ᠬᠤᠩ ᠱᠠᠨ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ︽ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠠᠶᠢᠭᠤᠯᠬᠤ᠂ ᠰᠤᠳᠤᠴᠤᠤᠯ ᠤᠨ ᠠᠵᠢᠯᠯᠠᠭᠠᠨ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠶᠠᠷᠢᠶ᠎ᠠ ᠢᠯᠡᠳᠬᠡᠯ ᠬᠢᠪᠡ
ᠨᠡᠶᠢᠲᠡᠯᠡᠭᠰᠡᠨ ᠴᠠᠭ᠄
2018-03-08
       ︽3.8︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠩ ᠱᠠᠨ ᠲᠤᠭᠤᠷᠢᠭ ᠤᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠦᠳ ᠤᠨ ᠬᠠᠤᠯᠢ ᠶᠢ ᠮᠡᠳᠡᠬᠦ᠂ ᠬᠠᠤᠯᠢ ᠶᠢ ᠤᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ 7 ᠤ ᠦᠳᠡ ᠶᠢᠨ ᠡᠮᠦᠨ᠎ᠡ᠂ ᠬᠤᠩ ᠱᠠᠨ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠨᠢ ᠸᠧᠨ ᠵᠦᠩ ᠪᠠᠯᠭᠠᠰᠤᠨ ᠳᠤ ᠬᠦᠷᠴᠦ ︽ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠠᠶᠢᠭᠤᠯᠬᠤ᠂ ᠰᠤᠳᠤᠴᠤᠤᠯ ᠤᠨ ᠠᠵᠢᠯᠯᠠᠭᠠᠨ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠶᠠᠷᠢᠶ᠎ᠠ ᠢᠯᠡᠳᠬᠡᠯ ᠬᠢᠪᠡ᠃        ᠬᠤᠲᠠ ᠶᠢᠨ ᠡᠮᠡᠭᠲᠡᠶᠢᠴᠦᠳ ᠤᠨ ᠬᠤᠯᠪᠤᠭᠠᠨ ᠤ ᠰᠠᠶᠢᠨ ᠳᠤᠷᠠᠴᠦᠦᠯ᠂ ᠦᠪᠦᠷ ᠮᠤᠩᠭᠤᠯ ᠤᠨ ᠵᠤᠤ ᠤᠳᠠ ᠬᠠᠤᠯᠢᠴᠢ ᠶᠢᠨ ᠶᠠᠪᠤᠳᠠᠯ ᠤᠨ ᠬᠡᠷᠡᠭ ᠡᠷᠬᠢᠯᠡᠬᠦ ᠭᠠᠵᠠᠷ ᠤᠨ ᠸᠠᠩ ᠯᠢ ᠫᠢᠩ ︽ᠡᠷ᠎ᠡ ᠡᠮ᠎ᠡ ᠬᠤᠶᠠᠷ ᠤᠨ ᠡᠳ᠋ ᠬᠦᠷᠦᠩᠬᠡ ᠶᠢᠨ ᠬᠠᠷᠢᠶᠠᠯᠠᠭᠳᠠᠬᠤ ᠬᠠᠷᠢᠴᠠᠭᠠᠨ ᠤ ᠲᠤᠬᠠᠢ︾ ᠠᠰᠠᠭᠤᠳᠠᠯ ᠤᠨ ᠲᠤᠭᠤᠷᠢᠨ ᠳᠤ᠂ ᠬᠤᠩ ᠱᠠᠨ ᠲᠤᠭᠤᠷᠢᠭ ᠤᠨ ᠸᠧᠨ ᠵᠦᠩ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ᠂ ᠲᠤᠰᠬᠤᠨ ᠤ ᠠᠷᠠᠳ ᠲᠤ ᠶᠠᠷᠢᠶ᠎ᠠ ᠲᠠᠶᠢᠯᠪᠤᠷᠢᠯᠠᠯ ᠬᠢᠪᠡ᠃        ᠢᠯᠡᠳᠬᠡᠯ ᠳᠤ᠂ ᠸᠠᠩ ᠯᠢ ᠫᠢᠩ ︽ᠤᠷᠤᠭ ᠤᠨ ᠬᠠᠤᠯᠢ︾ ᠶᠢᠨ ᠵᠠᠰᠠᠯᠲᠠ ᠤᠷᠤᠭᠤᠯᠤᠭᠰᠠᠨ ᠠᠭᠤᠯᠭ᠎ᠠ ᠳᠤ ᠨᠠᠷᠢᠨ ᠲᠠᠶᠢᠯᠪᠤᠷᠢᠯᠠᠯᠲᠠ ᠬᠢᠪᠡ᠃ ᠪᠤᠳᠠᠲᠤ ᠤᠴᠢᠷ ᠢ ᠵᠠᠳᠠᠯᠬᠤ ᠵᠢᠴᠢ ᠠᠵᠢᠯ ᠤᠨ ᠳᠤᠮᠳᠠ ᠬᠦᠯᠢᠶᠡᠨ ᠰᠢᠢᠳᠪᠦᠷᠢᠯᠡᠭᠰᠡᠨ ᠵᠠᠷᠭᠤ ᠪᠠᠷ ᠳᠠᠮᠵᠢᠭᠤᠯᠤᠨ᠂ ᠤᠯᠠᠨ ᠳᠤ ᠬᠠᠤᠯᠢ ᠶᠢᠨ ᠮᠡᠳᠡᠯᠭᠡ ᠶᠢᠨ ᠬᠦᠮᠦᠵᠢᠯ ᠬᠢᠵᠦ᠂ ᠡᠮᠡᠭᠲᠡᠶᠢᠴᠦᠳ ᠤᠨ ᠬᠡᠷᠬᠢᠨ ᠦᠪᠡᠷ ᠤᠨ ᠠᠰᠢᠭ ᠲᠤᠰᠠ ᠪᠠᠨ ᠬᠠᠮᠠᠭᠠᠯᠠᠬᠤ ᠶᠢ ᠵᠢᠯᠤᠭᠤᠳᠪᠠ᠃ ᠲᠤᠬᠠᠢ ᠶᠢᠨ ᠲᠠᠯᠠᠪᠠᠢ ᠳᠤ᠂ ᠤᠯᠠᠨ ᠤ ᠳᠤᠷᠠᠳᠤᠭᠰᠠᠨ ᠡᠯ᠎ᠡ ᠲᠦᠷᠦᠯ ᠤᠨ ᠬᠠᠤᠯᠢ ᠴᠠᠭᠠᠵᠠ ᠶᠢᠨ ᠠᠰᠠᠭᠤᠯᠲᠠ ᠶᠢ ᠨᠢᠭᠡᠳ ᠨᠢᠭᠡ ᠪᠠᠷ ᠲᠠᠶᠢᠯᠪᠤᠷᠢᠯᠠᠨ ᠬᠠᠷᠢᠭᠤᠯᠪᠠ᠃        ᠡᠨᠡ ᠤᠳᠠᠭᠠᠨ ᠤ ᠬᠠᠤᠯᠢ ᠴᠠᠭᠠᠵᠠ ᠶᠢᠨ ᠮᠡᠳᠡᠯᠭᠡ ᠶᠢᠨ ᠲᠤᠰᠬᠠᠢ ᠰᠡᠳᠦᠪᠲᠦ ᠢᠯᠡᠳᠬᠡᠯ ᠢᠶᠠᠷ ᠳᠠᠮᠵᠢᠭᠠᠳ ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠡᠮᠡᠭᠲᠡᠶᠢᠴᠦᠳ ᠤᠨ ᠡᠳ᠋ᠯᠡᠪᠡᠰᠦ ᠵᠤᠬᠢᠬᠤ ᠡᠷᠬᠡ ᠠᠰᠢᠭ ᠢᠶᠠᠨ ᠬᠠᠮᠠᠭᠠᠯᠠᠬᠤ ᠶᠢ ᠤᠬᠠᠭᠤᠯᠬᠤ ᠶᠢᠨ ᠬᠠᠮᠲᠤ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠵᠡᠪᠰᠡᠭ ᠢ ᠠᠰᠢᠭᠯᠠᠨ ᠦᠪᠡᠷ ᠢ ᠪᠠᠨ ᠬᠠᠮᠠᠭᠠᠯᠠᠵᠤ᠂ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠶᠢ ᠵᠤᠷᠢᠭᠵᠢᠭᠤᠯᠵᠠᠢ᠃        ᠳᠠᠷᠠᠭ᠎ᠠ ᠠᠯᠬᠤᠮ ᠳᠤ᠂ ᠬᠤᠩ ᠱᠠᠨ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠨᠢ ᠦᠢᠯᠡᠴᠢᠯᠡᠭᠡᠨ ᠤ ᠠᠩᠭᠢ ᠪᠠᠨ ᠵᠤᠬᠢᠶᠠᠨ ᠪᠠᠶᠢᠭᠤᠯᠵᠤ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠤᠭᠤᠷᠢᠭ᠂ ᠲᠤᠰᠬᠤᠨ ᠤ ᠡᠮᠡᠭᠲᠡᠶᠢᠴᠦᠳ ᠤᠨ ᠭᠡᠷ ᠵᠢᠴᠢ ᠦᠢᠯᠡᠳᠪᠦᠷᠢ᠂ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠤᠰᠬᠠᠢ ᠰᠡᠳᠦᠪᠲᠦ ᠰᠤᠷᠲᠠᠯ ᠤᠬᠠᠭᠤᠯᠭ᠎ᠠ᠂ ᠲᠤᠬᠠᠢ ᠶᠢᠨ ᠲᠠᠯᠠᠪᠠᠢ ᠶᠢᠨ ᠠᠰᠠᠭᠤᠨ ᠯᠠᠪᠯᠠᠯᠲᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠪᠠᠶᠢᠨ᠎ᠠ᠃ ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠳᠡᠯᠭᠡ ᠮᠡᠳᠡᠴᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠵᠡᠪᠰᠡᠭ ᠢᠶᠠᠷ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠬᠠᠤᠯᠢ ᠳᠦᠷᠢᠮ ᠤᠨ ᠤᠬᠠᠮᠰᠠᠷ ᠢ ᠨᠡᠮᠡᠭᠳᠡᠭᠦᠯᠵᠦ᠂ ᠤᠯᠠᠨ ᠤ ᠬᠠᠤᠯᠢ ᠶᠤᠰᠤᠭᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠂ ᠬᠠᠤᠯᠢ ᠶᠤᠰᠤᠭᠠᠷ ᠡᠷᠬᠡ ᠠᠰᠢᠭ ᠢᠶᠠᠨ ᠬᠠᠮᠠᠭᠠᠯᠠᠬᠤ ᠴᠢᠨᠠᠷᠯᠢᠭ ᠦᠢᠯᠡᠴᠢᠯᠡᠭᠡ ᠶᠢ ᠪᠠᠲᠤᠯᠠᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号