ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠲᠤᠬᠠᠢ ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ ᠭᠡᠷᠡᠭᠵᠢᠭᠦᠯᠬᠦ ᠰᠠᠨᠠᠯ ᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2018-03-21
                 ᠥᠪᠥᠷ ᠵᠠᠰᠠᠭ ᠠᠯᠪᠠᠨ ᠲᠠᠷᠬᠠᠭᠠᠭᠰᠠᠨ ︹2017︺ 147 ᠳ᠋ᠤᠭᠠᠷ ᠲᠤᠭᠠᠳᠤ                  2017 ᠤᠨ ᠤ 9 ᠳ᠋ᠤᠭᠡᠷ ᠰᠠᠷ᠎ᠠ ᠶᠢᠨ 15 ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠡ ᠳᠤ᠄        ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ ︽ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠲᠤᠬᠠᠢ ᠭᠡᠷᠡᠭᠵᠢᠭᠦᠯᠬᠦ ᠰᠠᠨᠠᠯ︾ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠤᠲᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠥᠭᠡᠢ᠃                  ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠥᠨ ᠮᠠᠨᠳᠤᠭᠤᠯᠬᠤ ᠲᠤᠬᠠᠢ ᠭᠡᠷᠡᠭᠵᠢᠭᠦᠯᠬᠦ ᠰᠠᠨᠠᠯ                  ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ        ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠭᠦᠳᠠ ᠬᠤᠷᠠᠯ ᠤᠨ ︽ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ ᠶᠢ ᠪᠠᠶᠢᠭᠤᠯᠵᠤ᠂ ᠰᠤᠶᠤᠯ ᠤᠨ ᠥᠪ ᠬᠥᠷᠥᠩᠭᠡ ᠶᠢ ᠬᠠᠮᠠᠭᠠᠯᠠᠬᠤ ᠶᠢ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ︾ ᠲᠤᠬᠠᠢ ᠱᠠᠭᠠᠷᠳᠠᠯᠭ᠎ᠠ ᠪᠤᠯᠤᠨ ︽ᠰᠤᠶᠤᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠳᠤᠮᠳᠠᠳᠤ ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠲᠥᠯᠥᠪᠯᠡᠭᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2017︺ 25 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠥᠬᠦ ᠤᠷᠤᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠪᠡ ᠭᠥᠭᠵᠢᠭᠦᠯᠥᠨ ᠮᠠᠨᠳᠤᠭᠤᠯᠬᠤ ᠶᠢ ᠠᠬᠢᠭᠤᠯᠬᠤ ᠶᠢᠨ ᠲᠤᠰᠠᠲᠠ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃        ᠨᠢᠭᠡ᠂ ᠴᠢᠬᠤᠯᠠ ᠠᠴᠢ ᠬᠤᠯᠪᠤᠭᠳᠠᠯ        ᠤᠯᠠᠮᠵᠢᠯᠠᠯᠲᠤ ᠭᠠᠷ ᠤᠷᠠᠯᠠᠯ ᠭᠡᠳᠡᠭ ᠨᠢ ᠲᠡᠤᠬᠡ ᠶᠢᠨ ᠤᠯᠠᠮᠵᠢᠯᠠᠯ ᠪᠤᠯᠤᠨ ᠥᠨᠳᠥᠰᠥᠲᠡᠨ ᠪᠤᠶᠤ ᠤᠷᠤᠨ ᠨᠤᠲᠤᠭ ᠤᠨ ᠤᠨᠴᠠᠯᠢᠭ ᠪᠥᠬᠦᠢ ᠡᠳᠥᠷ ᠳᠤᠲᠤᠮ ᠤᠨ ᠠᠮᠢᠳᠤᠷᠠᠯ ᠯᠤᠭ᠎ᠠ ᠨᠢᠭᠲᠠ ᠬᠠᠷᠢᠴᠠᠭ᠎ᠠ ᠲᠠᠢ ᠪᠥᠭᠡᠳ ᠭᠤᠤᠯᠳᠠᠭᠤ ᠭᠠᠷ ᠤᠷᠠᠯᠠᠯ ᠤᠨ ᠭᠥᠳᠡᠯᠮᠤᠷᠢ ᠳᠤ ᠲᠥᠰᠢᠭᠯᠡᠨ ᠪᠥᠲᠥᠭᠡᠭᠳᠡᠭᠰᠡᠨ ᠭᠠᠷ ᠤᠷᠠᠯᠠᠯ ᠵᠢᠴᠢ ᠬᠠᠮᠢᠶ᠎ᠠ ᠪᠥᠬᠦᠢ ᠪᠥᠲᠥᠭᠡᠭᠳᠡᠭᠦᠨ ᠢ ᠵᠢᠭᠠᠨ᠎ᠠ᠂ ᠡᠨᠡ ᠨᠢ ᠡᠭᠦᠳᠥᠯᠲᠡ ᠶᠢᠨ ᠴᠢᠨᠠᠷᠲᠠᠢ ᠭᠠᠷ ᠤᠷᠠᠯᠠᠯ ᠤᠨ ᠬᠥᠳᠡᠯᠮᠤᠷᠢ ᠪᠠ ᠮᠠᠲ᠋ᠧᠷᠢᠶᠠᠯ ᠤᠨ ᠤᠨᠴᠠᠯᠢᠭ ᠪᠠᠷ ᠨᠢ ᠥᠪᠡᠷᠮᠢᠴᠡᠵᠢᠭᠦᠯᠥᠨ ᠥᠢᠯᠡᠳᠥᠭᠰᠡᠨ ᠪᠤᠯᠬᠤᠷ ᠠᠵᠤ ᠥᠢᠯᠡᠳᠪᠥᠷᠢᠵᠢᠭᠰᠡᠨ ᠥᠢᠯᠡᠳᠪᠥᠷᠢᠯᠡᠯ ᠤᠨ ᠤᠷᠤᠯᠠᠰᠢ ᠥᠭᠡᠢ ᠤᠠᠴᠠᠭᠠᠢ ᠰᠢᠨᠵᠢ ᠲᠠᠢ ᠪᠠᠶᠢᠳᠠᠭ᠃ ᠡᠯ᠎ᠡ ᠥᠨᠳᠥᠰᠥᠲᠡᠨ ᠤ ᠠᠷᠠᠳ ᠲᠥᠮᠡᠨ ᠤ ᠤᠷᠲᠤ ᠤᠳᠠᠭᠠᠨ ᠬᠤᠭᠤᠴᠠᠭᠠᠨ ᠤ ᠥᠢᠯᠡᠳᠪᠥᠷᠢᠯᠡᠯ ᠠᠮᠢᠳᠤᠷᠠᠯ ᠤᠨ ᠥᠢᠯᠡᠳᠥᠯᠭᠡ ᠳᠤᠮᠳᠠ ᠪᠥᠷᠢᠯᠳᠥᠭᠰᠡᠨ ᠡᠳᠡᠭᠡᠷ ᠤᠯᠠᠮᠵᠢᠯᠡᠯᠲᠤ ᠭᠠᠷ ᠤᠷᠠᠯᠠᠯ ᠨᠢ᠂ ᠡᠯ᠎ᠡ ᠥᠨᠳᠥᠰᠥᠲᠡᠨ ᠤ ᠰᠤᠶᠤᠯ ᠤᠨ ᠥᠷᠳᠡᠭ ᠤᠨ ᠥᠵᠡᠯᠲᠡ᠂ ᠥᠵᠡᠯ ᠰᠠᠨᠠᠭ᠎ᠠ ᠤᠶᠤᠨ ᠤᠬᠠᠭᠠᠨ ᠬᠢᠬᠡᠳ ᠥᠢᠯᠡᠳᠥᠯᠭᠡ ᠶᠢᠨ ᠲᠤᠷᠰᠢᠯᠭ᠎ᠠ ᠶᠢ ᠠᠬᠤᠭᠤᠯᠵᠤ ᠪᠠᠶᠢᠭ᠎ᠠ ᠪᠤᠯᠬᠤᠷ ᠪᠤᠳᠠᠰ ᠤᠨ ᠪᠤᠰᠤ ᠰᠤᠶᠤᠯ ᠤᠨ ᠥᠪ ᠭᠥᠷᠥᠩᠬᠡ ᠶᠢᠨ ᠴᠢᠬᠤᠯᠠ ᠪᠥᠷᠢᠯᠳᠥᠭᠦᠨ ᠬᠡᠰᠡᠭ ᠪᠤᠯᠪᠠ᠃ ᠮᠠᠨ ᠤ ᠤᠷᠤᠨ ᠤ ᠤᠯᠠᠮᠵᠢᠯᠠᠯᠲᠤ ᠭᠠᠷ ᠤᠷᠠᠯᠠᠯ ᠨᠢ ᠲᠥᠷᠥᠯ ᠵᠥᠢᠯ ᠢᠶᠠᠷ ᠤᠯᠠᠨ᠂ ᠲᠠᠷᠬᠠᠯᠲᠠ ᠪᠠᠷ ᠥᠷᠭᠡᠨ ᠪᠠᠶᠢᠳᠠᠭ᠃ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠨᠢ ᠮᠠᠨ ᠤ ᠤᠷᠤᠨ ᠤ ᠤᠯᠠᠮᠵᠢᠯᠠᠯᠲᠤ ᠰᠢᠯᠢᠳᠡᠭ ᠰᠤᠶᠤᠯ ᠢ ᠤᠯᠠᠮᠵᠢᠯᠠᠬᠤ ᠪᠠ ᠬᠥᠭᠵᠢᠭᠦᠯᠬᠦ᠂ ᠰᠤᠶᠤᠯ ᠤᠨ ᠠᠮᠢ ᠠᠬᠤᠢ ᠶᠢ ᠬᠠᠳᠠᠭᠠᠯᠠᠬᠤ᠂ ᠰᠤᠶᠤᠯ ᠤᠨ ᠡᠬᠢ ᠪᠠᠶᠠᠯᠢᠭ ᠢ ᠪᠠᠶᠠᠯᠢᠬᠵᠢᠭᠤᠯᠬᠤ᠂ ᠰᠤᠶᠤᠯ ᠤᠨ ᠢᠲᠡᠭᠡᠯ ᠢ ᠨᠡᠮᠡᠭᠳᠡᠭᠦᠯᠬᠦ ᠳᠤ ᠲᠤᠰᠠᠯᠠᠮᠵᠢ ᠪᠤᠯᠳᠠᠭ︔ ᠭᠠᠷ ᠤᠷᠠᠯᠠᠯ ᠤᠨ ᠭᠥᠳᠡᠯᠮᠥᠷᠢ ᠶᠢᠨ ᠡᠭᠦᠳᠥᠯᠲᠡ ᠶᠢᠨ ᠬᠥᠴᠥᠨ ᠢ ᠨᠡᠩ ᠰᠠᠶᠢᠨ ᠢᠶᠠᠷ ᠪᠠᠳᠠᠷᠠᠭᠤᠯᠬᠤ᠂ ᠭᠠᠷ ᠤᠷᠠᠯᠠᠯ ᠤᠨ ᠬᠥᠳᠡᠯᠮᠥᠷᠢ ᠶᠢᠨ ᠡᠭᠦᠳᠦᠯᠲᠡ ᠶᠢᠨ ᠴᠢᠨᠠᠷᠲᠠᠢ ᠥᠷᠲᠡᠭ ᠢ ᠢᠯᠡᠷᠡᠭᠦᠯᠬᠦ᠂ ᠨᠢᠭᠲᠠ ᠨᠠᠷᠢᠯᠢᠬ ᠲᠠᠷᠬᠠᠳ ᠤᠨ ᠵᠤᠷᠢᠭ ᠰᠠᠨᠠᠭ᠎ᠠ ᠶᠢ ᠪᠥᠬᠦ ᠨᠡᠶᠢᠭᠡᠮ ᠳᠤ ᠬᠥᠮᠥᠵᠢᠭᠦᠯᠬᠦ ᠪᠡ ᠮᠠᠨᠳᠤᠭᠤᠯᠬᠤ ᠳᠤ ᠲᠤᠰᠠᠯᠠᠮᠵᠢ ᠪᠤᠯᠳᠠᠭ︔ ᠠᠵᠢᠯ ᠤᠯᠭᠤᠬᠤ ᠶᠢ ᠠᠬᠢᠭᠤᠯᠬᠤ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢ ᠪᠡᠶᠡᠯᠡᠭᠦᠯᠬᠦ᠂ ᠬᠤᠲᠠ ᠭᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ᠂ ᠤᠯᠠᠮᠵᠢᠯᠠᠯᠲᠤ ᠵᠠᠭᠡᠯᠢ ᠭᠤᠳᠤᠮᠵᠢ ᠪᠤᠯᠤᠨ ᠬᠦᠳᠡᠭᠡ ᠲᠤᠰᠬᠤᠨ ᠤ ᠠᠮᠢᠵᠢᠷᠠᠯ ᠤᠨ ᠬᠥᠴᠥᠨ ᠢ ᠨᠡᠮᠡᠭᠳᠡᠭᠦᠯᠬᠦ ᠳᠤ ᠲᠤᠰᠠᠯᠠᠮᠵᠢ ᠪᠤᠯᠳᠠᠭ᠃        ᠬᠤᠶᠠᠷ᠂ ᠶᠡᠷᠥᠩᠬᠡᠢ ᠱᠠᠭᠠᠷᠳᠠᠯᠭ᠎ᠠ        ︵ᠨᠢᠭᠡ︶ ᠶᠡᠷᠥᠩᠬᠡᠢ ᠬᠠᠷᠠᠯᠲᠠ᠃ ᠥᠪᠡᠷᠲᠡᠭᠡᠨ ᠵᠠᠰᠠᠬᠤ ᠤᠷᠤᠨ ᠤ ᠡᠯ᠎ᠡ ᠥᠨᠳᠥᠰᠥᠲᠡᠨ ᠤ ᠤᠯᠠᠮᠵᠢᠯᠠᠯᠲᠤ ᠰᠢᠯᠢᠳᠡᠭ ᠰᠤᠶᠤᠯ ᠳᠤ ᠰᠠᠭᠤᠷᠢᠯᠠᠨ᠂ ᠪᠤᠰᠤᠳ ᠥᠨᠳᠥᠰᠥᠲᠡᠨ ᠪᠤᠯᠤᠨ ᠭᠠᠵᠠᠷ ᠤᠷᠤᠨ ᠤ ᠰᠢᠯᠢᠳᠡᠭ ᠰᠤᠶᠤᠯ ᠤᠨ ᠥᠷ᠎ᠡ ᠪᠥᠲᠥᠮᠵᠢ ᠶᠢ ᠲᠤᠯᠢᠳᠠᠨ ᠰᠤᠷᠤᠯᠴᠠᠵᠤ᠂ ᠤᠯᠠᠮᠵᠢᠯᠠᠯᠲᠤ ᠭᠠᠷ ᠤᠷᠠᠯᠠᠯ ᠳᠤ ᠬᠠᠳᠠᠭᠠᠯᠠᠭᠳᠠᠵᠤ ᠪᠠᠶᠢᠭ᠎ᠠ ᠰᠤᠶᠤᠯ ᠤᠨ ᠡᠯᠧᠮᠧᠨ᠋ᠲ ᠪᠠ ᠭᠠᠷ ᠤᠷᠠᠯᠠᠯ ᠤᠨ ᠤᠨᠤᠯᠵᠢᠬᠤᠨ ᠢ ᠠᠭᠤᠳᠠᠯᠬᠤ ᠪᠠ ᠠᠰᠢᠭᠯᠠᠵᠤ᠂ ᠤᠯᠠᠮᠵᠢᠯᠠᠯᠲᠤ ᠭᠠᠷ ᠤᠷᠠᠯᠠᠯ ᠤᠨ ᠰᠡᠳᠤᠪ ᠮᠠᠲ᠋ᠧᠷᠢᠶᠠᠯ ᠪᠠ ᠪᠥᠲᠥᠭᠡᠭᠳᠡᠭᠦᠨ ᠤ ᠲᠥᠷᠥᠯ ᠵᠥᠢᠯ ᠢ ᠪᠠᠶᠠᠯᠢᠬᠵᠢᠭᠤᠯᠵᠤ ᠂ ᠵᠢᠷᠤᠭᠯᠠᠨ ᠲᠦᠯᠦᠪᠯᠡᠬᠦ ᠪᠡ ᠥᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠂ ᠪᠥᠲᠥᠭᠡᠭᠳᠡᠭᠦᠨ ᠤ ᠶᠠᠰᠥ ᠴᠢᠨᠠᠷ ᠢ ᠰᠠᠶᠢᠵᠢᠷᠠᠭᠤᠯᠵᠤ᠂ ᠰᠢᠯᠢᠳᠡᠭ ᠳᠠᠷᠬᠠᠳ ᠪᠠ ᠨᠡᠷᠡᠲᠥ ᠲᠥᠷᠥᠯ ᠲᠡᠮᠳᠡᠭᠲᠥ ᠶᠢ ᠪᠤᠶᠢᠵᠢᠭᠤᠯᠤᠨ᠂ ᠤᠯᠠᠮᠵᠢᠯᠠᠯᠲᠤ ᠭᠠᠷ ᠤᠷᠠᠯᠠᠯ ᠢ ᠤᠳᠤ ᠥᠶ᠎ᠡ ᠶᠢᠨ ᠠᠮᠢᠳᠤᠷᠠᠯ ᠳᠤᠮᠳᠠ ᠰᠢᠨ᠎ᠡ ᠪᠠᠷ ᠥᠷᠭᠡᠨ ᠳᠡᠯᠭᠡᠷ ᠬᠡᠷᠡᠭᠯᠡᠭᠳᠡᠬᠦ ᠪᠤᠯᠭᠠᠵᠤ᠂ ᠤᠯᠠᠨ ᠲᠥᠮᠡᠨ ᠤ ᠬᠡᠷᠡᠭᠯᠡᠭᠡ ᠶᠢᠨ ᠳᠡᠰ ᠳᠡᠪᠰᠢᠬᠦ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ᠎ᠠ᠃        ︵ᠬᠤᠶᠠᠷ︶ ᠥᠨᠳᠥᠰᠥᠨ ᠵᠠᠷᠴᠢᠮ᠃        1. ᠬᠠᠮᠠᠭᠠᠯᠠᠬᠤ ᠪᠠᠷ ᠭᠤᠤᠯ ᠪᠤᠯᠭᠠᠵᠤ᠂ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠥᠨᠳᠥᠰᠥᠲᠡᠨ ᠤ ᠤᠨᠴᠠᠯᠢᠭ ᠪᠡ ᠤᠷᠤᠨ ᠨᠤᠲᠤᠭ ᠤᠨ ᠰᠤᠶᠤᠯ ᠤᠨ ᠤᠨᠴᠠᠯᠢᠭ ᠢ ᠳᠤᠪᠤᠶᠢᠯᠭᠠᠨ᠂ ᠤᠯᠠᠮᠵᠢᠯᠠᠯᠲᠤ ᠭᠠᠷ ᠤᠷᠠᠯᠠᠯ ᠤᠨ ᠰᠤᠶᠤᠯ ᠤᠨ ᠤᠬᠢ ᠰᠤᠳᠤ ᠪᠡ ᠭᠤᠤᠯᠯᠠᠬᠤ ᠥᠷᠳᠡᠭ ᠢ ᠬᠠᠮᠠᠭᠠᠯᠠᠵᠤ᠂ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠂ ᠨᠠᠶᠢᠭᠡᠮ ᠳᠤ ᠥᠢᠯᠡᠴᠢᠯᠡᠨ ᠠᠷᠠᠳ ᠤᠯᠠᠨ ᠳᠤ ᠥᠢᠯᠡᠴᠢᠯᠡᠬᠦ ᠭᠡᠷᠡᠭᠲᠡᠢ᠃        2. ᠨᠢᠭᠲᠠ ᠨᠠᠷᠢᠯᠢᠬ ᠪᠠᠶᠢᠯᠭᠠᠵᠤ᠂ ᠶᠠᠰᠥ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠠᠷᠬᠠᠳ ᠤᠨ ᠰᠤᠶᠤᠯ ᠢ ᠰᠢᠮᠡᠵᠢᠭᠦᠯᠥᠨ᠂ ᠠᠩᠬᠠᠷᠤᠯ ᠲᠠᠯᠪᠢᠨ ᠪᠠᠲᠤ ᠰᠠᠬᠢᠬᠤ ᠶᠢ ᠰᠠᠨᠠᠭᠠᠴᠢᠯᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ ᠨᠡᠷᠡᠲᠥ ᠲᠥᠷᠥᠯ ᠲᠡᠮᠳᠡᠭᠲᠥ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠳᠤᠨ ᠵᠥᠢᠯ ᠢ ᠢᠯᠡᠭᠦᠥ ᠥᠢᠯᠡᠳᠴᠥ᠂ ᠴᠢᠳᠠᠪᠤᠷᠢᠲᠠᠨ ᠢ ᠢᠯᠡᠭᠦᠥ ᠬᠥᠮᠥᠵᠢᠭᠦᠯᠬᠦ ᠬᠡᠷᠡᠭᠲᠡᠢ᠃        3. ᠠᠮᠢᠳᠤᠷᠠᠯ ᠳᠤ ᠠᠭᠤᠰᠤᠯᠴᠠᠭᠤᠯᠵᠤ᠂ ᠠᠮᠢᠵᠢᠷᠠᠯ ᠤᠨ ᠬᠥᠴᠥᠨ ᠢ ᠭᠥᠭᠵᠢᠭᠡᠭᠦ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠪᠥᠲᠥᠭᠡᠭᠳᠡᠭᠦᠨ ᠪᠠ ᠤᠳᠤ ᠥᠶ᠎ᠡ ᠶᠢᠨ ᠬᠥᠮᠥᠰ ᠤᠨ ᠱᠠᠭᠠᠷᠳᠠᠯᠭ᠎ᠠ ᠬᠡᠷᠡᠭᠴᠡᠭᠡ ᠶᠢ ᠵᠤᠯᠭᠠᠭᠤᠯᠬᠤ ᠶᠢ ᠲᠥᠯᠬᠢᠨ ᠠᠬᠢᠭᠤᠯᠵᠤ᠂ ᠤᠳᠤ ᠥᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠰᠤᠶᠤᠯ ᠤᠨ ᠡᠯᠧᠮᠧᠨ᠋ᠲ ᠪᠠ ᠤᠶᠤᠨ ᠰᠠᠨᠠᠭᠠᠨ ᠤ ᠥᠷᠳᠡᠭ ᠢ ᠠᠭᠤᠳᠠᠯᠠᠨ᠂ ᠥᠪᠡᠷᠮᠢᠴᠡ ᠤᠨᠴᠠᠯᠢᠭ ᠢ ᠳᠤᠪᠤᠶᠢᠯᠭᠠᠵᠤ᠂ ᠬᠤᠷᠢᠶᠠᠬᠤ ᠶᠢᠨ ᠬᠠᠮᠲᠤ ᠬᠠᠳᠠᠭᠠᠯᠠᠨ᠂ ᠤᠯᠠᠮᠵᠢᠯᠠᠯᠲᠤ ᠭᠠᠷ ᠤᠷᠠᠯᠠᠯ ᠤᠨ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠥᠴᠥᠨ ᠪᠠ ᠬᠥᠭᠵᠢᠯᠲᠡ ᠶᠢᠨ ᠬᠥᠳᠡᠯᠭᠡᠬᠦ ᠬᠥᠴᠥᠨ ᠢ ᠨᠡᠮᠡᠭᠳᠡᠭᠦᠯᠬᠦ ᠬᠡᠷᠡᠭᠲᠡᠢ᠃        4. ᠠᠮᠢ ᠠᠬᠤᠢ ᠶᠢ ᠬᠠᠮᠠᠭᠠᠯᠠᠵᠤ᠂ ᠪᠤᠬᠢᠷᠳᠥᠯ ᠥᠭᠡᠢ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ ᠬᠠᠮᠠᠭᠠᠯᠠᠬᠤ ᠥᠵᠡᠯ ᠤᠬᠠᠮᠰᠠᠷ ᠢᠶᠠᠨ ᠳᠡᠭᠡᠭᠰᠢᠯᠡᠭᠦᠯᠥᠨ᠂ ᠪᠠᠶᠢᠭᠠᠯᠢᠯᠢᠬ ᠮᠠᠲ᠋ᠧᠷᠢᠶᠠᠯ ᠢ ᠵᠤᠬᠢᠰᠲᠠᠢ ᠠᠰᠢᠭᠯᠠᠵᠤ᠂ ᠲᠠᠬᠢᠨ ᠤᠷᠭᠤᠵᠤ ᠠᠮᠢᠯᠠᠰᠢ ᠥᠭᠡᠢ ᠪᠠᠶᠢᠭᠠᠯᠢ ᠶᠢᠨ ᠲᠥᠭᠦᠭᠡᠢ ᠮᠠᠲ᠋ᠧᠷᠢᠶᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ ᠬᠡᠷᠡᠭᠯᠡᠭᠦ ᠶᠢ ᠡᠰᠡᠷᠭᠦᠴᠡᠨ᠂ ᠬᠠᠤᠯᠢ ᠪᠤᠰᠤ ᠪᠠᠷ ᠤᠯᠤᠭᠰᠠᠨ ᠥᠨᠡᠲᠥ ᠴᠤᠬᠠᠭ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠡᠷᠡᠭᠯᠡᠬᠦ ᠶᠢ ᠴᠠᠭᠠᠵᠠᠯᠠᠬᠤ ᠬᠡᠷᠡᠭᠲᠡᠢ᠃        ᠭᠤᠷᠪᠠ᠂ ᠭᠤᠤᠯ ᠡᠭᠦᠷᠭᠡ        ︵ᠨᠢᠭᠡ︶ ᠥᠪᠡᠷᠲᠡᠭᠡᠨ ᠵᠠᠰᠠᠬᠤ ᠤᠷᠤᠨ ᠤ ᠬᠠᠮᠠᠭᠠᠯᠠᠬᠤ ᠪᠡ ᠬᠥᠭᠵᠢᠭᠦᠯᠥᠨ ᠮᠠᠨᠳᠤᠭᠤᠯᠬᠤ ᠤᠯᠠᠮᠵᠢᠯᠠᠯᠲᠤ ᠭᠠᠷ ᠤᠷᠠᠯᠠᠯ ᠤᠨ ᠭᠠᠷᠴᠠᠭ ᠢ ᠪᠠᠶᠢᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠢ ᠪᠠᠶᠢᠴᠠᠭᠠᠨ ᠠᠭᠤᠳᠠᠯᠬᠤ ᠪᠠ ᠬᠠᠮᠠᠭᠠᠯᠠᠨ ᠵᠠᠯᠭᠠᠮᠵᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠤᠨ ᠥᠢᠯᠡᠳᠪᠥᠷᠢᠯᠡᠯ ᠤᠨ ᠴᠤᠪᠤᠷᠠᠯ᠂ ᠭᠤᠤᠯᠯᠠᠬᠤ ᠤᠷ᠎ᠠ ᠮᠡᠷᠭᠡᠵᠢᠯ᠂ ᠬᠡᠷᠡᠭᠯᠡᠬᠦ ᠮᠠᠲ᠋ᠧᠷᠢᠶᠠᠯ ᠬᠢᠬᠡᠳ ᠬᠠᠮᠢᠶ᠎ᠠ ᠪᠥᠬᠦᠢ ᠪᠥᠲᠥᠭᠡᠭᠳᠡᠭᠦᠨ ᠳᠤ ᠪᠥᠬᠦ ᠲᠠᠯ᠎ᠠ ᠶᠢᠨ ᠬᠠᠮᠠᠭᠠᠯᠠᠯᠲᠠ ᠪᠡ ᠲᠠᠮᠳᠡᠭᠯᠡᠯ ᠬᠢᠵᠤ᠂ ᠲᠡᠤᠬᠡ ᠶᠢᠨ ᠥᠨ᠎ᠡ ᠥᠷᠲᠡᠭ ᠲᠠᠢ ᠪᠤᠯᠪᠠᠴᠥ ᠤᠳᠤᠬᠠᠨ ᠳᠤ ᠮᠥᠬᠦᠬᠦ ᠰᠢᠬᠠᠭᠰᠠᠨ ᠪᠠᠶᠢᠳᠠᠯ ᠳᠤ ᠪᠠᠶᠢᠭ᠎ᠠ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ ᠠᠪᠤᠷᠠᠯᠲᠠ ᠶᠢᠨ ᠴᠢᠨᠠᠷᠲᠠᠢ ᠲᠡᠮᠳᠡᠭᠯᠡᠯ ᠬᠢᠵᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠥᠢᠯᠡᠳᠪᠥᠷᠢᠯᠠᠯ ᠤᠨ ᠴᠢᠨᠠᠷᠲᠠᠢ ᠬᠠᠮᠠᠭᠠᠯᠠᠯᠲᠠ ᠳᠤ ᠲᠤᠬᠢᠷᠠᠬᠤ ᠵᠥᠢᠯᠡᠰ ᠢ ᠬᠢᠨᠠᠮᠠᠭᠠᠢ ᠡᠮᠬᠢᠯᠡᠨ᠂ ᠵᠤᠬᠢᠬᠤ ᠤᠯᠠᠮᠵᠢᠯᠠᠨ ᠵᠠᠯᠭᠠᠮᠵᠢᠯᠠᠬᠤ ᠰᠠᠭᠤᠷᠢ ᠪᠠ ᠥᠢᠯᠡᠳᠪᠥᠷᠢᠯᠡᠯ ᠤᠨ ᠬᠡᠪᠴᠢᠶ᠎ᠡ ᠶᠢ ᠪᠥᠷᠢᠯᠳᠥᠭᠦᠯᠥᠭᠰᠡᠨ ᠭᠥᠭᠵᠢᠯᠲᠡ ᠶᠢᠨ ᠬᠡᠲᠥ ᠶᠢᠨ ᠲᠥᠯᠥᠪ ᠲᠠᠢ ᠪᠥᠭᠡᠳ ᠠᠵᠢᠯ ᠤᠯᠭᠤᠯᠲᠠ ᠶᠢ ᠳᠠᠶᠢᠴᠢᠯᠠᠬᠤ ᠳᠤ ᠲᠤᠰᠠᠯᠠᠮᠵᠢ ᠪᠤᠯᠬᠤ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ ᠥᠪᠡᠷᠲᠡᠭᠡᠨ ᠵᠠᠰᠠᠬᠤ ᠤᠷᠤᠨ ᠤ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠭᠠᠷᠴᠠᠭ ᠢ ᠪᠠᠶᠢᠭᠤᠯᠬᠤ ᠬᠡᠷᠡᠭᠲᠡᠢ᠃ ᠭᠥᠳᠡᠯᠥᠩᠭᠦᠢ ᠬᠠᠮᠢᠶᠠᠷᠥᠯᠲᠠ ᠶᠢ ᠬᠡᠷᠡᠭᠵᠢᠭᠦᠯᠥᠨ᠂ ᠡᠯ᠎ᠡ ᠭᠠᠵᠠᠷ ᠤᠷᠤᠨ ᠨᠢ ᠲᠤᠰ ᠱᠠᠲᠤᠨ ᠤ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠭᠠᠷᠴᠠᠭ ᠢᠶᠠᠷ ᠯᠠᠪᠯᠠᠯᠲᠠ ᠪᠤᠯᠭᠠᠨ ᠪᠠᠶᠢᠭᠤᠯᠬᠤ ᠶᠢ ᠵᠤᠷᠢᠬᠵᠢᠭᠤᠯᠤᠨ᠎ᠠ᠃ ᠭᠥᠭᠵᠢᠭᠦᠯᠥᠨ ᠮᠠᠨᠳᠤᠭᠤᠯᠬᠤ ᠭᠠᠷᠴᠠᠭ ᠲᠤ ᠵᠢᠭᠰᠠᠭᠠᠭᠳᠠᠭᠰᠠᠨ ᠲᠥᠷᠥᠯ ᠵᠥᠢᠯ ᠢ ᠭᠤᠤᠯᠳᠠᠯᠭ᠎ᠠ ᠲᠠᠢ ᠳᠡᠮᠵᠢᠬᠦ ᠭᠡᠷᠡᠭᠲᠡᠢ᠃        ︵ᠬᠤᠶᠠᠷ︶ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠶᠢ ᠲᠥᠯᠬᠢᠨ ᠠᠬᠢᠭᠤᠯᠵᠤ᠂ ᠨᠢᠭᠡ ᠪᠥᠯᠥᠭ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ ᠥᠵᠡᠭᠦᠯᠬᠦ ᠰᠠᠭᠤᠷᠢᠨ ᠭᠠᠵᠠᠷ ᠢ ᠨᠡᠷᠡᠳᠥᠨ ᠪᠤᠶᠢᠵᠢᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠲᠥᠪᠯᠡᠷᠡᠭᠰᠡᠨ ᠭᠠᠵᠠᠷ ᠤᠷᠤᠨ ᠵᠢᠴᠢ ᠬᠠᠮᠢᠶ᠎ᠠ ᠪᠥᠬᠦᠢ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ᠂ ᠵᠢᠭᠤᠯᠴᠢᠯᠠᠯ ᠤᠨ ᠥᠵᠡᠮᠵᠢ ᠶᠢᠨ ᠤᠷᠤᠨ ᠳᠤ ᠨᠢᠭᠡ ᠪᠥᠯᠥᠭ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ ᠥᠵᠡᠭᠦᠯᠬᠦ ᠰᠠᠭᠤᠷᠢᠨ ᠭᠠᠵᠠᠷ ᠪᠠ ᠬᠠᠮᠠᠭᠠᠯᠠᠬᠤ ᠲᠥᠷᠥᠯ ᠵᠥᠢᠯ ᠢ ᠪᠠᠶᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠷᠤᠨ ᠳᠤᠨᠢ ᠵᠢᠭᠠᠬᠤ ᠰᠤᠷᠬᠤ᠂ ᠤᠯᠠᠮᠵᠢᠯᠠᠨ ᠵᠠᠯᠭᠠᠮᠵᠢᠯᠠᠬᠤ ᠡᠷᠥᠬᠡ᠂ ᠤᠯᠠᠮᠵᠢᠯᠠᠨ ᠵᠠᠯᠭᠠᠮᠵᠢᠯᠠᠬᠤ ᠥᠷᠲᠡᠭᠡ ᠪᠠ ᠤᠯᠠᠮᠵᠢᠯᠠᠨ ᠵᠠᠯᠭᠠᠮᠵᠢᠯᠠᠬᠴᠢ ᠶᠢᠨ ᠠᠵᠢᠯᠯᠠᠬᠤ ᠥᠷᠥᠭᠡ ᠵᠡᠷᠭᠡ ᠶᠢ ᠭᠥᠭᠵᠢᠭᠦᠯᠥᠨ᠂ ᠤᠷᠤᠨ ᠨᠤᠲᠤᠭ ᠂ ᠥᠨᠳᠥᠰᠥᠲᠡᠨ ᠤ ᠤᠨᠴᠠᠯᠢᠭ ᠪᠡ ᠵᠠᠬ᠎ᠠ ᠳᠡᠯᠭᠡᠭᠦᠷ ᠤᠨ ᠳᠠᠯᠳᠠ ᠬᠥᠴᠥᠨ ᠪᠥᠬᠦᠢ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ᠂ ᠪᠥᠲᠥᠭᠡᠭᠳᠡᠭᠦᠨ ᠪᠡ ᠨᠡᠷᠡᠲᠥ ᠲᠥᠷᠥᠯ ᠲᠡᠮᠳᠡᠭᠳᠥ ᠶᠢ ᠭᠤᠤᠯᠳᠠᠯᠭ᠎ᠠ ᠲᠠᠢ ᠪᠤᠶᠢᠵᠢᠭᠤᠯᠬᠤ ᠪᠡ ᠡᠭᠦᠳᠬᠦ ᠬᠡᠷᠡᠭᠲᠡᠢ᠃ ᠥᠢᠯᠡᠳᠪᠥᠷᠢᠯᠡᠯ᠂ ᠭᠥᠢᠯᠭᠡᠭᠡ᠂ ᠪᠤᠷᠤᠯᠠᠭᠤᠯᠬᠤ ᠵᠡᠷᠭᠡ ᠠᠷᠭ᠎ᠠ ᠠᠪᠴᠠᠯ ᠢ ᠠᠰᠢᠭᠯᠠᠨ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠢ ᠶᠢᠨ ᠥᠷ᠎ᠡ ᠠᠰᠢᠭ ᠭᠥᠷᠲᠡᠭᠦ ᠴᠢᠳᠠᠪᠤᠷᠢ ᠶᠢ ᠨᠡᠮᠡᠭᠳᠡᠭᠦᠯᠵᠥ᠂ ᠤᠯᠠᠮᠵᠢᠯᠠᠨ ᠵᠠᠯᠭᠠᠮᠵᠢᠯᠠᠭᠴᠢ ᠶᠢᠨ ᠤᠷᠤᠯᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠨᠠᠷᠡᠶᠢᠳᠥᠭᠰᠡᠨ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ ᠥᠵᠡᠭᠦᠯᠬᠦ ᠰᠠᠭᠤᠷᠢᠨ ᠭᠠᠵᠠᠷ ᠲᠤ ᠳᠡᠮᠵᠢᠯᠭᠡ ᠥᠵᠡᠭᠦᠯᠬᠦ ᠬᠡᠷᠡᠭᠲᠡᠢ᠃        ︵ᠭᠤᠷᠪᠠ︶ ᠤᠯᠠᠮᠵᠢᠯᠠᠯᠲᠤ ᠭᠠᠷ ᠤᠷᠠᠯᠠᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠡᠮ ᠡᠮᠨᠡᠯᠭᠡ ᠡᠮ ᠤᠨ ᠵᠥᠢᠯ ᠢ ᠨᠤᠮᠤᠬᠠᠳᠬᠠᠵᠤ ᠥᠢᠯᠡᠳᠬᠦ ᠵᠡᠷᠭᠡ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠠ ᠪᠥᠬᠦᠢ ᠬᠥᠷᠢᠶ᠎ᠡ ᠴᠠᠷᠠᠭ᠎ᠠ ᠳᠤ᠂ ᠤᠷ᠎ᠠ ᠮᠡᠷᠭᠡᠵᠢᠯ ᠢᠶᠠᠷ ᠨᠠᠷᠢᠨ ᠨᠢᠭᠲᠠ᠂ ᠨᠥᠭᠦᠴᠡᠯ ᠳᠤ ᠨᠡᠶᠢᠴᠡᠬᠦ ᠢᠳᠡᠷ ᠵᠠᠯᠠᠭᠤ ᠨᠠᠰᠤᠨ ᠤ ᠤᠯᠠᠮᠵᠢᠯᠠᠨ ᠵᠠᠯᠭᠠᠮᠵᠢᠯᠠᠭᠴᠢ ᠶᠢ ᠡᠷᠡᠮᠡᠯᠵᠡᠯᠡᠨ ᠮᠡᠳᠡᠭᠦᠯᠬᠦ ᠶᠢ ᠵᠤᠷᠢᠬᠵᠢᠭᠤᠯᠬᠤ ᠶᠢᠨ ᠬᠠᠮᠲᠤ ᠡᠯ᠎ᠡ ᠱᠠᠲᠤᠨ ᠤ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠲᠥᠯᠥᠭᠡᠯᠡᠬᠦ ᠴᠢᠨᠠᠷᠲᠠᠢ ᠲᠥᠷᠥᠯ ᠵᠥᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠡᠩᠨᠡᠭᠡ ᠳᠤ ᠤᠷᠤᠭᠤᠯᠤᠨ᠂ ᠵᠤᠬᠢᠰᠲᠠᠢ ᠱᠠᠲᠤᠯᠵᠢᠨ ᠡᠩᠨᠡᠭᠡ ᠶᠢ ᠪᠤᠢ ᠪᠤᠯᠭᠠᠵᠤ᠂ ᠵᠠᠯᠠᠭᠤ ᠨᠢᠭᠡ ᠥᠶ᠎ᠡ ᠶᠢᠨ ᠬᠢᠨ ᠤ ᠤᠯᠠᠮᠵᠢᠯᠠᠯᠲᠤ ᠭᠠᠷ ᠤᠷᠠᠯᠠᠯ ᠡᠷᠬᠢᠯᠡᠭᠦ ᠢᠳᠡᠪᠬᠢᠵᠢᠯ ᠢ ᠳᠠᠶᠢᠴᠢᠯᠠᠬᠤ ᠬᠡᠷᠡᠭᠲᠡᠢ︔ ᠬᠠᠮᠢᠶ᠎ᠠ ᠪᠥᠬᠦᠢ ᠪᠠᠶᠢᠭᠤᠯᠤᠮᠵᠢ ᠪᠠ ᠠᠵᠤ ᠠᠬᠤᠶᠢᠯᠠᠯ ᠳᠤ ᠲᠥᠰᠢᠭᠯᠡᠨ᠂ ᠤᠯᠠᠮᠵᠢᠯᠠᠨ ᠵᠠᠯᠭᠠᠨᠮᠵᠢᠯᠠᠭᠴᠢᠳ ᠲᠤ ᠰᠤᠳᠤᠯᠤᠨ ᠰᠤᠷᠤᠯᠴᠠᠬᠤ᠂ ᠰᠤᠳᠤᠯᠤᠨ ᠳᠠᠰᠬᠠᠬᠤ ᠪᠡ ᠪᠤᠯᠪᠠᠰᠤᠷᠠᠭᠤᠯᠬᠤ ᠲᠤᠬᠢᠶᠠᠯ ᠢ ᠥᠷᠭᠦᠯᠵᠢᠯᠡᠨ ᠬᠠᠩᠭᠠᠵᠤ᠂ ᠰᠤᠷᠤᠯᠴᠠᠬᠤ ᠰᠤᠯᠢᠯᠴᠠᠬᠤ ᠲᠠᠪᠴᠠᠩ ᠢ ᠢᠳᠡᠪᠬᠢᠲᠡᠢ ᠪᠠᠶᠢᠭᠤᠯᠬᠤ ᠬᠡᠷᠡᠭᠲᠡᠢ ᠃ ᠤᠯᠠᠮᠵᠢᠯᠠᠨ ᠵᠠᠯᠭᠠᠮᠵᠢᠯᠠᠭᠴᠢᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠢ ᠤᠷᠢᠶᠠᠯᠠᠨ᠂ ᠠᠵᠢᠯ ᠨᠢᠭᠡᠲᠡᠨ ᠤ ᠬᠤᠭᠤᠷᠤᠨᠳᠤ ᠪᠤᠶᠤ ᠠᠵᠢᠯ ᠲᠥᠷᠥᠯ ᠠᠯᠤᠰᠯᠠᠨ ᠵᠥᠪᠳᠡᠨ ᠶᠠᠷᠢᠯᠴᠠᠵᠤ ᠬᠠᠷᠢᠯᠴᠠᠨ ᠰᠤᠯᠢᠯᠴᠠᠬᠤ ᠶᠢ ᠵᠤᠷᠢᠬᠵᠢᠭᠤᠯᠵᠤ᠂ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠡ ᠤᠯᠠᠮᠵᠢᠯᠠᠨ ᠵᠠᠯᠭᠠᠮᠵᠢᠯᠠᠬᠤ ᠴᠢᠳᠠᠪᠤᠷᠢ ᠶᠢ ᠳᠡᠭᠡᠭᠰᠢᠯᠡᠭᠦᠯᠥᠨ᠂ ᠤᠯᠠᠮᠵᠢᠯᠠᠨ ᠵᠠᠯᠭᠠᠮᠵᠢᠯᠠᠬᠤ ᠨᠥᠬᠡᠴᠡ ᠬᠥᠴᠥᠨ ᠢ ᠨᠡᠮᠡᠭᠳᠡᠭᠦᠯᠥᠨ᠂ ᠳᠠᠬᠢᠨ ᠡᠭᠦᠳᠥᠨ ᠪᠥᠲᠥᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠲᠠᠯᠠᠪᠤᠷ ᠬᠠᠩᠭᠠᠬᠤ᠂ ᠵᠠᠷᠤᠳᠠᠯ ᠤᠨ ᠲᠤᠰᠠᠯᠠᠮᠵᠢ ᠬᠠᠩᠭᠠᠬᠤ ᠵᠡᠷᠭᠡ ᠪᠥᠲᠥᠮᠵᠢᠲᠡᠢ ᠠᠷᠭ᠎ᠠ ᠵᠠᠮ ᠢᠶᠠᠷ ᠳᠠᠮᠵᠢᠭᠤᠯᠤᠨ᠂ ᠱᠠᠪᠢ ᠡᠯᠰᠠᠨ ᠮᠡᠷᠭᠡᠵᠢᠯ ᠰᠤᠷᠭᠠᠬᠤ᠂ ᠤᠬᠠᠭᠤᠯᠤᠨ ᠳᠡᠯᠭᠡᠨ ᠥᠵᠡᠭᠦᠯᠬᠦ᠂ ᠰᠤᠯᠢᠯᠴᠠᠨ ᠪᠤᠯᠪᠠᠰᠤᠷᠠᠭᠤᠯᠬᠤ ᠵᠡᠷᠭᠡ ᠤᠯᠠᠮᠵᠢᠯᠠᠯᠲᠤ ᠭᠠᠷ ᠤᠷᠠᠯᠠᠯ ᠵᠢᠭᠠᠬᠤ ᠰᠤᠷᠬᠤ ᠠᠵᠢᠯᠯᠠᠭᠠᠨ ᠳᠤ ᠳᠡᠮᠵᠢᠯᠭᠡ ᠬᠠᠩᠭᠠᠬᠤ ᠬᠡᠷᠡᠭᠲᠡᠢ᠃        ︵ᠳᠥᠷᠪᠡ︶ ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠲᠥᠷᠥᠭᠦᠯᠡᠨ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠯᠤᠭ᠎ᠠ ᠵᠤᠬᠢᠴᠠᠯᠳᠤᠨ᠂ ᠤᠯᠠᠮᠵᠢᠯᠠᠯᠲᠤ ᠭᠠᠷ ᠤᠷᠠᠯᠠᠯ ᠤᠨ ᠡᠬᠢ ᠪᠠᠶᠠᠯᠢᠭ ᠪᠠ ᠲᠥᠷᠥᠯ ᠵᠥᠢᠯ ᠢ ᠡᠮᠬᠢᠯᠡᠵᠤ ᠂ ᠬᠠᠮᠢᠶ᠎ᠠ ᠪᠥᠬᠦᠢ ᠪᠠᠶᠢᠭᠤᠯᠤᠮᠵᠢ᠂ ᠠᠵᠤ ᠠᠬᠤᠶᠢᠯᠠᠯ ᠪᠡ ᠤᠯᠠᠮᠵᠢᠯᠠᠨ ᠵᠠᠯᠭᠠᠮᠵᠢᠯᠠᠭᠴᠢ ᠯᠤᠭ᠎ᠠ ᠬᠤᠯᠪᠤᠭᠠᠯᠠᠵᠤ᠂ ᠥᠪᠡᠷᠲᠡᠭᠡᠨ ᠵᠠᠰᠠᠬᠤ ᠤᠷᠤᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠶᠢ ᠪᠠᠶᠢᠭᠤᠯᠤᠨ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠢ ᠬᠠᠮᠠᠭᠠᠯᠠᠨ ᠵᠠᠯᠭᠠᠮᠵᠢᠯᠠᠬᠤ᠂ ᠤᠬᠠᠭᠤᠯᠤᠨ ᠪᠤᠯᠪᠠᠰᠤᠷᠠᠭᠤᠯᠬᠤ᠂ ᠰᠤᠳᠤᠯᠤᠨ ᠨᠡᠭᠡᠭᠡᠭᠦ᠂ ᠰᠤᠯᠢᠯᠴᠠᠨ ᠬᠠᠮᠲᠤᠷᠠᠯᠴᠠᠬᠤ᠂ ᠥᠵᠡᠰᠭᠦᠯᠡᠩ ᠳᠡᠯᠭᠡᠬᠦ᠂ ᠥᠢᠯᠡᠳᠥᠨ ᠪᠤᠷᠤᠯᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠤ᠂ ᠬᠠᠮᠢᠶᠠᠷᠤᠯᠲᠠ ᠶᠢᠨ ᠥᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ᠂ ᠲᠥᠷᠥᠯ ᠵᠥᠢᠯ ᠪᠠ ᠤᠯᠠᠮᠵᠢᠯᠠᠨ ᠵᠠᠯᠭᠠᠮᠵᠢᠯᠠᠭᠴᠢ ᠳᠤ ᠮᠡᠷᠭᠡᠵᠢᠯ ᠤᠨ ᠵᠢᠯᠤᠭᠤᠳᠤᠮᠵᠢ᠂ ᠮᠡᠳᠡᠭᠡ ᠵᠠᠩᠬᠢ ᠶᠢᠨ ᠯᠠᠪᠯᠠᠭ᠎ᠠ᠂ ᠭᠠᠳᠠᠭᠰᠢ ᠲᠠᠨᠢᠯᠴᠠᠭᠤᠯᠬᠤ ᠵᠡᠷᠭᠡ ᠥᠢᠯᠡᠴᠢᠯᠡᠭᠡ ᠬᠠᠩᠭᠠᠬᠤ ᠬᠡᠷᠡᠭᠲᠡᠢ᠃ ᠡᠯ᠎ᠡ ᠠᠶᠢᠮᠠᠭ ᠬᠤᠲᠠ ᠵᠢᠴᠢ ᠤᠯᠠᠮᠵᠢᠯᠠᠯᠲᠤ ᠭᠠᠷ ᠤᠷᠠᠯᠠᠯ ᠨᠡᠯᠢᠶᠡᠳ ᠲᠥᠪᠯᠡᠷᠡᠭᠰᠡᠨ ᠤᠷᠤᠨ ᠪᠥᠰᠡ ᠳᠤ ᠰᠠᠯᠪᠤᠷᠢ ᠥᠷᠳᠡᠭᠡ ᠪᠠᠶᠢᠭᠤᠯᠤᠨ᠂ ᠡᠯ᠎ᠡ ᠭᠠᠵᠠᠷ ᠤᠷᠤᠨ ᠤ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠵᠤᠬᠢᠴᠠᠭᠤᠯᠤᠨ ᠵᠢᠯᠤᠭᠤᠳᠴᠥ᠂ ᠪᠥᠬᠦ ᠤᠷᠤᠨ ᠤ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠪᠠ ᠠᠵᠤ ᠥᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃        ︵ᠲᠠᠪᠤ︶ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠠ ᠪᠥᠬᠦᠢ ᠬᠢᠴᠢᠶᠡᠯ ᠲᠥᠷᠥᠯ ᠤᠨ ᠪᠠᠶᠢᠭᠤᠯᠤᠯᠲᠠ ᠪᠡ ᠤᠨᠤᠯ ᠤᠨ ᠮᠡᠷᠭᠡᠵᠢᠯ ᠤᠨ ᠰᠤᠳᠤᠯᠤᠯᠲᠠ ᠶᠢ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠤᠨ ᠪᠥᠲᠥᠭᠡᠭᠳᠡᠭᠦᠨ ᠤ ᠵᠢᠷᠤᠭᠯᠠᠨ ᠲᠥᠯᠥᠪᠯᠡᠬᠦ᠂ ᠥᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠪᠥᠷᠢᠳᠥᠭᠰᠡᠨ ᠳᠡᠭᠡᠳᠥ ᠰᠤᠷᠭᠠᠭᠤᠯᠢ ᠪᠡ ᠠᠵᠢᠯ ᠮᠡᠷᠭᠡᠵᠢᠯ ᠤᠨ ᠰᠤᠷᠭᠠᠭᠤᠯᠢ ᠨᠢ ᠥᠪᠡᠷ ᠤᠨ ᠪᠤᠳᠠᠲᠠᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠥᠨᠳᠥᠰᠥᠯᠡᠨ᠂ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠠ ᠪᠥᠬᠦᠢ ᠲᠤᠰᠬᠠᠢ ᠮᠡᠷᠭᠡᠵᠢᠯ ᠪᠡ ᠬᠢᠴᠢᠶᠡᠯ ᠨᠡᠭᠡᠭᠡᠬᠦ ᠶᠢ ᠳᠡᠮᠵᠢᠵᠤ᠂ ᠤᠯᠠᠮᠵᠢᠯᠠᠯᠲᠤ ᠭᠠᠷ ᠤᠷᠠᠯᠠᠯ ᠤᠨ ᠤᠨᠤᠯ ᠤᠨ ᠰᠤᠳᠤᠯᠤᠯᠲᠠ ᠪᠡ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠳᠡᠭᠡᠳᠥ ᠰᠤᠷᠭᠠᠭᠤᠯᠢ ᠪᠡ ᠠᠵᠢᠯ ᠮᠡᠷᠭᠡᠵᠢᠯ ᠤᠨ ᠰᠤᠷᠭᠠᠭᠤᠯᠢ ᠶᠢᠨ ᠤᠯᠠᠮᠵᠢᠯᠠᠨ ᠵᠠᠯᠭᠠᠮᠵᠢᠯᠠᠭᠴᠢ᠂ ᠭᠠᠷ ᠤᠷᠠᠯᠠᠯ ᠤᠨ ᠤᠷᠠᠨ ᠵᠢᠷᠤᠭ ᠤᠨ ᠶᠡᠭᠡ ᠪᠠᠭᠰᠢ ᠶᠢ ᠤᠷᠤᠭᠤᠯᠬᠤ ᠶᠢ ᠵᠤᠷᠢᠬᠵᠢᠭᠤᠯᠤᠨ᠂ ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠲᠥᠷᠥᠯ ᠤᠨ ᠵᠢᠭᠠᠨ ᠰᠤᠷᠭᠠᠯᠲᠠ ᠪᠡ ᠡᠷᠳᠡᠮ ᠰᠢᠨᠵᠢᠯᠡᠭᠡᠨ ᠤ ᠰᠣᠳᠤᠯᠭᠠᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠵᠢᠴᠢ ᠤᠳᠤ ᠥᠶ᠎ᠡ ᠶᠢᠨ ᠰᠢᠨᠵᠢᠯᠡᠭᠡ ᠮᠡᠷᠭᠡᠵᠢᠯ ᠪᠡ ᠭᠠᠷ ᠤᠷᠠᠯᠠᠯ ᠤᠨ ᠤᠷᠭᠠᠨᠢᠭ ᠠᠭᠤᠰᠤᠯᠴᠠᠯ ᠢ ᠰᠥᠪᠡᠭᠴᠢᠯᠡᠨ᠂ ᠮᠠᠲ᠋ᠧᠷᠢᠶᠠᠯ ᠢ ᠰᠠᠶᠢᠵᠢᠷᠠᠭᠤᠯᠬᠤ ᠪᠠ ᠥᠢᠯᠡᠳᠬᠦ ᠶᠢ ᠰᠠᠶᠢᠵᠢᠷᠠᠭᠤᠯᠵᠤ᠂ ᠪᠥᠬᠦᠯᠢ ᠴᠤᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠥᠨ᠂ ᠤᠯᠠᠮᠵᠢᠯᠠᠯᠲᠤ ᠭᠠᠷ ᠤᠷᠠᠯᠠᠯ ᠢ ᠨᠡᠩ ᠰᠠᠶᠢᠨ ᠢᠶᠠᠷ ᠤᠳᠤ ᠥᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠬᠠᠮᠢᠶ᠎ᠠ ᠪᠥᠬᠦᠢ ᠤᠯᠠᠮᠵᠢᠯᠠᠯᠲᠤ ᠭᠠᠷ ᠤᠷᠠᠯᠠᠯ ᠤᠨ ᠵᠤᠬᠢᠶᠠᠯ ᠪᠥᠲᠥᠭᠡᠯ᠂ ᠤᠷᠴᠢᠭᠤᠯᠤᠭᠰᠠᠨ ᠪᠥᠲᠥᠭᠡᠯ᠂ ᠵᠢᠷᠤᠭᠲᠤ ᠲᠡᠪᠳᠡᠷ ᠵᠡᠷᠭᠡ ᠰᠤᠳᠤᠯᠭᠠᠨ ᠪᠠ ᠥᠢᠯᠡᠳᠥᠯᠭᠡ ᠶᠢᠨ ᠥᠷ᠎ᠡ ᠪᠥᠲᠥᠭᠡᠯ ᠢ ᠬᠡᠪᠯᠡᠬᠦᠯᠭᠦ ᠶᠢ ᠵᠤᠷᠢᠬᠵᠢᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠲᠠᠸᠠᠷ ᠤᠨ ᠲᠡᠮᠳᠡᠭ᠂ ᠬᠤᠳᠠᠯᠳᠤᠭᠠᠨ ᠤ ᠨᠢᠭᠤᠴᠠ᠂ ᠮᠡᠳᠡᠯᠭᠡ ᠶᠢᠨ ᠥᠮᠴᠢᠯᠡᠬᠦ ᠡᠷᠭᠡ ᠪᠡ ᠰᠢᠨ᠎ᠡ ᠶᠢ ᠡᠭᠦᠳᠥᠭᠰᠡᠨ ᠥᠷ᠎ᠡ ᠪᠥᠲᠥᠭᠡᠯ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠮᠵᠢᠯᠠᠨ ᠵᠠᠯᠭᠠᠮᠵᠢᠯᠠᠭᠴᠢ᠂ ᠬᠠᠮᠢᠶ᠎ᠠ ᠪᠥᠬᠦᠢ ᠠᠵᠤ ᠠᠬᠤᠶᠢᠯᠠᠯ᠂ ᠨᠢᠭᠡᠴᠡ ᠵᠡᠷᠭᠡ ᠤᠠᠯᠮᠵᠢᠯᠠᠯᠲᠤ ᠭᠠᠷ ᠤᠷᠠᠯᠠᠯ ᠬᠠᠳᠠᠭᠠᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠬᠡᠷᠡᠭᠲᠡᠢ᠃        ︵ᠵᠢᠷᠭᠤᠭ᠎ᠠ︶ ᠤᠯᠠᠮᠵᠢᠯᠠᠯᠲᠤ ᠭᠠᠷ ᠤᠷᠠᠯᠠᠯ ᠤᠨ ᠤᠬᠠᠭᠤᠯᠭ᠎ᠠ᠂ ᠥᠵᠡᠭᠦᠯᠭᠡ᠂ ᠪᠤᠷᠤᠯᠠᠭᠤᠯᠭ᠎ᠠ ᠶᠢᠨ ᠵᠠᠮ ᠮᠥᠷ ᠢ ᠥᠷᠭᠡᠳᠬᠡᠬᠦ ᠬᠡᠷᠡᠭᠲᠡᠢ᠃ ᠤᠯᠠᠮᠵᠢᠯᠠᠯᠳᠤ ᠭᠠᠷ ᠤᠷᠠᠯᠠᠯ ᠲᠥᠪᠯᠡᠷᠡᠭᠰᠡᠨ ᠭᠠᠵᠠᠷ ᠤᠷᠤᠨ᠂ ᠲᠡᠤᠭᠡ ᠰᠤᠶᠤᠯ ᠤᠨ ᠵᠠᠭᠡᠯᠢ ᠲᠤᠭᠤᠷᠢᠭ᠂ ᠵᠢᠭᠤᠯᠴᠢᠯᠠᠯ ᠤᠨ ᠥᠵᠡᠮᠵᠢ ᠶᠢᠨ ᠤᠷᠤᠨ ᠳᠤ ᠤᠯᠠᠮᠵᠢᠯᠠᠯᠲᠤ ᠭᠠᠷ ᠤᠷᠠᠯᠠᠯ ᠤᠨ ᠪᠥᠲᠥᠭᠡᠭᠳᠡᠭᠦᠨ ᠢ ᠳᠡᠯᠭᠡᠨ ᠪᠤᠷᠤᠯᠠᠭᠤᠯᠬᠤ ᠭᠠᠵᠠᠷ ᠪᠠᠶᠢᠭᠤᠯᠬᠤ ᠶᠢ ᠵᠤᠷᠢᠬᠵᠢᠭᠤᠯᠤᠨ᠂ ᠥᠨᠳᠥᠰᠥᠲᠡᠨ ᠤ ᠤᠨᠴᠠᠯᠢᠭ ᠪᠤᠶᠤ ᠭᠠᠵᠠᠷ ᠤᠷᠤᠨ ᠤ ᠤᠨᠴᠠᠯᠢᠭ ᠪᠥᠬᠦᠢ ᠤᠯᠠᠮᠵᠢᠯᠠᠯᠲᠤ ᠭᠠᠷ ᠤᠷᠠᠯᠠᠯ ᠤᠨ ᠪᠥᠲᠥᠭᠡᠭᠳᠡᠬᠦᠨ ᠢ ᠲᠥᠪᠯᠡᠷᠡᠭᠦᠯᠥᠨ ᠳᠡᠯᠭᠡᠨ ᠥᠵᠡᠭᠦᠯᠬᠦ᠂ ᠤᠬᠠᠭᠤᠯᠬᠤ ᠪᠡ ᠲᠠᠨᠢᠯᠴᠠᠭᠤᠯᠵᠤ᠂ ᠤᠯᠠᠮᠵᠢᠯᠠᠯᠲᠤ ᠭᠠᠷ ᠤᠷᠠᠯᠠᠯ ᠵᠢᠴᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠤᠶᠠᠯᠳᠤᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠰᠤᠶᠤᠯ ᠪᠠ ᠪᠠᠶᠢᠭᠠᠯᠢ ᠶᠢᠨ ᠥᠪ ᠬᠥᠷᠥᠩᠭᠡ ᠶᠢᠨ ᠡᠳᠥᠷ᠂ ᠥᠪᠡᠷᠲᠡᠭᠡᠨ ᠵᠠᠰᠠᠬᠤ ᠤᠷᠤᠨ ᠤ ᠲᠠᠯ᠎ᠠ ᠨᠤᠲᠤᠭ ᠤᠨ ᠰᠤᠶᠤᠯ ᠤᠨ ᠥᠪ ᠬᠥᠷᠥᠩᠭᠡ ᠶᠢᠨ ᠡᠳᠥᠷ᠂ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠡᠳᠥᠷ᠂ ᠵᠢᠭᠤᠯᠴᠢᠯᠠᠯ ᠵᠡᠷᠭᠡ ᠬᠠᠮᠢᠶ᠎ᠠ ᠪᠥᠬᠦᠢ ᠪᠠᠶᠠᠷ ᠳᠤᠷᠠᠰᠬᠠᠯ ᠳᠡᠭᠡᠷ᠎ᠡ ᠤᠯᠠᠮᠵᠢᠯᠠᠯᠲᠤ ᠭᠠᠷ ᠤᠷᠠᠯᠠᠯ ᠤᠨ ᠲᠤᠰᠬᠠᠢ ᠲᠤᠭᠤᠷᠢᠭ ᠪᠠᠶᠢᠷᠢᠯᠠᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠵᠢᠴᠢ ᠤᠯᠠᠮᠵᠢᠯᠠᠯᠲᠤ ᠭᠠᠷ ᠤᠷᠠᠯᠠᠯ ᠤᠨ ᠡᠯ᠎ᠡ ᠵᠥᠢᠯ ᠤᠨ ᠥᠵᠡᠭᠦᠯᠭᠡ ᠶᠢ ᠡᠷᠬᠢᠯᠡᠨ᠂ ᠤᠯᠠᠮᠵᠢᠯᠠᠯᠲᠤ ᠭᠠᠷ ᠤᠷᠠᠯᠠᠯ ᠳᠤ ᠨᠡᠩ ᠤᠯᠠᠨ ᠥᠵᠡᠭᠦᠯᠥᠨ ᠠᠷᠠᠯᠵᠢᠶᠠᠯᠠᠬᠤ ᠲᠠᠪᠴᠠᠩ ᠪᠠᠶᠢᠭᠤᠯᠬᠤ ᠬᠡᠷᠡᠭᠲᠡᠢ᠃ ᠬᠤᠳᠠᠯᠳᠤᠭᠠᠨ ᠤ ᠰᠥᠯᠵᠢᠶ᠎ᠠ ᠪᠡ ᠬᠠᠮᠢᠶ᠎ᠠ ᠪᠥᠬᠦᠢ ᠲᠤᠰᠬᠠᠢ ᠮᠡᠷᠭᠡᠵᠢᠯ ᠤᠨ ᠰᠥᠯᠵᠢᠶᠡᠨ ᠤ ᠰᠥᠯᠵᠢᠶ᠎ᠡ ᠪᠠᠷ ᠪᠤᠷᠤᠯᠠᠭᠤᠯᠬᠤ ᠲᠠᠪᠴᠠᠩ ᠪᠠᠶᠢᠭᠤᠯᠬᠤ ᠶᠢ ᠵᠤᠷᠢᠬᠵᠢᠭᠤᠯᠤᠨ᠂ ᠤᠯᠠᠮᠵᠢᠯᠠᠯᠳᠤ ᠭᠠᠷ ᠤᠷᠠᠯᠠᠯ ᠤᠨ ᠪᠥᠲᠥᠭᠡᠭᠳᠡᠭᠦᠨ ᠢ ᠬᠠᠮᠵᠢᠨ ᠲᠠᠨᠢᠯᠴᠠᠭᠤᠯᠬᠤ ᠬᠡᠷᠡᠭᠲᠡᠢ᠃        ︵ᠳᠤᠯᠤᠭ᠎ᠠ︶ ᠨᠡᠶᠢᠭᠡᠮ ᠤᠨ ᠤᠬᠠᠭᠤᠯᠭ᠎ᠠ ᠪᠠ ᠲᠥᠭᠡᠮᠡᠯᠵᠢᠭᠦᠯᠬᠦ ᠬᠥᠮᠥᠵᠢᠯ ᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠵᠠᠭᠤᠴᠢᠯᠠᠭᠤᠷ᠂ ᠨᠡᠶᠢᠲᠡ ᠶᠢᠨ ᠠᠰᠠᠷᠠᠮᠵᠢ ᠶᠢᠨ ᠵᠠᠷ ᠢ ᠠᠰᠢᠭᠯᠠᠨ᠂ ᠨᠢᠰᠭᠡᠯ ᠤᠨ ᠪᠠᠭᠤᠳᠠᠯ᠂ ᠲᠡᠷᠭᠡᠨ ᠥᠷᠲᠡᠭᠡ᠂ ᠰᠤᠶᠤᠯ ᠤᠨ ᠲᠠᠯᠠᠪᠤᠷ ᠤᠨ ᠤᠯᠠᠨ ᠨᠡᠶᠢᠲᠡ ᠶᠢᠨ ᠤᠷᠤᠨ ᠵᠠᠢ ᠳᠤ ᠤᠯᠠᠮᠵᠢᠯᠠᠯᠲᠤ ᠭᠠᠷ ᠤᠷᠠᠯᠠᠯ ᠤᠨ ᠨᠠᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠵᠤ᠂ ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ ᠨᠥᠯᠥᠭᠡ ᠪᠠ ᠤᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠶᠢ ᠥᠷᠭᠡᠳᠬᠡᠨ᠂ ᠤᠷᠤᠨ ᠨᠤᠲᠤᠭ ᠤᠨ ᠰᠤᠶᠤᠯ ᠤᠨ ᠡᠬᠢ ᠪᠠᠶᠠᠯᠢᠭ ᠪᠠ ᠰᠤᠶᠤᠯ ᠤᠨ ᠲᠥᠷᠥᠯ ᠲᠡᠮᠳᠡᠭᠲᠥ ᠶᠢ ᠳᠡᠯᠭᠡᠨ ᠤᠬᠠᠭᠤᠯᠬᠤ ᠬᠡᠷᠡᠭᠲᠡᠢ᠃ ᠲᠧᠯᠸᠢᠰ᠂ ᠰᠥᠯᠵᠢᠶ᠎ᠡ ᠵᠠᠭᠤᠴᠢᠯᠠᠭᠤᠷ ᠵᠠᠷᠭᠡ ᠶᠢᠨ ᠡᠯᠪᠡᠭ ᠪᠠᠶᠠᠯᠢᠭ ᠤᠯᠠᠮᠵᠢᠯᠠᠯᠲᠤ ᠭᠠᠷ ᠤᠷᠠᠯᠠᠯ ᠤᠨ ᠲᠥᠷᠥᠯ ᠤᠨ ᠫᠷᠤᠭ᠍ᠷᠠᠮ ᠡᠷᠬᠢᠯᠡᠭᠦ ᠶᠢ ᠵᠤᠷᠢᠬᠵᠢᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠪᠠᠷᠢᠮᠲᠠᠲᠤ ᠺᠢᠨᠤ᠋᠂ ᠵᠢᠭᠠᠨ ᠰᠤᠷᠭᠠᠬᠤ ᠹᠢᠯᠢᠮ ᠪᠠ ᠤᠬᠠᠭᠤᠯᠭ᠎ᠠ ᠶᠢᠨ ᠹᠢᠯᠢᠮ ᠢ ᠰᠡᠭᠦᠳᠡᠷᠯᠡᠬᠦ ᠪᠠ ᠤᠷᠴᠢᠭᠤᠯᠤᠨ ᠥᠢᠯᠡᠳᠴᠥ᠂ ᠮᠡᠳᠡᠯᠭᠡ ᠤᠯᠠᠮᠵᠢᠯᠠᠬᠤ᠂ ᠲᠥᠭᠡᠮᠡᠯᠵᠢᠭᠦᠯᠬᠦ ᠪᠠ ᠤᠷ᠎ᠠ ᠮᠡᠷᠭᠡᠵᠢᠯ ᠰᠤᠯᠢᠯᠴᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠤᠯᠠᠮᠵᠢᠯᠠᠯᠲᠤ ᠭᠠᠷ ᠤᠷᠠᠯᠠᠯ ᠤᠨ ᠮᠡᠳᠡᠯᠭᠡ ᠰᠤᠷᠤᠯᠴᠠᠬᠤ ᠳᠤ ᠳᠥᠭᠦᠮ ᠥᠵᠡᠭᠦᠯᠬᠦ ᠬᠡᠷᠡᠭᠲᠡᠢ᠃ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠡ ᠪᠥᠬᠦᠢ ᠠᠵᠢᠯᠯᠠᠭ᠎ᠠ ᠳᠤ ᠢᠳᠡᠪᠬᠢᠲᠡᠢ ᠤᠷᠤᠯᠴᠠᠬᠤ ᠪᠤᠶᠤ ᠵᠤᠬᠢᠶᠠᠨ ᠪᠠᠶᠢᠭᠤᠯᠬᠤ ᠶᠢ ᠵᠤᠷᠢᠬᠵᠢᠭᠤᠯᠵᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠤᠯᠠᠨ ᠨᠡᠶᠢᠲᠡ ᠶᠢᠨ ᠰᠤᠶᠤᠯ ᠤᠨ ᠥᠢᠯᠡᠴᠢᠯᠡᠭᠡᠨ ᠤ ᠲᠠᠯᠠᠪᠤᠷ ᠲᠤ ᠲᠥᠰᠢᠭᠯᠡᠵᠤ ᠨᠡᠶᠢᠭᠡᠮ ᠲᠤᠭᠤᠷᠢᠭ ᠲᠤ ᠬᠠᠨᠳᠤᠭᠤᠯᠤᠭᠰᠠᠨ ᠤᠯᠠᠮᠵᠢᠯᠠᠯᠲᠤ ᠭᠠᠷ ᠤᠷᠠᠯᠠᠯ ᠤᠨ ᠥᠵᠡᠭᠦᠯᠭᠡ ᠬᠢᠬᠦ᠂ ᠤᠶᠢᠯᠠᠭᠠᠬᠤ᠂ ᠵᠢᠭᠠᠬᠤ ᠰᠤᠷᠬᠤ᠂ ᠲᠠᠶᠢᠯᠤᠮᠵᠢ ᠬᠢᠬᠦ᠂ ᠪᠤᠯᠪᠠᠰᠤᠷᠠᠭᠤᠯᠬᠤ ᠵᠡᠷᠭᠡ ᠡᠯ᠎ᠡ ᠵᠥᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢ ᠤᠯᠠᠮᠵᠢᠯᠠᠯᠲᠤ ᠭᠠᠷ ᠤᠷᠠᠯᠠᠯ ᠢ ᠲᠥᠭᠡᠮᠡᠯᠵᠢᠭᠦᠯᠥᠨ ᠳᠡᠯᠭᠡᠷᠡᠭᠦᠯᠬᠦ ᠴᠢᠬᠤᠯᠠ ᠪᠠᠬᠢᠯᠡᠯᠲᠠ ᠪᠤᠯᠭᠠᠨ᠂ ᠤᠯᠠᠨ ᠲᠥᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ ᠮᠡᠳᠡᠷᠡᠮᠵᠢ ᠶᠢ ᠴᠢᠩᠭᠠᠷᠠᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢ ᠰᠤᠷᠭᠠᠭᠤᠯᠢ ᠶᠢᠨ ᠬᠥᠷᠢᠶᠡᠨ ᠳᠤ ᠤᠷᠤᠭᠤᠯᠬᠤ ᠵᠡᠷᠭᠡ ᠠᠵᠢᠯᠯᠠᠭ᠎ᠠ ᠶᠢ ᠥᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠢ ᠳᠡᠭᠡᠳᠥ ᠰᠤᠷᠭᠠᠭᠤᠯᠢ ᠶᠢᠨ ᠬᠥᠮᠥᠨ ᠨᠡᠶᠢᠭᠡᠮ ᠤᠨ ᠬᠡᠪ ᠴᠢᠨᠠᠷ ᠤᠨ ᠬᠢᠴᠢᠶᠡᠯ ᠪᠡ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠠᠳᠠᠨᠠᠬᠢ ᠵᠢᠭᠠᠨ ᠰᠤᠷᠭᠠᠬᠤ ᠠᠵᠢᠯᠯᠠᠭ᠎ᠠ ᠳᠤ ᠤᠷᠤᠭᠤᠯᠬᠤ ᠭᠡᠷᠡᠭᠲᠡᠢ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠭᠠᠵᠠᠷ ᠤᠷᠤᠨ ᠤ ᠤᠨᠴᠠᠯᠢᠭ᠂ ᠥᠨᠳᠥᠰᠥᠲᠡᠨ ᠤ ᠤᠨᠴᠠᠯᠢᠭ ᠢ ᠢᠯᠡᠷᠡᠭᠦᠯᠥᠭᠰᠡᠨ ᠤᠯᠠᠮᠵᠢᠯᠠᠯᠲᠤ ᠭᠠᠷ ᠤᠷᠠᠯᠠᠯ ᠢ ᠪᠡᠶ᠎ᠡ ᠪᠠᠷ ᠢᠶᠠᠨ ᠤᠶᠢᠯᠠᠭᠠᠬᠤ ᠪᠡ ᠤᠷᠤᠯᠳᠤᠭᠠᠨ ᠵᠤᠬᠢᠶᠠᠨ ᠪᠠᠶᠢᠭᠤᠯᠵᠤ ᠥᠷᠨᠢᠭᠦᠯᠬᠦ ᠶᠢ ᠳᠡᠮᠵᠢᠨ᠂ ᠵᠠᠯᠠᠭᠤᠴᠤᠳ ᠪᠠᠭᠠᠴᠤᠳ ᠤᠨ ᠤᠷᠤᠯᠳᠤᠵᠤ ᠬᠢᠬᠦ ᠴᠢᠳᠠᠪᠤᠷᠢ ᠪᠡ ᠡᠭᠦᠳᠥᠨ ᠪᠥᠲᠥᠭᠡᠬᠦ ᠴᠢᠳᠠᠪᠤᠷᠢ ᠶᠢ ᠳᠡᠭᠡᠭᠰᠢᠯᠡᠭᠦᠯᠵᠤ᠂ ᠤᠯᠠᠮᠵᠢᠯᠠᠯᠲᠤ ᠰᠤᠶᠤᠯ ᠤᠨ ᠮᠠᠳᠡᠷᠡᠮᠵᠢ ᠶᠢ ᠨᠢ ᠨᠡᠩ ᠭᠥᠨ ᠪᠤᠯᠭᠠᠬᠤ ᠬᠡᠷᠡᠭᠲᠡᠢ᠃        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠨᠢᠭᠡᠳᠥᠯᠲᠡᠢ ᠲᠥᠯᠥᠪᠵᠢᠭᠦᠯᠥᠨ ᠵᠤᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ ᠨᠤᠭᠤᠳ ᠳᠡᠭᠡᠳᠥ ᠬᠡᠮᠵᠢᠶ᠎ᠡ ᠪᠠᠷ ᠴᠢᠬᠤᠯᠠᠴᠢᠯᠠᠨ᠂ ᠰᠤᠶᠤᠯ᠂ ᠠᠵᠤ ᠠᠬᠤᠢ ᠪᠡ ᠮᠡᠳᠡᠭᠡ ᠵᠠᠩᠬᠢᠵᠢᠯᠲᠠ᠂ ᠡᠳ᠋ ᠤᠨ ᠵᠠᠰᠠᠭ᠂ ᠰᠢᠨᠵᠢᠯᠡᠭᠡ ᠮᠡᠷᠭᠡᠵᠢᠯ᠂ ᠰᠤᠷᠭᠠᠨ ᠬᠥᠮᠥᠵᠢᠯ᠂ ᠬᠥᠮᠥᠨ ᠤ ᠬᠥᠴᠥᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠷᠴᠢᠨ ᠲᠤᠭᠤᠷᠢᠨ ᠤ ᠬᠠᠮᠠᠭᠠᠯᠠᠯᠲᠠ᠂ ᠤᠢ ᠰᠢᠭᠤᠢ᠂ ᠮᠠᠯ ᠠᠵᠤ ᠠᠬᠤᠢ᠂ ᠤᠷᠤᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠮᠥᠩᠭᠦᠨ ᠭᠥᠢᠯᠭᠡᠭᠡ᠂ ᠵᠢᠭᠤᠯᠴᠢᠯᠠᠯ᠂ ᠥᠢᠯᠡᠳᠪᠥᠷᠢ ᠬᠤᠳᠠᠯᠳᠤᠭ᠎ᠠ᠂ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠶᠠᠳᠠᠭᠤ ᠶᠢ ᠳᠡᠳᠬᠦᠬᠦ᠂ ᠵᠡᠮᠳᠡᠭᠴᠥᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠢ ᠨᠢᠭᠡᠳᠥᠯᠲᠡᠢ ᠲᠥᠯᠥᠪᠵᠢᠭᠦᠯᠥᠨ ᠵᠤᠬᠢᠴᠠᠭᠤᠯᠵᠤ᠂ ᠰᠤᠶᠤᠯ ᠤᠨ ᠠᠵᠢᠯ ᠥᠢᠯᠡᠰ ᠪᠠ ᠰᠤᠶᠤᠯ ᠤᠨ ᠠᠵᠤ ᠥᠢᠯᠡᠰ ᠢ ᠴᠡᠴᠡᠭᠯᠡᠨ ᠭᠥᠭᠵᠢᠭᠦᠯᠬᠦ ᠪᠠ ᠤᠨᠢᠨ ᠳᠡᠭᠡᠷ᠎ᠡ ᠨᠢ ᠳᠡᠳᠬᠦᠬᠦ᠂ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠥᠲᠥᠭᠡᠨ ᠪᠠᠶᠢᠭᠤᠯᠤᠯᠲᠠ᠂ ᠥᠨᠳᠥᠰᠥᠲᠡᠨ ᠤ ᠤᠯᠠᠮᠵᠢᠯᠠᠯᠲᠤ ᠭᠠᠷ ᠤᠷᠠᠯᠠᠯ ᠵᠢᠴᠢ ᠤᠨᠴᠠᠯᠢᠭᠲᠤ ᠲᠤᠰᠬᠤᠨ ᠪᠠᠯᠭᠠᠰᠤ ᠶᠢ ᠬᠠᠮᠠᠭᠠᠯᠠᠬᠤ ᠪᠡ ᠬᠥᠭᠵᠢᠭᠦᠯᠬᠦ᠂ ᠤᠯᠠᠮᠵᠢᠯᠠᠯᠲᠤ ᠠᠶᠢᠯ ᠲᠤᠰᠬᠤᠨ ᠢ ᠬᠠᠮᠠᠭᠠᠯᠠᠬᠤ᠂ ᠥᠵᠡᠰᠭᠦᠯᠡᠩᠲᠥ ᠰᠢᠶᠠᠩ ᠲᠤᠰᠬᠤᠨ ᠢ ᠪᠥᠲᠥᠭᠡᠨ ᠪᠠᠶᠢᠭᠤᠯᠬᠤ᠂ ᠪᠥᠬᠦ ᠬᠥᠷᠢᠶ᠎ᠡ ᠴᠠᠷᠠᠭ᠎ᠠ ᠳᠤ ᠵᠢᠭᠤᠯᠴᠢᠯᠠᠬᠤ ᠵᠡᠷᠭᠡ ᠠᠵᠢᠯ ᠯᠤᠭ᠎ᠠ ᠤᠶᠠᠯᠳᠤᠭᠤᠯᠤᠨ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠥᠨ ᠮᠠᠨᠳᠤᠭᠤᠯᠬᠤ ᠪᠥᠲᠥᠮᠵᠢᠲᠡᠢ ᠠᠷᠭ᠎ᠠ ᠵᠠᠮ ᠢ ᠢᠳᠡᠪᠬᠢᠲᠡᠢ ᠰᠥᠪᠡᠭᠴᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠥᠯᠡᠭᠦᠥ ᠬᠥᠳᠡᠯᠮᠥᠷᠢ ᠬᠥᠴᠥ᠂ ᠬᠤᠲᠠ ᠶᠢᠨ ᠠᠵᠢᠯ ᠤᠨ ᠪᠠᠶᠢᠷᠢ ᠠᠴᠠ ᠪᠠᠭᠤᠭᠰᠠᠨ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠵᠡᠮᠳᠡᠭᠴᠥᠥᠯ᠂ ᠨᠤᠲᠤᠭ ᠲᠠᠭᠠᠨ ᠪᠤᠴᠠᠭᠰᠠᠨ ᠪᠠ ᠬᠥᠳᠡᠭᠡ ᠪᠠᠭᠤᠨ ᠥᠢᠯᠡᠰ ᠴᠤᠭᠴᠠᠯᠠᠨ ᠰᠢᠨ᠎ᠡ ᠶᠢ ᠡᠭᠦᠳᠤᠭ᠍ᠰᠡᠳ᠂ ᠥᠨᠳᠥᠰᠥᠲᠡᠨ ᠤ ᠭᠠᠵᠠᠷ ᠤᠷᠤᠨ ᠤ ᠤᠯᠠᠨ ᠲᠥᠮᠡᠨ ᠳᠤ ᠬᠠᠨᠳᠤᠭᠤᠯᠤᠭᠰᠠᠨ ᠭᠠᠷ ᠤᠷᠠᠯᠠᠯ ᠤᠨ ᠤᠷ᠎ᠠ ᠮᠡᠷᠭᠡᠵᠢᠯ ᠤᠨ ᠪᠤᠯᠪᠠᠰᠤᠷᠠᠭᠤᠯᠤᠯ ᠢ ᠥᠷᠭᠡᠨ ᠢᠶᠠᠷ ᠥᠷᠨᠢᠭᠦᠯᠥᠨ᠂ ᠲᠡᠳᠡᠨᠡᠷ ᠤᠨ ᠤᠯᠠᠮᠵᠢᠯᠠᠯᠲᠤ ᠭᠠᠷ ᠤᠷᠠᠯᠠᠯ ᠤᠨ ᠥᠢᠯᠡᠳᠪᠥᠷᠢᠯᠡᠯ ᠡᠷᠬᠢᠯᠡᠬᠦ ᠶᠢ ᠵᠤᠷᠢᠬᠵᠢᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ ᠥᠵᠡᠭᠦᠯᠬᠦ ᠰᠠᠭᠤᠷᠢᠨ ᠭᠠᠵᠠᠷ ᠤᠨ ᠬᠥᠲᠥᠯᠥᠨ ᠳᠠᠭᠠᠭᠤᠯᠬᠤ ᠥᠢᠯᠡᠳᠥᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃        ︵ᠬᠤᠶᠠᠷ︶ ᠳᠡᠮᠵᠢᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠳ ᠤᠯᠠᠮᠵᠢᠯᠠᠯᠲᠤ ᠰᠤᠶᠤᠯ ᠪᠠ ᠤᠯᠠᠮᠵᠢᠯᠠᠯᠲᠤ ᠭᠠᠷ ᠤᠷᠠᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠶᠢ ᠭᠥᠲᠥᠯᠥᠨ ᠵᠢᠯᠤᠭᠤᠳᠬᠤ ᠪᠡᠯᠡ ᠮᠥᠩᠬᠦ ᠶᠢ ᠪᠠᠶᠢᠭᠤᠯᠵᠤ᠂ ᠲᠤᠭᠲᠠᠭᠠᠯ ᠳᠤ ᠨᠡᠶᠢᠴᠡᠬᠦ ᠪᠥᠭᠡᠳ ᠥᠨᠳᠥᠰᠥᠲᠡᠨ᠂ ᠤᠷᠤᠨ ᠪᠥᠰᠡ ᠶᠢᠨ ᠤᠨᠴᠠᠯᠢᠭ ᠪᠠ ᠬᠥᠭᠵᠢᠯᠲᠡ ᠶᠢᠨ ᠳᠠᠯᠳᠠ ᠬᠥᠴᠥᠨ ᠪᠥᠬᠦᠢ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ ᠵᠤᠬᠢᠬᠤ ᠳᠡᠮᠵᠢᠯᠭᠡ ᠥᠭᠬᠦ ᠬᠡᠷᠡᠭᠲᠡᠢ᠃ ᠶᠠᠳᠠᠭᠤ ᠬᠥᠴᠢᠷᠲᠡᠯᠲᠡᠢ ᠭᠠᠵᠠᠷ ᠤᠷᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠬᠦ ᠲᠥᠷᠥᠯ ᠵᠥᠢᠯ ᠳᠤ ᠳᠡᠮᠵᠢᠯᠭᠡ ᠥᠭᠬᠦ ᠬᠡᠷᠡᠭᠲᠡᠢ᠂ ᠳᠡᠭᠡᠳᠥ ᠰᠤᠷᠭᠠᠭᠤᠯᠢ ᠶᠢᠨ ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠲᠥᠷᠥᠯ ᠢᠶᠠᠷ ᠲᠡᠭᠦᠰᠥᠭᠰᠡᠨ ᠰᠤᠷᠤᠭᠴᠢᠳ ᠤᠨ ᠤᠯᠠᠮᠵᠢᠯᠠᠯᠲᠤ ᠭᠠᠷ ᠤᠷᠠᠯᠠᠯ ᠤᠨ ᠥᠢᠯᠡᠰ ᠴᠤᠭᠴᠠᠯᠠᠬᠤ ᠪᠠ ᠰᠢᠨ᠎ᠡ ᠶᠢ ᠡᠭᠦᠳᠬᠦ ᠶᠢ ᠥᠷᠨᠢᠭᠦᠯᠬᠦ ᠳᠤ ᠳᠡᠮᠵᠢᠯᠭᠡ ᠤᠯᠭᠤᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠤᠬᠠᠭᠤᠯᠭ᠎ᠠ ᠳᠡᠯᠭᠡᠨ ᠥᠵᠡᠭᠦᠯᠭᠡ᠂ ᠵᠢᠭᠠᠬᠤ ᠰᠤᠷᠬᠤ ᠪᠤᠯᠪᠠᠰᠤᠷᠠᠭᠤᠯᠤᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ︽13 · 5︾ ᠶᠢᠨ ᠬᠤᠭᠤᠴᠠᠭᠠᠨ ᠤ ᠰᠤᠶᠤᠯ ᠤᠨ ᠵᠢᠭᠤᠯᠴᠢᠯᠠᠯ ᠢ ᠳᠡᠭᠡᠭᠰᠢᠯᠡᠭᠦᠯᠬᠦ ᠢᠨᠵᠧᠨᠧᠷᠢᠩ ᠳᠤ ᠤᠷᠤᠭᠤᠯᠤᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠨᠢ ᠤᠳᠤ ᠪᠠᠷ ᠬᠡᠷᠡᠭᠵᠢᠭᠦᠯᠵᠤ ᠪᠠᠶᠢᠭ᠎ᠠ ᠵᠢᠵᠢᠭ ᠪᠢᠴᠢᠯ ᠠᠵᠤ ᠠᠬᠤᠶᠢᠯᠠᠯ ᠪᠠ ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢᠨ ᠨᠥᠭᠦᠴᠡᠯ ᠳᠤ ᠨᠡᠶᠢᠴᠡᠪᠡᠯ᠂ ᠲᠤᠭᠲᠠᠭᠠᠯ ᠶᠤᠰᠤᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠭᠥᠷᠲᠡᠭᠡᠬᠦ ᠬᠡᠷᠡᠭᠲᠡᠢ᠃        ︵ᠭᠤᠷᠪᠠ︶ ᠮᠥᠩᠭᠦᠨ ᠭᠥᠢᠯᠭᠡᠭᠡᠨ ᠤ ᠥᠢᠯᠡᠴᠢᠯᠡᠭᠡ ᠶᠢ ᠴᠢᠩᠭᠠᠳᠬᠠᠨ᠎ᠠ᠃ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠵᠤᠭᠤᠰ ᠤᠨ ᠪᠤᠰᠤ ᠬᠥᠷᠥᠩᠭᠡ ᠶᠢ ᠥᠨᠡᠯᠡᠨ ᠵᠢᠱᠢᠬᠦ ᠳᠥᠷᠢᠮ ᠤᠨ ᠰᠢᠰᠲ᠋ᠧᠮᠵᠢ ᠶᠢ ᠰᠥᠪᠡᠭᠴᠢᠯᠡᠨ ᠪᠠᠶᠢᠭᠤᠯᠵᠤ᠂ ᠨᠥᠭᠦᠴᠡᠯ ᠳᠤ ᠨᠡᠶᠢᠴᠡᠬᠦ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠥᠭᠵᠢᠯᠲᠡ ᠶᠢ ᠳᠡᠮᠵᠢᠬᠦ ᠬᠡᠷᠡᠭᠲᠡᠢ᠃ ᠮᠥᠩᠭᠦᠨ ᠭᠥᠢᠯᠭᠡᠭᠡᠨ ᠤ ᠪᠠᠶᠢᠭᠤᠯᠤᠮᠵᠢ ᠶᠢᠨ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠤᠨᠴᠠᠯᠢᠭ ᠲᠤ ᠲᠤᠬᠢᠷᠠᠬᠤ ᠮᠥᠩᠭᠦᠨ ᠭᠥᠢᠯᠭᠡᠭᠡᠨ ᠤ ᠨᠡᠷᠡᠳᠬᠦᠨ ᠪᠡ ᠥᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠵᠤᠷᠢᠬᠵᠢᠭᠤᠯᠤᠨ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠢᠯᠠᠯ ᠤᠨ ᠪᠠᠯᠡ ᠣᠷᠤᠭᠤᠯᠬᠤ ᠪᠡᠯᠡ ᠲᠤᠬᠢᠷᠠᠭᠤᠯᠭ᠎ᠠ ᠶᠢᠨ ᠳᠡᠮᠵᠢᠯᠭᠡ ᠪᠡ ᠥᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号