ᠬᠤᠩᠱᠠᠨ ᠲᠤᠭᠤᠷᠢᠭ ᠤᠨᠢᠨ ᠳᠡᠭᠡᠷ᠎ᠡ ᠨᠢ ᠬᠦᠴᠦᠯᠡᠵᠦ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018-04-20
       ︽ᠲᠦᠪ ᠭᠤᠤᠯᠴᠢ ᠶᠠᠰᠤ ᠴᠢᠨᠠᠷ ᠲᠠᠢ ᠰᠤᠷᠭᠠᠨ ᠬᠦᠮᠦᠵᠢᠯ ᠢ ᠬᠦᠭᠵᠢᠭᠦᠯᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠶᠢᠨ ᠲᠦᠯᠦᠭᠡ᠂ ᠬᠤᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠠᠳᠠᠭᠤ ᠬᠦᠴᠢᠷᠲᠡᠢ ᠭᠡᠷ ᠪᠦᠯᠢ ᠶᠢᠨ ᠰᠤᠷᠤᠭᠴᠢᠳ ᠢ ᠳᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠦᠷᠭᠡᠳᠬᠡᠬᠦ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢ ᠦᠷᠭᠡᠳᠬᠡᠬᠦ ᠵᠡᠷᠭᠡ ᠲᠠᠯ᠎ᠠ ᠪᠠᠷ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠬᠤ ᠲᠤᠲᠤᠭᠠᠳᠤ ᠬᠦᠴᠦᠨ ᠢ ᠳᠠᠶᠢᠴᠢᠯᠠᠨ᠂ ᠬᠡᠦᠬᠡᠳ ᠪᠤᠯᠭᠠᠨ ᠡᠷᠬᠡ ᠲᠡᠭᠰᠢ ᠪᠠᠷ ᠰᠤᠷᠭᠠᠨ ᠬᠦᠮᠦᠵᠢᠯ ᠬᠦᠷᠲᠡᠵᠦ ᠬᠤᠪᠢ ᠵᠠᠶᠠᠭ᠎ᠠ ᠪᠠᠨ ᠦᠭᠡᠷᠡᠴᠢᠯᠡᠨ ᠬᠦᠰᠡᠯ ᠢᠶᠠᠨ ᠲᠡᠷᠭᠡᠯᠰᠢᠭᠦᠯᠬᠦ ᠶᠢ ᠪᠡᠶᠡᠯᠡᠭᠦᠯᠪᠡ᠃        ᠶᠡᠷᠦᠩᠬᠡᠢ ᠱᠦᠵᠢ ᠰᠢ ᠶᠢᠨ ᠫᠢᠩ ᠶᠠᠳᠠᠭᠤ ᠶᠢ ᠳᠡᠳᠬᠦᠬᠦ ᠳᠤ ᠶᠠᠭᠤᠨ ᠤ ᠤᠷᠢᠳ ᠮᠡᠳᠡᠯᠭᠡ ᠶᠢ ᠬᠦᠭᠵᠢᠭᠦᠯᠬᠦ ᠬᠡᠷᠡᠭᠲᠡᠢ᠂ ᠶᠠᠳᠠᠭᠤ ᠬᠦᠴᠢᠷᠲᠡᠢ ᠭᠠᠵᠠᠷ ᠤᠷᠤᠨ ᠤ ᠬᠡᠦᠬᠡᠳ ᠤᠳ ᠲᠤ ᠤᠬᠢ ᠰᠠᠶᠢᠨ ᠰᠤᠷᠭᠠᠨ ᠬᠦᠮᠦᠵᠢᠯ ᠬᠦᠷᠲᠡᠭᠡᠬᠦ ᠪᠤᠯ ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠶᠢᠨ ᠴᠢᠬᠤᠯᠠ ᠡᠭᠦᠷᠭᠡ ᠪᠤᠯᠬᠤ ᠪᠦᠭᠡᠳ ᠪᠠᠰᠠ ᠴᠦ ᠦᠷ᠎ᠡ ᠬᠤᠶᠢᠴᠢᠰ ᠨᠢ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠴᠢᠬᠤᠯᠠ ᠠᠷᠭ᠎ᠠ ᠵᠠᠮ ᠪᠤᠯᠤᠨ᠎ᠠ ᠭᠡᠵᠡᠢ᠃        2017 ᠤᠨ ᠠᠴᠠ ᠨᠠᠰᠢ᠂ ᠬᠤᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠠᠳᠠᠭᠤ ᠬᠦᠴᠢᠷᠲᠡᠢ ᠭᠡᠷ ᠪᠦᠯᠢ ᠶᠢᠨ ᠰᠤᠷᠤᠭᠴᠢᠳ ᠢ ᠳᠡᠳᠬᠦᠬᠦ ᠠᠵᠢᠯ ᠢ ᠢᠳᠡᠪᠬᠢᠲᠡᠢ ᠪᠠᠷ ᠦᠷᠨᠢᠭᠦᠯᠦᠨ᠂ ᠦᠪᠦᠷ ᠮᠤᠩᠭᠤᠯ ᠤᠨ ᠬᠤᠲᠠ ᠬᠦᠳᠡᠭᠡ ᠶᠢᠨ ᠳᠤᠤᠷ᠎ᠠ ᠪᠠᠲᠤᠯᠠᠭ᠎ᠠ ᠬᠦᠷᠲᠡᠬᠦ ︵ᠶᠠᠳᠠᠭᠤ ᠬᠦᠴᠢᠷᠲᠡᠢ︶ ᠭᠡᠷ ᠪᠦᠯᠢ ᠶᠢᠨ ᠦᠷ᠎ᠡ ᠬᠡᠦᠬᠡᠳ ᠰᠢᠨ᠎ᠡ ᠪᠠᠷ ᠰᠤᠷᠭᠠᠭᠤᠯᠢ ᠳᠤ ᠤᠷᠤᠬᠤ ᠳᠡᠮᠵᠢᠯᠭᠡ᠂ ᠶᠠᠳᠠᠭᠤ ᠬᠦᠴᠢᠷᠲᠡᠢ ᠶᠡᠭᠡ ᠰᠤᠷᠭᠠᠭᠤᠯᠢ ᠶᠢᠨ ᠤᠶᠤᠲᠠᠨ ᠤ ᠰᠠᠭᠤᠭ᠎ᠠ ᠭᠠᠵᠠᠷ ᠤᠨ ᠢᠲᠡᠭᠡᠮᠵᠢᠲᠦ ᠵᠢᠭᠡᠯᠡᠯᠭᠡ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠡᠮᠵᠢᠯᠭᠡ᠂ ᠶᠠᠳᠠᠭᠤ ᠬᠦᠴᠢᠷᠲᠡᠢ ᠭᠡᠷ ᠪᠦᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠶᠠᠳᠠᠭᠤ ᠶᠢ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠶᠢᠨ ᠲᠦᠯᠦᠭᠡ᠂ ᠬᠤᠩᠱᠠᠨ ᠲᠤᠭᠤᠷᠢᠭ ᠬᠦᠳᠡᠭᠡ ᠲᠤᠰᠬᠤᠨ ᠤ ᠰᠤᠷᠭᠠᠭᠤᠯᠢ ᠶᠢᠨ ᠪᠠᠶᠢᠷᠢ ᠶᠢᠨ ᠨᠦᠬᠦᠴᠡᠯ᠂ ᠪᠠᠭᠰᠢ ᠶᠢᠨ ᠠᠵᠢᠯ ᠠᠮᠢᠳᠤᠷᠠᠯ ᠤᠨ ᠤᠷᠴᠢᠨ᠂ ᠰᠤᠷᠤᠭᠴᠢ ᠶᠢᠨ ᠬᠦᠳᠡᠯᠭᠡᠭᠡᠨ ᠤ ᠲᠠᠯᠠᠪᠤᠷ ᠵᠡᠷᠭᠡ ᠶᠢ ᠴᠢᠷᠮᠠᠶᠢᠨ ᠰᠠᠶᠢᠵᠢᠷᠠᠭᠤᠯᠪᠠ᠃ ᠡᠭᠦᠨ ᠤ ᠬᠠᠮᠲᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠦᠨ᠂ ᠬᠦᠳᠡᠭᠡ ᠲᠤᠰᠬᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠨᠦᠬᠦᠴᠡᠯ ᠢ ᠰᠠᠶᠢᠵᠢᠷᠠᠭᠤᠯᠤᠨ᠂ ᠬᠦᠳᠡᠭᠡ ᠲᠤᠰᠬᠤᠨ ᠤ ᠰᠤᠷᠤᠭᠴᠢᠳ ᠭᠡᠷ ᠤᠨ ᠬᠠᠵᠠᠭᠤ ᠳᠠᠭᠠᠨ ᠴᠡᠴᠡᠷᠯᠢᠭ ᠲᠤ ᠤᠷᠤᠬᠤ ᠶᠢ ᠪᠡᠶᠡᠯᠡᠭᠦᠯᠪᠡ᠃        ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠬᠤ ᠤᠷᠲᠤᠮᠵᠢ ᠶᠢᠨ ᠴᠢᠨᠠᠷᠲᠠᠢ ᠲᠤᠭᠲᠠᠴᠠ ᠶᠢ ᠪᠠᠶᠢᠭᠤᠯᠬᠤ ᠶᠠᠪᠤᠴᠠ ᠳᠤᠮᠳᠠ᠂ ᠬᠤᠩᠱᠠᠨ ᠲᠤᠭᠤᠷᠢᠭ ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠦᠳᠡᠭᠡ ᠲᠤᠰᠬᠤᠨ ᠤ ᠪᠠᠭᠰᠢ ᠶᠢᠨ ᠠᠵᠢᠯ ᠤᠨ ᠪᠠᠶᠢᠷᠢ ᠶᠢᠨ ᠤᠨᠴᠠᠯᠢᠭ ᠲᠠᠢ ᠤᠶᠠᠯᠳᠤᠭᠤᠯᠤᠨ᠂ ᠤᠷᠢᠵᠤ ᠡᠯᠰᠡᠬᠦ ᠨᠦᠬᠦᠴᠡᠯ ᠢᠶᠠᠨ ᠦᠷᠭᠡᠳᠬᠡᠪᠡ᠃ ᠪᠠᠭᠰᠢ ᠶᠢᠨ ᠠᠯᠪᠠᠨ ᠵᠢᠷᠦᠮ ᠤᠨ ᠰᠤᠷᠭᠠᠨ ᠬᠦᠮᠦᠵᠢᠯ᠂ ᠲᠤᠭᠲᠠᠭᠰᠠᠨ ᠬᠤᠭᠤᠴᠠᠭ᠎ᠠ ᠲᠠᠢ ᠪᠠᠷ ᠶᠠᠷᠢᠯᠴᠠᠭ᠎ᠠ ᠰᠤᠯᠢᠯᠴᠠᠭ᠎ᠠ ᠬᠢᠬᠦ ᠳᠦᠷᠢᠮ ᠲᠤᠭᠲᠠᠭᠠᠯ ᠢ ᠲᠡᠭᠦᠯᠳᠡᠷᠵᠢᠭᠦᠯᠵᠦ᠂ ᠵᠢᠯ ᠪᠦᠷᠢ ᠵᠤᠬᠢᠬᠤ ᠬᠡᠮᠵᠢᠶᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯᠯᠠᠭᠴᠢ ᠪᠠᠭᠰᠢ ᠶᠢ ᠬᠦᠳᠡᠭᠡ ᠲᠤᠰᠬᠤᠨ ᠤ ᠰᠤᠷᠭᠠᠭᠤᠯᠢ ᠳᠤ ᠲᠤᠮᠢᠯᠠᠵᠤ ᠠᠯᠪᠠᠨ ᠵᠢᠷᠦᠮ ᠤᠨ ᠰᠤᠷᠭᠠᠨ ᠬᠦᠮᠦᠵᠢᠯ ᠬᠢᠯᠭᠡᠵᠦ᠂ ᠬᠤᠲᠠ ᠶᠢᠨ ᠰᠢᠯᠢᠳᠡᠭ ᠪᠠᠭᠰᠢ ᠶᠢ ᠬᠦᠳᠡᠭᠡ ᠲᠤᠰᠬᠤᠨ ᠤ ᠰᠤᠷᠭᠠᠭᠤᠯᠢ ᠪᠠᠷ ᠭᠦᠨᠵᠡᠭᠡᠶᠢᠷᠡᠭᠦᠯᠬᠦ ᠶᠢ ᠠᠬᠢᠭᠤᠯᠪᠠ᠃ ᠬᠦᠳᠡᠭᠡ ᠲᠤᠰᠬᠤᠨ ᠤ ᠪᠠᠭᠰᠢ ᠶᠢᠨ ᠠᠵᠢᠯ ᠤᠨ ᠨᠦᠬᠦᠪᠦᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠳᠡᠭᠡ ᠲᠤᠰᠬᠤᠨ ᠳᠤ ᠳᠠᠷᠠᠭᠠᠯᠠᠨ ᠠᠷᠪᠠᠨ ᠵᠢᠯ ᠠᠴᠠ ᠳᠡᠭᠡᠭᠰᠢ ᠪᠠᠭᠰᠢᠯᠠᠭᠰᠠᠨ ᠪᠠᠭᠰᠢ ᠠᠵᠢᠯ ᠮᠡᠷᠭᠡᠵᠢᠯ ᠤᠨ ᠬᠢᠷᠢ ᠬᠡᠮ ᠢ ᠦᠨᠡᠯᠡᠬᠦ ᠳᠤ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠦᠨ᠂ ᠬᠦᠳᠡᠭᠡ ᠲᠤᠰᠬᠤᠨ ᠤ ᠪᠠᠭᠰᠢ ᠶᠢᠨ ᠠᠵᠢᠯ ᠠᠮᠢᠳᠤᠷᠠᠯ ᠤᠨ ᠤᠯᠭᠤᠮᠵᠢ ᠶᠢ ᠦᠨᠡᠨᠬᠦ ᠳᠡᠭᠡᠭᠰᠢᠯᠡᠭᠦᠯᠪᠡ᠃        ᠶᠠᠳᠠᠭᠤ ᠠᠴᠠ ᠠᠩᠭᠢᠵᠢᠷᠠᠶ᠎ᠠ ᠭᠡᠪᠡᠯ ᠵᠠᠪᠠᠯ ᠰᠤᠷᠭᠠᠨ ᠬᠦᠮᠦᠵᠢᠯ ᠢ ᠴᠢᠬᠤᠯᠠᠴᠢᠯᠠᠨ ᠬᠦᠭᠵᠢᠭᠦᠯᠬᠦ ᠬᠡᠷᠡᠭᠲᠡᠢ᠃ ᠬᠤᠩᠱᠠᠨ ᠲᠤᠭᠤᠷᠢᠭ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠨ ᠳᠡᠮᠵᠢᠬᠦ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠶᠠᠳᠠᠭᠤ ᠬᠦᠴᠢᠷᠲᠡᠢ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠬᠤ ᠳᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠠᠴᠠ ᠪᠤᠯᠵᠤ ᠰᠤᠷᠤᠯᠭ᠎ᠠ ᠳᠤᠷᠭᠤᠨ ᠵᠤᠭᠰᠤᠬᠤ ᠦᠵᠡᠭᠳᠡᠯ ᠢ ᠦᠭᠡᠶᠢᠰᠬᠡᠵᠦ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号