ᠮᠠᠨ ᠤ ᠤᠷᠤᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠳᠤ ᠰᠦᠯᠵᠢᠶᠡᠨ ᠳᠡᠭᠡᠷ᠎ᠡ ᠨᠡᠷ᠎ᠡ ᠮᠡᠳᠡᠬᠦᠯᠬᠦ ᠰᠤᠷᠭᠠᠭᠤᠯᠢ ᠶᠢᠨ ᠬᠠᠷᠢᠶ᠎ᠠ ᠪᠠᠨ ᠨᠦᠬᠦᠵᠦ ᠳᠠᠩᠰᠠᠯᠠᠭᠤᠯᠬᠤ ᠠᠵᠢᠯ 4 ᠳ᠋ᠦ᠋ᠭᠡᠷ ᠰᠠᠷ᠎ᠠ ᠶᠢᠨ 21 ᠠᠴᠠ ᠡᠬᠢᠯᠡᠨ᠎ᠡ
ᠨᠡᠶᠢᠲᠡᠯᠡᠭᠰᠡᠨ ᠴᠠᠭ᠄
2018-04-10
        ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠣᠪᠴᠢᠶ᠎ᠠ ᠶᠢᠨ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2017 ᠤᠨ ᠠᠴᠠ 2018 ᠤᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠦᠬᠦ ᠤᠷᠤᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ 6 ᠳ᠋ᠤᠭᠠᠷ ᠰᠠᠷ᠎ᠠ ᠶᠢᠨ 21 ᠤ ᠡᠳᠦᠷ ᠶᠠᠪᠤᠭᠳᠠᠬᠤ ᠪᠤᠯᠤᠨ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠬᠦᠯᠬᠦ ᠪᠠ ᠰᠤᠷᠭᠠᠭᠤᠯᠢ ᠶᠢᠨ ᠬᠠᠷᠢᠶ᠎ᠠ ᠪᠠᠨ ᠨᠦᠬᠦᠵᠦ ᠳᠠᠩᠰᠠᠯᠠᠭᠤᠯᠬᠤ ᠠᠵᠢᠯ 4 ᠳ᠋ᠦ᠋ᠭᠡᠷ ᠰᠠᠷ᠎ᠠ ᠶᠢᠨ 21 ᠤ ᠡᠳᠦᠷ ᠤᠨ 9 ᠴᠠᠭ ᠠᠴᠠ 30 ᠤ ᠡᠳᠦᠷ ᠤᠨ 18 ᠴᠠᠭ ᠪᠤᠯᠳᠠᠯ᠎ᠠ ᠶᠠᠪᠤᠭᠳᠠᠬᠤ ᠪᠤᠯᠤᠨ᠎ᠠ᠃        ᠳᠤᠰ ᠤᠳᠠᠭᠠᠨ ᠤ ᠰᠢᠯᠭᠠᠯᠳᠠ ᠶᠢᠨ ᠬᠢᠴᠢᠶᠡᠯ ᠲᠦᠷᠦᠯ ᠪᠠ ᠴᠠᠭ ᠤᠨ ᠳᠤᠬᠢᠷᠠᠭᠤᠯᠤᠯᠳᠠ᠄ 6 ᠳ᠋ᠤᠭᠠᠷ ᠰᠠᠷ᠎ᠠ ᠶᠢᠨ 21 ᠤ ᠡᠳᠦᠷ ᠤᠨ 8᠄ 00 — 9᠄ 30 ᠮᠢᠨᠦ᠋ᠲ ᠪᠤᠯᠳᠠᠯ᠎ᠠ ᠹᠢᠼᠢᠺ ᠰᠢᠯᠭᠠᠨ᠎ᠠ︔ 10᠄ 30 — 12 ᠴᠠᠭ ᠪᠤᠯᠳᠠᠯ᠎ᠠ ᠦᠵᠡᠯ ᠰᠠᠨᠠᠭ᠎ᠠ ᠤᠯᠤᠰ ᠲᠦᠷᠦ ᠰᠢᠯᠭᠠᠨ᠎ᠠ︔ 15᠄ 00 — 16᠄ 30 ᠮᠢᠨᠦ᠋ᠲ ᠪᠤᠯᠳᠠᠯ᠎ᠠ ᠬᠢᠮᠢ ᠰᠢᠯᠭᠠᠨ᠎ᠠ᠃        ᠳᠤᠰ ᠤᠳᠠᠭᠠᠨ ᠤ ᠰᠢᠯᠭᠠᠯᠳᠠ ᠳᠤ ᠨᠢᠭᠡᠨᠲᠡ ᠳᠠᠩᠰᠠᠯᠠᠭᠤᠯᠤᠭᠰᠠᠨ ᠮᠠᠨ ᠤ ᠤᠷᠤᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠰᠢᠯᠭᠠᠯᠳᠠ ᠶᠢᠨ ᠬᠠᠷᠢᠶ᠎ᠠ ᠲᠠᠢ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢ ᠵᠢᠴᠢ ᠳᠡᠬᠡᠷ᠎ᠡ ᠳᠤᠷᠠᠳᠤᠭᠰᠠᠨ ᠬᠢᠴᠢᠶᠡᠯ ᠲᠦᠷᠦᠯ ᠨᠢ ᠬᠢᠷᠢ ᠳᠡᠩᠴᠡᠭᠰᠡᠨ ᠦᠬᠡᠢ ᠳᠠᠬᠢᠨ ᠰᠢᠯᠭᠠᠭᠤᠯᠬᠤ ᠴᠢᠬᠤᠯᠠ ᠲᠠᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠤᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠨᠡᠷ᠎ᠡ ᠮᠡᠳᠡᠬᠦᠯᠦᠨ᠎ᠡ᠃ ᠦᠪᠡᠷᠳᠡᠬᠡᠨ ᠵᠠᠰᠬᠠᠤ ᠤᠷᠤᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠪᠦᠭᠡᠳ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠡᠬᠦᠰᠬᠦ ᠵᠢᠯ ᠨᠢ ᠮᠠᠨ ᠤ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠤᠯᠤᠰ ᠤᠨ ᠨᠢᠬᠡᠳᠦᠯᠳᠡᠢ ᠰᠢᠯᠭᠠᠯᠳᠠ ᠳᠤ ᠨᠡᠷ᠎ᠡ ᠮᠡᠳᠡᠬᠦᠯᠬᠦ ᠨᠦᠬᠦᠴᠡᠯ ᠳᠤ ᠨᠡᠶᠢᠴᠡᠵᠦ᠂ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠰᠢᠯᠭᠠᠯᠳᠠ ᠶᠢᠨ ᠬᠠᠷᠢᠶ᠎ᠠ ᠪᠠᠨ ᠳᠠᠩᠰᠠᠯᠠᠭᠤᠯᠤᠭᠠᠳᠤᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠤᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠪᠣᠯ ᠳᠤᠭᠳᠠᠭᠰᠠᠨ ᠴᠠᠭ ᠬᠤᠭᠤᠴᠠᠭ᠎ᠠ ᠶᠢᠨ ᠳᠤᠳᠤᠷ᠎ᠠ ᠰᠢᠯᠭᠠᠯᠳᠠ ᠶᠢᠨ ᠬᠠᠷᠢᠶ᠎ᠠ ᠪᠠᠨ ᠨᠦᠬᠦᠵᠦ ᠳᠠᠩᠰᠠᠯᠠᠭᠤᠯᠵᠤ ᠪᠤᠯᠤᠨ᠎ᠠ᠃ ᠰᠢᠯᠭᠠᠯᠳᠠ ᠶᠢᠨ ᠬᠠᠷᠢᠶ᠎ᠠ ᠪᠠᠨ ᠨᠦᠬᠦᠵᠦ ᠳᠠᠩᠰᠠᠯᠠᠭᠤᠯᠪᠠᠯ ᠰᠠᠶ᠋ᠢ ᠡᠨᠡ ᠤᠳᠠᠭᠠᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠳᠤ ᠤᠷᠤᠯᠴᠠᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号