︽ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠡᠶ᠋ᠢᠬ ᠤᠨ ᠦᠭᠡᠷᠡᠴᠢᠯᠡᠯᠳᠡ ᠶᠢ ᠣᠯᠡᠮ ᠨᠢᠭᠡ ᠠᠯᠬᠤᠮ ᠬᠦᠨᠵᠡᠭᠡᠶᠢᠷᠡᠬᠦᠯᠬᠦ ᠶᠢᠨ ᠭᠡᠷᠡᠭᠵᠢᠬᠦᠯᠬᠦ ᠳᠥᠰᠥᠯ︾ ᠢ ᠳᠡᠷᠣᠮᠠᠯᠯᠠᠨ ᠶᠠᠪᠤᠭᠤᠯᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018-03-21
                 ᠦᠪᠦᠷ ᠵᠠᠰᠠᠭ ᠠᠯᠪᠠᠨ ᠲᠠᠷᠬᠠᠭᠠᠭᠰᠠᠨ ︹2017︺ 164 ᠳ᠋ᠤᠭᠡᠷ ᠲᠤᠭᠠᠳᠤ                  11 ᠳ᠋ᠣᠭᠡᠷ ᠰᠡᠷ᠎ᠠ ᠶᠢᠨ 10 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠦᠪᠡᠷᠳᠡᠭᠡᠨ ᠵᠠᠰᠬᠠᠥ ᠣᠷᠣᠨ ᠤ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ ᠤᠨ ᠵᠤᠬᠢᠶᠡᠨ ᠪᠠᠶᠢᠭᠤᠯᠥᠨ ᠲᠤᠠᠠᠳᠠᠭᠠᠠᠠᠰᠠᠨ ︽ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠡᠶ᠋ᠢᠬ ᠤᠨ ᠦᠭᠡᠷᠡᠴᠢᠯᠡᠯᠳᠡ ᠶᠢ ᠣᠯᠡᠮ ᠨᠢᠭᠡ ᠠᠯᠬᠤᠮ ᠬᠦᠨᠵᠡᠭᠡᠶᠢᠷᠡᠬᠦᠯᠬᠦ ᠶᠢᠨ ᠭᠡᠷᠡᠭᠵᠢᠬᠦᠯᠬᠦ ᠳᠥᠰᠥᠯ︾ ᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠬᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠬᠢᠨᠠᠮᠠᠭᠠᠢ ᠵᠤᠬᠢᠶᠡᠨ ᠪᠠᠶᠢᠭᠤᠯᠥᠨ ᠭᠡᠷᠡᠭᠵᠢᠬᠦᠯᠳᠦᠭᠡᠢ᠃            ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠦᠨᠳᠣᠰᠣᠡ            ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠡᠶ᠋ᠢᠬ ᠤᠨ            ᠦᠭᠡᠷᠡᠴᠢᠯᠡᠯᠳᠡ ᠶᠢ ᠣᠯᠡᠮ ᠨᠢᠭᠡ ᠠᠯᠬᠤᠮ            ᠬᠦᠨᠵᠡᠭᠡᠶᠢᠷᠡᠬᠦᠯᠬᠦ ᠶᠢᠨ ᠭᠡᠷᠡᠭᠵᠢᠬᠦᠯᠬᠦ ᠳᠥᠰᠥᠯ            ︵ᠦᠪᠡᠷᠳᠡᠭᠡᠨ ᠵᠠᠰᠬᠠᠥ ᠣᠷᠣᠨ ᠤ ᠬᠦᠮᠦᠨ ᠤ ᠬᠦᠴᠣᠨ ᠤ            ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ            2017 ᠣᠨ ᠤ 11 ᠳ᠋ᠣᠭᠡᠷ ᠰᠡᠷ᠎ᠠ︶        ︽ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠡᠶ᠋ᠢᠬ ᠤᠨ ᠦᠭᠡᠷᠡᠴᠢᠯᠡᠯᠳᠡ ᠶᠢ ᠣᠯᠡᠮ ᠨᠢᠭᠡ ᠠᠯᠬᠤᠮ ᠬᠦᠨᠵᠡᠭᠡᠶᠢᠷᠡᠬᠦᠯᠬᠦ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠵᠢᠯᠥᠭᠤᠳᠬᠤ ᠰᠠᠨᠠᠯ︾ ︵ᠳᠥᠷᠥ ᠠᠯᠪᠠᠨ ᠲᠠᠷᠬᠠᠭᠠᠠᠠᠰᠠᠨ ︹2017︺ 55 ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠶᠢ ᠦᠨᠳᠣᠰᠣᠯᠡᠨ᠂ ᠦᠨᠳᠣᠰᠣᠡ ᠱᠠᠳᠣᠨ ᠤ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠡᠮᠴᠢᠯᠡᠭᠡᠨ ᠤ ᠲᠠᠭᠠᠳᠬᠠᠯ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠥᠯ ᠤᠨ ᠦᠭᠡᠷᠡᠴᠢᠯᠡᠯᠳᠡ ᠶᠢᠨ ᠲᠤᠮᠳᠡᠬᠢ ᠰᠠᠭᠤᠷᠢ ᠴᠢᠨᠡᠷᠳᠡᠢ ᠦᠢᠯᠡᠳᠣᠯ ᠢ ᠬᠦᠢᠴᠡᠳ ᠪᠡᠳᠡᠷᠡᠭᠤᠯᠥᠨ᠂ ᠲᠠᠭᠠᠳᠬᠠᠯ ᠳᠤ ᠣᠷᠣᠯᠴᠬᠠᠰᠠᠳ ᠤᠨ ᠡᠷᠬᠡ ᠠᠰᠢᠭ ᠢ ᠪᠠᠳᠣᠯᠠᠬᠤ᠂ ᠡᠮᠴᠢᠯᠡᠭᠡᠨ ᠤ ᠦᠢᠯᠡᠴᠢᠯᠡᠭᠡ ᠶᠢᠨ ᠦᠢᠯᠡ ᠠᠵᠢᠯᠯᠠᠭ᠎ᠠ ᠶᠢ ᠵᠢᠷᠣᠮᠵᠢᠭᠤᠯᠬᠤ᠂ ᠡᠮᠴᠢᠯᠡᠭᠡᠨ ᠤ ᠵᠠᠷᠣᠳᠡᠯ ᠤᠨ ᠵᠣᠬᠢᠰ ᠦᠭᠡᠢ ᠨᠡᠮᠡᠭᠳᠡᠬᠦ ᠶᠢ ᠬᠤᠷᠢᠠᠠᠯᠠᠬᠤ ᠶᠢᠨ ᠲᠣᠰᠠᠳᠡ᠂ ᠦᠪᠡᠷᠳᠡᠭᠡᠨ ᠵᠠᠰᠠᠬᠤ ᠣᠷᠣᠨ ᠤ ᠪᠤᠳᠡᠳᠡᠢ ᠲᠠᠢ ᠣᠶᠠᠯᠳᠣᠭᠤᠯᠵᠦ᠂ ᠲᠣᠰ ᠳᠥᠰᠥᠯ ᠢ ᠲᠣᠠᠠᠳᠠᠭᠠᠪᠠ᠃        ᠨᠢᠭᠡ᠂ ᠶᠡᠷᠦᠩᠬᠡᠢ ᠱᠠᠭᠠᠷᠳᠡᠯᠭ᠎ᠠ        ︵ᠨᠢᠭᠡ︶ ᠦᠨᠳᠣᠰᠣᠡ ᠵᠠᠷᠴᠢᠮ᠃        ᠦᠨᠳᠣᠰᠣ ᠶᠢ ᠪᠠᠳᠣᠯᠠᠨ᠎ᠠ᠃ ᠤᠷᠣᠯᠭ᠎ᠠ ᠪᠠᠷ ᠵᠠᠷᠣᠯᠭ᠎ᠠ ᠶᠢ ᠲᠣᠠᠠᠳᠠᠭᠠᠬᠤ᠂ ᠣᠷᠣᠯᠭ᠎ᠠ ᠵᠠᠷᠣᠯᠭ᠎ᠠ ᠶᠢ ᠳᠡᠩᠴᠠᠬᠦᠷᠢᠵᠢᠬᠦᠯᠬᠦ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ ᠶᠢ ᠪᠡᠷᠢᠮᠳᠡᠯᠡᠵᠦ᠂ ᠡᠮᠴᠢᠯᠠᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠭᠡᠷᠡᠭᠯᠡᠯᠳᠡ ᠶᠢᠨ ᠦᠷ᠎ᠠ ᠠᠰᠢᠭ ᠢ ᠳᠠᠰᠣᠷᠡᠯᠳᠡ ᠦᠭᠡᠢ ᠳᠡᠭᠡᠭᠰᠢᠯᠡᠬᠦᠯᠦᠨ᠂ ᠲᠠᠭᠠᠳᠬᠠᠯ ᠳᠤ ᠣᠷᠣᠯᠴᠬᠠᠰᠠᠳ ᠤᠨ ᠦᠨᠳᠣᠰᠣᠡ ᠡᠮᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠶᠢ ᠬᠦᠴᠣᠯᠡᠨ ᠪᠠᠳᠣᠯᠠᠵᠦ᠂ ᠡᠮᠴᠢᠯᠡᠭᠡᠨ ᠡᠷᠡᠬᠦᠯ ᠬᠠᠮᠠᠭᠠᠯᠠᠯ ᠤᠨ ᠡᠬᠢ ᠪᠠᠶᠠᠯᠢᠭ ᠢ ᠵᠦᠢ ᠵᠣᠬᠢᠰᠳᠡᠢ ᠠᠰᠢᠠᠠᠯᠠᠬᠤ ᠶᠢ ᠠᠬᠢᠭᠤᠯᠥᠨ᠂ ᠪᠠᠳᠣᠯᠠᠭ᠎ᠠ ᠶᠢᠨ ᠬᠤᠷᠢᠭ᠎ᠠ ᠱᠣᠭᠤᠮ ᠢ ᠪᠠᠬᠢᠵᠢᠬᠦᠯᠥᠨ᠎ᠠ᠃        ᠲᠣᠠᠠᠳᠡᠴᠠ ᠶᠢ ᠪᠠᠶᠢᠭᠤᠯᠥᠨ᠎ᠠ᠃ ᠡᠮᠴᠢᠯᠡᠭᠡᠨ ᠤ ᠭᠤᠷᠪᠠᠳᠡᠬᠢ ᠡᠳᠡᠭᠡᠳ ᠤᠨ ᠲᠠᠪᠠᠭᠤᠯᠢᠭ ᠢ ᠪᠠᠳᠡᠷᠡᠭᠤᠯᠥᠨ ᠂ ᠡᠮᠴᠢᠯᠡᠭᠡᠨ ᠤ ᠲᠠᠭᠠᠳᠬᠠᠯ ᠤᠨ ᠡᠮᠴᠢᠯᠡᠭᠡᠨ ᠤ ᠦᠢᠯᠡ ᠠᠵᠢᠯᠯᠠᠭ᠎ᠠ ᠶᠢᠨ ᠣᠷᠮᠠᠰᠢᠭᠤᠯᠥᠨ ᠬᠢᠵᠠᠭᠠᠷᠯᠠᠬᠤ ᠲᠣᠠᠠᠳᠡᠴᠠ ᠵᠢᠴᠢ ᠡᠮᠴᠢᠯᠡᠭᠡᠨ ᠤ ᠵᠠᠷᠣᠳᠡᠯ ᠤᠨ ᠬᠢᠵᠠᠭᠠᠷᠯᠠᠬᠤ ᠲᠤᠠᠠᠳᠡᠴᠠ ᠶᠢ ᠪᠦᠷᠢᠨᠰᠢᠬᠦᠯᠥᠨ᠎ᠠ᠃ ᠡᠮᠴᠢᠯᠡᠭᠡᠨ ᠤ ᠲᠠᠭᠠᠳᠬᠠᠯ ᠤᠨ ᠡᠷᠬᠢᠯᠡᠨ ᠭᠦᠢᠴᠡᠳᠭᠡᠬᠦ ᠪᠠᠶᠢᠭᠤᠯᠥᠮᠵᠢ ᠬᠢᠭᠡᠳ ᠡᠮᠴᠢᠯᠡᠭᠡᠨ ᠤ ᠪᠠᠶᠢᠭᠤᠯᠥᠮᠵᠢ ᠶᠢᠨ ᠬᠤᠭᠤᠷᠣᠨᠳᠣᠬᠢ ᠢᠯᠡ ᠪᠠᠷ ᠡᠷᠬᠡ ᠲᠡᠭᠰᠢ ᠪᠠᠷ ᠭᠡᠯᠡᠯᠴᠡᠨ ᠵᠦᠪᠳᠡᠯᠴᠡᠬᠦ ᠲᠣᠠᠠᠳᠡᠴᠠ᠂ ︽ᠦᠯᠡᠳᠡᠪᠦᠷᠢ ᠪᠠᠨ ᠦᠯᠡᠳᠡᠭᠡᠨ ᠭᠡᠷᠡᠭᠯᠡᠬᠦ᠂ ᠵᠦᠢ ᠶᠣᠰᠤᠨ ᠤ ᠭᠡᠳᠦᠷᠡᠭᠰᠡᠨ ᠵᠠᠷᠣᠯᠭ᠎ᠠ ᠶᠢ ᠬᠤᠪᠢᠶᠡᠷᠢᠯᠡᠨ ᠡᠬᠦᠷᠭᠡᠯᠡᠬᠦ︾ ᠣᠷᠮᠠᠰᠢᠭᠤᠯᠬᠤ ᠪᠠ ᠳᠥᠭᠰᠢᠬᠦᠷᠢ ᠶᠢ ᠬᠤᠪᠢᠶᠡᠷᠢᠯᠡᠨ ᠡᠬᠦᠷᠭᠡᠯᠡᠬᠦ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠵᠦ᠂ ᠡᠮᠴᠢᠯᠡᠭᠡᠨ ᠤ ᠪᠠᠶᠢᠭᠤᠯᠥᠮᠵᠢ ᠶᠢᠨ ᠦᠪᠡᠷ ᠢ ᠪᠠᠨ ᠬᠠᠮᠢᠶᠡᠷᠬᠤ ᠢᠳᠡᠪᠬᠢᠵᠢᠯ ᠢ ᠳᠡᠭᠡᠭᠰᠢᠯᠡᠬᠦᠯᠥᠨ᠂ ᠡᠮᠴᠢᠯᠡᠭᠡᠨ ᠤ ᠪᠠᠶᠢᠭᠤᠯᠥᠮᠵᠢ ᠶᠢᠨ ᠬᠦᠷᠢᠶ᠎ᠠ ᠭᠡᠪᠴᠢᠶ᠎ᠠ ᠨᠢ ᠦᠷᠭᠡᠳᠴᠥ ᠪᠠᠶᠢᠠᠠᠰᠠᠨ ᠢ ᠪᠠᠭᠲᠠᠭᠠᠮᠵᠢ ᠶᠢᠨ ᠮᠠᠶ᠋ᠢᠭ ᠤᠨ ᠬᠦᠭᠵᠢᠯᠳᠡ ᠲᠡᠰᠢ ᠬᠤᠪᠢᠷᠡᠭᠤᠯᠬᠤ ᠶᠢ ᠠᠬᠢᠭᠤᠯᠥᠨ᠎ᠠ᠃        ᠲᠣᠬᠠᠢ ᠶᠢᠨ ᠭᠠᠵᠡᠷ ᠣᠷᠣᠨ ᠤ ᠪᠠᠶᠢᠳᠡᠯ ᠳᠤᠨᠢ ᠲᠣᠬᠢᠷᠡᠭᠤᠯᠥᠨ᠎ᠠ᠃ ᠪᠤᠳᠡᠳᠡᠢ ᠠᠴᠠ ᠡᠬᠦᠰᠬᠦ ᠶᠢ ᠪᠠᠷᠢᠮᠳᠡᠯᠡᠵᠦ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠲᠤᠭᠠᠴᠠᠭ᠎ᠠ ᠬᠢᠬᠦ ᠴᠢᠳᠡᠪᠦᠷᠢ᠂ ᠡᠮᠴᠢᠯᠡᠭᠡᠨ ᠤ ᠲᠠᠭᠠᠳᠬᠠᠯ ᠤᠨ ᠬᠠᠮᠢᠶᠡᠷᠦᠯᠳᠡ ᠶᠢᠨ ᠦᠢᠯᠡᠴᠢᠯᠡᠭᠡᠨ ᠤ ᠴᠢᠳᠡᠪᠦᠷᠢ᠂ ᠡᠮᠴᠢᠯᠡᠭᠡᠨ ᠤ ᠦᠢᠯᠡᠴᠢᠯᠡᠭᠡᠨ ᠤ ᠣᠨᠴᠠᠯᠢᠭ᠂ ᠡᠪᠡᠳᠴᠢᠨ ᠡᠮᠬᠡᠭ ᠤᠨ ᠵᠢᠠᠠᠰᠠᠯ ᠤᠨ ᠲᠠᠷᠬᠠᠯᠳᠡ ᠵᠡᠷᠭᠡ ᠶᠢᠨ ᠬᠦᠴᠣᠨ ᠵᠦᠢᠯ ᠢ ᠬᠦᠢᠴᠡᠳ ᠪᠤᠳᠣᠯᠬᠢᠯᠡᠨ᠂ ᠰᠢᠨ᠎ᠡ ᠶᠢ ᠡᠬᠦᠳᠬᠦ ᠶᠢ ᠢᠳᠡᠪᠬᠢᠳᠡᠢ ᠪᠠᠷ ᠰᠦᠪᠡᠭᠴᠢᠯᠡᠵᠦ᠂ ᠲᠤᠰ ᠭᠠᠵᠠᠷ ᠤᠨ ᠪᠣᠳᠠᠲᠠᠢ ᠳᠤ ᠨᠡᠶᠢᠴᠡᠬᠦ ᠡᠮᠴᠢᠯᠡᠭᠡᠨ ᠤ ᠳᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃        ᠨᠢᠭᠡᠳᠦᠯᠲᠠᠢ ᠲᠦᠯᠦᠪᠯᠡᠨ ᠵᠤᠬᠢᠴᠠᠭᠤᠯᠤᠨ᠎ᠠ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠡᠯ᠎ᠡ ᠵᠦᠢᠯ ᠤᠨ ᠦᠭᠡᠷᠡᠴᠢᠯᠡᠯᠲᠡ ᠶᠢ ᠨᠢᠭᠡᠳᠦᠯᠲᠠᠢ ᠲᠦᠯᠦᠪᠯᠡᠵᠦ᠂ ᠦᠭᠡᠷᠡᠴᠢᠯᠡᠯᠳᠡ ᠶᠢᠨ ᠰᠢᠰᠲ᠋ᠧᠮᠳᠣ ᠴᠢᠨᠡᠷ᠂ ᠪᠦᠬᠦᠯᠢ ᠴᠣᠠᠠᠴᠠᠳᠦ ᠴᠢᠨᠡᠷ᠂ ᠵᠤᠬᠢᠴᠠᠯᠳᠦ ᠴᠢᠨᠡᠷ ᠢ ᠴᠢᠬᠤᠯᠠᠴᠢᠯᠠᠨ᠂ ᠰᠠᠯᠠᠭ᠎ᠠ ᠮᠦᠴᠢᠷ ᠤᠨ ᠨᠡᠶᠢᠯᠡᠮᠡᠯ ᠬᠦᠴᠣᠨ ᠢ ᠪᠠᠳᠡᠷᠡᠭᠤᠯᠵᠦ᠂ ᠣᠯᠡᠨ ᠠᠷᠭ᠎ᠠ ᠭᠡᠮᠵᠢᠶ᠎ᠠ ᠶᠢ ᠵᠡᠷᠭᠡᠪᠡᠷ ᠭᠡᠷᠡᠭᠯᠡᠨ᠂ ᠳᠥᠷᠥ ᠶᠢᠨ ᠪᠤᠳᠣᠯᠭ᠎ᠠ ᠶᠢᠨ ᠲᠠᠪᠬᠤᠷ ᠦᠷ᠎ᠠ ᠨᠦᠯᠥᠭᠡ ᠶᠢ ᠪᠠᠶᠡᠯᠡᠬᠦᠯᠥᠨ᠎ᠠ᠃        ︵ᠬᠤᠶᠡᠷ︶ ᠭᠤᠤᠯ ᠬᠠᠷᠡᠯᠳᠡ᠃        ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠳᠥᠰᠥᠪ ᠤᠨ ᠬᠠᠮᠢᠶᠡᠷᠦᠯᠳᠡ ᠶᠢ ᠣᠯᠡᠮ ᠨᠢᠭᠡ ᠠᠯᠬᠤᠮ ᠴᠢᠩᠭᠠᠳᠬᠠᠵᠦ᠂ ᠶᠡᠷᠦᠩᠭᠡᠢ ᠲᠤᠭ᠎ᠠ ᠶᠢᠨ ᠳᠥᠰᠥᠪ ᠤᠨ ᠰᠠᠭᠤᠷᠢᠨ ᠳᠡᠭᠡᠷ᠎ᠠ᠂ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠪᠠᠷ ᠭᠤᠤᠯ ᠪᠤᠯᠭᠠᠠᠠᠰᠠᠨ ᠣᠯᠡᠨ ᠡᠰᠢᠳᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠦᠬᠦ ᠳᠡᠯ᠎ᠠ ᠪᠠᠷ ᠭᠡᠷᠡᠭᠵᠢᠬᠦᠯᠥᠨ᠎ᠡ᠃ 2017 ᠣᠨ ᠤ ᠵᠢᠯ ᠤᠨ ᠰᠡᠬᠦᠯᠴᠢ ᠪᠤᠯᠳᠡᠯ᠎ᠠ ᠡᠯ᠎ᠠ ᠭᠠᠵᠡᠷ ᠣᠷᠣᠨ ᠤ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠶᠢ ᠭᠡᠷᠡᠭᠵᠢᠬᠦᠯᠥᠭᠰᠡᠨ ᠡᠪᠡᠳᠴᠢᠨ ᠤ ᠳᠥᠷᠦᠯ ᠢ 100 ᠠᠴᠠ ᠲᠣᠳᠠᠭᠤ ᠦᠭᠡᠢ ᠪᠠᠶᠢᠯᠭᠠᠵᠦ᠂ ᠨᠦᠬᠦᠴᠡᠯ ᠲᠠᠢ ᠭᠠᠵᠡᠷ ᠣᠷᠣᠨ ᠨᠢ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠦᠬᠦᠢ ᠲᠤᠭᠤᠶᠢᠯᠡᠩ ᠬᠤᠪᠢᠶᠡᠨ ︵DRGs︶ ᠵᠠᠷᠣᠳᠡᠯ ᠲᠣᠰᠢᠶᠠᠬᠤ ᠲᠣᠷᠰᠢᠯᠳᠡ ᠬᠢᠵᠦ᠂ ᠡᠯ᠎ᠠ ᠭᠠᠵᠡᠷ ᠣᠷᠣᠨ ᠤ ᠬᠦᠮᠦᠨ ᠤ ᠲᠤᠭ᠎ᠠ ᠪᠠ ᠣᠷᠥ ᠡᠵᠡᠯᠡᠭᠰᠡᠨ ᠡᠳᠣᠷ ᠵᠡᠷᠭᠡ ᠣᠯᠡᠨ ᠵᠦᠢᠯ ᠢᠶᠠᠷ ᠵᠠᠷᠣᠳᠡᠯ ᠲᠣᠰᠢᠶᠡᠬᠤ ᠠᠷᠭ᠎ᠠ ᠮᠠᠶ᠋ᠢᠭ ᠢ ᠢᠳᠡᠪᠬᠢᠳᠡᠢ ᠪᠠᠷ ᠦᠷᠨᠢᠬᠦᠯᠬᠦ ᠶᠢ ᠵᠣᠷᠢᠠᠠᠵᠢᠭᠤᠯᠵᠦ ᠪᠤᠯᠥᠨ᠎ᠠ᠃        2020 ᠣᠨ ᠪᠤᠯᠳᠡᠯ᠎ᠠ᠂ ᠡᠮᠴᠢᠯᠡᠭᠡᠨ ᠤ ᠲᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠪᠣᠢ ᠪᠦᠬᠦᠢ ᠡᠮᠴᠢᠯᠡᠭᠡᠨ ᠤ ᠪᠠᠶᠢᠭᠤᠯᠥᠮᠵᠢ ᠵᠢᠴᠢ ᠡᠮᠴᠢᠯᠡᠭᠡᠨ ᠤ ᠦᠢᠯᠡᠴᠢᠯᠡᠭᠡ ᠶᠢ ᠪᠦᠷᠬᠦᠬᠦᠯᠥᠨ᠂ ᠪᠦᠬᠦ ᠣᠷᠣᠨ ᠳᠤ ᠠᠳᠡᠯᠢ ᠪᠣᠰᠥ ᠡᠪᠡᠳᠴᠢᠨ ᠡᠮᠭᠡᠭ᠂ ᠠᠳᠡᠯᠢ ᠪᠣᠰᠥ ᠦᠢᠯᠡᠴᠢᠯᠡᠭᠡᠨ ᠤ ᠣᠨᠴᠠᠯᠢᠭ ᠤᠨ ᠣᠯᠡᠨ ᠡᠰᠢᠳᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠲᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠢ ᠨᠡᠶᠢᠲᠡᠮ ᠭᠡᠷᠡᠭᠵᠢᠬᠦᠯᠵᠦ᠂ ᠳᠥᠷᠦᠯ ᠵᠦᠢᠯ ᠢᠶᠠᠷ ᠵᠠᠷᠣᠳᠡᠯ ᠲᠣᠰᠢᠶᠡᠬᠤ ᠶᠢᠨ ᠡᠵᠡᠯᠡᠬᠦ ᠬᠠᠷᠢᠴᠠᠯ ᠢ ᠮᠡᠳᠡᠭᠳᠡᠬᠦ᠋ᠢᠴᠡ ᠪᠠᠭᠤᠷᠡᠭᠤᠯᠥᠨ᠎ᠠ᠃        ᠬᠤᠶᠡᠷ᠂ ᠲᠤᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠭᠤᠤᠯ ᠠᠭᠤᠯᠭ᠎ᠠ ᠪᠠ ᠭᠡᠷᠡᠭᠵᠢᠬᠦᠯᠬᠦ ᠠᠯᠬᠤᠮ ᠳᠡᠷᠡᠭᠠᠯᠠᠯ        ︵ᠨᠢᠭᠡ︶ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠶᠢ ᠪᠦᠬᠦ ᠳᠡᠯ᠎ᠠ ᠪᠠᠷ ᠭᠡᠷᠡᠭᠵᠢᠬᠦᠯᠥᠨ᠎ᠡ᠃        1. ᠡᠮᠴᠢᠯᠡᠭᠡᠨ ᠤ ᠦᠢᠯᠡᠴᠢᠯᠡᠭᠡ ᠶᠢᠨ ᠵᠢᠷᠦᠮᠵᠢᠠᠠᠰᠠᠨ ᠬᠠᠮᠢᠶᠡᠷᠦᠯᠳᠡ ᠶᠢ ᠴᠢᠩᠭᠠᠳᠬᠠᠨ᠎ᠠ᠃ ᠣᠯᠥᠰ ᠤᠨ ᠡᠮᠴᠢᠯᠡᠭᠡᠨ ᠤ ᠦᠢᠯᠡᠴᠢᠯᠡᠭᠡ ᠶᠢᠨ ᠳᠥᠷᠦᠯ ᠵᠦᠢᠯ ᠤᠨ ᠮᠡᠷᠭᠡᠵᠢᠯ ᠤᠨ ᠵᠢᠷᠦᠮᠵᠢᠯ᠂ ᠡᠮᠴᠢᠯᠡᠭᠡᠨ ᠤ ᠠᠷᠭ᠎ᠠ ᠵᠠᠮ ᠵᠡᠷᠭᠡ ᠠᠵᠢᠯ ᠳᠥᠷᠦᠯ ᠤᠨ ᠮᠡᠷᠭᠡᠵᠢᠯ ᠤᠨ ᠪᠠᠷᠢᠮᠵᠢᠶ᠎ᠠ ᠶᠢ ᠪᠦᠬᠦ ᠳᠡᠯ᠎ᠠ ᠪᠠᠷ ᠲᠣᠣᠱᠯᠠᠭᠤᠯᠥᠨ ᠭᠡᠷᠡᠭᠵᠢᠬᠦᠯᠵᠦ᠂ ᠡᠪᠡᠳᠴᠢᠨ ᠡᠮᠭᠡᠭ ᠤᠨ ᠳᠥᠷᠦᠯ ᠬᠤᠪᠢᠶᠡᠬᠤ ᠳ᠋ᠣᠭᠠᠷᠯᠠᠯ᠂ ᠮᠡᠰᠡ ᠵᠠᠰᠠᠯ ᠪᠠ ᠠᠵᠢᠯᠯᠠᠬᠤ ᠳ᠋ᠣᠭᠠᠷᠯᠠᠯ ᠤᠨ ᠰᠢᠰᠲ᠋ᠧᠮ ᠢ ᠣᠯᠡᠮ ᠨᠢᠭᠡ ᠠᠯᠬᠤᠮ ᠨᠢᠭᠡᠳᠭᠡᠵᠦ᠂ ᠡᠪᠡᠳᠴᠢᠨ ᠤ ᠲᠡᠥᠭᠡ ᠶᠢ ᠲᠣᠳᠣᠷᠬᠠᠶᠢᠯᠠᠬᠤ ᠵᠢᠴᠢ ᠡᠪᠡᠳᠴᠢᠨ ᠤ ᠳᠡᠩᠰᠡ ᠶᠢᠨ ᠳᠦᠷᠦᠬᠦᠥ ᠨᠢᠭᠤᠷ ᠤᠨ ᠪᠢᠴᠢᠯᠭᠡ ᠶᠢ ᠵᠢᠷᠦᠮᠵᠢᠭᠤᠯᠬᠤ ᠶᠢᠨ ᠬᠠᠮᠳᠣ ᠶᠠᠰᠣ ᠴᠢᠨᠡᠷ ᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡ ᠶᠢᠨ ᠳᠥᠷᠦᠯ ᠵᠦᠢᠯ ᠤᠨ ᠨᠠᠷᠡᠶᠢᠳᠦᠯ ᠪᠠ ᠠᠭᠤᠯᠥᠠᠠᠳᠠᠬᠤᠨ ᠢ ᠨᠢᠭᠡᠳᠭᠡᠬᠦ ᠶᠢ ᠠᠯᠬᠤᠮ ᠠᠯᠬᠤᠮ ᠢᠶᠠᠷ ᠪᠠᠶᠠᠯᠠᠬᠦᠯᠵᠥ᠂ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠶᠢ ᠭᠡᠷᠡᠭᠵᠢᠬᠦᠯᠬᠦ ᠳᠤ ᠰᠠᠶᠢᠨ ᠰᠠᠶᠢᠬᠠᠨ ᠰᠠᠭᠤᠷᠢ ᠳᠡᠯᠪᠢᠵᠦ ᠦᠭᠬᠦᠨ᠎ᠡ᠃        2. ᠡᠪᠡᠳᠴᠢᠨ ᠤ ᠳᠥᠷᠦᠯ ᠢ ᠰᠣᠩᠭᠤᠬᠤ ᠪᠠ ᠵᠠᠷᠣᠳᠡᠯ ᠤᠨ ᠳᠥᠰᠦᠭᠡᠯᠡᠨ ᠪᠤᠳᠣᠬᠤ ᠶᠢ ᠰᠠᠶᠢᠳᠣᠷ ᠬᠢᠨ᠎ᠠ ᠃ ᠡᠮᠴᠢᠯᠡᠭᠡᠨ ᠤ ᠵᠠᠷᠣᠳᠡᠯ ᠨᠢ ᠨᠡᠯᠢᠶᠡᠳ ᠲᠣᠠᠠᠳᠠᠭᠤᠨ᠂ ᠡᠮᠨᠡᠯᠭᠡ ᠠᠴᠠ ᠭᠠᠷᠣᠠᠠᠰᠠᠨ ᠡᠪᠡᠳᠴᠢᠨ ᠤ ᠵᠢᠱᠢᠶ᠎ᠡ ᠨᠡᠯᠢᠶᠡᠳ ᠣᠯᠡᠨ᠂ ᠡᠮᠨᠡᠨ ᠵᠠᠰᠬᠠᠰᠠᠨ ᠠᠷᠭ᠎ᠠ ᠨᠢ ᠬᠠᠷᠢᠴᠠᠩᠭᠤᠢ ᠪᠠᠷ ᠪᠤᠯᠪᠠᠰᠣᠷᠡᠩᠭᠤᠢ᠂ ᠡᠮᠴᠢᠯᠡᠭᠡᠨ ᠤ ᠦᠷ᠎ᠠ ᠪᠦᠳᠦᠮᠵᠢ ᠨᠢ ᠦᠨᠡᠡ ᠪᠤᠳᠡᠳᠡᠢ᠂ ᠪᠤᠳᠡᠭᠠᠯᠢ ᠪᠡᠶ᠎ᠡ ᠶᠢᠨ ᠵᠦᠷᠢᠶ᠎ᠠ ᠨᠢ ᠨᠡᠯᠢᠶᠡᠳ ᠪᠠᠭ᠎ᠠ᠂ ᠡᠮᠴᠢᠯᠡᠭᠡᠨ ᠤ ᠠᠷᠭ᠎ᠠ ᠵᠠᠮ ᠤᠨ ᠬᠠᠮᠢᠶᠡᠷᠦᠯᠳᠡ ᠳᠤ ᠣᠷᠣᠭᠤᠯᠥᠠᠠᠰᠠᠨ ᠡᠪᠡᠳᠴᠢᠨ ᠤ ᠳᠥᠷᠦᠯ ᠢ ᠰᠣᠩᠭᠤᠵᠦ᠂ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢ ᠪᠠᠭᠳᠠᠭᠠᠠᠠᠰᠠᠨ ᠡᠯ᠎ᠠ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠳᠤ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠶᠢ ᠭᠡᠷᠡᠭᠵᠢᠬᠦᠯᠥᠨ᠎ᠠ᠃ ᠰᠣᠩᠭᠤᠠᠠᠰᠠᠨ ᠡᠪᠡᠳᠴᠢᠨ ᠤ ᠳᠥᠷᠦᠯ ᠳᠤ ᠡᠳᠣᠷ ᠤᠨ ᠮᠠᠰᠡ ᠵᠠᠰᠠᠯ ᠵᠢᠴᠢ ᠨᠦᠬᠦᠴᠡᠯ ᠳᠤ ᠨᠡᠶᠢᠴᠡᠬᠦ ᠮᠣᠩᠭᠤᠯ ᠬᠢᠳᠡᠳ ᠡᠸᠦ᠋ᠷᠦᠫᠠ ᠡᠮᠨᠡᠯᠭᠡ ᠶᠢᠨ ᠡᠬᠦᠳᠡᠨ ᠡᠮᠨᠡᠯᠭᠡ ᠶᠢᠨ ᠡᠪᠡᠳᠴᠢᠨ ᠤ ᠳᠥᠷᠦᠯ ᠢ ᠪᠠᠭᠳᠠᠭᠠᠵᠦ ᠪᠤᠯᠥᠨ᠎ᠠ᠃ ᠡᠮᠴᠢᠯᠡᠭᠡᠨ ᠤ ᠪᠠᠶᠢᠭᠤᠯᠥᠮᠵᠢ ᠶᠢᠨ ᠳᠡᠰ ᠵᠠᠷᠬᠡ᠂ ᠡᠪᠡᠳᠴᠢᠨ ᠤ ᠳᠥᠷᠦᠯ ᠤᠨ ᠡᠮᠴᠢᠯᠡᠭᠡᠨ ᠤ ᠠᠷᠭ᠎ᠠ ᠵᠠᠮ ᠪᠤᠯᠥᠨ ᠡᠪᠡᠳᠴᠢᠨ ᠤ ᠳᠥᠷᠦᠯ ᠨᠢᠭᠡᠪᠦᠷᠢ ᠨᠢ ᠦᠢᠷ᠎ᠠ ᠶᠢᠨ 2 — 3 ᠵᠢᠯ ᠤᠨ ᠲᠣᠮᠳᠡᠴᠢ ᠵᠠᠷᠣᠳᠡᠯ ᠤᠨ ᠪᠡᠷᠢᠮᠵᠢᠶ᠎ᠠ ᠪᠠᠷ ᠦᠨᠳᠣᠰᠣᠡ ᠳᠥᠰᠥᠭᠡᠯᠡᠨ ᠪᠤᠳᠣᠬᠤ ᠦᠨᠳᠣᠰᠣ ᠪᠡᠷᠢᠮᠳᠡ ᠪᠤᠯᠭᠠᠵᠦ᠂ ᠵᠦᠢ ᠵᠣᠬᠢᠰᠳᠡᠢ ᠪᠠᠷ ᠳᠥᠰᠥᠭᠡᠯᠡᠨ ᠪᠤᠳᠣᠵᠦ ᠪᠠᠶᠢᠭᠠᠳ ᠡᠪᠡᠳᠴᠢᠨ ᠤ ᠳᠥᠷᠦᠯ ᠤᠨ ᠵᠠᠷᠣᠳᠡᠯ ᠲᠣᠰᠢᠶᠠᠬᠤ ᠪᠡᠷᠢᠮᠵᠢᠶ᠎ᠠ ᠶᠢ ᠲᠣᠠᠠᠳᠠᠭᠠᠨ᠎ᠠ᠃ ᠦᠪᠡᠷᠳᠡᠭᠡᠨ ᠵᠠᠰᠠᠬᠤ ᠣᠷᠣᠨ ᠤ ᠲᠣᠳᠣᠷᠬᠠᠶᠢᠯᠬᠠᠰᠠᠨ ᠰᠦᠢᠳᠭᠡᠯ ᠬᠤᠷᠢᠶᠠᠬᠤ ᠪᠡᠷᠢᠮᠵᠢᠶ᠎ᠠ ᠶᠢᠨ ᠡᠪᠡᠳᠴᠢᠨ ᠤ ᠳᠥᠷᠦᠯ ᠳᠤ᠂ ᠡᠪᠡᠳᠴᠢᠨ ᠤ ᠳᠥᠷᠦᠯ ᠢᠶᠠᠷ ᠰᠦᠢᠳᠭᠡᠯ ᠬᠤᠷᠢᠶᠠᠬᠤ᠂ ᠵᠠᠷᠣᠳᠡᠯ ᠲᠣᠰᠢᠶᠡᠬᠤ ᠳᠥᠷᠥ ᠶᠢᠨ ᠪᠤᠳᠣᠯᠭ᠎ᠠ ᠶᠢᠨ ᠵᠤᠯᠭᠠᠭᠤᠯᠭ᠎ᠠ ᠶᠢ ᠰᠠᠶᠢᠳᠣᠷ ᠬᠢᠵᠦ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠪᠠ ᠬᠤᠪᠢ ᠬᠦᠮᠦᠨ ᠬᠠᠮᠳᠣᠪᠡᠷ ᠬᠤᠪᠢᠶᠠᠷᠢᠯᠠᠨ ᠡᠬᠦᠷᠭᠡᠯᠡᠨ᠎ᠠ᠃        3. ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠠᠬᠤ ᠶᠢ ᠪᠦᠬᠦ ᠳᠡᠯ᠎ᠠ ᠪᠠᠷ ᠭᠡᠷᠡᠭᠵᠢᠬᠦᠯᠥᠨ᠎ᠡ᠃ ᠡᠯ᠎ᠠ ᠭᠠᠵᠡᠷ ᠣᠷᠣᠨ ᠨᠤᠭᠤᠳ 2017 ᠣᠨ ᠤ 12 ᠳ᠋ᠣᠭᠠᠷ ᠰᠡᠷ᠎ᠠ ᠠᠴᠠ ᠡᠮᠤᠨ᠎ᠠ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠡᠬᠤ ᠶᠢᠨ ᠭᠡᠷᠡᠭᠵᠢᠬᠦᠯᠬᠦ ᠳᠥᠰᠥᠯ ᠢ ᠭᠠᠷᠭᠠᠬᠤ ᠶᠢᠨ ᠬᠠᠮᠳᠣ ᠵᠤᠬᠢᠶᠡᠨ ᠪᠠᠶᠢᠭᠤᠯᠥᠨ ᠭᠡᠷᠡᠭᠵᠢᠬᠦᠯᠵᠦ ᠂ ᠡᠪᠡᠳᠴᠢᠨ ᠤ ᠳᠥᠷᠦᠯ᠂ ᠡᠯ᠎ᠠ ᠳᠡᠰ ᠵᠡᠷᠭᠡ ᠶᠢᠨ ᠡᠮᠴᠢᠯᠡᠭᠡᠨ ᠤ ᠪᠠᠶᠢᠭᠤᠯᠥᠮᠵᠢ ᠶᠢᠨ ᠵᠠᠷᠣᠳᠡᠯ ᠲᠣᠰᠢᠶᠡᠬᠤ ᠪᠠᠷᠢᠮᠵᠢᠶ᠎ᠠ᠂ ᠡᠪᠡᠳᠴᠢᠨ ᠦᠵᠡᠬᠦᠯᠬᠦ ᠴᠣᠪᠣᠷᠡᠯ ᠪᠠ ᠲᠠᠩᠰᠠ ᠳᠡᠶᠢᠯᠬᠤ ᠳᠥᠷᠥ ᠶᠢᠨ ᠪᠤᠳᠣᠯᠭ᠎ᠠ ᠶᠢ ᠲᠣᠠᠠᠳᠠᠭᠠᠨ᠎ᠠ᠃ 2018 ᠣᠨ ᠠᠴᠠ ᠡᠬᠢᠯᠡᠨ᠂ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠭᠰᠡᠨ ᠰᠠᠭᠤᠷᠢᠨ ᠳᠡᠭᠡᠷ᠎ᠠ ᠡᠪᠡᠳᠴᠢᠨ ᠤ ᠳᠥᠷᠦᠯ ᠢᠶᠠᠷ ᠵᠠᠷᠣᠳᠡᠯ ᠲᠣᠰᠢᠶᠠᠬᠤ ᠡᠪᠡᠳᠴᠢᠨ ᠤ ᠳᠥᠷᠦᠯ ᠤᠨ ᠲᠤᠭ᠎ᠠ ᠭᠡᠮᠵᠢᠶ᠎ᠠ ᠶᠢ ᠣᠯᠡᠮ ᠨᠢᠬᠡ ᠠᠯᠬᠤᠮ ᠨᠡᠮᠡᠭᠳᠡᠬᠦᠯᠥᠨ᠂ ᠡᠮᠴᠢᠯᠡᠭᠡᠨ ᠤ ᠪᠠᠶᠢᠭᠤᠯᠥᠮᠵᠢ ᠶᠢᠨ ᠬᠠᠮᠣᠷᠬᠤ ᠬᠦᠷᠢᠶ᠎ᠠ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃        4. ᠬᠢᠨᠡᠯᠳᠡ ᠬᠠᠮᠢᠶᠡᠷᠦᠯᠳᠡ ᠶᠢ ᠴᠢᠩᠭᠠᠳᠬᠠᠨ᠎ᠠ᠃ ᠡᠪᠡᠳᠴᠢᠨ ᠤ ᠳᠥᠷᠦᠯ ᠤᠨ ᠣᠨᠳᠣᠥᠰᠢᠬᠤ ᠨᠣᠷᠮ᠎ᠠ ᠶᠢ ᠴᠢᠩᠭ᠎ᠠ ᠡᠵᠡᠮᠳᠡᠵᠦ᠂ ᠳᠡᠰ ᠳᠡᠪᠰᠢᠬᠦᠯᠥᠨ ᠣᠨᠣᠰᠢᠯᠠᠬᠤ᠂ ᠡᠮᠨᠡᠯᠭᠡ ᠳᠤ ᠰᠠᠭᠤᠬᠤ ᠶᠢ ᠢᠯᠭᠠᠬᠤ᠂ ᠡᠪᠡᠳᠴᠢᠳᠡᠨ ᠢ ᠰᠢᠯᠳ᠋ᠬᠠᠯᠠᠨ ᠬᠠᠷᠢᠯᠴᠠᠨ ᠳᠦᠯᠬᠢᠯᠴᠡᠬᠦ᠂ ᠡᠮ ᠤᠨ ᠵᠦᠢᠯ ᠢ ᠰᠦᠯᠪᠡᠭᠡᠯᠡᠨ ᠰᠤᠯᠢᠬᠤ᠂ ᠵᠠᠷᠣᠳᠡᠯ ᠢ ᠰᠢᠯᠵᠢᠬᠦᠯᠬᠦ ᠪᠠ ᠣᠨᠣᠰᠢᠯᠠᠨ ᠡᠮᠨᠡᠬᠦ ᠴᠢᠬᠤᠯᠡ ᠲᠠᠢ ᠦᠢᠯᠡᠴᠢᠯᠡᠭᠡᠨ ᠢ ᠪᠠᠭᠠᠰᠬᠠᠬᠤ ᠵᠠᠷᠭᠡ ᠦᠢᠯᠡ ᠠᠵᠢᠯᠯᠠᠭ᠎ᠠ ᠶᠢ ᠡᠷᠡᠰ ᠬᠤᠷᠢᠠᠠᠯᠠᠨ᠎ᠠ᠃ ᠴᠢᠭ ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠨᠢ ᠰᠠᠨᠠᠭᠠᠴᠢᠯᠠᠭ᠎ᠠ ᠠᠴᠠ ᠪᠠᠨ ᠦᠪᠡᠷ ᠤᠨ ᠦᠷᠲᠡᠭ ᠢ ᠡᠵᠡᠮᠳᠡᠬᠦ ᠶᠢ ᠬᠦᠳᠦᠯᠥᠨ ᠵᠢᠯᠥᠭᠤᠳᠴᠥ᠂ ᠣᠨᠣᠰᠢᠯᠠᠨ ᠡᠮᠨᠡᠬᠦ ᠴᠣᠪᠣᠷᠡᠯ ᠢ ᠰᠢᠯᠢᠳᠡᠭᠵᠢᠬᠦᠯᠥᠨ᠂ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠣᠮᠵᠢᠭᠤᠯᠵᠦ᠂ ᠭᠡᠳᠣᠷᠠᠳᠡᠯ᠎ᠠ ᠡᠮᠨᠡᠬᠦ᠂ ᠭᠡᠳᠣᠷᠠᠳᠡᠯ᠎ᠠ ᠪᠠᠶᠢᠴᠠᠭᠠᠬᠤ᠂ ᠭᠡᠳᠣᠷᠠᠳᠡᠯ᠎ᠠ ᠡᠮ ᠭᠡᠷᠡᠭᠯᠡᠬᠦ ᠠᠴᠠ ᠵᠠᠶᠢᠯᠠᠰᠬᠢᠨ᠂ ᠡᠮᠴᠢᠯᠡᠭᠡᠨ ᠤ ᠵᠠᠷᠣᠳᠡᠯ ᠤᠨ ᠵᠦᠢ ᠵᠣᠬᠢᠰ ᠦᠭᠡᠢ ᠨᠡᠮᠡᠭᠳᠡᠬᠦ ᠶᠢ ᠦᠨᠡᠨᠬᠦ ᠡᠵᠡᠮᠳᠡᠨ᠎ᠠ᠃        ︵ᠬᠤᠶᠡᠷ︶ ᠣᠷᠥ ᠡᠵᠡᠯᠡᠭᠰᠡᠨ ᠡᠳᠣᠷ ᠢᠶᠠᠷ ᠵᠠᠷᠣᠳᠡᠯ ᠲᠣᠰᠢᠶᠠᠬᠤ ᠶᠢ ᠳᠡᠯᠭᠡᠷᠡᠬᠦᠯᠥᠨ ᠭᠡᠷᠡᠭᠵᠢᠬᠦᠯᠥᠨ᠎ᠡ᠃        1. ᠭᠡᠷᠡᠭᠵᠢᠬᠦᠯᠬᠦ ᠬᠦᠷᠢᠶ᠎ᠠ ᠭᠡᠪᠴᠢᠶ᠎ᠠ ᠶᠢ ᠲᠣᠠᠠᠳᠠᠭᠠᠨ᠎ᠠ᠃ ᠣᠷᠳᠣ ᠬᠤᠭᠤᠴᠠᠭ᠎ᠠ ᠪᠠᠷ ᠡᠮᠨᠡᠯᠭᠡ ᠳᠤ ᠰᠠᠭᠤᠵᠦ ᠡᠮᠨᠡᠬᠦᠯᠬᠦ ᠴᠢᠬᠤᠯᠡᠳᠡᠢ ᠪᠦᠭᠡᠳ ᠡᠳᠣᠷ ᠪᠦᠷᠢ ᠶᠢᠨ ᠵᠠᠷᠣᠳᠡᠯ ᠨᠢ ᠨᠡᠯᠢᠶᠡᠳ ᠲᠣᠠᠠᠳᠠᠭᠤᠨ ᠪᠠᠶᠢᠬᠤ ᠡᠪᠡᠳᠴᠢᠨ ᠡᠮᠭᠡᠭ ᠢ ᠰᠣᠩᠭᠤᠨ ᠣᠷᠥ ᠡᠵᠡᠯᠡᠭᠰᠡᠨ ᠡᠳᠣᠷ ᠢᠶᠠᠷ ᠵᠠᠷᠣᠳᠡᠯ ᠲᠣᠰᠢᠶᠠᠬᠤ ᠶᠢ ᠶᠠᠪᠤᠠᠠᠳᠠᠭᠤᠯᠥᠨ᠎ᠠ᠃ ᠮᠠᠳᠡᠷᠡᠯ ᠤᠨ ᠡᠪᠡᠳᠴᠢᠨ ᠢ ᠣᠷᠢᠳᠡᠪᠡᠷ ᠰᠣᠩᠭᠤᠨ ᠣᠷᠥ ᠡᠵᠡᠯᠡᠭᠰᠡᠨ ᠡᠳᠣᠷ ᠢᠶᠠᠷ ᠵᠠᠷᠣᠳᠡᠯ ᠲᠣᠰᠢᠶᠠᠬᠤ ᠶᠢ ᠭᠡᠷᠡᠭᠵᠢᠬᠦᠯᠵᠦ᠂ ᠣᠷᠥ ᠡᠵᠡᠯᠡᠭᠰᠡᠨ ᠡᠳᠣᠷ ᠢᠶᠠᠷ ᠵᠠᠷᠣᠳᠡᠯ ᠲᠣᠰᠢᠶᠠᠬᠤ ᠪᠡᠷᠢᠮᠵᠢᠶ᠎ᠠ ᠶᠢ ᠵᠦᠢ ᠵᠣᠬᠢᠰᠳᠡᠢ ᠲᠣᠠᠠᠳᠠᠭᠠᠨ᠎ᠠ᠃        2. ᠬᠢᠨᠡᠯᠳᠡ ᠬᠠᠮᠢᠶᠡᠷᠦᠯᠳᠡ ᠶᠢ ᠰᠠᠶᠢᠳᠣᠷ ᠬᠢᠨ᠎ᠠ᠃ ᠲᠣᠮᠳᠡᠴᠢ ᠪᠠᠷ ᠡᠮᠨᠡᠯᠭᠡ ᠳᠤ ᠰᠠᠭᠤᠠᠠᠰᠠᠨ ᠡᠳᠣᠷ ᠪᠠ ᠪᠦᠬᠦ ᠵᠢᠯ ᠤᠨ ᠡᠮᠨᠡᠯᠭᠡ ᠳᠤ ᠰᠠᠭᠤᠠᠠᠰᠠᠨ ᠲᠣᠮᠳᠡᠴᠢ ᠵᠠᠷᠣᠳᠡᠯ ᠢ ᠴᠢᠩᠭ᠎ᠠ ᠡᠵᠡᠮᠳᠡᠵᠦ᠂ ᠡᠮᠴᠢᠯᠡᠭᠡᠨ ᠤ ᠵᠠᠷᠴᠢᠮ ᠢᠶᠠᠷ ᠡᠮᠨᠡᠬᠦᠯᠦᠭᠰᠡᠨ ᠦᠭᠡᠢ᠂ ᠡᠮᠨᠡᠯᠭᠡ ᠳᠤ ᠰᠠᠭᠤᠠᠠᠰᠠᠨ ᠡᠳᠣᠷ ᠢ ᠵᠣᠷᠢᠭᠤᠳᠡ ᠪᠠᠷ ᠪᠠᠭᠠᠰᠬᠠᠬᠤ ᠪᠤᠶᠤ ᠣᠷᠳᠣᠳᠬᠠᠬᠤ᠂ ᠡᠮᠨᠡᠯᠭᠡ ᠳᠤ ᠰᠠᠭᠤᠬᠤ ᠪᠡᠷᠢᠮᠵᠢᠶ᠎ᠠ ᠶᠢ ᠠᠭᠤᠵᠢᠭᠤ ᠳᠡᠯᠪᠢᠬᠤ᠂ ᠬᠦᠨᠳᠦ ᠡᠪᠡᠳᠴᠢᠳᠡᠨ ᠢ ᠰᠢᠯᠳ᠋ᠬᠠᠯᠠᠨ ᠬᠠᠷᠢᠯᠴᠠᠨ ᠳᠥᠯᠬᠢᠯᠴᠡᠬᠦ᠂ ᠦᠢᠯᠡᠴᠢᠯᠡᠭᠡᠨ ᠤ ᠶᠠᠰᠣ ᠴᠢᠨᠡᠷ ᠢ ᠪᠠᠭᠤᠷᠡᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠬᠠᠮᠢᠶᠡᠷᠦᠨ᠎ᠠ᠃        ︵ᠭᠤᠷᠪᠡ︶ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠦᠬᠦᠢ ᠲᠤᠭᠤᠶᠢᠯᠡᠩ ᠬᠤᠪᠢᠶᠠᠨ ︵DRGs︶ ᠵᠠᠷᠣᠳᠡᠯ ᠲᠣᠰᠢᠶᠠᠬᠤ ᠶᠢ ᠲᠣᠷᠰᠢᠨ ᠭᠡᠷᠡᠭᠵᠢᠬᠦᠯᠥᠨ᠎ᠡ᠃ ᠨᠦᠬᠦᠴᠡᠯ ᠪᠦᠷᠢᠯᠳᠦᠬᠦᠯᠥᠭᠰᠡᠨ ᠭᠠᠵᠡᠷ ᠣᠷᠣᠨ ᠨᠢ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠦᠬᠦᠢ ᠲᠤᠭᠤᠶᠢᠯᠡᠩ ᠬᠤᠪᠢᠶᠠᠨ ︵DRGs︶ ᠵᠠᠷᠣᠳᠡᠯ ᠲᠣᠰᠢᠶᠠᠬᠤ ᠲᠣᠷᠰᠢᠯᠳᠡ ᠶᠢᠨ ᠴᠢᠭ ᠢ ᠦᠷᠨᠢᠬᠦᠯᠵᠦ ᠪᠤᠯᠥᠨ᠎ᠠ᠃ ᠡᠮᠴᠢᠯᠡᠭᠡᠨ ᠤ ᠲᠠᠭᠠᠳᠬᠠᠯ ᠤᠨ ᠨᠡᠷᠢᠯᠢᠠᠠᠵᠢᠭᠤᠯᠥᠠᠠᠰᠠᠨ ᠬᠠᠮᠢᠶᠡᠷᠦᠯᠳᠡ ᠶᠢᠨ ᠬᠢᠷᠢ ᠭᠡᠮᠵᠢᠶ᠎ᠠ ᠶᠢ ᠳᠥᠷᠭᠡᠳᠭᠡᠨ ᠳᠡᠭᠡᠭᠰᠢᠯᠡᠬᠦᠯᠵᠦ᠂ ᠡᠪᠡᠳᠴᠢᠨ ᠡᠮᠭᠡᠭ ᠤᠨ ᠣᠨᠣᠰᠢᠯᠠᠭ᠎ᠠ ᠶᠢᠨ ᠬᠠᠮᠢᠶ᠎ᠠ ᠪᠦᠬᠦᠢ ᠲᠤᠭᠤᠶᠢᠯᠡᠩ ᠬᠤᠪᠢᠶᠡᠨ ᠰᠥᠢᠳᠭᠡᠯ ᠬᠤᠷᠢᠶᠠᠬᠤ᠂ ᠵᠠᠷᠣᠳᠡᠯ ᠲᠣᠰᠢᠶᠠᠬᠤ ᠪᠡᠷᠢᠮᠵᠢᠶ᠎ᠠ ᠳᠤ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠪᠠ ᠬᠤᠪᠢ ᠬᠦᠮᠦᠨ ᠤ ᠵᠠᠷᠣᠳᠡᠯ ᠲᠣᠰᠢᠶᠠᠬᠤ ᠶᠢ ᠪᠠᠭᠳᠠᠭᠠᠠᠠᠰᠠᠨ ᠡᠮᠴᠢᠯᠡᠭᠡᠨ ᠤ ᠪᠦᠬᠦ ᠵᠠᠷᠣᠳᠡᠯ ᠪᠠᠭᠳᠠᠨ᠎ᠠ᠃ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠦᠬᠦᠢ ᠲᠤᠭᠤᠶᠢᠯᠡᠩ ᠬᠤᠪᠢᠶᠠᠨ ︵DRGs︶ ᠵᠠᠷᠣᠳᠡᠯ ᠲᠣᠰᠢᠶᠠᠬᠤ ᠲᠣᠷᠰᠢᠯᠳᠡ ᠶᠢᠨ ᠴᠢᠭ ᠢ ᠦᠷᠨᠢᠬᠦᠯᠦᠭᠰᠡᠨ ᠭᠠᠵᠡᠷ ᠣᠷᠣᠨ ᠨᠢ᠂ ᠪᠦᠷᠢᠳᠭᠡᠬᠦ ᠠᠷᠭ᠎ᠠ ᠶᠢ ᠭᠡᠷᠡᠭᠯᠡᠨ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢ ᠬᠤᠪᠢᠶᠡᠷᠢᠯᠡᠬᠤ ᠶᠢ ᠰᠦᠪᠡᠭᠴᠢᠯᠠᠵᠦ ᠪᠤᠯᠥᠨ᠎ᠠ᠃        ︵ᠳᠥᠷᠪᠡ︶ ᠡᠬᠦᠳᠡᠡ ᠡᠮᠨᠡᠯᠭᠡ ᠶᠢᠨ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠳᠥᠷᠢᠮ ᠢ ᠪᠠᠶᠢᠭᠤᠯᠥᠨ ᠳᠡᠬᠦᠯᠳᠡᠷᠵᠢᠬᠦᠯᠥᠨ᠎ᠠ᠃        1. ᠡᠬᠦᠳᠡᠡ ᠡᠮᠨᠡᠯᠭᠡ ᠶᠢᠨ ᠠᠷᠬᠠᠭ ᠡᠪᠡᠳᠴᠢᠨ ᠳᠤ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠶᠢ ᠢᠳᠡᠪᠬᠢᠳᠡᠢ ᠪᠠᠷ ᠳᠡᠯᠭᠡᠷᠡᠬᠦᠯᠥᠨ᠎ᠠ᠃ ᠰᠢᠬᠢᠷ ᠰᠢᠵᠢᠩ ᠡᠪᠡᠳᠴᠢᠨ᠂ ᠴᠢᠰᠦᠨ ᠳᠡᠷᠣᠯᠳᠡ ᠦᠨᠳᠣᠷ ᠡᠪᠡᠳᠴᠢᠨ᠂ ᠪᠦᠭᠡᠷ᠎ᠠ ᠶᠢᠨ ᠴᠢᠳᠠᠮᠵᠢ ᠮᠠᠭᠤᠳ᠋ᠬᠠᠰᠠᠨ ᠠᠷᠬᠠᠭ ᠡᠪᠡᠳᠴᠢᠨ ᠵᠡᠷᠭᠡ ᠡᠮᠨᠡᠬᠦ ᠳᠥᠰᠥᠯ ᠤᠨ ᠪᠡᠷᠢᠮᠵᠢᠶ᠎ᠠ᠂ ᠦᠨᠡᠯᠡᠨ ᠵᠢᠱᠢᠭᠰᠡᠨ ᠬᠦᠢᠴᠡᠳᠭᠡᠯ ᠲᠤᠭ᠎ᠠ ᠨᠢ ᠲᠣᠳᠣᠷᠬᠠᠢ ᠡᠬᠦᠳᠡᠡ ᠡᠮᠨᠡᠯᠭᠡ ᠶᠢᠨ ᠠᠷᠬᠠᠭ ᠡᠪᠡᠳᠴᠢᠨ ᠢ ᠰᠣᠩᠭᠤᠨ᠂ ᠬᠦᠮᠦᠨ ᠤ ᠲᠤᠭ᠎ᠠ ᠶᠢᠨ ᠵᠠᠷᠣᠳᠡᠯ ᠤᠨ ᠪᠠᠷᠢᠮᠵᠢᠶ᠎ᠠ ᠶᠢ ᠵᠦᠢ ᠵᠣᠬᠢᠰᠳᠡᠢ ᠳᠥᠰᠦᠭᠡᠯᠡᠨ ᠪᠤᠳᠣᠵᠦ᠂ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ︵ᠰᠣᠮᠥ ᠰᠢᠶᠡᠩ ᠪᠠᠯᠭᠠᠰᠣ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠬᠦᠯ ᠬᠠᠮᠠᠭᠠᠯᠠᠯ ᠤᠨ ᠳᠠᠰᠤᠭ᠂ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ︶ ᠶᠢᠨ ᠣᠨᠴᠠ ᠠᠷᠬᠠᠭ ᠡᠪᠡᠳᠴᠢᠨ ᠤ ᠡᠬᠦᠳᠡᠡ ᠡᠮᠨᠡᠯᠭᠡ ᠳᠤ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠶᠢ ᠭᠡᠷᠡᠭᠵᠢᠬᠦᠯᠵᠦ᠂ ᠦᠨᠳᠣᠰᠣᠡ ᠱᠠᠳᠣᠨ ᠤ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠨᠢ ᠭᠡᠷᠡᠭᠵᠢᠬᠦᠯᠬᠦ ᠨᠦᠬᠦᠴᠡᠯ ᠢ ᠪᠦᠷᠢᠯᠳᠦᠬᠦᠯᠥᠭᠡᠳᠦᠢ ᠪᠠᠶᠢᠪᠡᠯ ᠬᠤᠶᠠᠳᠣᠭᠠᠷ ᠳᠡᠰ ᠵᠢᠴᠢ ᠳᠡᠬᠦᠨ ᠠᠴᠠ ᠳᠡᠭᠡᠭᠰᠢ ᠡᠮᠨᠡᠯᠭᠡ ᠶᠢᠨ ᠬᠤᠷᠢᠶ᠎ᠠ ᠬᠦᠷᠳᠡᠯ᠎ᠠ ᠣᠷᠳᠣᠳᠬᠠᠵᠦ ᠪᠤᠯᠥᠨ᠎ᠠ᠃        2. ᠡᠩ ᠤᠨ ᠡᠬᠦᠳᠡᠡ ᠡᠮᠨᠡᠯᠭᠡ ᠳᠤ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠶᠢ ᠠᠯᠬᠤᠮ ᠠᠯᠬᠤᠮ ᠢᠶᠠᠷ ᠭᠡᠷᠡᠭᠵᠢᠬᠦᠯᠥᠨ᠎ᠡ᠃ ᠱᠠᠳᠤ ᠬᠤᠪᠢᠶᠡᠨ ᠡᠮᠨᠡᠬᠦᠯᠬᠦ ᠵᠬᠠᠪᠤᠷ ᠪᠠ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠳᠥᠷᠢᠮ ᠤᠨ ᠪᠠᠶᠢᠭᠤᠯᠥᠯᠳᠡ ᠶᠢ ᠳᠡᠮᠵᠢᠵᠦ᠂ ᠡᠩ ᠤᠨ ᠡᠬᠦᠳᠡᠡ ᠡᠮᠨᠡᠯᠭᠡ ᠳᠤ ᠨᠢᠭᠡᠳᠦᠯᠳᠡᠢ ᠳᠥᠯᠥᠪᠯᠡᠬᠦ ᠳᠥᠷᠢᠮ ᠢ ᠠᠯᠬᠤᠮ ᠠᠯᠬᠤᠮ ᠢᠶᠠᠷ ᠪᠠᠶᠢᠭᠤᠯᠥᠨ᠂ ᠦᠨᠳᠣᠰᠣᠡ ᠱᠠᠳᠣᠨ ᠤ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠳᠤ ᠡᠩ ᠤᠨ ᠡᠬᠦᠳᠡᠡ ᠡᠮᠨᠡᠯᠭᠡ ᠶᠢᠨ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠶᠢ ᠦᠷᠨᠢᠬᠦᠯᠵᠦ᠂ ᠲᠠᠭᠠᠳᠬᠠᠯ ᠳᠤ ᠣᠷᠣᠯᠴᠬᠠᠰᠠᠳ ᠤᠨ ᠡᠳᠣᠷ ᠲᠣᠳᠤᠮ ᠤᠨ ᠡᠬᠦᠳᠡᠡ ᠡᠮᠨᠡᠯᠭᠡ ᠳᠤ ᠡᠮᠨᠡᠬᠦᠯᠬᠦ ᠭᠡᠷᠡᠭᠴᠡᠭᠡ ᠱᠠᠭᠠᠷᠳᠡᠯᠭ᠎ᠠ ᠶᠢ ᠬᠦᠢᠴᠡᠳ ᠬᠠᠩᠭᠠᠨ᠎ᠠ᠃ ᠡᠩ ᠤᠨ ᠡᠬᠦᠳᠡᠡ ᠡᠮᠨᠡᠯᠬᠡ ᠶᠢᠨ ᠬᠦᠮᠦᠨ ᠤ ᠲᠤᠭ᠎ᠠ ᠶᠢᠨ ᠵᠠᠷᠣᠳᠡᠯ ᠤᠨ ᠵᠠᠷᠣᠳᠡᠯ ᠲᠣᠰᠢᠶᠡᠬᠤ ᠪᠠᠷᠢᠮᠵᠢᠶ᠎ᠠ ᠶᠢ ᠵᠦᠢ ᠵᠣᠬᠢᠰᠳᠡᠢ ᠳᠥᠰᠦᠭᠡᠯᠡᠨ ᠪᠤᠳᠣᠵᠦ᠂ ᠡᠬᠦᠨ ᠳᠤ ᠡᠮᠴᠢᠯᠡᠭᠡᠨ ᠤ ᠲᠠᠭᠠᠳᠬᠠᠯ ᠤᠨ ᠭᠠᠷᠴᠬᠠᠯᠠᠯ ᠤᠨ ᠲᠣᠳᠣᠷᠡᠬᠢ ᠡᠮ ᠤᠨ ᠵᠦᠢᠯ᠂ ᠦᠨᠳᠣᠰᠣᠡ ᠡᠮᠴᠢᠯᠡᠭᠡᠨ ᠤ ᠦᠢᠯᠡᠴᠢᠯᠡᠭᠡ ᠶᠢᠨ ᠰᠦᠢᠳᠭᠡᠯ᠂ ᠡᠩ ᠤᠨ ᠣᠨᠣᠰᠢᠯᠠᠨ ᠡᠮᠨᠡᠬᠦ ᠵᠠᠷᠣᠳᠡᠯ ᠪᠠ ᠲᠣᠠᠠᠳᠠᠭᠠᠯ ᠳᠤ ᠨᠡᠶᠢᠴᠡᠬᠦ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠵᠠᠷᠣᠳᠡᠯ ᠪᠠᠭᠳᠠᠨ᠎ᠠ᠃        3. ᠳᠥᠷᠥ ᠶᠢᠨ ᠪᠤᠳᠣᠯᠭ᠎ᠠ ᠶᠢᠨ ᠵᠤᠯᠭᠠᠭᠤᠯᠭ᠎ᠠ ᠶᠢ ᠰᠠᠶᠢᠳᠣᠷ ᠬᠢᠨ᠎ᠠ᠃ ᠬᠤᠰᠢᠭᠤ ᠰᠢᠶᠡᠡ ︵ᠬᠤᠳᠡ᠂ ᠲᠤᠭᠤᠷᠢᠭ︶᠂ ᠰᠣᠮᠥ ᠰᠢᠶᠡᠩ ᠪᠠᠯᠭᠠᠰᠣ᠂ ᠭᠠᠴᠠᠭ᠎ᠠ ᠲᠣᠰᠬᠤᠨ ᠳᠤ ᠭᠤᠯᠳᠦ ᠪᠠᠷ ᠮᠡᠷᠭᠡᠵᠢᠯ ᠤᠨ ᠬᠠᠮᠳᠣᠷᠡᠯᠴᠠᠭ᠎ᠠ ᠪᠤᠶᠤ ᠨᠢᠭᠡ ᠴᠣᠠᠠᠴᠠᠵᠢᠭᠤᠯᠬᠤ ᠬᠠᠮᠢᠶᠡᠷᠦᠯᠳᠡ ᠶᠢ ᠦᠷᠨᠢᠬᠦᠯᠵᠦ ᠪᠦᠬᠦᠢ ᠭᠠᠵᠡᠷ ᠣᠷᠣᠨ ᠳᠤ ᠬᠠᠮᠵᠢᠯᠴᠠᠬᠤ ᠰᠢᠰᠲ᠋ᠧᠮᠵᠢ ᠶᠢᠨ ᠳᠣᠳᠣᠷ᠎ᠠ ᠪᠠᠨ ᠡᠬᠦᠳᠡᠡ ᠡᠮᠨᠡᠯᠭᠡ ᠶᠢᠨ ᠦᠢᠯᠡᠴᠢᠯᠡᠭᠡ ᠳᠤ ᠬᠦᠮᠦᠨ ᠤ ᠲᠤᠭ᠎ᠠ ᠪᠠᠷ ᠵᠠᠷᠣᠳᠡᠯ ᠲᠣᠰᠢᠶᠠᠬᠤ ᠶᠢ ᠰᠦᠪᠡᠭᠴᠢᠯᠠᠨ᠎ᠠ᠃ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠠᠵᠢᠯ ᠲᠠᠢ ᠣᠶᠠᠯᠳᠣᠭᠤᠯᠥᠨ᠂ ᠭᠡᠷ᠎ᠠ ᠲᠣᠠᠠᠳ᠋ᠬᠠᠰᠠᠨ ᠰᠠᠭᠤᠭᠠᠯᠢ ᠠᠷᠡᠳ ᠤᠨ ᠡᠬᠦᠳᠡᠡ ᠡᠮᠨᠡᠯᠭᠡ ᠶᠢᠨ ᠰᠠᠭᠤᠷᠢ ᠮᠦᠡᠭᠬᠦ ᠶᠢ ᠬᠦᠮᠦᠨ ᠤ ᠲᠤᠭ᠎ᠠ ᠪᠠᠷ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠪᠤᠶᠤ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠦᠭᠬᠦ ᠶᠢ ᠰᠦᠪᠡᠭᠴᠢᠯᠡᠵᠦ᠂ ᠡᠪᠡᠳᠴᠢᠳᠡᠨ ᠢ ᠡᠮᠨᠡᠯᠭᠡ ᠶᠢᠨ ᠬᠤᠷᠢᠶ᠎ᠠ ᠳᠤ ᠰᠢᠯᠵᠢᠬᠦᠯᠥᠨ ᠣᠨᠣᠰᠢᠯᠠᠭᠤᠯᠥᠠᠠᠰᠠᠨ ᠪᠠᠶᠢᠪᠠᠯ᠂ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠪᠤᠶᠤ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠵᠤᠬᠢᠬᠤ ᠭᠡᠮᠵᠢᠶᠡᠨ ᠤ ᠰᠢᠯᠵᠢᠬᠦᠯᠥᠨ ᠣᠨᠣᠰᠢᠯᠠᠭᠤᠯᠥᠠᠠᠰᠠᠨ ᠵᠠᠷᠣᠳᠡᠯ ᠣᠯᠭᠤᠨ᠎ᠠ᠃        ︵ᠲᠠᠪᠤ︶ ᠮᠣᠩᠭᠤᠯ ᠬᠢᠳᠡᠳ ᠡᠮ ᠡᠮᠨᠡᠯᠭᠡ ᠶᠢᠨ ᠦᠢᠯᠡᠴᠢᠯᠡᠭᠡᠨ ᠢ ᠳᠡᠮᠵᠢᠬᠦ ᠶᠢ ᠵᠣᠷᠢᠠᠠᠵᠢᠭᠤᠯᠥᠨ᠎ᠠ᠃        1. ᠮᠣᠩᠭᠤᠯ ᠡᠮ ᠡᠮᠨᠡᠯᠭᠡ ᠶᠢ ᠳᠡᠮᠵᠢᠬᠦ ᠡᠷᠴᠢᠮ ᠢ ᠴᠢᠩᠭᠠᠷᠠᠭᠤᠯᠥᠨ᠎ᠠ᠃ ᠨᠦᠬᠦᠴᠡᠯ ᠳᠤ ᠨᠡᠶᠢᠴᠡᠬᠦ ᠮᠣᠩᠭᠤᠯ ᠡᠮᠨᠡᠯᠭᠡ ᠶᠢᠨ ᠡᠮᠴᠢᠯᠡᠭᠡᠨ ᠤ ᠪᠠᠶᠢᠭᠤᠯᠥᠮᠵᠢ ᠶᠢ ᠡᠮᠴᠢᠯᠡᠭᠡᠨ ᠤ ᠲᠠᠭᠠᠳᠬᠠᠯ ᠤᠨ ᠭᠡᠯᠡᠯᠴᠡᠭᠡᠷ ᠲᠣᠠᠠᠳᠡᠨ ᠬᠠᠮᠢᠶᠡᠷᠬᠤ ᠬᠦᠷᠢᠶ᠎ᠠ ᠭᠡᠪᠴᠢᠶ᠎ᠠ ᠳᠤ ᠣᠷᠣᠭᠤᠯᠥᠨ᠂ ᠵᠦᠷᠢᠶᠡᠴᠢᠯᠡᠭᠰᠡᠨ ᠲᠤᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠲᠣᠠᠠᠳᠠᠭᠠᠨ ᠳᠡᠬᠦᠯᠳᠡᠷᠵᠢᠬᠦᠯᠵᠦ᠂ ᠲᠤᠭᠠᠴᠠᠭ᠎ᠠ ᠬᠢᠬᠦ ᠬᠠᠷᠢᠴᠡᠯ ᠢ ᠮᠣᠩᠭᠤᠯ ᠬᠢᠳᠡᠳ ᠡᠮᠨᠡᠯᠭᠡ ᠲᠡᠰᠢ ᠣᠯᠡᠮ ᠨᠢᠭᠡ ᠠᠯᠬᠤᠮ ᠭᠡᠯᠪᠠᠶᠢᠯᠭᠡᠨ᠎ᠠ᠃ ᠲᠣᠠᠠᠳᠠᠭᠠᠯ ᠳᠤ ᠨᠡᠶᠢᠴᠡᠬᠦ ᠵᠤᠷᠯᠠᠭᠰᠠᠨ ᠮᠣᠩᠭᠤᠯ ᠡᠮ᠂ ᠮᠣᠩᠭᠤᠯ ᠡᠮ ᠤᠨ ᠡᠮᠨᠡᠯᠭᠡ ᠶᠢᠨ ᠬᠤᠷᠢᠶ᠎ᠠ ᠶᠢᠨ ᠳᠣᠳᠣᠷᠠᠬᠢ ᠨᠠᠶᠢᠷᠡᠯᠳᠡ᠂ ᠮᠣᠩᠭᠤᠯ ᠡᠮ ᠤᠨ ᠴᠢᠨᠠᠬᠤ ᠡᠮ ᠪᠠ ᠮᠣᠩᠭᠤᠯ ᠡᠮᠨᠡᠯᠭᠡ ᠶᠢᠨ ᠣᠨᠴᠠᠯᠢᠠᠠᠳᠦ ᠣᠨᠣᠰᠢᠯᠠᠨ ᠡᠮᠨᠡᠬᠦ ᠮᠡᠷᠭᠡᠵᠢᠯ ᠢ ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠳᠤ ᠣᠷᠣᠭᠤᠯᠥᠨ᠎ᠠ᠃ ᠡᠬᠦᠨ ᠤ ᠳᠣᠳᠣᠷ᠎ᠠ ᠵᠤᠷᠯᠠᠭᠰᠠᠨ ᠮᠣᠩᠭᠤᠯ ᠡᠮ᠂ ᠮᠣᠩᠭᠤᠯ ᠡᠮ ᠤᠨ ᠡᠮᠨᠡᠯᠭᠡ ᠶᠢᠨ ᠬᠤᠷᠢᠶ᠎ᠠ ᠶᠢᠨ ᠨᠠᠶᠢᠷᠡᠯᠳᠡ ᠪᠠ ᠮᠣᠩᠭᠤᠯ ᠡᠮ ᠤᠨ ᠴᠢᠨᠠᠬᠤ ᠡᠮ ᠳᠤ ᠬᠥᠬᠡ ᠳᠥᠷᠦᠯ ᠤᠨ ᠡᠮ ᠤᠨ ᠵᠦᠢᠯ ᠢᠶᠠᠷ ᠬᠠᠮᠢᠶᠡᠷᠦᠯᠳᠡ ᠬᠢᠨ᠎ᠠ᠃ ᠮᠣᠩᠭᠤᠯ ᠡᠮ ᠡᠮᠨᠡᠯᠭᠡ ᠬᠢᠳᠡᠳ ᠡᠮ ᠡᠮᠨᠡᠯᠭᠡ ᠶᠢᠨ ᠦᠢᠯᠡᠴᠢᠯᠡᠭᠡ ᠭᠡᠷᠡᠭᠯᠡᠬᠦ ᠶᠢ ᠵᠣᠷᠢᠠᠠᠵᠢᠭᠤᠯᠵᠦ᠂ ᠦᠪᠡᠷ ᠤᠨ ᠦᠷᠲᠡᠭ ᠢᠶᠠᠷ ᠬᠠᠷᠢᠴᠠᠩᠭᠤᠢ ᠲᠣᠣᠷ᠎ᠠ᠂ ᠡᠮᠴᠢᠯᠡᠭᠡᠨ ᠤ ᠦᠷ᠎ᠠ ᠠᠰᠢᠭ ᠢᠶᠠᠷ ᠨᠡᠯᠢᠶᠡᠳ ᠰᠠᠶᠢᠨ ᠮᠣᠩᠭᠤᠯ ᠬᠢᠳᠡᠳ ᠡᠮᠨᠡᠯᠭᠡ ᠶᠢᠨ ᠣᠨᠣᠰᠢᠯᠠᠨ ᠡᠮᠨᠡᠬᠦ ᠳᠥᠷᠦᠯ ᠵᠦᠢᠯ ᠢ ᠭᠡᠷᠡᠭᠯᠡᠬᠦ ᠶᠢ ᠬᠦᠳᠦᠯᠥᠨ ᠵᠢᠯᠥᠭᠤᠳᠴᠥ᠂ ᠮᠣᠩᠭᠤᠯ ᠬᠢᠳᠡᠳ ᠡᠮᠨᠡᠯᠬᠡ ᠶᠢᠨ ᠡᠮ ᠤᠨ ᠵᠦᠢᠯ ᠤᠨ ᠪᠣᠰᠥ ᠡᠮᠴᠢᠯᠡᠭᠡᠨ ᠤ ᠠᠷᠭ᠎ᠠ ᠪᠠ ᠢᠯᠡᠷᠡᠭᠡ ᠦᠭᠡᠢ ᠡᠪᠡᠳᠴᠢᠨ ᠢ ᠵᠠᠰᠠᠬᠤ ᠦᠢᠯᠡᠴᠢᠯᠡᠭᠡᠨ ᠢ ᠡᠬᠦᠳᠡᠡ ᠡᠮᠨᠡᠯᠭᠡ ᠶᠢᠨ ᠨᠢᠭᠡᠳᠦᠯᠳᠡᠢ ᠳᠥᠯᠥᠪᠯᠡᠬᠦ ᠬᠦᠷᠢᠶ᠎ᠠ ᠭᠡᠪᠴᠢᠶ᠎ᠠ ᠳᠤ ᠣᠷᠣᠭᠤᠯᠥᠨ᠎ᠠ᠃        2. ᠮᠣᠩᠭᠤᠯ ᠡᠮ ᠡᠮᠨᠡᠯᠭᠡ ᠶᠢᠨ ᠣᠨᠴᠠᠯᠢᠠᠠᠳᠦ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠲᠣᠠᠠᠳᠠᠭᠠᠨ᠎ᠠ᠃ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠠ ᠬᠠᠩᠰᠢ ᠶᠢᠨ ᠪᠦᠷᠢᠯᠳᠦᠯ ᠤᠨ ᠲᠣᠠᠠᠳᠡᠴᠠ ᠶᠢ ᠦᠭᠡᠷᠡᠴᠢᠯᠡᠵᠦ᠂ ᠡᠪᠡᠳᠴᠢᠨ ᠤ ᠳᠥᠷᠦᠯ᠂ ᠦᠢᠯᠡᠴᠢᠯᠡᠬᠦ ᠭᠡᠰᠡᠭ ᠢᠶᠠᠷ ᠦᠨ᠎ᠠ ᠬᠠᠩᠰᠢ ᠲᠣᠠᠠᠳᠠᠭᠠᠬᠤ ᠶᠢ ᠢᠳᠡᠪᠬᠢᠳᠡᠢ ᠪᠠᠷ ᠰᠦᠪᠡᠭᠴᠢᠯᠡᠨ᠂ ᠡᠮᠴᠢᠯᠡᠭᠡᠨ ᠤ ᠪᠠᠶᠢᠭᠤᠯᠥᠮᠵᠢ ᠪᠠ ᠡᠮᠨᠡᠯᠭᠡ ᠶᠢᠨ ᠠᠵᠢᠯᠳᠡᠨ ᠢ ᠬᠦᠳᠦᠯᠥᠨ ᠵᠢᠯᠥᠭᠤᠳᠴᠥ ᠪᠠᠶᠢᠭᠠᠳ ᠮᠣᠩᠭᠤᠯ ᠡᠮ ᠡᠮᠨᠡᠯᠭᠡ ᠶᠢᠨ ᠦᠪᠡᠷᠮᠢᠴᠡ ᠳᠡᠪᠡᠭᠤᠯᠢᠭ ᠢ ᠪᠠᠳᠡᠷᠡᠭᠤᠯᠥᠨ᠎ᠠ᠃ ᠳᠡᠩ ᠡᠪᠡᠳᠴᠢᠨ ᠤ ᠳᠥᠷᠦᠯ ᠢᠶᠠᠷ ᠵᠠᠷᠣᠳᠡᠯ ᠤᠨ ᠪᠡᠷᠢᠮᠵᠢᠶ᠎ᠠ ᠶᠢ ᠲᠣᠠᠠᠳᠠᠭᠠᠬᠤ ᠦᠶᠡᠰ᠂ ᠣᠷᠣᠨ ᠪᠦᠰᠡ ᠶᠢᠨ ᠳᠣᠳᠣᠷᠡᠬᠢ ᠮᠣᠩᠭᠤᠯ ᠬᠢᠳᠡᠳ ᠡᠮᠨᠡᠯᠬᠡ᠂ ᠡᠸᠦ᠋ᠷᠦᠫᠡ ᠡᠮᠨᠡᠯᠬᠡ ᠶᠢᠨ ᠠᠳᠡᠯᠢ ᠡᠪᠡᠳᠴᠢᠨ ᠤ ᠳᠥᠷᠦᠯ ᠤᠨ ᠶᠡᠷᠦᠩᠭᠡᠶᠢᠯᠡᠭᠰᠡᠨ ᠲᠣᠮᠳᠡᠴᠢ ᠦᠪᠡᠷ ᠤᠨ ᠦᠷᠲᠡᠭ ᠢᠶᠠᠷ ᠳᠥᠰᠦᠭᠡᠯᠡᠨ ᠪᠤᠳᠣᠬᠤ ᠶᠢ ᠭᠡᠷᠡᠭᠵᠢᠬᠦᠯᠵᠦ᠂ ︽ᠠᠳᠡᠯᠢ ᠣᠷᠣᠨ ᠪᠦᠰᠡ᠂ ᠠᠳᠡᠯᠢ ᠳᠡᠰ ᠵᠡᠷᠭᠡ ︵ᠡᠮᠨᠡᠯᠭᠡ ᠶᠢᠨ ᠬᠤᠷᠢᠶ᠎ᠠ︶᠂ ᠠᠳᠡᠯᠢ ᠡᠪᠡᠳᠴᠢᠨ ᠤ ᠳᠥᠷᠦᠯ᠂ ᠠᠳᠡᠯᠢ ᠵᠠᠷᠣᠳᠡᠯ︾ ᠢᠶᠠᠷ ᠵᠠᠷᠣᠳᠡᠯ ᠲᠣᠰᠢᠶᠠᠬᠤ ᠪᠡᠷᠢᠮᠵᠢᠶ᠎ᠠ ᠶᠢ ᠲᠣᠠᠠᠳᠠᠭᠠᠬᠤ ᠶᠢ ᠰᠦᠪᠡᠭᠴᠢᠯᠡᠵᠦ ᠪᠤᠯᠥᠨ᠎ᠠ᠃        ᠭᠤᠷᠪᠡ᠂ ᠪᠠᠳᠣᠯᠠᠭ᠎ᠠ ᠶᠢᠨ ᠠᠷᠭ᠎ᠠ ᠭᠡᠮᠵᠢᠶ᠎ᠠ        ︵ᠨᠢᠭᠡ︶ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠳᠥᠰᠦᠪ ᠤᠨ ᠬᠠᠮᠢᠶᠡᠷᠦᠯᠳᠡ ᠶᠢ ᠴᠢᠩᠭᠠᠳᠬᠠᠨ᠎ᠠ᠃        1. ᠰᠠᠭᠤᠷᠢ ᠮᠦᠡᠭᠬᠦ ᠶᠢᠨ ᠳᠥᠰᠥᠪ ᠤᠨ ᠬᠠᠮᠢᠶᠡᠷᠦᠯᠳᠡ ᠶᠢ ᠰᠠᠶᠢᠳᠣᠷ ᠬᠢᠨ᠎ᠠ᠃ ᠣᠷᠣᠯᠭ᠎ᠠ ᠪᠠᠷ ᠵᠠᠷᠣᠯᠭ᠎ᠠ ᠶᠢ ᠲᠤᠠᠠᠳᠠᠭᠠᠬᠤ᠂ ᠣᠷᠣᠯᠭ᠎ᠠ ᠵᠠᠷᠣᠯᠭ᠎ᠠ ᠶᠢ ᠳᠡᠩᠴᠡᠬᠦᠷᠢᠵᠢᠬᠦᠯᠬᠦ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ ᠵᠠᠷᠴᠢᠮ ᠶᠣᠰᠣᠭᠠᠷ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠣᠷᠣᠯᠭ᠎ᠠ ᠵᠠᠷᠣᠯᠭ᠎ᠠ ᠶᠢᠨ ᠳᠥᠰᠥᠪ ᠢ ᠰᠢᠨᠵᠢᠯᠡᠬᠦ ᠣᠬᠠᠭᠠᠨᠴᠢ ᠪᠠᠷ ᠨᠡᠶᠢᠷᠡᠭᠤᠯᠥᠨ ᠵᠤᠬᠢᠶᠠᠬᠤ ᠶᠢᠨ ᠬᠠᠮᠳᠣ ᠴᠢᠩᠭ᠎ᠠ ᠭᠡᠷᠡᠭᠵᠢᠬᠦᠯᠥᠨ᠎ᠠ᠃ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠣᠷᠣᠯᠭ᠎ᠠ ᠵᠠᠷᠣᠯᠭ᠎ᠠ ᠶᠢᠨ ᠳᠥᠰᠥᠪ ᠤᠨ ᠬᠦᠢᠴᠡᠳᠭᠡᠯ ᠢ ᠢᠯᠡ ᠪᠤᠯᠭᠠᠬᠤ ᠶᠢ ᠳᠦᠷᠭᠡᠳᠭᠡᠨ ᠠᠬᠢᠭᠤᠯᠵᠦ᠂ ᠨᠡᠶᠢᠭᠡᠮ ᠤᠨ ᠬᠢᠨᠡᠯᠳᠡ ᠳᠡᠯᠪᠢᠬᠤ ᠶᠢ ᠬᠦᠯᠢᠶᠡᠨ᠎ᠠ᠃ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠶᠡᠷᠦᠩᠭᠡᠢ ᠲᠤᠭ᠎ᠠ ᠶᠢᠨ ᠳᠥᠰᠥᠪ ᠤᠨ ᠬᠠᠮᠢᠶᠡᠷᠦᠯᠳᠡ ᠶᠢ ᠴᠢᠩᠭ᠎ᠠ ᠭᠡᠷᠡᠭᠵᠢᠬᠦᠯᠵᠦ᠂ ᠶᠡᠷᠦᠩᠭᠡᠢ ᠲᠤᠭ᠎ᠠ ᠶᠢᠨ ᠳᠥᠰᠥᠪ ᠤᠨ ᠬᠦᠢᠴᠡᠳᠭᠡᠯ ᠲᠤᠭ᠎ᠠ ᠶᠢᠨ ᠰᠢᠨᠵᠢᠯᠡᠬᠦ ᠣᠬᠠᠭᠠᠨᠴᠢ ᠴᠢᠨᠡᠷ᠂ ᠵᠦᠢ ᠵᠣᠬᠢᠰᠳᠦ ᠴᠢᠨᠡᠷ ᠢ ᠳᠡᠭᠡᠭᠰᠢᠯᠡᠬᠦᠯᠦᠨ᠎ᠡ᠃ ᠶᠡᠷᠦᠩᠭᠡᠢ ᠲᠤᠭ᠎ᠠ ᠶᠢᠨ ᠳᠥᠰᠥᠪ ᠤᠨ ᠬᠦᠢᠴᠡᠳᠭᠡᠯ ᠲᠤᠭ᠎ᠠ ᠶᠢ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ᠂ ᠭᠡᠥᠭᠡᠳ ᠤᠨ ᠡᠮᠴᠢᠯᠡᠭᠡᠨ ᠤ ᠪᠠᠶᠢᠭᠤᠯᠥᠮᠵᠢ᠂ ᠮᠣᠩᠭᠤᠯ ᠬᠢᠳᠡᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠥᠮᠵᠢ ᠵᠡᠷᠭᠡ ᠲᠡᠰᠢ ᠵᠦᠢ ᠵᠣᠬᠢᠰᠳᠡᠢ ᠪᠠᠷ ᠭᠡᠯᠪᠠᠶᠢᠯᠭᠡᠵᠦ᠂ ᠲᠣᠠᠠᠳᠠᠭᠠᠠᠠᠰᠠᠨ ᠶᠠᠪᠣᠴᠠ ᠶᠢ ᠲᠣᠠᠠᠳᠠᠭᠠᠯ ᠶᠣᠰᠣᠭᠠᠷ ᠡᠮᠴᠢᠯᠡᠭᠡᠨ ᠤ ᠪᠠᠶᠢᠭᠤᠯᠥᠮᠵᠢ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠡᠶᠢᠭᠡᠮ ᠨᠡᠶᠢᠲᠡ ᠳᠤ ᠢᠯᠡ ᠪᠤᠯᠭᠠᠨ᠎ᠠ᠃        2. ᠰᠠᠭᠤᠷᠢ ᠮᠦᠡᠭᠬᠦ ᠶᠢᠨ ᠲᠣᠭᠠᠴᠠᠭ᠎ᠠ ᠬᠢᠬᠦ ᠵᠠᠷᠴᠢᠮ ᠢ ᠲᠣᠠᠠᠳᠠᠭᠠᠨ᠎ᠠ᠃ ᠡᠮᠴᠢᠯᠡᠭᠡᠨ ᠤ ᠲᠠᠭᠠᠳᠬᠠᠯ ᠢ ᠡᠷᠬᠢᠯᠡᠨ ᠬᠦᠢᠴᠡᠳᠭᠡᠬᠦ ᠪᠠᠶᠢᠭᠤᠯᠥᠮᠵᠢ ᠪᠠ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠬᠤᠭᠤᠷᠣᠨᠳᠦᠬᠢ ᠵᠦᠪᠳᠡᠯᠴᠠᠨ ᠬᠡᠯᠡᠯᠴᠡᠬᠦ ᠲᠣᠠᠠᠳᠡᠴᠠ ᠪᠠ ᠣᠷᠮᠠᠰᠢᠭᠤᠯᠥᠨ ᠬᠢᠵᠠᠭᠠᠷᠯᠠᠬᠤ ᠲᠣᠠᠠᠳᠡᠴᠠ ᠶᠢ ᠪᠦᠷᠢᠨᠰᠢᠬᠦᠯᠵᠦ᠂ ᠡᠮᠴᠢᠯᠡᠭᠡᠨ ᠤ ᠪᠠᠶᠢᠭᠤᠯᠥᠮᠵᠢ ᠶᠢᠨ ᠪᠤᠳᠡᠳᠡᠢ ᠡᠬᠦᠰᠦᠭᠰᠡᠨ ᠵᠠᠷᠣᠳᠡᠯ ᠨᠢ ᠭᠡᠯᠡᠯᠴᠡᠨ ᠲᠣᠠᠠᠳ᠋ᠬᠠᠰᠠᠨ ᠲᠣᠭᠠᠴᠠᠭ᠎ᠠ ᠬᠢᠬᠦ ᠪᠠᠷᠢᠮᠵᠢᠶ᠎ᠠ ᠠᠴᠠ ᠲᠣᠣᠷ᠎ᠠ ᠪᠠᠶᠢᠪᠠᠯ᠂ ᠦᠯᠡᠳᠡᠪᠦᠷᠢ ᠭᠡᠰᠡᠭ ᠢ ᠡᠮᠴᠢᠯᠡᠭᠡᠨ ᠤ ᠪᠠᠶᠢᠭᠤᠯᠥᠮᠵᠢ ᠦᠯᠡᠳᠡᠭᠡᠵᠦ ᠭᠡᠷᠡᠭᠯᠡᠨ᠎ᠡ︔ ᠪᠤᠳᠡᠳᠡᠢ ᠵᠠᠷᠣᠳᠡᠯ ᠨᠢ ᠭᠡᠯᠡᠯᠴᠡᠨ ᠲᠣᠠᠠᠳ᠋ᠬᠠᠰᠠᠨ ᠲᠣᠭᠠᠴᠠᠭ᠎ᠠ ᠬᠢᠬᠦ ᠪᠠᠷᠢᠮᠵᠢᠶ᠎ᠠ ᠠᠴᠠ ᠳᠡᠪᠠᠭᠰᠠᠨ ᠪᠠᠶᠢᠪᠠᠯ᠂ ᠲᠠᠪᠠᠭᠰᠠᠨ ᠭᠡᠰᠡᠭ ᠢ ᠡᠮᠴᠢᠯᠡᠭᠡᠨ ᠤ ᠪᠠᠶᠢᠭᠤᠯᠥᠮᠵᠢ ᠳᠠᠭᠠᠭᠠᠨ ᠡᠬᠦᠷᠭᠡᠯᠡᠨ᠎ᠠ︔ ᠵᠦᠢ ᠵᠣᠬᠢᠰᠳᠡᠢ ᠪᠠᠷ ᠲᠠᠪᠠᠭᠰᠠᠨ ᠵᠠᠷᠣᠯᠭ᠎ᠠ ᠶᠢᠨ ᠭᠡᠰᠡᠭ ᠲᠤ ᠵᠦᠪᠳᠡᠯᠴᠠᠨ ᠬᠡᠯᠡᠯᠴᠡᠭᠰᠡᠨ ᠰᠠᠭᠤᠷᠢᠨ ᠳᠡᠭᠡᠷ᠎ᠠ᠂ ᠡᠮᠴᠢᠯᠡᠭᠡᠨ ᠤ ᠪᠠᠶᠢᠭᠤᠯᠥᠮᠵᠢ ᠪᠤᠯᠥᠨ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠠᠴᠠ ᠬᠤᠪᠢᠶᠡᠷᠢᠯᠡᠨ ᠡᠬᠦᠷᠭᠡᠯᠡᠨ᠎ᠠ᠃ ᠨᠦᠬᠦᠴᠡᠯ ᠲᠠᠢ ᠭᠠᠵᠡᠷ ᠣᠷᠣᠨ ᠤ ᠡᠮᠴᠢᠯᠡᠭᠡᠨ ᠤ ᠲᠠᠭᠠᠳᠬᠠᠯ ᠤᠨ ᠡᠷᠬᠢᠯᠡᠨ ᠬᠦᠢᠴᠡᠳᠭᠡᠬᠦ ᠪᠠᠶᠢᠭᠤᠯᠥᠮᠵᠢ ᠨᠢ ᠭᠡᠯᠡᠯᠴᠡᠭᠡᠷ ᠲᠤ ᠪᠤᠯᠵᠣᠨ ᠲᠣᠠᠠᠳ᠋ᠬᠠᠰᠠᠨ ᠶᠣᠰᠣᠭᠠᠷ ᠡᠮᠴᠢᠯᠡᠭᠡᠨ ᠤ ᠪᠠᠶᠢᠭᠤᠯᠥᠮᠵᠢ ᠳᠤ ᠨᠢᠭᠡ ᠭᠡᠰᠡᠭ ᠡᠮᠴᠢᠯᠡᠭᠡᠨ ᠤ ᠲᠠᠭᠠᠳᠬᠠᠯ ᠤᠨ ᠪᠡᠯᠡ ᠮᠦᠡᠭᠬᠦ ᠶᠢ ᠣᠷᠢᠳᠴᠢᠯᠠᠨ ᠣᠯᠭᠤᠵᠦ᠂ ᠳᠡᠬᠦᠨ ᠤ ᠪᠡᠯᠡ ᠮᠦᠡᠭᠬᠦ ᠶᠢᠨ ᠠᠵᠢᠯᠯᠠᠭᠠᠨ ᠤ ᠲᠠᠷᠣᠯᠳ᠋ᠨ ᠶᠢ ᠨᠠᠮᠳᠠᠭᠤᠯᠥᠨ᠎ᠠ        ︵ᠬᠤᠶᠡᠷ︶ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠥᠨ᠎ᠠ᠃        1. ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠶᠢ ᠲᠣᠳᠣᠷᠬᠠᠶᠢᠯᠠᠨ᠎ᠠ᠃ ︽ᠡᠮᠴᠢᠯᠡᠭᠡᠨ ᠳᠤ ᠴᠢᠬᠤᠯᠡ ᠭᠡᠷᠡᠭᠴᠡᠭᠡ ᠲᠠᠢ᠂ ᠠᠮᠥᠷ ᠳᠥᠪᠰᠢᠨ ᠪᠦᠳᠦᠮᠵᠢᠳᠡᠢ᠂ ᠦᠨ᠎ᠠ ᠬᠠᠩᠰᠢ ᠨᠢ ᠵᠦᠢ ᠵᠣᠬᠢᠰᠳᠡᠢ︾ ᠪᠠᠶᠢᠬᠤ ᠵᠠᠷᠴᠢᠮ ᠶᠣᠰᠣᠭᠠᠷ᠂ ᠦᠨᠳᠣᠰᠣᠡ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠶᠢᠨ ᠳᠣᠳᠣᠷ᠎ᠠ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠭᠡᠷᠡᠭᠵᠢᠬᠦᠯᠵᠦ᠂ ᠡᠪᠡᠳᠴᠢᠨ ᠡᠮᠭᠡᠭ ᠡᠮᠨᠡᠨ ᠵᠠᠰᠠᠬᠤ ᠳᠤ ᠰᠢᠭᠤᠳ ᠬᠠᠷᠢᠴᠠᠭ᠎ᠠ ᠦᠭᠡᠢ ᠣᠯᠡᠨ ᠨᠡᠶᠢᠲᠡ ᠶᠢᠨ ᠡᠷᠡᠬᠦᠯ ᠬᠠᠮᠠᠭᠠᠯᠠᠯ᠂ ᠪᠡᠶ᠎ᠡ ᠶᠢᠨ ᠲᠠᠮᠢᠷ ᠪᠠ ᠪᠡᠶ᠎ᠡ ᠴᠢᠬᠢᠷᠬᠠᠵᠢᠭᠤᠯᠬᠤ ᠪᠤᠶᠤ ᠪᠡᠶ᠎ᠡ ᠰᠣᠪᠢᠯᠠᠯᠳᠡ ᠡᠷᠡᠬᠦᠯᠵᠢᠯ ᠵᠡᠷᠭᠡ ᠶᠢᠨ ᠵᠠᠷᠣᠳᠡᠯ ᠢ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠳᠤ ᠣᠷᠣᠭᠤᠯᠵᠦ ᠪᠤᠯᠬᠤ ᠦᠭᠡᠢ᠃ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠲᠣᠭᠠᠴᠠᠭ᠎ᠠ ᠬᠢᠬᠦ ᠴᠢᠳᠡᠪᠦᠷᠢ᠂ ᠨᠡᠶᠢᠭᠡᠮ ᠤᠨ ᠪᠦᠬᠦᠯᠢ ᠴᠣᠠᠠᠴᠠ ᠶᠢᠨ ᠳᠠᠭᠠᠭᠠᠬᠤ ᠴᠢᠳᠡᠪᠦᠷᠢ ᠪᠤᠯᠥᠨ ᠳᠠᠭᠠᠳᠬᠠᠯ ᠳᠤ ᠣᠷᠣᠯᠴᠬᠠᠰᠠᠨ ᠬᠤᠪᠢ ᠬᠦᠮᠦᠨ ᠤ ᠲᠠᠷᠣᠭᠠᠰᠣ ᠶᠢ ᠬᠦᠢᠴᠡᠳ ᠪᠤᠳᠣᠯᠬᠢᠯᠡᠨ᠂ ᠦᠨᠳᠣᠰᠣᠡ ᠪᠠᠳᠣᠯᠠᠭ᠎ᠠ ᠪᠠ ᠬᠠᠷᠢᠭᠤᠴᠠᠯᠭ᠎ᠠ ᠶᠢ ᠬᠤᠪᠢᠶᠡᠨ ᠡᠬᠦᠷᠭᠡᠯᠡᠬᠦ ᠵᠠᠷᠴᠢᠮ ᠢ ᠪᠠᠷᠢᠮᠳᠡᠯᠡᠵᠦ᠂ ᠲᠣᠠᠠᠳᠠᠭᠠᠠᠠᠰᠠᠨ ᠳᠡᠰ ᠳᠡᠷᠡᠭᠠᠯᠠᠯ ᠢᠶᠠᠷ ᠣᠯᠭᠤᠮᠵᠢ ᠶᠢᠨ ᠳᠥᠷᠥ ᠶᠢᠨ ᠪᠤᠳᠣᠯᠭ᠎ᠠ ᠶᠢ ᠲᠣᠬᠢᠷᠡᠭᠤᠯᠥᠨ᠎ᠠ        2. ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠲᠣᠬᠢᠷᠡᠭᠤᠯᠭ᠎ᠠ ᠡᠵᠡᠮᠰᠢᠯ ᠤᠨ ᠦᠢᠯᠡᠳᠣᠯ ᠢ ᠪᠠᠳᠡᠷᠡᠭᠤᠯᠥᠨ᠎ᠠ᠃ ᠱᠠᠳᠣ ᠬᠤᠪᠢᠶᠡᠨ ᠣᠨᠣᠰᠢᠯᠠᠨ ᠡᠮᠨᠡᠬᠦ ᠳᠥᠷᠢᠮ ᠢ ᠪᠠᠶᠢᠭᠤᠯᠥᠨ ᠪᠦᠷᠢᠨᠰᠢᠬᠦᠯᠬᠦ ᠶᠢ ᠳᠡᠮᠵᠢᠵᠦ᠂ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠲᠣᠬᠢᠷᠡᠭᠤᠯᠬᠤ ᠪᠠᠷ ᠳᠡᠮᠵᠢᠭᠤᠯᠥᠨ ᠦᠨᠳᠣᠰᠣᠡ ᠱᠠᠳᠥ ᠲᠡᠰᠢ ᠭᠡᠯᠪᠠᠶᠢᠯᠭᠡᠵᠦ᠂ ᠳᠠᠭᠠᠳᠬᠠᠯ ᠳᠤ ᠣᠷᠣᠯᠴᠬᠠᠰᠠᠳ ᠢ ᠬᠦᠳᠦᠯᠥᠨ ᠵᠢᠯᠥᠭᠤᠳᠴᠥ ᠪᠠᠶᠢᠭᠠᠳ ᠣᠷᠢᠳᠡᠪᠡᠷ ᠦᠨᠳᠣᠰᠣᠡ ᠱᠠᠳᠣᠨ ᠳᠤ ᠣᠴᠢᠨ ᠣᠨᠣᠰᠢᠯᠠᠭᠤᠯᠵᠦ᠂ ᠲᠣᠠᠠᠳᠠᠭᠠᠯ ᠳᠤ ᠨᠡᠶᠢᠴᠡᠬᠦ ᠰᠢᠯᠵᠢᠬᠦᠯᠥᠨ ᠣᠨᠣᠰᠢᠯᠠᠭᠤᠯᠵᠦ ᠡᠮᠨᠡᠯᠭᠡ ᠳᠤ ᠰᠠᠭᠤᠬᠰᠡᠡ ᠡᠪᠡᠳᠴᠢᠳᠡᠨ ᠳᠤ ᠡᠬᠢᠯᠡᠨ ᠵᠠᠷᠣᠳᠡᠯ ᠲᠣᠰᠢᠶᠠᠬᠤ ᠱᠣᠭᠤᠮ ᠢ ᠦᠷᠬᠦᠯᠵᠢᠯᠡᠨ ᠪᠤᠳᠣᠵᠦ᠂ ᠬᠤᠣᠰ ᠴᠢᠭᠯᠡᠯ ᠢᠶᠠᠷ ᠰᠢᠯᠵᠢᠬᠦᠯᠥᠨ ᠡᠮᠨᠡᠬᠦᠯᠬᠦ ᠶᠢ ᠵᠦᠢ ᠵᠤᠬᠢᠰᠳᠡᠢ ᠪᠠᠷ ᠬᠦᠳᠦᠯᠥᠨ ᠵᠢᠯᠥᠭᠤᠳᠣᠨ᠎ᠠ᠃ ᠭᠡᠷ ᠪᠦᠯᠢ ᠶᠢᠨ ᠡᠮᠴᠢ ᠶᠢᠨ ᠬᠡᠷ᠎ᠠ ᠲᠤᠠᠠᠳᠠᠨ ᠦᠢᠯᠡᠴᠢᠯᠡᠬᠦ ᠳᠥᠷᠢᠮ ᠤᠨ ᠪᠠᠶᠢᠭᠤᠯᠥᠯᠳᠡ ᠶᠢ ᠳᠡᠮᠵᠢᠵᠦ᠂ ᠡᠬᠦᠳᠡᠡ ᠡᠮᠨᠡᠯᠭᠡ ᠪᠠᠷ ᠳᠡᠮᠵᠢᠭᠤᠯᠥᠨ ᠬᠦᠮᠦᠨ ᠤ ᠲᠤᠭ᠎ᠠ ᠶᠢᠨ ᠵᠠᠷᠣᠳᠡᠯ ᠢ ᠲᠣᠠᠠᠳᠠᠭᠠᠯ ᠳᠤ ᠨᠡᠶᠢᠴᠡᠬᠦ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠵᠠᠷᠣᠳᠡᠯ ᠢ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠳᠤ ᠣᠷᠣᠭᠤᠯᠥᠨ᠎ᠠ᠃ ᠡᠮᠴᠢᠯᠡᠬᠡᠨ ᠤ ᠬᠤᠯᠪᠤᠭᠠᠳᠣ ᠴᠣᠠᠠᠴᠠ ᠶᠢᠨ ᠪᠠᠶᠢᠭᠤᠯᠥᠯᠳᠡ ᠶᠢ ᠳᠡᠮᠵᠢᠵᠦ᠂ ᠳᠡᠭᠡᠳᠦ ᠲᠣᠣᠷᠡᠳᠦ ᠱᠠᠳᠣ ᠬᠠᠮᠳᠣᠷᠡᠯᠴᠠᠬᠰᠠᠨ ᠡᠮᠴᠢᠯᠡᠭᠡᠨ ᠤ ᠬᠤᠯᠪᠤᠭᠠᠳᠣ ᠴᠣᠠᠠᠴᠠ ᠶᠢᠨ ᠡᠮᠴᠢᠯᠡᠭᠡᠨ ᠤ ᠲᠠᠭᠠᠳᠬᠠᠯ ᠤᠨ ᠶᠡᠷᠦᠩᠭᠡᠢ ᠲᠤᠭ᠎ᠠ ᠶᠢᠨ ᠵᠠᠷᠣᠳᠡᠯ ᠲᠣᠰᠢᠶᠠᠬᠤ ᠵᠡᠷᠭᠡ ᠠᠷᠭ᠎ᠠ ᠮᠠᠶ᠋ᠢᠭ ᠢ ᠭᠡᠷᠡᠭᠵᠢᠬᠦᠯᠬᠦ ᠪᠠᠷ ᠳᠡᠮᠵᠢᠭᠤᠯᠥᠨ᠂ ᠡᠮᠴᠢᠯᠡᠭᠡᠨ ᠤ ᠬᠤᠯᠪᠤᠭᠠᠳᠣ ᠴᠣᠠᠠᠴᠠ ᠶᠢᠨ ᠲᠣᠳᠣᠭᠠᠳᠣ ᠳᠤ ᠨᠡᠯᠢᠶᠡᠳ ᠰᠢᠨᠵᠢᠯᠠᠬᠦ ᠣᠬᠠᠭᠠᠨᠴᠢ ᠠᠵᠢᠯ ᠬᠤᠪᠢᠶᠡᠷᠢᠯᠡᠨ ᠬᠠᠮᠵᠢᠯᠴᠠᠬᠤ ᠲᠤᠠᠠᠳᠡᠴᠨ ᠪᠠ ᠨᠡᠯᠢᠶᠡᠳ ᠰᠢᠯᠥᠭᠤᠨ ᠰᠢᠯᠵᠢᠬᠦᠯᠥᠨ ᠣᠨᠣᠰᠢᠯᠠᠭᠤᠯᠬᠤ ᠲᠣᠠᠠᠳᠡᠴᠠ ᠶᠢ ᠠᠩᠬ᠎ᠠ ᠠᠯᠬᠤᠮ ᠪᠦᠷᠢᠯᠳᠦᠬᠦᠯᠬᠦ ᠶᠢ ᠰᠦᠪᠡᠭᠴᠢᠯᠡᠨ᠎ᠡ᠃ ᠭᠡᠯᠡᠯᠴᠡᠭᠡᠷ ᠲᠣᠠᠠᠳᠠᠨ ᠬᠠᠮᠢᠶᠡᠷᠦᠠᠠᠰᠠᠨ ᠵᠢᠵᠢᠭᠯᠡᠨ ᠬᠤᠳᠠᠯᠳᠣᠬᠤ ᠡᠮ ᠤᠨ ᠳᠡᠯᠭᠡᠬᠦᠷ ᠤᠨ ᠠᠷᠬᠠᠭ ᠡᠪᠡᠳᠴᠢᠨ ᠤ ᠭᠡᠷᠡᠭᠯᠡᠬᠦ ᠡᠮ ᠤᠨ ᠬᠠᠩᠭᠠᠯᠭ᠎ᠠ ᠪᠠᠳᠣᠯᠠᠭ᠎ᠠ ᠶᠢ ᠰᠠᠶᠢᠳᠣᠷ ᠬᠢᠬᠦ ᠶᠢ ᠵᠣᠷᠢᠠᠠᠵᠢᠭᠤᠯᠵᠦ᠂ ᠡᠪᠡᠳᠴᠢᠳᠡᠨ ᠡᠮ ᠤᠨ ᠵᠤᠷ ᠢᠶᠠᠨ ᠠᠪᠴᠥ ᠴᠢᠯᠥᠭᠡᠳᠡᠢ ᠪᠠᠷ ᠭᠡᠯᠡᠯᠴᠡᠭᠡᠷ ᠲᠣᠠᠠᠳᠠᠨ ᠬᠠᠮᠢᠶᠡᠷᠦᠠᠠᠰᠠᠨ ᠡᠮᠴᠢᠯᠡᠭᠡᠨ ᠤ ᠪᠠᠶᠢᠭᠤᠯᠥᠮᠵᠢ ᠪᠤᠶᠤ ᠭᠡᠯᠡᠯᠴᠡᠭᠡᠷ ᠲᠣᠠᠠᠳᠠᠨ ᠬᠠᠮᠢᠶᠡᠷᠦᠠᠠᠰᠠᠨ ᠵᠢᠵᠢᠭᠯᠡᠨ ᠬᠤᠳᠠᠯᠳᠣᠬᠤ ᠡᠮ ᠤᠨ ᠳᠡᠯᠭᠡᠬᠦᠷ ᠠᠴᠠ ᠡᠮ ᠬᠤᠳᠠᠯᠳᠣᠨ ᠠᠪᠴᠥ ᠪᠤᠯᠥᠨ᠎ᠠ᠃        ︵ᠭᠤᠷᠪᠡ︶ ᠡᠮᠴᠢᠯᠡᠭᠡᠨ ᠤ ᠲᠠᠭᠠᠳᠬᠠᠯ ᠤᠨ ᠡᠮᠴᠢᠯᠡᠭᠡᠨ ᠤ ᠦᠢᠯᠡ ᠠᠵᠢᠯᠯᠠᠭ᠎ᠠ ᠶᠢᠨ ᠬᠢᠨᠡᠯᠳᠡ ᠬᠠᠮᠢᠶᠡᠷᠦᠯᠳᠡ ᠶᠢ ᠴᠢᠩᠭᠠᠷᠡᠭᠤᠯᠥᠨ᠎ᠠ᠃        1. ᠭᠡᠯᠡᠯᠴᠡᠭᠡᠷ ᠲᠤᠠᠠᠳᠠᠨ ᠬᠠᠮᠢᠶᠡᠷᠬᠤ ᠶᠢ ᠴᠢᠩᠭᠠᠳᠬᠠᠨ᠎ᠠ᠃ ᠡᠯ᠎ᠠ ᠭᠠᠵᠡᠷ ᠣᠷᠣᠨ ᠨᠤᠭᠤᠳ ᠡᠮᠴᠢᠯᠡᠭᠡᠨ ᠤ ᠲᠠᠭᠠᠳᠬᠠᠯ ᠤᠨ ᠦᠢᠯᠡᠴᠢᠯᠡᠭᠡᠨ ᠤ ᠭᠡᠯᠡᠯᠴᠡᠭᠡᠷ ᠲᠣᠠᠠᠳᠠᠨ ᠬᠠᠮᠢᠶᠡᠷᠬᠤ ᠶᠢ ᠳᠡᠬᠦᠯᠳᠡᠷᠵᠢᠬᠦᠯᠵᠦ᠂ ᠬᠢᠨᠡᠯᠳᠡ ᠬᠠᠮᠢᠶᠡᠷᠦᠯᠳᠡ ᠶᠢᠨ ᠭᠤᠤᠯᠳᠡᠯᠭ᠎ᠠ ᠶᠢ ᠡᠮᠴᠢᠯᠡᠭᠡᠨ ᠤ ᠵᠠᠷᠣᠳᠡᠯ ᠢ ᠡᠵᠡᠮᠳᠡᠵᠦ ᠪᠠᠶᠢᠠᠠᠰᠠᠨ ᠠᠴᠠ ᠨᠢ ᠡᠮᠴᠢᠯᠡᠭᠡᠨ ᠤ ᠵᠠᠷᠣᠳᠡᠯ ᠪᠤᠯᠥᠨ ᠡᠮᠴᠢᠯᠡᠭᠡᠨ ᠤ ᠶᠠᠰᠣ ᠴᠢᠨᠡᠷ ᠬᠤᠶᠡᠷ ᠢ ᠡᠵᠡᠮᠳᠡᠬᠦ ᠲᠡᠰᠢ ᠬᠤᠪᠢᠷᠡᠭᠤᠯᠥᠨ᠎ᠠ᠃ ᠠᠳᠡᠯᠢ ᠪᠤᠰᠥ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠣᠨᠴᠠᠯᠢᠭ ᠪᠠ ᠡᠯ᠎ᠠ ᠱᠠᠳᠣᠨ ᠤ ᠡᠯ᠎ᠠ ᠳᠥᠷᠦᠯ ᠤᠨ ᠡᠮᠴᠢᠯᠡᠭᠡᠨ ᠤ ᠪᠠᠶᠢᠭᠤᠯᠥᠮᠵᠢ ᠶᠢᠨ ᠴᠢᠳᠠᠮᠵᠢ ᠶᠢᠨ ᠪᠠᠶᠢᠷᠢ ᠲᠤᠠᠠᠳᠠᠭᠠᠯᠳᠡ ᠪᠤᠯᠥᠨ ᠦᠢᠯᠡᠴᠢᠯᠡᠭᠡᠨ ᠤ ᠠᠭᠤᠯᠭ᠎ᠠ ᠶᠢ ᠦᠨᠳᠣᠰᠣᠯᠡᠨ᠂ ᠭᠤᠤᠯᠳᠡᠯᠭ᠎ᠠ ᠲᠠᠢ ᠳᠡᠯ᠎ᠠ ᠳᠤ ᠴᠢᠭᠯᠡᠬᠦᠯᠥᠡ᠂ ᠦᠨᠡᠯᠡᠬᠦ ᠬᠦᠢᠴᠡᠳᠭᠡᠯ ᠲᠤᠭ᠎ᠠ᠂ ᠰᠢᠯᠭᠠᠨ ᠬᠢᠨᠠᠬᠤ ᠠᠷᠭ᠎ᠠ ᠵᠢᠴᠢ ᠬᠢᠨᠡᠯᠳᠡ ᠬᠠᠮᠢᠶᠡᠷᠦᠯᠳᠡ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠥᠨ ᠨᠠᠷᠢᠯᠢᠠᠠᠵᠢᠭᠤᠯᠵᠦ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠨᠡᠯᠡᠬᠦ ᠰᠢᠰᠲ᠋ᠧᠮᠵᠢ ᠶᠢ ᠪᠠᠶᠢᠭᠤᠯᠥᠨ᠂ ᠵᠤᠬᠢᠬᠤ ᠬᠢᠵᠠᠭᠠᠷᠯᠠᠬᠤ ᠪᠠ ᠣᠷᠮᠠᠰᠢᠭᠤᠯᠬᠤ ᠠᠷᠭ᠎ᠠ ᠭᠡᠮᠵᠢᠶ᠎ᠠ ᠶᠢ ᠲᠣᠠᠠᠳᠠᠭᠠᠵᠦ᠂ ᠰᠢᠯᠭᠠᠨ ᠬᠢᠨᠠᠬᠰᠠᠨ ᠦᠷ᠎ᠡ ᠳ᠋ᠦᠡᠭ ᠬᠢᠭᠡᠳ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠯᠦᠭᠡ ᠬᠤᠯᠪᠤᠠᠠᠳᠠᠭᠤᠯᠥᠨ᠎ᠠ᠃ ᠮᠣᠩᠭᠤᠯ ᠬᠢᠳᠡᠳ ᠡᠮᠨᠡᠯᠭᠡ ᠶᠢᠨ ᠡᠮᠴᠢᠯᠡᠬᠡᠨ ᠤ ᠪᠠᠶᠢᠭᠤᠯᠥᠮᠵᠢ ᠶᠢᠨ ᠰᠢᠯᠭᠠᠨ ᠬᠢᠨᠠᠬᠤ ᠬᠦᠢᠴᠡᠳᠭᠡᠯ ᠲᠤᠭ᠎ᠠ ᠳᠤ ᠮᠣᠩᠭᠤᠯ ᠬᠢᠳᠡᠳ ᠡᠮ ᠡᠮᠨᠡᠯᠭᠡ ᠶᠢᠨ ᠦᠢᠯᠡᠴᠢᠯᠡᠭᠡᠨ ᠬᠠᠩᠭᠠᠠᠠᠰᠠᠨ ᠬᠠᠷᠢᠴᠡᠯ ᠢ ᠪᠠᠭᠳᠠᠭᠠᠨ᠎ᠠ᠃        2. ᠡᠮᠴᠢᠯᠡᠭᠡᠨ ᠤ ᠲᠠᠭᠠᠳᠬᠠᠯ ᠤᠨ ᠣᠶᠣᠨᠳᠦ ᠬᠢᠨᠡᠨ ᠡᠵᠡᠮᠳᠡᠬᠦ ᠶᠢ ᠪᠦᠬᠦ ᠳᠡᠯ᠎ᠠ ᠪᠠᠷ ᠭᠡᠷᠡᠭᠵᠢᠬᠦᠯᠥᠨ᠎ᠠ᠃ ᠡᠮᠴᠢᠯᠡᠭᠡᠨ ᠤ ᠲᠠᠭᠠᠳᠬᠠᠯ ᠤᠨ ᠵᠠᠷᠣᠳᠡᠯ ᠢ ᠳ᠋ᠦᠡᠭᠨᠡᠨ ᠪᠤᠳᠣᠬᠤ ᠶᠢ ᠭᠡᠰᠡᠭ ᠢ ᠨᠢ ᠬᠢᠨᠡᠨ ᠬᠠᠷᠭᠤᠭᠤᠯᠵᠦ ᠪᠠᠶᠢᠠᠠᠰᠠᠨ ᠢ ᠪᠦᠬᠦ ᠳᠡᠯ᠎ᠠ ᠪᠠᠷ ᠬᠢᠨᠡᠨ ᠬᠠᠷᠭᠤᠭᠤᠯᠬᠤ ᠲᠡᠰᠢ ᠬᠤᠪᠢᠷᠡᠭᠤᠯᠬᠤ᠂ ᠭᠡᠷᠩ ᠤᠨ ᠳᠡᠷᠠᠭ᠎ᠠ ᠵᠠᠯᠠᠷᠡᠭᠤᠯᠵᠦ ᠪᠠᠶᠢᠠᠠᠰᠠᠨ ᠢ ᠭᠡᠷᠩ ᠤᠨ ᠡᠮᠣᠨ᠎ᠠ ᠣᠷᠢᠳᠡᠪᠡᠷ ᠰᠠᠷᠡᠮᠵᠢᠯᠡᠬᠦᠯᠬᠦ᠂ ᠭᠡᠷᠩ ᠤᠨ ᠲᠣᠮᠳᠡ ᠬᠢᠨᠡᠯᠳᠡ ᠳᠡᠯᠪᠢᠬᠤ ᠲᠡᠰᠢ ᠬᠤᠪᠢᠷᠡᠭᠤᠯᠬᠤ᠂ ᠳᠡᠩ ᠴᠣᠯᠭᠤᠢ ᠪᠠᠷ ᠵᠠᠬᠢᠷᠣᠨ ᠬᠠᠮᠢᠶᠡᠷᠴᠥ ᠪᠠᠶᠢᠠᠠᠰᠠᠨ ᠢ ᠬᠢᠨᠡᠯᠳᠡ ᠳᠡᠯᠪᠢᠬᠤ᠂ ᠬᠠᠮᠢᠶᠡᠷᠬᠤ᠂ ᠦᠢᠯᠡᠴᠢᠯᠡᠬᠦ ᠶᠢ ᠬᠠᠷᠢᠯᠴᠠᠨ ᠣᠶᠠᠯᠳᠣᠭᠤᠯᠬᠤ ᠲᠡᠰᠢ ᠬᠤᠪᠢᠷᠡᠭᠤᠯᠥᠨ᠎ᠠ᠃ ᠡᠮᠴᠢᠯᠡᠭᠡᠨ ᠤ ᠲᠠᠭᠠᠳᠬᠠᠯ ᠤᠨ ᠮᠡᠳᠡᠭᠡ ᠵᠠᠩᠬᠢ ᠶᠢᠨ ᠰᠢᠰᠲ᠋ᠧᠮ ᠢ ᠳᠠᠰᠣᠷᠡᠯᠳᠡ ᠦᠭᠡᠢ ᠳᠡᠬᠦᠯᠳᠡᠷᠵᠢᠬᠦᠯᠵᠦ᠂ ᠮᠡᠳᠡᠭᠡ ᠵᠠᠩᠬᠢ ᠶᠢᠨ ᠠᠮᠥᠷ ᠳᠥᠪᠰᠢᠨ ᠢ ᠦᠨᠡᠨᠬᠦ ᠪᠠᠳᠣᠯᠠᠨ᠎ᠠ᠃ ᠡᠮᠴᠢᠯᠡᠭᠡᠨ ᠤ ᠲᠠᠭᠠᠳᠬᠠᠯ ᠤᠨ ᠬᠢᠨᠡᠯᠳᠡ ᠬᠠᠮᠢᠶᠡᠷᠦᠯᠳᠡ ᠶᠢ ᠡᠮᠨᠡᠯᠭᠡ ᠶᠢᠨ ᠠᠵᠢᠯᠳᠡᠨ ᠤ ᠡᠮᠴᠢᠯᠡᠭᠡᠨ ᠤ ᠦᠢᠯᠡᠴᠢᠯᠡᠭᠡ ᠶᠢᠨ ᠦᠢᠯᠡ ᠠᠵᠢᠯᠯᠠᠭ᠎ᠠ ᠬᠦᠷᠳᠡᠯ᠎ᠠ ᠣᠷᠳᠣᠳᠬᠠᠬᠤ ᠶᠢ ᠢᠳᠡᠪᠬᠢᠳᠡᠢ ᠪᠠᠷ ᠰᠦᠪᠡᠭᠴᠢᠯᠡᠡ᠂ ᠬᠢᠨᠡᠯᠳᠡ ᠬᠠᠮᠢᠶᠡᠷᠦᠯᠳᠡ ᠶᠢ ᠰᠢᠯᠭᠠᠨ ᠬᠢᠨ᠋ᠬᠠᠰᠠᠨ ᠦᠷ᠎ᠠ ᠳ᠋ᠦᠡᠭ ᠢ ᠨᠡᠶᠢᠭᠡᠮ ᠨᠡᠶᠢᠲᠡ ᠳᠤ ᠨᠡᠶᠢᠳᠡᠯᠡᠬᠦ ᠶᠢ ᠰᠦᠪᠡᠭᠴᠢᠯᠡᠵᠦ᠂ ᠡᠮᠴᠢᠯᠡᠭᠡᠨ ᠤ ᠪᠠᠶᠢᠭᠤᠯᠥᠮᠵᠢ ᠶᠢᠨ ᠡᠮᠨᠡᠯᠭᠡ ᠶᠢᠨ ᠠᠵᠢᠯᠳᠡᠨ ᠤ ᠬᠠᠮᠢᠶᠡᠷᠦᠯᠳᠡ ᠶᠢ ᠴᠢᠩᠭᠠᠷᠠᠭᠤᠯᠬᠤ ᠶᠢ ᠠᠬᠢᠭᠤᠯᠥᠨ᠎ᠠ        ︵ᠳᠥᠷᠪᠡ︶ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠥᠯ ᠤᠨ ᠬᠠᠮᠢᠶ᠎ᠠ ᠪᠦᠬᠦᠢ ᠦᠭᠡᠷᠡᠴᠢᠯᠡᠯᠳᠡ ᠶᠢ ᠬᠠᠮᠵᠢᠯᠴᠠᠨ ᠠᠬᠢᠭᠤᠯᠥᠨ᠎ᠠ᠃ ᠣᠷᠣᠨ ᠪᠦᠰᠡ ᠶᠢᠨ ᠳᠣᠳᠣᠷᠡᠬᠢ ᠡᠮᠴᠢᠯᠡᠭᠡᠨ ᠡᠷᠡᠬᠦᠯ ᠬᠠᠮᠠᠭᠠᠯᠠᠯ ᠤᠨ ᠡᠬᠢ ᠪᠠᠶᠠᠯᠢᠭ ᠤᠨ ᠶᠡᠷᠦᠩᠭᠡᠢ ᠭᠡᠮᠵᠢᠶ᠎ᠠ᠂ ᠡᠮᠴᠢᠯᠡᠭᠡᠨ ᠤ ᠵᠠᠷᠣᠳᠡᠯ ᠤᠨ ᠶᠡᠷᠦᠩᠭᠡᠢ ᠭᠡᠮᠵᠢᠶ᠎ᠠ ᠬᠢᠭᠡᠳ ᠠᠵᠦ ᠠᠬᠤᠢ ᠶᠢᠨ ᠬᠦᠭᠵᠢᠯᠳᠡ ᠶᠢᠨ ᠬᠢᠷᠢ ᠭᠡᠮᠵᠢᠶ᠎ᠠ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠲᠣᠭᠠᠴᠠᠭ᠎ᠠ ᠬᠢᠬᠦ ᠴᠢᠳᠡᠪᠦᠷᠢ ᠯᠤᠭ᠎ᠠ ᠬᠠᠷᠢᠯᠴᠠᠨ ᠵᠣᠬᠢᠴᠬᠠᠰᠠᠨ ᠬᠤᠷᠸ᠎ᠠ ᠲᠣᠬᠢᠷᠡᠭᠤᠯᠭ᠎ᠠ ᠡᠵᠡᠮᠰᠢᠯ ᠤᠨ ᠲᠤᠠᠠᠳᠡᠴᠠ ᠶᠢ ᠪᠠᠶᠢᠭᠤᠯᠵᠦ᠂ ᠡᠮᠴᠢᠯᠡᠭᠡᠨ ᠤ ᠵᠠᠷᠣᠳᠡᠯ ᠤᠨ ᠭᠡᠳᠦᠷᠬᠡᠢ ᠳᠦᠷᠬᠡᠨ ᠨᠡᠮᠡᠭᠳᠡᠬᠦ ᠶᠢ ᠬᠤᠷᠢᠠᠠᠯᠠᠨ᠎ᠠ᠃ ᠡᠮᠴᠢᠯᠡᠭᠡᠨ ᠤ ᠠᠷᠭ᠎ᠠ ᠵᠠᠮ ᠤᠨ ᠬᠠᠮᠢᠶᠡᠷᠦᠯᠳᠡ ᠶᠢ ᠭᠡᠷᠡᠭᠵᠢᠬᠦᠯᠥᠨ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢᠨ ᠢᠯᠡ ᠪᠤᠯᠭᠠᠬᠤ ᠭᠡᠮᠵᠢᠶ᠎ᠠ ᠶᠢ ᠳᠡᠭᠡᠭᠰᠢᠯᠡᠬᠦᠯᠥᠨ᠎ᠠ᠃ ᠠᠳᠡᠯᠢ ᠱᠠᠳᠣᠨ ᠤ ᠡᠮᠴᠢᠯᠡᠭᠡᠨ ᠤ ᠪᠠᠶᠢᠭᠤᠯᠥᠮᠵᠢ ᠶᠢᠨ ᠠᠨᠠᠭᠠᠬᠤ ᠣᠬᠠᠭᠠᠨ ᠤ ᠪᠠᠶᠢᠴᠠᠭᠠᠯᠳᠡ ᠪᠠ ᠰᠢᠯᠭᠠᠨ ᠪᠠᠶᠢᠴᠠᠭᠠᠠᠠᠰᠠᠨ ᠦᠷ᠎ᠠ ᠳ᠋ᠦᠡᠭ ᠢ ᠬᠠᠷᠢᠯᠴᠠᠨ ᠮᠡᠳᠡᠷᠡᠵᠦ᠂ ᠲᠠᠪᠬᠤᠷᠳᠡᠭᠤᠯᠥᠨ ᠪᠠᠶᠢᠴᠠᠭᠠᠯᠳᠡ ᠬᠢᠬᠦ ᠶᠢ ᠪᠠᠭᠠᠰᠬᠠᠨ᠎ᠠ᠃ ᠡᠮᠴᠢᠯᠡᠭᠡᠨ ᠤ ᠪᠠᠶᠢᠭᠤᠯᠥᠮᠵᠢ ᠶᠢᠨ ᠦᠷ᠎ᠠ ᠠᠰᠢᠭ ᠪᠠ ᠵᠠᠷᠣᠳᠡᠯ ᠤᠨ ᠮᠡᠳᠡᠭᠡ ᠵᠠᠩᠬᠢ ᠶᠢᠨ ᠢᠯᠡ ᠪᠤᠯᠭᠠᠬᠤ ᠲᠣᠠᠠᠳᠡᠴᠠ ᠶᠢ ᠪᠠᠶᠢᠭᠤᠯᠵᠦ᠂ ᠵᠠᠷᠣᠳᠡᠯ᠂ ᠡᠪᠡᠳᠴᠢᠳᠡᠨ ᠤ ᠲᠠᠷᠣᠭᠠᠰᠣ ᠶᠢᠨ ᠬᠢᠷᠢ ᠭᠡᠮᠵᠢᠶ᠎ᠠ ᠵᠡᠷᠭᠡ ᠬᠦᠢᠴᠡᠳᠭᠡᠯ ᠲᠤᠭ᠎ᠠ ᠶᠢ ᠲᠣᠠᠠᠳᠠᠮᠠᠯ ᠬᠤᠭᠤᠴᠠᠭ᠎ᠠ ᠲᠠᠢ ᠪᠠᠷ ᠢᠯᠡ ᠪᠤᠯᠭᠠᠵᠦ ᠂ ᠨᠡᠶᠢᠭᠡᠮ ᠨᠡᠶᠢᠲᠡ ᠶᠢᠨ ᠬᠢᠨᠡᠯᠳᠡ ᠳᠡᠯᠪᠢᠬᠤ ᠶᠢ ᠬᠦᠯᠢᠶᠡᠬᠦ ᠶᠢᠨ ᠬᠠᠮᠳᠣ ᠲᠠᠭᠠᠳᠬᠠᠯ ᠳᠤ ᠣᠷᠣᠯᠴᠬᠠᠰᠠᠳ ᠤᠨ ᠡᠮᠨᠡᠬᠦᠯᠬᠦ ᠰᠣᠩᠭᠤᠯᠳᠡ ᠬᠢᠬᠦ ᠳᠤ ᠯᠠᠪᠯᠡᠯᠳᠡ ᠬᠠᠩᠭᠠᠨ᠎ᠠ᠃ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢᠨ ᠰᠢᠨᠵᠢᠯᠡᠬᠦ ᠣᠬᠠᠭᠠᠨᠴᠢ ᠵᠦᠢ ᠵᠣᠬᠢᠰᠳᠦ ᠴᠢᠨᠡᠷ ᠬᠢᠭᠡᠳ ᠠᠵᠢᠯ ᠳᠥᠷᠦᠯ ᠤᠨ ᠲᠣᠠᠠᠳᠠᠭᠠᠯ ᠳᠤ ᠨᠡᠶᠢᠴᠡᠬᠦ ᠴᠢᠨᠡᠷ ᠲᠤ ᠲᠣᠰᠬᠠᠢ ᠮᠡᠷᠭᠡᠵᠢᠯᠳᠡᠨ ᠤ ᠦᠨᠡᠯᠡᠬᠦ ᠳᠥᠷᠢᠮ ᠪᠠ ᠠᠯᠳᠠᠭ᠎ᠠ ᠪᠠᠨ ᠵᠠᠯᠠᠷᠡᠭᠤᠯᠬᠤ ᠲᠣᠠᠠᠳᠡᠴᠠ ᠶᠢ ᠪᠠᠶᠢᠭᠤᠯᠬᠤ ᠶᠢ ᠰᠦᠪᠡᠭᠴᠢᠯᠡᠨ ᠂ ᠭᠠᠳᠠᠨ᠎ᠠ ᠠᠴᠠ ᠬᠢᠨᠡᠯᠳᠡ ᠳᠡᠯᠪᠢᠬᠤ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠥᠠᠠᠰᠠᠨ ᠡᠮᠴᠢᠯᠡᠭᠡᠨ ᠤ ᠪᠠᠶᠢᠭᠤᠯᠥᠮᠵᠢ ᠶᠢᠨ ᠲᠣᠳᠣᠭᠠᠳᠣ ᠶᠢᠨ ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠬᠤ ᠪᠠ ᠣᠷᠣᠯᠭ᠎ᠠ ᠶᠢᠨ ᠬᠤᠪᠢᠶᠡᠷᠢᠯᠡᠯᠳᠡ ᠶᠢᠨ ᠲᠣᠠᠠᠳᠡᠴᠠ ᠶᠢ ᠳᠡᠬᠦᠯᠳᠡᠷᠵᠢᠬᠦᠯᠵᠦ᠂ ᠡᠮᠴᠢᠯᠡᠭᠡᠨ ᠤ ᠪᠠᠶᠢᠭᠤᠯᠥᠮᠵᠢ ᠶᠢ ᠬᠦᠳᠦᠯᠥᠨ ᠵᠢᠯᠥᠭᠤᠳᠴᠥ ᠪᠠᠶᠢᠭᠠᠳ ᠵᠦᠢ ᠵᠤᠬᠢᠰᠳᠡᠢ ᠣᠨᠣᠰᠢᠯᠠᠨ ᠡᠮᠨᠡᠬᠦ ᠪᠠᠷ ᠭᠤᠤᠯ ᠪᠤᠯᠭᠠᠠᠠᠰᠠᠨ ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠵᠦ ᠦᠨᠡᠯᠡᠬᠦ ᠲᠣᠠᠠᠳᠡᠴᠠ ᠶᠢ ᠪᠠᠶᠢᠭᠤᠯᠵᠦ᠂ ᠢᠯᠡᠬᠦᠥ ᠬᠦᠳᠡᠯᠮᠦᠷᠢᠯᠡᠪᠡᠯ ᠢᠯᠡᠬᠦᠥ ᠣᠯᠬᠤ᠂ ᠰᠠᠶᠢᠨ ᠬᠦᠳᠡᠯᠮᠦᠷᠢᠯᠡᠪᠡᠯ ᠰᠠᠶᠢᠨ ᠬᠠᠷᠡᠮᠵᠢ ᠣᠯᠬᠤ ᠶᠢ ᠬᠠᠷᠠᠭᠤᠯᠥᠨ᠎ᠠ᠃ ᠡᠮᠨᠡᠯᠭᠡ ᠶᠢᠨ ᠠᠵᠢᠯᠳᠡᠨ ᠤ ᠣᠯᠡᠨ ᠴᠢᠭ ᠲᠤ ᠠᠵᠢᠯ ᠡᠷᠬᠢᠯᠡᠬᠦ ᠶᠢ ᠵᠢᠷᠣᠮᠵᠢᠭᠤᠯᠥᠨ ᠠᠬᠢᠭᠤᠯᠥᠨ᠎ᠠ᠃        ᠳᠥᠷᠪᠡ᠂ ᠵᠤᠬᠢᠶᠡᠨ ᠪᠠᠶᠢᠭᠤᠯᠥᠨ ᠭᠡᠷᠡᠭᠵᠢᠬᠦᠯᠥᠨ᠎ᠡ        ︵ᠨᠢᠭᠡ︶ ᠵᠣᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠠ ᠭᠠᠵᠡᠷ ᠣᠷᠣᠨ ᠨᠤᠭᠤᠳ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢᠨ ᠴᠢᠬᠤᠯᠡ ᠴᠢᠨᠡᠷ ᠢ ᠳᠡᠭᠡᠳᠦ ᠭᠡᠮᠵᠢᠶ᠎ᠠ ᠪᠠᠷ ᠳᠡᠨᠢᠵᠦ᠂ ᠡᠯ᠎ᠠ ᠱᠠᠳᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠥᠯ ᠤᠨ ᠦᠭᠡᠷᠡᠴᠢᠯᠡᠯᠳᠡ ᠶᠢᠨ ᠣᠳᠣᠷᠢᠳᠬᠤ ᠲᠤᠭᠤᠶᠢᠯᠡᠩ ᠤᠨ ᠣᠳᠣᠷᠢᠳᠣᠯᠭ᠎ᠠ ᠲᠣᠣᠷ᠎ᠠ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠢ ᠵᠤᠬᠢᠴᠠᠭᠤᠯᠥᠨ ᠵᠤᠬᠢᠶᠡᠨ ᠪᠠᠶᠢᠭᠤᠯᠵᠦ ᠪᠠᠶᠢᠭᠠᠳ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠵᠢᠴᠢ ᠬᠠᠮᠢᠶ᠎ᠠ ᠪᠦᠬᠦᠢ ᠬᠦᠷᠢᠶ᠎ᠠ ᠴᠡᠷᠠᠭ᠎ᠠ ᠶᠢᠨ ᠦᠭᠡᠷᠡᠴᠢᠯᠡᠯᠳᠡ ᠶᠢ ᠬᠠᠮᠳᠣᠪᠡᠷ ᠠᠬᠢᠭᠤᠯᠵᠦ᠂ ᠳᠥᠷᠥ ᠶᠢᠨ ᠪᠤᠳᠣᠯᠭ᠎ᠠ ᠶᠢᠨ ᠵᠤᠯᠭᠠᠭᠤᠯᠭ᠎ᠠ ᠶᠢ ᠵᠦᠢ ᠵᠣᠬᠢᠰᠳᠡᠢ ᠪᠠᠷ ᠰᠠᠶᠢᠳᠣᠷ ᠬᠢᠵᠦ᠂ ᠳᠥᠷᠥ ᠶᠢᠨ ᠪᠤᠳᠣᠯᠭ᠎ᠠ ᠶᠢᠨ ᠨᠡᠶᠢᠯᠡᠮᠡᠯ ᠬᠦᠴᠣᠨ ᠢ ᠪᠠᠳᠠᠷᠡᠭᠤᠯᠥᠨ᠎ᠠ᠃ ᠡᠯ᠎ᠠ ᠱᠠᠳᠣᠨ ᠤ ᠬᠦᠮᠦᠨ ᠤ ᠬᠦᠴᠣᠨ ᠨᠡᠶᠢᠭᠡᠮ ᠤᠨ ᠪᠠᠳᠣᠯᠠᠭ᠎ᠠ ᠶᠢᠨ ᠰᠠᠯᠠᠭ᠎ᠠ ᠮᠦᠴᠢᠷ ᠤᠳ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠳᠥᠰᠥᠯ ᠤᠨ ᠵᠢᠷᠣᠠᠠᠯᠠᠨ ᠳᠥᠯᠥᠪᠯᠡᠬᠦ᠂ ᠵᠠᠷᠣᠳᠡᠯ ᠤᠨ ᠳᠥᠰᠥᠭᠡᠯᠡᠨ ᠪᠤᠳᠣᠬᠤ ᠪᠠ ᠵᠤᠬᠢᠶᠡᠨ ᠪᠠᠶᠢᠭᠤᠯᠥᠨ ᠭᠡᠷᠡᠭᠵᠢᠬᠦᠯᠬᠦ ᠠᠵᠢᠯ ᠢ ᠰᠠᠶᠢᠳᠣᠷ ᠬᠢᠨ᠎ᠠ︔ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠰᠠᠯᠠᠭ᠎ᠠ ᠮᠦᠴᠢᠷ ᠤᠳ ᠡᠮᠴᠢᠯᠡᠭᠡᠨ ᠤ ᠠᠷᠭ᠎ᠠ ᠵᠠᠮ ᠤᠨ ᠬᠠᠮᠢᠶᠡᠷᠦᠯᠳᠡ ᠶᠢ ᠳᠦᠷᠭᠡᠳᠭᠡᠨ ᠠᠬᠢᠭᠤᠯᠵᠦ᠂ ᠡᠮᠴᠢᠯᠡᠭᠡᠨ ᠤ ᠪᠠᠶᠢᠭᠤᠯᠥᠮᠵᠢ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠣᠯᠡᠮ ᠨᠢᠭᠡ ᠠᠯᠬᠤᠮ ᠵᠢᠷᠣᠮᠵᠢᠭᠤᠯᠥᠨ᠂ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠥᠨ᠎ᠠ︔ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠰᠠᠭᠤᠷᠢ ᠮᠦᠡᠭᠬᠦ ᠶᠢᠨ ᠳᠥᠰᠥᠪ ᠤᠨ ᠬᠠᠮᠢᠶᠡᠷᠦᠯᠳᠡ ᠶᠢ ᠴᠢᠩᠭᠠᠳᠬᠠᠵᠦ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠣᠷᠣᠯᠭ᠎ᠠ ᠵᠠᠷᠣᠯᠭ᠎ᠠ ᠶᠢᠨ ᠳᠥᠰᠦᠭᠡᠯᠡᠨ ᠪᠤᠳᠣᠬᠤ ᠶᠢ ᠰᠠᠶᠢᠳᠣᠷ ᠬᠢᠨ᠎ᠠ︔ ᠬᠦᠭᠵᠢᠬᠦᠯᠥᠯᠳᠡ ᠦᠭᠡᠷᠡᠴᠢᠯᠡᠯᠳᠡ ᠶᠢᠨ ᠰᠠᠯᠠᠭ᠎ᠠ ᠮᠦᠴᠢᠷ ᠤᠳ ᠡᠮᠴᠢᠯᠡᠭᠡᠨ ᠤ ᠦᠢᠯᠡᠴᠢᠯᠡᠭᠡ ᠶᠢᠨ ᠰᠦᠢᠳᠭᠡᠯ ᠬᠤᠷᠢᠶᠠᠬᠤ ᠪᠡᠷᠢᠮᠵᠢᠶ᠎ᠠ ᠶᠢ ᠲᠣᠠᠠᠳᠠᠭᠠᠬᠤ ᠶᠢ ᠰᠠᠶᠢᠳᠣᠷ ᠬᠢᠵᠦ᠂ ᠵᠠᠷᠣᠳᠡᠯ ᠬᠤᠷᠢᠶᠡᠵᠦ ᠲᠣᠰᠢᠶᠠᠬᠤ ᠳᠥᠷᠥ ᠶᠢᠨ ᠪᠤᠳᠣᠯᠭ᠎ᠠ ᠶᠢᠨ ᠵᠤᠯᠭᠠᠭᠤᠯᠭ᠎ᠠ ᠪᠠ ᠡᠮᠴᠢᠯᠡᠭᠡᠨ ᠤ ᠪᠠᠶᠢᠭᠤᠯᠥᠮᠵᠢ ᠶᠢᠨ ᠦᠨ᠎ᠠ ᠬᠠᠩᠰᠢ ᠶᠢ ᠭᠡᠷᠡᠭᠵᠢᠬᠦᠯᠥᠭᠰᠡᠨ ᠪᠠᠶᠢᠳᠠᠯ ᠤᠨ ᠬᠢᠨᠡᠯᠳᠡ ᠳᠡᠯᠪᠢᠵᠦ ᠪᠠᠶᠢᠴᠠᠭᠠᠬᠤ ᠶᠢ ᠴᠢᠩᠭᠠᠳᠬᠠᠨ᠎ᠠ︔ ᠮᠣᠩᠭᠤᠯ ᠬᠢᠳᠡᠳ ᠡᠮ ᠡᠮᠨᠡᠯᠭᠡ ᠶᠢᠨ ᠰᠠᠯᠠᠭ᠎ᠠ ᠮᠦᠴᠢᠷ ᠤᠳ ᠮᠣᠩᠭᠤᠯ ᠬᠢᠳᠡᠳ ᠡᠮᠨᠡᠯᠬᠡ ᠶᠢᠨ ᠣᠨᠣᠰᠢᠯᠠᠨ ᠡᠮᠨᠡᠬᠦ ᠦᠢᠯᠡᠴᠢᠯᠡᠭᠡᠨ ᠬᠢᠭᠡᠳ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠳᠥᠷᠥ ᠶᠢᠨ ᠪᠤᠳᠣᠯᠭ᠎ᠠ ᠶᠢᠨ ᠵᠤᠯᠭᠠᠭᠤᠯᠭ᠎ᠠ ᠶᠢ ᠰᠠᠶᠢᠳᠣᠷ ᠬᠢᠨ᠎ᠠ︔ ᠡᠯ᠎ᠠ ᠭᠡᠯᠡᠯᠴᠡᠭᠡᠷ ᠲᠣᠠᠠᠳᠠᠨ ᠬᠠᠮᠢᠶᠡᠷᠬᠤ ᠡᠮ ᠡᠮᠨᠡᠯᠭᠡ ᠶᠢᠨ ᠪᠠᠶᠢᠭᠤᠯᠥᠮᠵᠢ ᠨᠤᠭᠤᠳ ᠲᠣᠳᠣᠭᠠᠳᠣ ᠶᠢᠨ ᠬᠢᠨᠡᠯᠳᠡ ᠬᠠᠮᠢᠶᠡᠷᠦᠯᠳᠡ ᠪᠠᠨ ᠴᠢᠩᠭᠠᠳᠬᠠᠵᠦ ᠳᠥᠷᠥ ᠶᠢᠨ ᠪᠤᠳᠣᠯᠭ᠎ᠠ ᠶᠢᠨ ᠲᠣᠠᠠᠳᠠᠭᠠᠯ ᠶᠣᠰᠣᠭᠠᠷ ᠣᠨᠣᠰᠢᠯᠠᠨ ᠡᠮᠨᠡᠬᠦ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠴᠢᠩᠭ᠎ᠠ ᠵᠢᠷᠣᠮᠵᠢᠭᠤᠯᠥᠨ᠎ᠠ᠃        ︵ᠬᠤᠶᠡᠷ︶ ᠨᠡᠶᠢᠳᠡᠪᠦᠷᠢᠵᠢᠭᠤᠯᠥᠯᠳᠡ ᠶᠢ ᠦᠨᠡᠨᠬᠦ ᠰᠠᠶᠢᠳᠣᠷ ᠠᠳᠬᠤᠨ᠎ᠠ᠃ ᠡᠯ᠎ᠠ ᠭᠠᠵᠡᠷ ᠣᠷᠣᠨ ᠨᠤᠭᠤᠳ ᠦᠪᠡᠷᠳᠡᠭᠡᠨ ᠵᠠᠰᠠᠬᠤ ᠣᠷᠣᠨ ᠤ ᠱᠠᠭᠠᠷᠳᠡᠯᠭ᠎ᠠ ᠶᠢ ᠬᠢᠨᠠᠮᠠᠭᠠᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠲᠣᠰ ᠭᠠᠵᠡᠷ ᠣᠷᠣᠨ ᠤ ᠪᠤᠳᠡᠳᠡᠢ ᠲᠠᠢ ᠣᠶᠠᠯᠳᠣᠭᠤᠯᠥᠨ᠂ 2017 ᠣᠨ ᠤ 12 ᠳ᠋ᠣᠭᠠᠷ ᠰᠡᠷ᠎ᠠ ᠶᠢᠨ ᠰᠡᠬᠦᠯᠴᠢ ᠠᠴᠠ ᠡᠮᠤᠨ᠎ᠠ ᠪᠤᠳᠡᠳᠡᠢ ᠭᠡᠷᠡᠭᠵᠢᠬᠦᠯᠬᠦ ᠳᠥᠰᠥᠯ ᠢ ᠲᠣᠠᠠᠳᠠᠭᠠᠬᠤ ᠶᠢᠨ ᠬᠠᠮᠳᠣ᠂ ᠬᠠᠮᠢᠶ᠎ᠠ ᠪᠦᠬᠦᠢ ᠪᠦᠷᠢᠨ ᠳᠦᠬᠦᠷ ᠳᠥᠷᠥ ᠶᠢᠨ ᠪᠤᠳᠣᠯᠭ᠎ᠠ ᠶᠢ ᠲᠣᠠᠠᠳᠠᠭᠠᠵᠦ᠂ ᠴᠠᠭ ᠲᠣᠬᠠᠢ ᠳᠤᠨᠢ ᠵᠤᠬᠢᠶᠡᠨ ᠪᠠᠶᠢᠭᠤᠯᠥᠨ ᠭᠡᠷᠡᠭᠵᠢᠬᠦᠯᠥᠨ᠎ᠡ᠃        ︵ᠭᠤᠷᠪᠡ︶ ᠳᠥᠷᠥ ᠶᠢᠨ ᠪᠤᠳᠣᠯᠭ᠎ᠠ ᠶᠢᠨ ᠣᠬᠠᠭᠤᠯᠥᠯ ᠢ ᠦᠷᠬᠡᠨ ᠢᠶᠠᠷ ᠦᠷᠨᠢᠬᠦᠯᠥᠨ᠎ᠠ᠃ ᠡᠯ᠎ᠠ ᠭᠠᠵᠡᠷ ᠣᠷᠣᠨ ᠨᠤᠭᠤᠳ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠳᠥᠷᠥ ᠶᠢᠨ ᠪᠤᠳᠣᠯᠭ᠎ᠠ ᠶᠢ ᠦᠷᠬᠡᠨ ᠢᠶᠠᠷ ᠣᠬᠠᠭᠤᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ᠂ ᠡᠮᠴᠢᠯᠡᠭᠡᠨ ᠤ ᠲᠠᠭᠠᠳᠬᠠᠯ ᠤᠨ ᠡᠷᠬᠢᠯᠡᠨ ᠬᠦᠢᠴᠡᠳᠭᠡᠬᠦ ᠪᠠᠶᠢᠭᠤᠯᠥᠮᠵᠢ᠂ ᠭᠡᠯᠡᠯᠴᠡᠭᠡᠷ ᠲᠣᠠᠠᠳᠠᠨ ᠬᠠᠮᠢᠶᠡᠷᠬᠤ ᠡᠮᠴᠢᠯᠡᠭᠡᠨ ᠤ ᠪᠠᠶᠢᠭᠤᠯᠥᠮᠵᠢ ᠪᠤᠯᠥᠨ ᠦᠷᠬᠡᠨ ᠣᠯᠡᠨ ᠡᠮᠨᠡᠯᠭᠡ ᠶᠢᠨ ᠠᠵᠢᠯᠳᠡᠨ ᠤ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠴᠢᠬᠤᠯᠡ ᠴᠢᠨᠡᠷ ᠪᠠ ᠲᠤᠯᠭᠠᠮ᠎ᠠ ᠴᠢᠨᠡᠷ ᠤᠨ ᠲᠣᠬᠠᠢ ᠳᠡᠨᠢᠯᠳᠡ ᠶᠢ ᠠᠬᠢᠭᠤᠯᠵᠦ᠂ ᠬᠠᠮᠢᠶ᠎ᠠ ᠪᠦᠬᠦᠢ ᠠᠵᠢᠯᠳᠡᠨ ᠤ ᠳᠥᠷᠥ ᠶᠢᠨ ᠪᠤᠳᠣᠯᠭ᠎ᠠ ᠶᠢᠨ ᠪᠤᠯᠪᠠᠰᠣᠷᠡᠭᠤᠯᠥᠯ ᠢ ᠬᠢᠨᠠᠮᠠᠭᠠᠢ ᠰᠠᠶᠢᠳᠣᠷ ᠬᠢᠵᠦ᠂ ᠬᠠᠮᠢᠶᠡᠷᠦᠯᠳᠡ ᠶᠢᠨ ᠴᠢᠳᠡᠪᠦᠷᠢ ᠪᠠ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠠᠵᠢᠯ ᠤᠨ ᠤᠷᠤᠭᠰᠢᠲᠠᠢ ᠭᠡᠷᠡᠭᠵᠢᠬᠦᠯᠥᠭᠳᠡᠬᠦ ᠶᠢ ᠦᠨᠡᠨᠬᠦ ᠪᠠᠳᠣᠯᠠᠨ᠎ᠠ᠃        ︵ᠳᠥᠷᠪᠡ︶ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠭᠤᠯᠥᠯᠳᠡ ᠶᠢ ᠳᠡᠬᠦᠯᠳᠡᠷᠵᠢᠬᠦᠯᠥᠨ᠎ᠠ᠃ ᠡᠯ᠎ᠠ ᠭᠠᠵᠡᠷ ᠣᠷᠣᠨ ᠨᠤᠭᠤᠳ ᠦᠨᠳᠣᠰᠣᠡ ᠱᠠᠳᠣᠨ ᠤ ᠡᠮᠴᠢᠯᠡᠭᠡᠨ ᠤ ᠲᠠᠭᠠᠳᠬᠠᠯ ᠤᠨ ᠮᠡᠳᠡᠭᠡ ᠵᠠᠩᠬᠢ ᠶᠢᠨ ᠪᠠᠶᠢᠭᠤᠯᠥᠯᠳᠡ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠡᠮᠴᠢᠯᠡᠭᠡᠨ ᠤ ᠲᠠᠭᠠᠳᠬᠠᠯ ᠤᠨ ᠡᠯ᠎ᠠ ᠳᠥᠷᠦᠯ ᠤᠨ ᠲᠠᠩᠰᠡ ᠳᠡᠶᠢᠯᠬᠤ ᠳᠥᠷᠥ ᠶᠢᠨ ᠪᠤᠳᠣᠯᠭ᠎ᠠ ᠳᠤ ᠬᠤᠯᠪᠤᠠᠠᠳ᠋ᠬᠠᠰᠠᠨ ᠲᠣᠬᠢᠷᠡᠡᠭᠤᠯᠥᠯᠳᠡ ᠶᠢ ᠴᠢᠩᠭᠠᠳᠬᠠᠵᠤ᠂ ᠡᠯ᠎ᠠ ᠭᠠᠵᠡᠷ ᠣᠷᠣᠨ ᠨᠢ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠭᠡᠷᠡᠭᠴᠡᠭᠡ ᠶᠣᠰᠣᠭᠠᠷ ᠮᠡᠳᠡᠭᠡ ᠵᠠᠩᠬᠢ ᠶᠢᠨ ᠰᠢᠰᠲ᠋ᠧᠮ ᠢ ᠴᠠᠭ ᠲᠣᠬᠠᠢ ᠳᠤᠨᠢ ᠲᠣᠬᠢᠷᠡᠭᠤᠯᠵᠦ᠂ ᠮᠡᠳᠡᠭᠡ ᠵᠠᠩᠬᠢᠵᠢᠯᠳᠡ ᠶᠢᠨ ᠠᠷᠭ᠎ᠠ ᠮᠠᠶ᠋ᠢᠭ ᠢ ᠭᠡᠷᠡᠭᠯᠡᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠳᠥᠷᠥ ᠶᠢᠨ ᠪᠤᠳᠣᠯᠭ᠎ᠠ ᠶᠢᠨ ᠨᠠᠶᠢᠳᠡᠪᠦᠷᠢᠵᠢᠭᠤᠯᠥᠯᠳᠡ ᠶᠢ ᠠᠬᠢᠭᠤᠯᠥᠨ᠎ᠠ᠃        ︵ᠲᠠᠪᠤ︶ ᠳ᠋ᠦᠡᠭᠨᠡᠵᠤ ᠦᠨᠡᠯᠡᠨ ᠵᠢᠱᠢᠬᠦ ᠶᠢ ᠰᠠᠶᠢᠳᠣᠷ ᠬᠢᠨ᠎ᠠ᠃ ᠦᠪᠡᠷᠳᠡᠭᠡᠨ ᠵᠠᠰᠠᠬᠤ ᠣᠷᠣᠨ ᠠᠴᠠ ᠦᠨᠡᠯᠡᠨ ᠵᠢᠱᠢᠬᠦ ᠳᠥᠰᠥᠯ ᠢ ᠲᠣᠠᠠᠳᠠᠭᠠᠵᠦ᠂ ᠡᠯ᠎ᠠ ᠭᠠᠵᠡᠷ ᠣᠷᠣᠨ ᠤ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢᠨ ᠠᠬᠢᠴᠠ ᠶᠢᠨ ᠪᠠᠶᠢᠳᠡᠯ ᠳᠤ ᠴᠠᠭ ᠳᠤᠨᠢ ᠳᠤᠬᠢᠷᠠᠭᠤᠯᠤᠨ ᠰᠢᠯᠭᠠᠨ ᠬᠢᠨᠠᠵᠦ ᠦᠨᠡᠯᠡᠨ ᠵᠢᠱᠢᠯᠳᠡ ᠬᠢᠵᠦ᠂ ᠰᠠᠶᠢᠨ ᠲᠣᠷᠰᠢᠯᠭ᠎ᠠ ᠠᠷᠭ᠎ᠠ ᠪᠡᠷᠢᠯ ᠢ ᠴᠠᠭ ᠲᠣᠬᠠᠢ ᠳᠤᠨᠢ ᠳ᠋ᠦᠡᠭᠨᠡᠨ ᠳᠡᠯᠭᠡᠷᠡᠬᠦᠯᠥᠨ᠎ᠠ᠃ ᠡᠯ᠎ᠠ ᠭᠠᠵᠡᠷ ᠣᠷᠣᠨ ᠨᠤᠭᠤᠳ ᠦᠭᠡᠷᠡᠴᠢᠯᠡᠯᠳᠡ ᠶᠢᠨ ᠦᠷ᠎ᠠ ᠪᠦᠳᠦᠮᠵᠢ ᠶᠢ ᠦᠨᠡᠯᠡᠨ ᠵᠢᠱᠢᠬᠦ ᠶᠢ ᠵᠤᠬᠢᠶᠡᠨ ᠪᠠᠶᠢᠭᠤᠯᠥᠨ ᠦᠷᠨᠢᠬᠦᠯᠵᠦ᠂ ᠦᠭᠡᠷᠡᠴᠢᠯᠡᠯᠳᠡ ᠶᠢᠨ ᠡᠮᠤᠨ᠎ᠠ ᠬᠤᠶᠢᠨᠡᠬᠢ ᠡᠮᠴᠢᠯᠡᠭᠡᠨ ᠤ ᠵᠠᠷᠣᠳᠡᠯ᠂ ᠡᠮᠴᠢᠯᠡᠭᠡᠨ ᠤ ᠦᠢᠯᠡᠴᠢᠯᠡᠭᠡ ᠶᠢᠨ ᠲᠤᠭ᠎ᠠ ᠭᠡᠮᠵᠢᠶ᠎ᠠ ᠪᠤᠯᠥᠨ ᠶᠠᠰᠣ ᠴᠢᠨᠡᠷ᠂ ᠡᠮᠴᠢᠯᠡᠭᠡᠨ ᠤ ᠲᠠᠭᠠᠳᠬᠠᠯ ᠤᠨ ᠣᠯᠭᠤᠮᠵᠢ ᠶᠢᠨ ᠬᠢᠷᠢ ᠭᠡᠮᠵᠢᠶ᠎ᠠ᠂ ᠲᠠᠭᠠᠳᠬᠠᠯ ᠳᠤ ᠣᠷᠣᠯᠴᠬᠠᠰᠠᠳ ᠤᠨ ᠡᠷᠡᠬᠦᠯ ᠴᠢᠬᠢᠷᠠᠭ ᠤᠨ ᠳᠥᠪᠰᠢᠨ ᠵᠡᠷᠭᠡ ᠳᠤ ᠦᠨᠡᠯᠡᠨ ᠵᠢᠱᠢᠯᠲᠡ ᠬᠢᠵᠦ᠂ ᠦᠨᠡᠯᠡᠡ ᠵᠢᠱᠢᠬᠦ ᠪᠠᠷ ᠳᠡᠮᠵᠢᠭᠤᠯᠥᠨ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠬᠦ ᠳᠤ ᠳᠡᠮᠵᠢᠯᠭᠡ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号