ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠲᠦᠷᠢᠮ
ᠨᠡᠶᠢᠲᠡᠯᠡᠭᠰᠡᠨ ᠴᠠᠭ᠄
2018-03-21
                 ︵2012 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ                  ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ                  ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ                  ᠪᠠᠶᠢᠩᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠬᠤᠷᠠᠯ ᠠᠴᠠ ᠪᠠᠲᠤᠯᠠᠪᠠ︶          ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠤᠭᠡᠷ          ᠬᠤᠭᠤᠴᠠᠭᠠᠨ ᠤ ᠠᠷᠠᠳ ᠤᠨ ᠲᠦ᠋ᠯᠦᠭᠡᠯᠡᠭᠴᠢᠳ ᠤᠨ ᠶᠡᠭᠡ          ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ          ᠲᠦᠴᠢᠨ ᠲᠠᠪᠤᠳᠤᠭᠠᠷ ᠲᠤᠭᠠᠳᠤ        2012 ᠣᠨ ᠤ 11 ᠳ᠋ᠤᠭᠠᠷ ᠰᠠᠷ᠎ᠠ ᠶᠢᠨ 29 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠬᠤᠷᠠᠯ ᠠᠴᠠ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠳᠦᠷᠢᠮ︾ ᠢ ᠪᠠᠲᠤᠯᠠᠪᠠ᠂ ᠣᠳᠣ ᠨᠡᠶᠢᠲᠡᠯᠡᠶ᠎ᠡ᠂ 2013 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃        ᠨᠢᠭᠡᠳᠦᠭᠡᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠠᠷᠠᠳ ᠢᠷᠭᠡᠳ ᠤᠨ ᠬᠠᠤᠯᠢ ᠳᠦᠷᠢᠮ ᠤᠨ ᠦᠵᠡᠯᠲᠡ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠭᠰᠠᠨ ᠥᠪᠥᠷ ᠮᠣᠩᠭᠤᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠦᠨᠳᠦᠰᠦᠨ ᠬᠠᠤᠯᠢ ᠪᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ ᠤ ᠪᠣᠳᠠᠲᠠᠢ ᠲᠠᠢ ᠪᠠᠨ ᠤᠶᠠᠯᠳᠤᠭᠤᠯᠵᠤ ᠲᠤᠰ ᠳᠦᠷᠢᠮ ᠢ ᠲᠣᠭᠲᠠᠭᠠᠪᠠ᠃        ᠬᠤᠶᠠᠳᠤᠭᠠᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠭᠤᠣᠯ ᠡᠭᠦᠷᠭᠡ ᠪᠣᠯ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠳᠡᠭᠡᠨ ᠵᠠᠰᠠᠬᠤ ᠬᠠᠤᠯᠢ ᠬᠢᠭᠡᠳ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ ᠤᠬᠠᠭᠤᠯᠤᠨ᠂ ᠠᠷᠠᠳ ᠢᠷᠭᠡᠳ ᠤᠨ ᠬᠠᠤᠯᠢ ᠰᠤᠷᠬᠤ᠂ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠭᠦ ᠦᠵᠡᠯ ᠤᠬᠠᠮᠰᠠᠷ ᠬᠢᠭᠡᠳ ᠦᠢᠯᠡ ᠠᠵᠢᠯᠯᠠᠭ᠎ᠠ ᠶᠢᠨ ᠳᠠᠳᠬᠠᠯ ᠢ ᠬᠥᠮᠥᠵᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠠᠵᠢᠯᠯᠠᠬᠤ᠂ ᠦᠨᠡᠨᠴᠢ ᠢᠲᠡᠭᠡᠮᠵᠢ ᠲᠠᠢ ᠪᠠᠷ ᠬᠠᠤᠯᠢ ᠰᠠᠬᠢᠬᠤ ᠶᠢ ᠠᠬᠢᠭᠤᠯᠵᠤ᠂ ᠲᠥᠷᠥ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠭᠤᠣᠯᠴᠢ ᠪᠠᠷ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃        ᠭᠤᠷᠪᠠᠳᠤᠭᠠᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠥᠷᠨᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃        ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠵᠣᠬᠢᠴᠠᠩᠭᠤᠢ ᠪᠠᠶᠢᠭᠤᠯᠤᠮᠵᠢ ᠪᠠ ᠠᠵᠢᠯᠳᠠᠨ ᠲᠣᠭᠲᠠᠭᠠᠨ ᠲᠤᠰ ᠰᠠᠯᠠᠭ᠎ᠠ ᠮᠥᠴᠢᠷ᠂ ᠲᠤᠰ ᠨᠢᠭᠡᠴᠡ ᠬᠢᠭᠡᠳ ᠨᠡᠶᠢᠭᠡᠮ ᠳᠤ ᠬᠠᠨᠳᠤᠭᠤᠯᠣᠭᠰᠠᠨ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠠᠤᠯᠢ ᠴᠠᠭᠠᠵᠠ ᠶᠢᠨ ᠲᠤᠰᠬᠠᠢ ᠠᠵᠢᠯᠲᠠᠨ ᠤ ᠣᠯᠠᠨ ᠵᠦᠢᠯ ᠤᠨ ᠬᠡᠯᠪᠡᠷᠢ ᠪᠠᠷ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠬᠢᠬᠦ ᠶᠢ ᠳᠡᠮᠵᠢᠬᠦ ᠪᠠ ᠣᠷᠣᠯᠴᠠᠬᠤ ᠶᠢ ᠵᠣᠷᠢᠬᠵᠢᠭᠤᠯᠤᠨ᠎ᠠ᠃        ᠳᠥᠷᠪᠡᠳᠦᠭᠡᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠨᠢᠭᠡᠳᠦᠯᠲᠡᠢ ᠲᠥᠯᠥᠪᠵᠢᠭᠦᠯᠵᠦ᠂ ᠲᠥᠷᠥᠯ ᠬᠤᠪᠢᠶᠠᠨ ᠬᠡᠷᠡᠭᠵᠢᠭᠦᠯᠵᠦ᠂ ᠪᠠᠶᠢᠩᠭᠤ ᠶᠢᠨ ᠴᠢᠨᠠᠷᠲᠠᠢ ᠬᠥᠮᠥᠵᠢᠭᠦᠯᠬᠦ ᠪᠠ ᠲᠥᠪᠯᠡᠷᠡᠭᠦᠯᠦᠨ ᠬᠥᠮᠥᠵᠢᠭᠦᠯᠬᠦ ᠶᠢ ᠤᠶᠠᠯᠳᠤᠭᠤᠯᠬᠤ᠂ ᠲᠦᠭᠡᠮᠡᠯ ᠬᠥᠮᠥᠵᠢᠯ ᠬᠢᠭᠡᠳ ᠭᠤᠣᠯᠳᠠᠯᠭ᠎ᠠ ᠲᠠᠢ ᠬᠥᠮᠥᠵᠢᠯ ᠢ ᠤᠶᠠᠯᠳᠤᠭᠤᠯᠬᠤ᠂ ᠤᠬᠠᠭᠤᠯᠭ᠎ᠠ ᠬᠥᠮᠥᠵᠢᠯ ᠬᠢᠭᠡᠳ ᠬᠠᠤᠯᠢ ᠪᠠᠷ ᠵᠠᠰᠠᠬᠤ ᠦᠢᠯᠡᠳᠦᠯᠭᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃        ᠲᠠᠪᠤᠳᠤᠭᠠᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠬᠦᠷᠲᠡᠬᠦ ᠡᠲᠡᠭᠡᠳ ᠪᠣᠯ ᠰᠤᠷᠭᠠᠨ ᠬᠥᠮᠥᠵᠢᠯ ᠬᠦᠷᠲᠡᠬᠦ ᠴᠢᠳᠠᠪᠤᠷᠢ ᠲᠠᠢ ᠠᠷᠠᠳ ᠢᠷᠭᠡᠨ ᠪᠦᠬᠦᠨ ᠪᠠᠶᠢᠵᠤ᠂ ᠭᠤᠣᠯᠳᠠᠭᠤ ᠲᠥᠷᠥ ᠶᠢᠨ ᠠᠯᠪᠠᠲᠠᠨ᠂ ᠵᠠᠯᠠᠭᠤᠴᠤᠳ ᠪᠠᠭᠠᠴᠤᠳ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠪᠠ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠳ ᠪᠠᠭᠲᠠᠨ᠎ᠠ᠃        ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠬᠢᠬᠦ ᠳᠤ ᠠᠳᠠᠯᠢ ᠪᠤᠰᠤ ᠴᠠᠭ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠭᠤᠣᠯ ᠠᠭᠤᠯᠭ᠎ᠠ ᠪᠠ ᠦᠨᠳᠦᠰᠦᠨ ᠱᠠᠭᠠᠷᠳᠠᠯᠭ᠎ᠠ ᠪᠠᠨ ᠲᠣᠭᠲᠠᠭᠠᠵᠤ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠠᠰᠢᠭᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃        ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠤ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠥᠷᠨᠢᠭᠦᠯᠬᠦ ᠳᠤ ᠲᠤᠬᠠᠢ ᠶᠢᠨ ᠭᠠᠵᠠᠷ ᠲᠤ ᠨᠡᠶᠢᠳᠡᠮ ᠬᠡᠷᠡᠭᠯᠡᠳᠡᠭ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ᠃        ᠵᠢᠷᠭᠤᠳᠤᠭᠠᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠣᠯᠠᠨ ᠵᠦᠢᠯ ᠤᠨ ᠠᠴᠢᠶᠠᠯᠠᠭᠴᠢ᠂ ᠬᠡᠯᠪᠡᠷᠢ ᠪᠠ ᠠᠷᠭ᠎ᠠ ᠪᠠᠷᠢᠯ ᠢᠶᠠᠷ ᠬᠠᠤᠯᠢ ᠴᠠᠭᠠᠵᠠ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠨᠢᠭᠡᠴᠡ ᠳᠤ ᠣᠷᠣᠭᠤᠯᠬᠤ ᠬᠢᠭᠡᠳ ᠬᠠᠤᠯᠢ ᠴᠠᠭᠠᠵᠠ ᠶᠢᠨ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ᠂ ᠤᠬᠠᠭᠤᠯᠭ᠎ᠠ ᠶᠢᠨ ᠡᠳᠦᠷ ᠵᠡᠷᠭᠡ ᠰᠡᠳᠦᠪ ᠢᠶᠠᠷ ᠥᠷᠨᠢᠭᠦᠯᠬᠦ ᠬᠡᠷᠡᠭᠲᠡᠢ᠃        ᠳᠣᠯᠣᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠲᠥᠯᠥᠪᠵᠢᠭᠦᠯᠭᠡ ᠲᠣᠭᠲᠠᠭᠠᠵᠤ᠂ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠵᠠᠷᠤᠳᠠᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠦᠰᠦᠪ ᠲᠡᠭᠡᠨ ᠣᠷᠣᠭᠤᠯᠵᠤ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ ᠶᠢᠨ ᠬᠠᠮᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠤ ᠨᠡᠮᠡᠭᠳᠡᠬᠦ ᠶᠢ ᠳᠠᠭᠠᠯᠳᠤᠨ ᠢᠳᠡᠭ ᠢᠳᠡᠭ ᠢᠶᠠᠷ ᠨᠡᠮᠡᠭᠳᠡᠭᠦᠯᠬᠦ ᠬᠡᠷᠡᠭᠲᠡᠢ᠃        ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠴᠢᠬᠤᠯᠠ ᠪᠦᠬᠦᠢ ᠵᠠᠷᠤᠳᠠᠯ ᠢ ᠨᠢᠭᠡᠳᠦᠯᠲᠡᠢ ᠲᠣᠬᠢᠷᠠᠭᠤᠯᠵᠤ᠂ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠶᠢ ᠪᠠᠲᠤᠯᠠᠬᠤ ᠬᠡᠷᠡᠭᠲᠡᠢ᠃        ᠶᠢᠰᠦᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠭᠤᠣᠯᠯᠠᠨ ᠬᠠᠮᠢᠶᠠᠷᠴᠤ᠂ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠤᠨ ᠲᠥᠯᠥᠪᠵᠢᠭᠦᠯᠭᠡ ᠶᠢ ᠵᠢᠱᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠵᠤ ᠪᠠᠶᠢᠴᠠᠭᠠᠬᠤ ᠪᠠ ᠬᠢᠨᠠᠨ ᠰᠢᠯᠭᠠᠨ᠎ᠠ᠃        ᠠᠷᠪᠠᠳᠤᠭᠠᠷ ᠵᠦᠢᠯ    ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠲᠠᠢ ᠤᠶᠠᠯᠳᠤᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠥᠵᠢᠯ ᠢ ᠥᠷᠨᠢᠭᠦᠯᠬᠦ ᠬᠡᠷᠡᠭᠲᠡᠢ᠃        ᠠᠷᠪᠠᠨ ᠨᠢᠭᠡᠳᠦᠭᠡᠷ ᠵᠦᠢᠯ    ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠠᠬᠢ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠢ ᠬᠠᠮᠢᠶᠠᠷᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃        ᠠᠷᠪᠠᠨ ᠬᠤᠶᠠᠳᠤᠭᠠᠷ ᠵᠦᠢᠯ    ᠲᠥᠷᠥ ᠶᠢᠨ ᠠᠯᠪᠠᠲᠠᠨ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠴᠠᠭᠠᠵᠠ ᠶᠢᠨ ᠦᠨᠳᠦᠰᠦᠨ ᠮᠡᠳᠡᠯᠭᠡ ᠪᠠ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢ ᠲᠥᠷᠥ ᠶᠢᠨ ᠠᠯᠪᠠᠲᠠᠨ ᠢ ᠡᠯᠰᠡᠬᠦ ᠰᠢᠯᠭᠠᠯᠲᠠ᠂ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠬᠠᠢ ᠠᠵᠢᠯ ᠤᠨ ᠪᠣᠯᠪᠠᠰᠤᠷᠠᠯ ᠪᠠ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠭᠤᠯᠭ᠎ᠠ ᠪᠣᠯᠭᠠᠬᠤ ᠬᠡᠷᠡᠭᠲᠡᠢ᠃        ᠠᠷᠪᠠᠨ ᠭᠤᠷᠪᠠᠳᠤᠭᠠᠷ ᠵᠦᠢᠯ    ᠰᠣᠶᠣᠯ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠳᠦᠷᠢᠮ ᠤᠨ ᠰᠡᠳᠦᠪᠲᠦ ᠣᠷᠠᠨ ᠵᠣᠬᠢᠶᠠᠯ ᠤᠷᠠᠯᠢᠭ ᠤᠨ ᠪᠦᠲᠦᠭᠡᠭᠳᠡᠬᠦᠨ ᠵᠣᠬᠢᠶᠠᠨ ᠪᠦᠲᠦᠭᠡᠭᠦ᠂ ᠦᠵᠡᠭᠦᠯᠬᠦ᠂ ᠬᠡᠪᠯᠡᠬᠦ ᠪᠠ ᠨᠡᠪᠲᠡᠷᠡᠭᠦᠯᠬᠦ ᠠᠵᠢᠯ ᠢ ᠰᠠᠶᠢᠲᠤᠷ ᠬᠢᠵᠦ᠂ ᠮᠣᠩᠭᠤᠯ ᠦᠭᠡ ᠬᠡᠯᠡ ᠦᠰᠦᠭ ᠪᠢᠴᠢᠭ ᠢᠶᠠᠷ ᠢᠯᠡᠳᠭᠡᠭᠦ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠪᠦᠲᠦᠭᠡᠭᠳᠡᠬᠦᠨ ᠢ ᠦᠢᠯᠡᠳᠬᠦ᠂ ᠣᠷᠴᠢᠭᠤᠯᠵᠤ ᠨᠠᠶᠢᠷᠠᠭᠤᠯᠬᠤ ᠠᠵᠢᠯ ᠢ ᠴᠢᠩᠭᠠᠳᠬᠠᠬᠤ ᠬᠡᠷᠡᠭᠲᠡᠢ᠃        ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠣᠯᠠᠨ ᠨᠡᠶᠢᠲᠡ ᠶᠢᠨ ᠳᠠᠮᠵᠢᠭᠤᠯᠬᠤ ᠵᠠᠭᠤᠴᠢᠯᠠᠭᠤᠷ ᠬᠠᠤᠯᠢ ᠳᠦᠷᠢᠮ ᠤᠨ ᠫᠷᠦᠭᠷᠡᠮ᠂ ᠳᠡᠯᠭᠡᠴᠡ ᠡᠷᠬᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠥᠷᠨᠢᠭᠦᠯᠬᠦ ᠬᠡᠷᠡᠭᠲᠡᠢ᠃        ᠠᠷᠪᠠᠨ ᠳᠥᠷᠪᠡᠳᠦᠭᠡᠷ ᠵᠦᠢᠯ    ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠵᠢᠭᠠᠨ ᠰᠤᠷᠭᠠᠬᠤ ᠠᠭᠤᠯᠭ᠎ᠠ ᠪᠣᠯᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠵᠢᠭᠠᠨ ᠰᠣᠷᠭᠠᠬᠤ ᠲᠥᠯᠥᠪᠯᠡᠭᠡ᠂ ᠵᠢᠭᠠᠬᠤ ᠮᠠᠲ᠋ᠧᠷᠢᠶᠠᠯ ᠂ ᠬᠢᠴᠢᠶᠡᠯᠯᠡᠬᠦ ᠴᠠᠭ᠂ ᠪᠠᠭᠰᠢ ᠶᠢ ᠨᠠᠶᠢᠳᠠᠪᠤᠷᠢᠵᠢᠭᠤᠯᠬᠤ ᠳᠤ ᠠᠳᠠᠯᠢ ᠪᠤᠰᠤ ᠨᠠᠰᠤᠨ ᠤ ᠰᠤᠷᠤᠭᠴᠢᠳ ᠤᠨ ᠹᠢᠽᠢᠣᠯᠣᠭᠢ᠂ ᠰᠡᠳᠬᠢᠴᠡ ᠶᠢᠨ ᠣᠨᠴᠠᠯᠢᠭ ᠪᠠ ᠬᠦᠯᠢᠶᠡᠨ ᠠᠪᠬᠤ ᠴᠢᠳᠠᠪᠤᠷᠢ ᠶᠢ ᠦᠨᠳᠦᠰᠦᠯᠡᠨ ᠴᠢᠭᠯᠡᠭᠦᠯᠦᠯᠳᠦ ᠴᠢᠨᠠᠷᠲᠠᠢ ᠪᠠᠷ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠪᠠ ᠬᠠᠤᠯᠢ ᠪᠠᠷ ᠵᠠᠰᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠃        ᠠᠷᠪᠠᠨ ᠲᠠᠪᠤᠳᠤᠭᠠᠷ ᠵᠦᠢᠯ    ᠠᠵᠤ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠡᠭᠦᠨ ᠤ ᠬᠠᠮᠢᠶᠠᠷᠴᠤ ᠪᠠᠶᠢᠭ᠎ᠠ ᠪᠤᠶᠤ ᠬᠠᠷᠢᠯᠴᠠᠵᠤ ᠪᠠᠶᠢᠭ᠎ᠠ ᠡᠯ᠎ᠡ ᠲᠥᠷᠥᠯ ᠤᠨ ᠭᠤᠣᠯ ᠴᠣᠭᠴᠠ ᠶᠢᠨ ᠭᠤᠣᠯ ᠪᠣᠯᠬᠤ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠳᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠬᠥᠮᠥᠵᠢᠯ ᠬᠢᠵᠦ᠂ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠳᠠᠭᠠᠨ ᠬᠠᠤᠯᠢ ᠳᠦᠷᠢᠮ ᠤᠨ ᠬᠥᠮᠥᠵᠢᠯ ᠬᠢᠬᠦ ᠶᠢ ᠵᠢᠯᠣᠭᠤᠳᠴᠤ ᠰᠢᠪᠠᠳᠠᠭᠤᠯᠬᠤ ᠬᠡᠷᠡᠭᠲᠡᠢ᠃        ᠠᠷᠪᠠᠨ ᠵᠢᠷᠭᠤᠳᠤᠭᠠᠷ ᠵᠦᠢᠯ    ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠣᠷᠢ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠢᠶᠠᠨ ᠨᠡᠭᠦᠳᠡᠯ ᠬᠥᠮᠥᠨ ᠠᠮᠠ᠂ ᠬᠤᠲᠠ ᠣᠷᠣᠵᠤ ᠬᠦᠴᠦᠨ ᠤ ᠠᠵᠢᠯ ᠬᠢᠭᠰᠡᠳ᠂ ᠠᠵᠢᠯ ᠠᠯᠳᠠᠭᠰᠠᠳ᠂ ᠳᠡᠭᠡᠭᠰᠢ ᠵᠠᠭᠠᠯᠳᠤᠯᠭ᠎ᠠ ᠬᠢᠵᠦ ᠪᠠᠶᠢᠭ᠎ᠠ ᠬᠥᠮᠥᠰ ᠵᠡᠷᠭᠡ ᠬᠠᠮᠢᠶᠠᠷᠬᠤ ᠪᠠ ᠦᠢᠯᠡᠴᠢᠯᠡᠬᠦ ᠡᠲᠡᠭᠡᠳ ᠲᠠᠬᠢ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠢᠶᠠᠨ ᠴᠢᠩᠭᠠᠳᠬᠠᠵᠤ᠂ ᠲᠡᠳᠡᠨ ᠤ ᠬᠠᠤᠯᠢ ᠰᠤᠷᠬᠤ ᠬᠠᠤᠯᠢ ᠰᠠᠬᠢᠬᠤ ᠶᠢ ᠬᠦᠳᠦᠯᠦᠨ ᠵᠢᠯᠣᠭᠤᠳᠴᠤ᠂ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠤᠰᠤᠭᠠᠷ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃        ᠠᠷᠪᠠᠨ ᠳᠣᠯᠣᠳᠤᠭᠠᠷ ᠵᠦᠢᠯ    ᠭᠢᠨᠳᠠᠨ᠂ ᠬᠥᠳᠡᠯᠮᠦᠷᠢ ᠪᠠᠷ ᠬᠥᠮᠥᠵᠢᠭᠦᠯᠬᠦ ᠭᠠᠵᠠᠷ᠂ ᠰᠠᠬᠢᠨ ᠬᠤᠷᠢᠬᠤ ᠭᠠᠵᠠᠷ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠪᠠᠶᠢᠭᠤᠯᠤᠮᠵᠢ᠂ ᠲᠦᠷ ᠬᠤᠷᠢᠬᠤ ᠭᠠᠵᠠᠷ᠂ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠴᠠᠭᠠᠵᠠᠯᠠᠬᠤ ᠭᠠᠵᠠᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠢᠶᠠᠨ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠢ ᠡᠷᠡᠭᠦᠦ ᠰᠢᠢᠳᠬᠡᠯ ᠭᠦᠢᠴᠡᠳᠬᠡᠭᠴᠢ᠂ ᠬᠥᠳᠡᠯᠮᠦᠷᠢ ᠪᠠᠷ ᠵᠠᠰᠠᠨ ᠬᠥᠮᠥᠵᠢᠭᠦᠯᠦᠭᠰᠡᠳ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠢ ᠬᠦᠯᠢᠶᠡᠭᠰᠡᠳ᠂ ᠵᠠᠰᠠᠭ ᠵᠠᠬᠢᠷᠭᠠᠨ ᠢᠶᠠᠷ ᠲᠦᠷ ᠬᠤᠷᠢᠭᠰᠠᠳ᠂ ᠬᠤᠣᠷ ᠲᠠᠲᠠᠭᠰᠠᠳ ᠢ ᠬᠥᠮᠥᠵᠢᠭᠦᠯᠵᠦ ᠥᠭᠡᠷᠡᠴᠢᠯᠡᠬᠦ ᠲᠥᠯᠥᠪᠯᠡᠭᠡ ᠳᠡᠭᠡᠨ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ᠠᠷᠪᠠᠨ ᠨᠠᠢᠮᠠᠳᠤᠭᠠᠷ ᠵᠦᠢᠯ    ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠵᠣᠬᠢᠶᠠᠨ ᠪᠠᠶᠢᠭᠤᠯᠤᠯᠲᠠ ᠲᠤᠰ ᠲᠤᠰ ᠤᠨ ᠠᠵᠢᠯ ᠤᠨ ᠬᠡᠪᠴᠢᠶ᠎ᠡ ᠪᠠ ᠠᠵᠢᠯ ᠤᠨ ᠣᠨᠴᠠᠯᠢᠭ ᠢᠶᠠᠨ ᠦᠨᠳᠦᠰᠦᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠵᠢᠯᠲᠠᠨ ᠠᠵᠢᠯᠴᠢᠨ᠂ ᠵᠠᠯᠠᠭᠤᠴᠤᠳ ᠪᠠᠭᠠᠴᠤᠳ ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃        ᠠᠷᠪᠠ ᠶᠢᠰᠦᠳᠦᠭᠡᠷ ᠵᠦᠢᠯ    ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠨᠳᠦᠰᠦᠨ ᠱᠠᠲᠤᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠤ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ᠂ ᠭᠤᠶᠤᠴᠢᠯᠠᠯ ᠢᠶᠠᠨ ᠢᠯᠡᠳᠬᠡᠬᠦ᠂ ᠵᠢᠭᠤᠷᠠᠭᠠᠨ ᠢ ᠨᠠᠮᠳᠠᠭᠤᠯᠬᠤ ᠶᠢ ᠬᠦᠳᠦᠯᠦᠨ ᠵᠢᠯᠣᠭᠤᠳᠴᠤ᠂ ᠣᠯᠠᠨ ᠲᠦᠮᠡᠨ ᠤ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠪᠠ ᠨᠡᠶᠢᠭᠡᠮ ᠤᠨ ᠬᠠᠮᠢᠶᠠᠷᠤᠯᠲᠠ ᠶᠢᠨ ᠠᠵᠢᠯᠯᠠᠭ᠎ᠠ ᠳᠤ ᠣᠷᠣᠯᠴᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃        ᠬᠤᠷᠢᠳᠤᠭᠠᠷ ᠵᠦᠢᠯ    ᠲᠥᠷᠥ ᠶᠢᠨ ᠠᠯᠪᠠᠲᠠᠨ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠠᠯᠪᠠᠲᠠᠨ ᠤ ᠬᠠᠤᠯᠢ︾ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠬᠥᠮᠥᠰ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠳᠤ ᠱᠠᠲᠤ ᠲᠥᠷᠥᠯ ᠬᠤᠪᠢᠶᠠᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠬᠦ ᠬᠡᠷᠡᠭᠲᠡᠢ᠃ ᠰᠢᠯᠭᠠᠯᠲᠠ ᠶᠢᠨ ᠠᠵᠢᠯ ᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ᠬᠤᠷᠢᠨ ᠨᠢᠭᠡᠳᠦᠭᠡᠷ ᠵᠦᠢᠯ    ᠲᠥᠷᠥ ᠶᠢᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠬᠠᠤᠯᠢ ᠴᠠᠭᠠᠵᠠ ᠶᠢ ᠰᠤᠷᠤᠯᠴᠠᠭᠰᠠᠨ ᠪᠠ ᠵᠢᠷᠤᠮᠯᠠᠭᠰᠠᠨ ᠪᠠᠶᠢᠳᠠᠯ ᠢ ᠠᠵᠢᠯᠲᠠᠨ ᠢᠶᠠᠨ ᠬᠢᠨᠠᠨ ᠰᠢᠯᠭᠠᠬᠤ᠂ ᠰᠢᠯᠭᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃        ᠬᠤᠷᠢᠨ ᠬᠤᠶᠠᠳᠤᠭᠠᠷ ᠵᠦᠢᠯ    ᠡᠯ᠎ᠡ ᠱᠠᠲᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠵᠢᠯ ᠤᠨ ᠮᠡᠳᠡᠭᠦᠯᠦᠯᠲᠡ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠡᠳ ᠲᠥᠯᠥᠭᠡᠯᠡᠭᠴᠢᠳ ᠤᠨ ᠠᠵᠢᠯ ᠪᠠᠶᠢᠴᠠᠭᠠᠭᠰᠠᠨ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ ᠵᠡᠷᠭᠡ ᠬᠡᠯᠪᠡᠷᠢ ᠪᠠᠷ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃        ᠬᠤᠷᠢᠨ ᠭᠤᠷᠪᠠᠳᠤᠭᠠᠷ ᠵᠦᠢᠯ    ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠳᠤᠮᠳᠠ ᠲᠣᠪᠤᠶᠢᠮ᠎ᠠ ᠬᠢᠷᠢ ᠪᠦᠲᠦᠮᠵᠢ ᠤᠯᠤᠭᠰᠠᠨ ᠨᠢᠭᠡᠴᠡ ᠪᠠ ᠬᠤᠪᠢ ᠬᠥᠮᠥᠨ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠦᠬᠢᠭᠦᠯᠦᠨ ᠰᠠᠶᠢᠰᠢᠶᠠᠨ᠎ᠡ᠃        ᠬᠤᠷᠢᠨ ᠳᠥᠷᠪᠡᠳᠦᠭᠡᠷ ᠵᠦᠢᠯ    ᠲᠥᠷᠥ ᠶᠢᠨ ᠪᠠᠶᠢᠭᠤᠯᠭ᠎ᠠ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠲᠤᠰ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠠᠤᠯᠢ ᠳᠦᠷᠢᠮ ᠤᠨ ᠤᠬᠠᠭᠤᠯᠭ᠎ᠠ ᠬᠥᠮᠥᠵᠢᠯ ᠤᠨ ᠠᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠬᠦ ᠦᠭᠡᠢ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠠᠨ ᠰᠢᠭᠦᠮᠵᠢᠯᠡᠨ᠎ᠡ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠰᠢᠳᠬᠡᠯ ᠦᠭᠭᠦᠨ᠎ᠡ᠃        ᠬᠤᠷᠢᠨ ᠲᠠᠪᠤᠳᠤᠭᠠᠷ ᠵᠦᠢᠯ    ᠲᠤᠰ ᠳᠦᠷᠢᠮ ᠢ 2013 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号