯᠠᠪᠤᠷ ᠲᠤ᠂ ᠠᠷᠠᠳ ᠤᠨ ᠲᠦᠯᠦᠬᠡᠯᠡᠭᠴᠢᠳ ᠠᠴᠠ ᠬᠠᠷᠢᠶ᠎ᠠ ᠲᠤᠭᠤᠷᠢᠭ ᠤᠨ ᠦᠨᠦᠴᠢᠨ ᠦᠷᠦᠬᠡᠰᠦᠨ ᠨᠠᠰᠤᠲᠠᠶᠢᠴᠤᠳ᠂ ᠵᠡᠮᠳᠡᠭᠴᠤᠳ᠂ ᠶᠠᠳᠠᠭᠤ ᠬᠦᠴᠢᠷᠲᠠᠢ ᠬᠡᠤᠬᠡᠳ ᠤᠳ᠂ ᠶᠠᠳᠠᠭᠤ ᠬᠦᠴᠢᠷᠲᠠᠢ ᠠᠵᠢᠯᠳᠡᠨ ᠵᠡᠷᠬᠡ ᠳᠤ ᠨᠤᠮ ᠪᠢᠴᠢᠭ᠂ ᠡᠮ᠂ ᠵᠡᠮᠳᠡᠭᠴᠤᠤᠯ ᠤᠨ ᠲᠡᠷᠬᠡ ᠵᠡᠷᠬᠡ ᠪᠤᠳᠠᠰ ᠬᠦᠷᠬᠡᠭᠰᠡᠨ ᠪᠠᠶᠢᠨ᠎ᠠ᠃        ᠤᠢᠢᠯᠠᠭᠠᠭᠰᠡᠨ ᠢᠶᠠᠷ᠂ ᠴᠠᠩ ᠴᠢᠩ ᠵᠡᠬᠡᠯᠢ ᠭᠤᠳᠤᠮᠵᠢ ᠶᠢᠨ ᠨᠠᠮ ᠤᠨ ᠬᠤᠷᠢᠶ᠎ᠠ ᠪᠠ ᠠᠷᠠᠳ ᠤᠨ ᠲᠦᠯᠦᠬᠡᠯᠡᠭᠴᠢᠳ ᠡᠷᠤᠬᠡ ᠪᠠᠷ ᠬᠦᠨᠵᠡᠬᠡᠶᠢᠷᠡᠬᠦ᠂ ᠶᠠᠷᠢᠯᠴᠠᠬᠤ ᠬᠤᠷᠠᠯ ᠬᠢᠬᠦ ᠬᠡᠯᠪᠡᠷᠢ ᠪᠠᠷ ᠬᠠᠷᠢᠶ᠎ᠠ ᠲᠤᠭᠤᠷᠢᠭ ᠤᠨ ᠲᠤᠤᠷ᠎ᠠ ᠪᠠᠳᠤᠯᠡᠭᠠᠳᠦ ᠡᠷᠤᠬᠡ᠂ ᠶᠠᠳᠠᠭᠤ ᠬᠦᠴᠢᠷᠲᠠᠢ ᠡᠷᠤᠬᠡ ᠶᠢᠨ ᠬᠡᠷ ᠪᠦᠯᠢ ᠶᠢᠨ ᠪᠠᠶᠢᠳᠠᠯ ᠪᠠ ᠱᠠᠭᠠᠷᠳᠠᠯᠭ᠎ᠠ ᠶᠢ ᠤᠢᠢᠯᠠᠭᠠᠨ᠂ ᠨᠡᠶᠢᠳᠡ 60 ᠭᠠᠷᠦᠢ ᠰᠠᠨᠠᠯ ᠲᠤᠷᠠᠳᠤᠯᠭ᠎ᠠ ᠶᠢ ᠬᠤᠷᠠᠮᠳᠠᠭᠤᠯᠵᠦ᠂ ᠡᠯ᠎ᠠ ᠠᠷᠠᠳ ᠤᠨ ᠲᠦᠯᠦᠬᠡᠯᠡᠭᠴᠢᠳ ᠬᠤᠪᠢ ᠬᠤᠪᠢ ᠶᠢᠨ ᠲᠠᠪᠠᠭᠤᠯᠢᠭ ᠢᠶᠠᠨ ᠪᠠᠳᠠᠷᠠᠭᠤᠯᠤᠨ ᠰᠠᠭᠤᠭᠠᠯᠢ ᠠᠷᠠᠳ ᠢ ᠬᠠᠪᠰᠤᠷᠤᠨ ᠬᠦᠰᠡᠯ ᠱᠠᠭᠠᠷᠳᠠᠯᠭ᠎ᠠ ᠶᠢ ᠨᠢ ᠬᠠᠨᠭ᠍ᠭᠠᠬᠤ ᠪᠠᠷ ᠴᠢᠷᠮᠠᠶᠢᠪᠠ᠃ ᠲᠠᠷᠠᠭ᠎ᠠ ᠠᠯᠬᠤᠮ ᠳᠤ᠂ ᠴᠡᠩ ᠴᠢᠩ ᠵᠡᠬᠡᠯᠢ ᠭᠤᠳᠤᠮᠵᠢ ᠪᠠᠰᠠ ᠠᠷᠠᠳ ᠤᠨ ᠲᠦᠯᠦᠬᠡᠯᠡᠭᠴᠢᠳ ᠢᠶᠠᠨ ᠵᠤᠬᠢᠶᠠᠨ ᠪᠠᠶᠢᠭᠤᠯᠤᠨ ᠰᠤᠷᠤᠯᠴᠠᠬᠤ᠂ ᠶᠠᠷᠢᠯᠴᠠᠬᠤ᠂ ᠡᠷᠤᠬᠡ ᠪᠠᠷ ᠬᠦᠨᠵᠡᠬᠡᠶᠢᠷᠡᠬᠦ ᠠᠵᠢᠯᠯᠠᠭᠠᠨ ᠦᠷᠨᠢᠬᠦᠯᠬᠦ ᠪᠠᠷ ᠲᠠᠮᠵᠢᠨ ᠠᠷᠠᠳ ᠤᠨ ᠲᠦᠯᠦᠬᠡᠯᠡᠭᠴᠢᠳ ᠤᠨ ᠡᠬᠦᠷᠬᠡ ᠲᠤᠰᠢᠶᠠᠯ ᠪᠠ ᠠᠷᠠᠳ ᠲᠤ ᠤᠢᠢᠯᠡᠴᠢᠯᠡᠬᠦ ᠴᠢᠳᠠᠪᠦᠷᠢ ᠶᠢ ᠲᠡᠬᠡᠭᠰᠢᠯᠡᠬᠦᠯᠵᠦ᠂ ᠤᠯᠠᠨ ᠲᠦᠮᠡᠨ ᠤ ᠬᠦᠴᠢᠷᠳᠡᠯ ᠢ ᠦᠨᠡᠨ ᠬᠦ ᠰᠢᠢᠳᠪᠦᠷᠢᠯᠡᠬᠦ ᠪᠠᠷ ᠪᠠᠶᠢᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号