ᠬᠤᠩᠱᠠᠨ ᠳᠤᠭᠤᠷᠢᠭ ᠮᠠᠰᠢᠨ ᠳᠡᠷᠭᠡᠨ ᠤ ᠠᠵᠢᠯ ᠳᠦᠷᠦᠯ ᠤᠨ ᠳᠦᠷᠢᠮᠵᠢᠭᠰᠡᠨ ᠬᠠᠮᠢᠶᠠᠷᠤᠯᠳᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2018-04-24
       ᠤᠢᠢᠷ᠎ᠠ ᠳᠤ᠂ ᠬᠤᠩᠱᠠᠨ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠬᠠᠤᠯᠢ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠮᠠᠰᠢᠨ ᠳᠡᠷᠭᠡᠨ ᠤ ᠪᠤᠷᠤᠯᠠᠭᠤᠯᠭ᠎ᠠ ᠵᠢᠴᠢ ᠰᠠᠯᠪᠢᠨ ᠵᠠᠰᠠᠬᠤ ᠵᠡᠷᠭᠡ ᠠᠵᠢᠯ ᠳᠦᠷᠦᠯ ᠤᠨ ᠳᠦᠷᠢᠮᠵᠢᠭᠰᠡᠨ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠳᠤ ᠨᠡᠶᠢᠴᠡᠭᠰᠡᠨ ᠪᠠ ᠢᠳᠡᠭᠡᠮᠵᠢᠳᠠᠢ ᠡᠵᠡᠩᠨᠡᠯᠳᠡ ᠬᠢᠬᠦ ᠶᠢ ᠦᠨᠡᠨᠬᠦ ᠠᠬᠢᠭᠤᠯᠵᠠᠢ᠃        ᠤᠢᠢᠷ᠎ᠠ ᠶᠢᠨ ᠡᠳᠦᠷ᠂ ᠳᠤᠰ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ ︽ᠬᠤᠩᠱᠠᠨ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠳᠤᠪᠴᠢᠶᠠᠨ ᠤ ᠮᠠᠰᠢᠨ ᠳᠡᠷᠭᠡ ᠶᠢᠨ ᠵᠠᠬ᠎ᠠ ᠳᠡᠯᠭᠡᠭᠦᠷ ᠢ ᠳᠦᠷᠢᠮᠵᠢᠭᠦᠯᠵᠦ ᠬᠡᠷᠡᠭᠯᠡᠭᠡᠨ ᠤ ᠤᠷᠴᠢᠨ ᠢ ᠳᠤᠰᠬᠠᠢ ᠴᠡᠭᠴᠡᠯᠡᠨ ᠵᠠᠰᠠᠬᠤ ᠬᠡᠷᠡᠭᠵᠢᠭᠦᠯᠦᠯᠳᠡ ᠶᠢᠨ ᠳᠦᠰᠦᠯ︾ ᠢ ᠦᠷᠭᠡᠨ ᠢᠶᠠᠷ ᠤᠬᠠᠭᠤᠯᠬᠤ ᠶᠢᠨ ᠬᠠᠮᠳᠤ ᠴᠡᠭᠴᠡᠯᠡᠨ ᠵᠠᠰᠠᠬᠤ ᠠᠵᠢᠯᠯᠠᠭᠠᠨ ᠢ ᠨᠢᠮᠪᠠᠢ ᠪᠠᠶᠢᠷᠢᠯᠠᠭᠤᠯᠤᠨ᠂ ︽ᠬᠡᠷᠡᠭᠯᠡᠭᠴᠢᠳ ᠤᠨ ᠠᠰᠢᠭ ᠳᠤᠰᠠ ᠶᠢ ᠬᠠᠮᠠᠭᠠᠯᠠᠬᠤ ᠬᠠᠤᠯᠢ︾᠂ ︽ᠳᠦᠪ ᠪᠤᠰᠤ ᠦᠷᠢᠰᠦᠯᠳᠦᠭᠡᠨ ᠢ ᠡᠰᠡᠷᠭᠦᠴᠡᠬᠦ ᠬᠠᠤᠯᠢ︾᠂ ︽ᠭᠡᠷ᠎ᠡ ᠶᠢᠨ ᠬᠠᠤᠯᠢ︾ ᠵᠡᠷᠭᠡ ᠬᠠᠮᠢᠶ ᠎ᠠ ᠪᠦᠬᠦᠢ ᠬᠠᠤᠯᠢ ᠳᠦᠷᠢᠮ ᠤᠨ ᠳᠠᠶᠢᠯᠤᠮᠵᠢ ᠬᠢᠵᠠᠢ᠃ ᠳᠤᠰᠬᠠᠢ ᠠᠵᠢᠯᠳᠠᠨ ᠠᠴᠠ ᠪᠤᠳᠠᠳᠤ ᠵᠢᠱᠢᠶ᠎ᠡ ᠲᠠᠢ ᠤᠶᠠᠯᠳᠤᠭᠤᠯᠤᠨ ᠠᠵᠤ ᠠᠬᠤᠢᠢᠯᠠᠯ ᠳᠤ ᠵᠢᠯᠤᠭᠤᠳᠤᠯᠭ᠎ᠠ ᠶᠢᠨ ᠴᠢᠨᠠᠷᠳᠠᠢ ᠰᠠᠨᠠᠯ ᠳᠤᠷᠠᠳᠤᠨ᠂ ᠢᠳᠡᠭᠡᠮᠵᠢᠳᠡᠢ ᠡᠵᠡᠩᠨᠡᠯᠳᠡ ᠬᠢᠬᠦ ᠶᠢ ᠤᠷᠢᠶᠠᠯᠠᠭᠰᠠᠨ ᠪᠠᠶᠢᠨ᠎ᠠ᠃        ᠬᠤᠩᠱᠠᠨ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ ᠪᠦᠬᠦ ᠳᠤᠭᠤᠷᠢᠭ ᠤᠨ ᠬᠡᠪᠴᠢᠶᠡᠨ ᠳᠤ ᠮᠠᠰᠢᠨ ᠳᠡᠷᠭᠡᠨ ᠤ ᠵᠠᠬ᠎ᠠ ᠳᠡᠯᠭᠡᠭᠦᠷ ᠢ ᠳᠦᠷᠢᠮᠵᠢᠭᠦᠯᠦᠨ᠂ ᠬᠡᠷᠡᠭᠯᠡᠭᠡᠨ ᠤ ᠤᠷᠴᠢᠨ ᠢ ᠴᠡᠭᠴᠡᠯᠡᠨ ᠵᠠᠰᠠᠬᠤ ᠳᠤᠰᠬᠠᠢ ᠠᠵᠢᠯᠯᠠᠭᠠᠨ ᠦᠷᠨᠢᠭᠦᠯᠵᠦ᠂ ᠮᠠᠰᠢᠨ ᠳᠡᠷᠭᠡ ᠡᠵᠡᠩᠨᠡᠨ ᠪᠤᠷᠤᠯᠠᠭᠤᠯᠬᠤ ᠪᠠ ᠦᠢᠯᠡᠴᠢᠯᠡᠭᠡ ᠶᠢ ᠳᠦᠷᠢᠮᠵᠢᠭᠦᠯᠵᠦ᠂ ᠠᠵᠢᠯ ᠳᠦᠷᠦᠯ ᠤᠨ ᠳᠤᠳᠤᠷᠠᠬᠢ ᠡᠯ᠎ᠡ ᠳᠦᠷᠦᠯ ᠤᠨ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠬᠦᠨ᠂ ᠡᠵᠡᠩᠨᠡᠭᠴᠢᠳ ᠤᠨ ᠢᠳᠡᠭᠡᠯ ᠬᠦᠨᠳᠦ᠂ ᠬᠡᠷᠡᠭᠯᠡᠭᠡᠨ ᠤ ᠤᠷᠴᠢᠨ ᠤ ᠠᠮᠤᠷ ᠳᠦᠪᠰᠢᠨ ᠪᠠ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号