ᠬᠤᠩᠱᠠᠨ ᠲᠤᠭᠤᠷᠢᠭ ᠡᠷᠡᠭᠦᠯ ᠮᠡᠨᠳᠦ ᠬᠦᠷᠭᠡᠨ ᠶᠠᠳᠠᠭᠤ ᠶᠢ ᠳᠡᠳᠬᠦᠵᠦ ᠠᠷᠠᠳ ᠤᠨ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2018-04-13
        ᠬᠠᠷᠢᠶ᠎ᠠ ᠲᠤᠭᠤᠷᠢᠭ ᠤᠨ ᠶᠠᠳᠠᠭᠤ ᠬᠦᠴᠢᠷᠲᠡᠢ ᠬᠦᠮᠦᠨ ᠠᠮᠠ ᠶᠢᠨ ᠡᠮᠴᠢᠯᠡᠭᠦᠯᠵᠦ ᠳᠡᠶᠢᠯᠬᠦ᠂ ᠰᠠᠶᠢᠲᠤᠷ ᠵᠠᠰᠠᠵᠤ ᠳᠡᠶᠢᠯᠬᠦ᠂ ᠡᠪᠡᠳᠴᠢᠨ ᠠᠴᠠ ᠰᠡᠷᠭᠡᠶᠢᠯᠡᠵᠦ ᠳᠡᠶᠢᠯᠬᠦ ᠶᠢ ᠪᠠᠲᠤᠯᠠᠵᠤ᠂ ᠶᠠᠳᠠᠭᠤ ᠬᠦᠴᠢᠷᠲᠡᠢ ᠤᠯᠠᠨ ᠲᠦᠮᠡᠨ ᠤ ᠡᠷᠡᠭᠦᠯ ᠮᠡᠨᠳᠦ ᠶᠢ ᠬᠠᠯᠠᠮᠵᠢᠯᠠᠨ᠂ ᠡᠪᠡᠳᠴᠢᠨ ᠦᠵᠡᠭᠦᠯᠦᠭᠰᠡᠨ ᠵᠠᠷᠤᠳᠠᠯ ᠢ ᠨᠢ ᠳᠠᠩᠰᠠᠨ ᠠᠴᠠ ᠲᠠᠶᠢᠯᠠᠬᠤ ᠂ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠠᠵᠢᠯ ᠢ ᠤᠯᠠᠮ ᠰᠠᠶᠢᠲᠤᠷ ᠬᠢᠬᠦ ᠶᠢᠨ ᠲᠦᠯᠦᠭᠡ᠂ ᠬᠤᠩᠱᠠᠨ ᠲᠤᠭᠤᠷᠢᠭ ᠡᠯ᠎ᠡ ᠵᠦᠢᠯ ᠤᠨ ᠡᠮᠴᠢᠯᠡᠭᠡᠨ ᠤ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠡᠮᠴᠢᠯᠡᠭᠡᠨ ᠤ ᠪᠠᠲᠤᠯᠠᠭ᠎ᠠ ᠶᠢᠨ ᠰᠦᠯᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠷᠡᠭᠦᠯ ᠮᠡᠨᠳᠦ ᠬᠦᠷᠭᠡᠨ ᠶᠠᠳᠠᠭᠤ ᠶᠢ ᠳᠡᠳᠬᠦᠬᠦ ᠶᠢ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠲᠠᠢ ᠠᠭᠤᠰᠤᠯᠴᠠᠭᠤᠯᠤᠨ ᠤᠷᠳᠤᠮᠵᠢ ᠶᠢᠨ ᠴᠢᠨᠠᠷᠲᠠᠢ ᠪᠤᠯᠭᠠᠪᠠ᠃        ᠶᠠᠳᠠᠭᠤ ᠬᠦᠴᠢᠷᠲᠡᠢ ᠬᠦᠮᠦᠨ ᠠᠮᠠ ᠶᠢᠨ ᠬᠤᠪᠢ ᠪᠡᠶ᠎ᠡ ᠶᠢᠨ ᠡᠷᠡᠭᠦᠯ ᠮᠡᠨᠳᠦ ᠶᠢᠨ ᠲᠤᠬᠠᠢ ᠤᠬᠠᠮᠰᠠᠷ ᠢ ᠳᠡᠭᠡᠭᠰᠢᠯᠡᠭᠦᠯᠦᠨ᠂ ᠡᠪᠡᠳᠴᠢᠨ ᠠᠴᠠ ᠪᠤᠯᠵᠤ ᠶᠠᠳᠠᠭᠤᠷᠠᠬᠤ ᠪᠠᠶᠢᠳᠠᠯ ᠢ ᠪᠠᠭᠠᠰᠬᠠᠬᠤ ᠶᠢᠨ ᠲᠦᠯᠦᠭᠡ᠂ ᠬᠤᠩᠱᠠᠨ ᠲᠤᠭᠤᠷᠢᠭ ᠡᠮᠴᠢᠯᠡᠭᠡᠨ ᠤ ᠡᠬᠢ ᠪᠠᠶᠠᠯᠢᠭ ᠢ ᠬᠦᠳᠡᠭᠡ ᠪᠠᠭᠤᠯᠭᠠᠬᠤ ᠠᠵᠢᠯᠯᠠᠭᠠᠨ ᠢ ᠢᠳᠡᠪᠬᠢᠲᠡᠢ ᠪᠠᠷ ᠦᠷᠨᠢᠭᠦᠯᠦᠨ᠂ ᠦᠨ᠎ᠡ ᠲᠦᠯᠦᠪᠦᠷᠢ ᠦᠭᠡᠢ ᠪᠠᠷ ᠶᠠᠳᠠᠭᠤ ᠬᠦᠴᠢᠷᠲᠡᠢ ᠬᠦᠮᠦᠨ ᠠᠮᠠ ᠳᠤ ᠪᠡᠶ᠎ᠡ ᠶᠢᠨ ᠪᠠᠶᠢᠴᠠᠭᠠᠯᠲᠠ ᠬᠢᠵᠦ᠂ ᠡᠪᠡᠳᠴᠢᠨ ᠢ ᠡᠷᠲᠡ ᠠᠴᠠ ᠢᠯᠡᠷᠡᠭᠦᠯᠦᠨ ᠡᠷᠲᠡ ᠠᠴᠠ ᠵᠠᠰᠠᠬᠤ ᠶᠢ ᠪᠡᠶᠡᠯᠡᠭᠦᠯᠪᠡ᠃ ᠨᠢᠳᠤᠨᠤᠨ ᠵᠢᠯ ᠠᠴᠠ ᠨᠠᠰᠢ᠂ ᠬᠤᠩᠱᠠᠨ ᠲᠤᠭᠤᠷᠢᠭ ᠤᠨ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠤᠪᠴᠢᠶ᠎ᠠ ᠺᠠᠷᠲ ᠪᠠᠶᠢᠭᠤᠯᠤᠨ ᠳᠠᠩᠰᠠᠯᠠᠭᠰᠠᠨ ᠶᠠᠳᠠᠭᠤ ᠬᠦᠴᠢᠷᠲᠡᠢ ᠡᠷᠦᠬᠡ ᠳᠤ ᠠᠯᠪᠠᠨ ᠵᠢᠷᠦᠮ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭᠠᠨ ᠢ 13 ᠤᠳᠠᠭ᠎ᠠ ᠦᠷᠨᠢᠭᠦᠯᠦᠨ 5000 ᠭᠠᠷᠤᠢ ᠬᠦᠮᠦᠨ ᠳᠤ ᠬᠠᠷᠠᠭᠠᠯᠵᠠᠯ ᠦᠵᠡᠭᠦᠯᠪᠡ᠃ ᠪᠡᠶ᠎ᠡ ᠶᠢᠨ ᠪᠠᠶᠢᠴᠠᠭᠠᠯᠲᠠ ᠪᠠᠷ ᠳᠠᠮᠵᠢᠨ ᠢᠯᠡᠷᠡᠭᠦᠯᠦᠭᠰᠡᠨ ᠤᠷᠲᠤ ᠬᠤᠭᠤᠴᠠᠭᠠᠨ ᠤ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠲᠡᠢ ᠬᠦᠮᠦᠨ ᠠᠮᠠ ᠳᠤ ᠡᠭᠦᠳᠡᠨ ᠳᠤᠨᠢ ᠬᠦᠷᠴᠦ ᠡᠮᠴᠢᠯᠡᠬᠦ ᠦᠢᠯᠡᠴᠢᠯᠡᠭᠡ ᠬᠠᠩᠭᠠᠨ᠂ ᠡᠮ ᠤᠨ ᠵᠦᠢᠯᠡᠰ ᠢ ᠠᠵᠤ ᠠᠬᠤᠶᠢᠯᠠᠯ ᠠᠴᠠ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠲᠠᠰᠤᠭ ᠲᠤ ᠬᠦᠷᠭᠡᠵᠦ ᠂ ᠰᠢᠶᠠᠩ ᠪᠠᠯᠭᠠᠰᠤ ᠶᠢᠨ ᠡᠮᠴᠢ ᠲᠠᠬᠢᠨ ᠶᠠᠳᠠᠭᠤ ᠬᠦᠴᠢᠷᠲᠡᠢ ᠡᠪᠡᠳᠴᠢᠲᠡᠨ ᠳᠤ ᠬᠦᠷᠭᠡᠬᠦ ᠶᠢᠨ ᠬᠠᠮᠲᠤ ᠡᠪᠡᠳᠴᠢᠲᠡᠨ ᠠᠴᠠ 10% ᠶᠢᠨ ᠰᠦᠢᠳᠬᠡᠯ ᠬᠤᠷᠢᠶᠠᠵᠤ᠂ ᠶᠠᠳᠠᠭᠤ ᠬᠦᠴᠢᠷᠲᠡᠢ ᠡᠪᠡᠳᠴᠢᠲᠡᠨ ᠤ ᠳᠠᠷᠤᠭᠠᠰᠤ ᠶᠢ ᠦᠨᠡᠨᠬᠦ ᠬᠦᠩᠭᠡᠷᠡᠭᠦᠯᠪᠡ᠃ ᠬᠤᠩ ᠮᠢᠶᠤᠤᠽᠢ ᠪᠠᠯᠭᠠᠰᠤ ᠶᠢᠨ ᠯᠠᠩ ᠵᠢᠶᠠ ᠶᠢᠩᠽᠢ ᠲᠤᠰᠬᠤᠨ ᠤ ᠶᠠᠳᠠᠭᠤ ᠬᠦᠴᠢᠷᠲᠡᠢ ᠡᠪᠡᠳᠴᠢᠲᠡᠨ ᠸᠠᠩ ᠰᠤ᠋ ᠵᠧᠨ ᠡᠯᠢᠭᠡ ᠬᠠᠲᠠᠭᠤᠷᠠᠬᠤ ᠡᠪᠡᠳᠴᠢᠨ ᠲᠠᠢ ᠪᠠᠶᠢᠵᠤ᠂ ᠤᠤᠯ ᠨᠢ ᠵᠢᠯ ᠪᠦᠷᠢ ᠶᠢᠨ ᠬᠡᠷᠡᠭᠯᠡᠬᠦ ᠡᠮ ᠤᠨ ᠰᠦᠢᠳᠬᠡᠯ ᠨᠢ 4512 ᠲᠦᠭᠦᠷᠢᠭ ᠪᠠᠶᠢᠵᠤ᠂ ᠨᠢᠳᠤᠨᠤᠨ ᠵᠢᠯ ᠤᠳᠠᠭᠠᠨ ᠴᠢᠨᠠᠷᠲᠠᠢ ᠡᠪᠡᠳᠴᠢᠲᠡᠨ ᠳᠤ ᠡᠮ ᠬᠦᠷᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠵᠦᠪᠬᠡᠨ 451 ᠲᠦᠭᠦᠷᠢᠭ ᠵᠠᠷᠤᠴᠠᠭᠤᠯᠬᠤ ᠪᠤᠯᠪᠠ᠃ ᠡᠨᠡ ᠨᠢ ᠸᠠᠩ ᠰᠤ᠋ ᠵᠧᠨ ᠮᠡᠲᠦ ᠶᠢᠨ ᠶᠠᠳᠠᠭᠤ ᠬᠦᠴᠢᠷᠲᠡᠢ ᠡᠷᠦᠬᠡ ᠳᠤ ᠦᠨᠡᠨᠬᠦ ᠡᠷᠡᠭᠦᠯ ᠮᠡᠨᠳᠦ ᠪᠠᠷ ᠶᠠᠳᠠᠭᠤ ᠶᠢ ᠳᠡᠳᠬᠦᠵᠦ ᠬᠠᠷᠠᠭᠠᠯᠵᠠᠯ ᠦᠵᠡᠭᠦᠯᠪᠡ᠃        ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠬᠤᠩᠱᠠᠨ ᠲᠤᠭᠤᠷᠢᠭ ᠨᠢᠭᠡ ᠦᠷᠲᠡᠭᠡᠨ ᠤ ᠬᠡᠯᠪᠡᠷᠢ ᠶᠢᠨ ᠦᠢᠯᠡᠴᠢᠯᠡᠭᠡᠨ ᠤ ᠴᠤᠩᠬᠤ ᠶᠢ ᠲᠤᠬᠢᠷᠠᠭᠤᠯᠤᠨ᠂ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠪᠠ ᠬᠠᠶᠢᠷ᠎ᠠ ᠬᠠᠯᠠᠮᠵᠢ ᠶᠢᠨ ᠰᠠᠭᠤᠷᠢ ᠮᠦᠩᠭᠦ ᠪᠠᠷ ᠨᠢᠭᠡ ᠴᠤᠭᠴᠠᠵᠢᠭᠤᠯᠵᠤ᠂ ᠶᠠᠳᠠᠭᠤ ᠬᠦᠴᠢᠷᠲᠡᠢ ᠡᠪᠡᠳᠴᠢᠲᠡᠨ ᠳᠤ ᠳᠦᠭᠦᠮ ᠦᠵᠡᠭᠦᠯᠬᠦ ᠶᠢᠨ ᠬᠠᠮᠲᠤ ︽ᠬᠤᠩᠱᠠᠨ ᠲᠤᠭᠤᠷᠢᠭ ᠤᠨ ᠶᠠᠳᠠᠭᠤ ᠬᠦᠴᠢᠷᠲᠡᠢ ᠬᠦᠨᠳᠦ ᠡᠪᠡᠳᠴᠢᠲᠡᠨ ᠢ ᠳᠡᠳᠬᠦᠬᠦ ᠬᠠᠶᠢᠷ᠎ᠠ ᠬᠠᠯᠠᠮᠵᠢ ᠶᠢᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠨᠠᠷᠢᠯᠢᠭ ᠲᠤᠭᠲᠠᠭᠠᠯ︾ ᠢ ᠭᠠᠷᠭᠠᠪᠠ᠃ ᠶᠠᠳᠠᠭᠤ ᠬᠦᠴᠢᠷᠲᠡᠢ ᠬᠦᠨᠳᠦ ᠡᠪᠡᠳᠴᠢᠲᠡᠨ ᠢ ᠳᠡᠳᠬᠦᠬᠦ ᠪᠦᠬᠦᠨ ᠢ ᠪᠠᠲᠤᠯᠠᠬᠤ ᠰᠠᠭᠤᠷᠢ ᠮᠦᠩᠭᠦ ᠠᠴᠠ ᠠᠪᠤᠷᠠᠨ ᠲᠤᠰᠠᠯᠠᠬᠤ ᠡᠲᠡᠭᠡᠳ ᠤᠨ ᠡᠮᠨᠡᠯᠭᠡ ᠳᠤ ᠰᠠᠭᠤᠭᠰᠠᠨ ︵ᠤᠨᠴᠠᠭᠠᠢ ᠡᠭᠦᠳᠡᠨ ᠡᠮᠨᠡᠯᠭᠡ︶ ᠳᠠᠩᠰᠠ ᠲᠠᠶᠢᠯᠠᠬᠤ ᠬᠠᠷᠢᠴᠠᠯ ᠨᠢ 90% ᠳᠤ ᠬᠦᠷᠦᠭᠰᠡᠨ ᠦᠭᠡᠢ ᠬᠡᠰᠡᠭ ᠢ ᠨᠢ ᠪᠦᠬᠦᠨ ᠢ ᠨᠢ ᠳᠠᠭᠠᠭᠠᠵᠤ᠂ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠱᠤᠭᠤᠮ ᠲᠤᠭᠲᠠᠭᠠᠬᠤ ᠦᠭᠡᠢ᠃ ᠬᠤᠪᠢ ᠬᠦᠮᠦᠨ ᠬᠠᠮᠤᠭ ᠠᠷᠪᠢᠨ ᠳᠠᠭᠠᠨ 3000 ᠲᠦᠭᠦᠷᠢᠭ ᠬᠠᠷᠢᠭᠤᠴᠠᠬᠤ ᠪᠤᠯᠤᠨ᠎ᠠ᠃ ᠺᠠᠷᠲ ᠪᠠᠶᠢᠭᠤᠯᠤᠨ ᠳᠠᠩᠰᠠᠯᠠᠭᠰᠠᠨ ᠶᠠᠳᠠᠭᠤ ᠬᠦᠴᠢᠷᠲᠡᠢ ᠬᠦᠮᠦᠰ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭ᠎ᠠ ᠲᠠᠬᠢᠨ ᠬᠤᠳᠠᠯᠳᠤᠭᠠᠨ ᠤ ᠳᠠᠭᠠᠳᠬᠠᠯ ᠳᠤ ᠳᠠᠩᠰᠠ ᠲᠠᠶᠢᠯᠵᠤ᠂ ᠲᠠᠬᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠠᠪᠤᠷᠠᠨ ᠲᠤᠰᠠᠯᠠᠯᠲᠠ ᠶᠢ ᠬᠦᠷᠲᠡᠵᠦ᠂ ᠬᠠᠮᠤᠭ ᠰᠡᠭᠦᠯ ᠳᠤ ᠬᠦᠨᠳᠦ ᠡᠪᠡᠳᠴᠢᠲᠡᠨ ᠢ ᠳᠡᠳᠬᠦᠬᠦ ᠪᠦᠬᠦᠨ ᠢ ᠪᠠᠲᠤᠯᠠᠬᠤ ᠰᠠᠭᠤᠷᠢ ᠮᠦᠩᠭᠦ ᠠᠴᠠ ᠨᠦᠬᠦᠪᠦᠷᠢ ᠤᠯᠭᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号