ᠦᠪᠡᠷᠲᠡᠭᠡᠨ ᠵᠠᠰᠠᠬᠤ ᠤᠷᠤᠨ ᠤ ᠪᠠᠶᠢᠴᠠᠭᠠᠨ ᠵᠢᠯᠤᠭᠤᠳᠬᠤ ᠳᠤᠭᠤᠶᠢᠯᠠᠩ ᠬᠤᠩ ᠱᠠᠨ ᠲᠤᠭᠤᠷᠢᠭ ᠲᠤ ᠪᠠᠶᠢᠭ᠎ᠠ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠶᠢᠨ ᠲᠦᠪ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-05-11
        7 ᠤ ᠡᠳᠦᠷ ᠤᠨ ᠦᠳᠡ ᠠᠴᠠ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠨ ᠵᠢᠯᠤᠭᠤᠳᠬᠤ ᠲᠤᠭᠤᠶᠢᠯᠠᠩ ᠨᠢ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠢᠷᠡᠵᠦ ᠰᠠᠭᠤᠳᠠᠯ ᠤᠨ ᠬᠤᠷᠠᠯ ᠬᠢᠪᠡ᠂  ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠶᠥᠩ ᠵᠢᠶᠦ᠋ᠨ ᠰᠠᠭᠤᠳᠠᠯ ᠤᠨ ᠬᠤᠷᠠᠯ ᠳᠤ ᠣᠷᠣᠯᠴᠠᠵᠤ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠡᠷᠬᠢᠯᠡᠵᠦ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶᠡᠨ ᠤ ᠴᠤᠭᠯᠠᠷᠠᠯ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠶᠠᠨᠪᠠᠭᠠᠲᠤᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠷᠴᠢᠭᠤᠯᠬᠤ ᠭᠠᠵᠠᠷ ᠤᠨ ᠪᠠᠶᠢᠴᠠᠭᠠᠨ ᠰᠤᠳᠤᠯᠤᠭᠴᠢ ᠬᠠᠰᠬᠤᠸᠠᠷ ᠲᠤᠰ ᠲᠣᠰ ᠶᠠᠷᠢᠶ᠎ᠠ ᠲᠠᠯᠪᠢᠵᠤ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠲᠤᠬᠠᠢ ᠰᠠᠨᠠᠯ ᠱᠠᠭᠠᠷᠳᠠᠯᠭ᠎ᠠ ᠳᠤᠷᠠᠳᠪᠠ᠃ ᠬᠤᠷᠠᠯ ᠤᠨ ᠳᠠᠷᠠᠭ᠎ᠠ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃        ᠦᠳᠡ ᠠᠴᠠ ᠬᠤᠶᠢᠨ᠎ᠠ ᠬᠤᠩ ᠱᠠᠨ ᠲᠤᠭᠤᠷᠢᠭ ᠲᠤ ᠪᠠᠶᠢᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠡᠭᠦᠯᠡᠨ ᠪᠣᠳᠣᠯᠲᠠ ᠶᠢᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠤᠩ ᠱᠠᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠤᠯᠤᠯᠴᠠᠪᠠ᠃                
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号