ᠬᠤᠩ ᠱᠠᠨ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2018-05-16
       ᠪᠦᠬᠦ ᠤᠷᠤᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠯᠲᠡ ᠶᠢ ᠠᠬᠢᠭᠤᠯᠵᠤ᠂ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠲᠦᠪᠯᠡᠷᠡᠭᠰᠡᠨ ᠲᠤᠭᠤᠷᠢᠭ ᠪᠠ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠬᠤ ᠶᠢᠨ ᠲᠦᠯᠦᠭᠡ᠂ ᠬᠤᠩ ᠱᠠᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠪᠠᠶᠢᠨ᠎ᠠ᠃        ᠬᠤᠳᠠᠯᠳᠤᠭ᠎ᠠ ᠠᠷᠠᠯᠵᠢᠶᠠᠨ ᠤ ᠦᠢᠯᠡᠰ ᠢ ᠳᠡᠰ ᠳᠡᠪᠰᠢᠭᠦᠯᠦᠨ ᠬᠦᠭᠵᠢᠭᠦᠯᠬᠦ ᠲᠠᠯ᠎ᠠ ᠪᠠᠷ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠂ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠵᠤ᠂ ᠬᠦᠳᠡᠯᠭᠡᠭᠴᠢ ᠬᠦᠴᠦᠨ ᠢᠶᠠᠨ ᠰᠢᠨᠡᠴᠢᠯᠡᠬᠦ ᠶᠢ ᠪᠠᠷᠢᠮᠲᠠᠯᠠᠵᠤ᠂ ᠰᠢᠨᠬᠤᠸᠠ ᠶᠠᠪᠠᠭᠠᠨ ᠵᠡᠭᠡᠯᠢ ᠶᠢᠨ ᠬᠤᠳᠠᠯᠳᠤᠭᠠᠨ ᠤ ᠪᠤᠳᠠᠲᠤ ᠴᠤᠭᠴᠠ ᠶᠢᠨ ᠵᠠᠭᠪᠤᠷ ᠢᠶᠠᠨ ᠰᠢᠨᠡᠳᠬᠡᠨ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠦᠷᠢᠶ᠎ᠡ ᠬᠡᠪᠴᠢᠶ᠎ᠡ ᠪᠠᠨ ᠪᠦᠬᠦ ᠲᠠᠯ᠎ᠠ ᠪᠠᠷ ᠦᠷᠭᠡᠳᠬᠡᠪᠡ᠃ ᠯᠦᠩ ᠲᠧᠩ ᠤᠯᠠᠨ ᠤᠯᠤᠰ ᠤᠨ ᠬᠤᠳᠠᠯᠳᠤᠭᠠᠨ ᠤ ᠲᠠᠯᠠᠪᠠᠢ ᠨᠢ 2018 ᠤᠨ ᠤ 10 ᠰᠠᠷ᠎ᠠ ᠳᠤ ᠡᠷᠦᠬᠡ ᠪᠠᠨ ᠰᠡᠬᠦᠵᠦ ᠡᠵᠡᠩᠨᠡᠯᠲᠡ ᠬᠢᠬᠦ ᠪᠠᠷ ᠲᠦᠯᠦᠪᠯᠡᠵᠦ᠂ ᠸᠧᠢ ᠳ᠋ᠦᠸᠧ ᠯᠢ ᠮᠦᠸᠧ ᠡᠯ ᠴᠧᠩ ᠪᠤᠯᠤᠨ ᠵᠦᠩ ᠯᠢᠶᠠᠨ ᠠᠭᠤᠳᠠᠮ ᠲᠠᠯᠠᠪᠠᠢ 2019 ᠤᠨ ᠤ ᠡᠴᠦᠰ ᠪᠤᠯᠲᠠᠯ᠎ᠠ ᠭᠤᠤᠯ ᠪᠠᠷᠢᠯᠭ᠎ᠠ ᠪᠠᠨ ᠪᠦᠬᠦᠨ ᠢ ᠳᠠᠭᠤᠰᠬᠠᠵᠤ᠂ 2020 ᠤᠨ ᠳᠤ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃ ᠤᠳᠤᠬᠢᠴᠢᠯᠠᠭᠰᠠᠨ ᠪᠤᠳᠠᠰ ᠤᠨ ᠭᠦᠢᠯᠭᠡᠭᠡᠨ ᠤ ᠦᠢᠯᠡᠰ ᠢ ᠬᠦᠭᠵᠢᠭᠦᠯᠬᠦ ᠲᠠᠯ᠎ᠠ ᠪᠠᠷ᠂ ᠤᠷᠤᠨ ᠬᠡᠴᠡ ᠶᠢᠨ ᠴᠢᠨᠠᠷᠲᠠᠢ ᠲᠠᠸᠠᠷ ᠢ ᠲᠦᠪᠯᠡᠷᠡᠭᠦᠯᠦᠨ ᠲᠠᠷᠬᠠᠭᠠᠬᠤ ᠲᠦᠪ᠂ ᠬᠤᠪᠢᠶᠠᠷᠢᠯᠠᠬᠤ ᠲᠦᠪ᠂ ᠦᠵᠡᠭᠦᠯᠭᠡ ᠶᠢᠨ ᠲᠦᠪ ᠢ ᠪᠠᠶᠢᠭᠤᠯᠵᠤ᠂ ᠦᠪᠦᠷ ᠮᠤᠩᠭᠤᠯ ᠤᠨ ᠵᠡᠭᠦᠨ ᠬᠡᠰᠡᠭ᠂ ᠡᠾᠧᠪᠸᠢ ᠶᠢᠨ ᠤᠮᠠᠷᠠᠲᠤ ᠬᠡᠰᠡᠭ᠂ ᠯᠢᠶᠤᠤᠨᠢᠩ ᠤᠨ ᠪᠠᠷᠠᠭᠤᠨ ᠬᠡᠰᠡᠭ ᠤᠷᠤᠨ ᠳᠤ ᠤᠯᠤᠰ ᠤᠨ ᠵᠢᠱᠢᠶ᠎ᠡ ᠦᠵᠡᠭᠦᠯᠬᠦ ᠪᠤᠳᠠᠰ ᠤᠨ ᠭᠦᠢᠯᠭᠡᠭᠡᠨ ᠤ ᠲᠦᠪ ᠢ ᠴᠢᠷᠮᠠᠶᠢᠨ ᠪᠠᠶᠢᠭᠤᠯᠵᠤ ᠪᠠᠶᠢᠨ᠎ᠠ᠃ 2018 ᠤᠨ ᠤ ᠨᠢᠭᠡᠳᠦᠭᠡᠷ ᠤᠯᠠᠷᠢᠯ ᠳᠤ ᠪᠤᠳᠠᠰ ᠤᠨ ᠭᠦᠢᠯᠭᠡᠭᠡᠨ ᠤ ᠲᠤᠭᠤᠷᠢᠭ ᠨᠢ ᠨᠡᠶᠢᠲᠡ 150 ᠳ᠋ᠦᠩᠰᠢᠭᠤᠷ ᠲᠦᠭᠦᠷᠢᠭ ᠤᠨ ᠰᠤᠯᠢᠯᠴᠠᠭ᠎ᠠ ᠬᠢᠵᠦ᠂ 2.75 ᠳ᠋ᠦᠩᠰᠢᠭᠤᠷ ᠲᠦᠭᠦᠷᠢᠭ ᠤᠨ ᠭᠠᠶᠢᠯᠢ ᠶᠢᠨ ᠤᠷᠤᠯᠭ᠎ᠠ ᠡᠭᠦᠳᠴᠦ᠂ 3.55 ᠲᠦᠮᠡᠨ ᠬᠦᠮᠦᠨ ᠳᠤ ᠠᠵᠢᠯ ᠤᠯᠭᠤᠭᠰᠠᠨ ᠪᠠᠶᠢᠨ᠎ᠠ᠃ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠲᠠᠯ᠎ᠠ ᠪᠠᠷ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠪᠦᠬᠦ ᠬᠡᠴᠡ ᠶᠢᠨ ᠵᠢᠭᠤᠯᠴᠢᠯᠠᠯ ᠢ ᠦᠷᠭᠡᠳᠬᠡᠨ ᠳᠡᠯᠭᠡᠷᠡᠭᠦᠯᠵᠦ᠂ ᠶᠡᠭᠡ ᠬᠤᠲᠠ ᠶᠢᠨ ᠰᠡᠯᠡᠭᠦᠴᠡᠨ ᠲᠤᠭᠤᠷᠢᠬᠤ ᠵᠢᠭᠤᠯᠴᠢᠯᠠᠯ ᠪᠠ ᠬᠦᠳᠡᠭᠡ ᠲᠤᠰᠬᠤᠨ ᠤ ᠵᠢᠭᠤᠯᠴᠢᠯᠠᠯ ᠢ ᠢᠳᠡᠪᠬᠢᠲᠡᠢ ᠬᠦᠭᠵᠢᠭᠦᠯᠦᠨ᠂ ᠰᠤᠳᠤᠨ ᠵᠢᠭᠤᠯᠴᠢᠯᠠᠯ ᠤᠨ ᠪᠦᠰᠡ ᠶᠢ ᠴᠤᠭᠴᠠᠯᠠᠨ ᠪᠠᠶᠢᠭᠤᠯᠵᠤ᠂ ᠰᠤᠶᠤᠯ ᠤᠨ ᠵᠢᠭᠤᠯᠴᠢᠯᠠᠯ᠂ ᠲᠠᠷᠢᠶᠠᠯᠠᠩ ᠤᠨ ᠦᠢᠯᠡᠰ ᠤᠨ ᠵᠢᠭᠤᠯᠴᠢᠯᠠᠯ᠂ ᠬᠦᠯᠦᠰᠦᠨ ᠠᠵᠢᠯ ᠬᠢᠵᠦ ᠵᠢᠭᠤᠯᠴᠢᠯᠠᠬᠤ ᠂ ᠪᠡᠶ᠎ᠡ ᠡᠷᠡᠭᠦᠯᠵᠢᠯ ᠤᠨ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠤᠭᠰᠠᠨ ᠪᠠᠶᠢᠨ᠎ᠠ᠃ ᠮᠦᠩᠭᠦᠨ ᠭᠦᠢᠯᠭᠡᠭᠡᠨ ᠤ ᠦᠢᠯᠡᠰ ᠢ ᠬᠦᠭᠵᠢᠭᠦᠯᠬᠦ ᠲᠠᠯ᠎ᠠ ᠪᠠᠷ᠂ ᠪᠠᠶᠢᠭᠤᠯᠤᠮᠵᠢ ᠶᠢ ᠵᠤᠬᠢᠶᠠᠨ ᠪᠠᠶᠢᠭᠤᠯᠬᠤ ᠪᠠ ᠪᠤᠭᠤᠮᠲᠠ ᠶᠢᠨ ᠭᠠᠳᠠᠨᠠᠬᠢ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠭᠤᠤᠯ ᠴᠤᠭᠴᠠ ᠶᠢᠨ ᠢᠨᠵᠧᠨᠧᠷᠢᠩ ᠤᠨ ᠪᠠᠶᠢᠭᠤᠯᠤᠯᠲᠠ ᠪᠠᠨ ᠳᠠᠭᠤᠰᠬᠠᠪᠠ᠃ ᠤᠳᠤᠬᠠᠨ ᠪᠤᠯᠲᠠᠯ᠎ᠠ᠂ ᠮᠦᠩᠭᠦᠨ ᠭᠦᠢᠯᠭᠡᠭᠡᠨ ᠤ ᠵᠢᠵᠢᠭ ᠪᠠᠯᠭᠠᠰᠤᠨ ᠳᠤ ᠨᠢᠭᠡᠨᠲᠡ 35 ᠠᠵᠤ ᠠᠬᠤᠶᠢᠯᠠᠯ ᠰᠠᠭᠤᠷᠢᠰᠢᠵᠤ᠂ ᠬᠤᠪᠢ ᠪᠠᠷ ᠴᠤᠭᠯᠠᠭᠤᠯᠤᠭᠰᠠᠨ ᠰᠠᠭᠤᠷᠢ ᠮᠦᠩᠭᠦ᠂ ᠦᠨᠡᠲᠦ ᠲᠡᠮᠳᠡᠭᠲᠦ ᠶᠢᠨ ᠪᠡᠯᠡ ᠤᠷᠤᠭᠤᠯᠤᠯᠲᠠ᠂ ᠢᠲᠡᠭᠡᠮᠵᠢ ᠶᠢᠨ ᠪᠡᠯᠡ ᠤᠷᠤᠭᠤᠯᠤᠯᠲᠠ ᠵᠡᠷᠭᠡ ᠰᠢᠨ᠎ᠡ ᠪᠠᠷ ᠪᠤᠢ ᠪᠤᠯᠤᠭᠰᠠᠨ ᠮᠦᠩᠭᠦᠨ ᠭᠦᠢᠯᠭᠡᠭᠡᠨ ᠤ ᠠᠵᠤ ᠦᠢᠯᠡᠰ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠲᠡᠶᠢᠰᠢ ᠲᠦᠪᠯᠡᠷᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠮᠦᠩᠭᠦᠨ ᠭᠦᠢᠯᠭᠡᠭᠡ ᠪᠤᠯᠤᠨ ᠦᠩᠭᠡᠲᠦ ᠲᠡᠮᠦᠷᠯᠢᠭ ᠤᠨ ᠦᠢᠯᠡᠰ᠂ ᠲᠤᠨᠤᠭ ᠲᠦᠬᠦᠭᠡᠷᠦᠮᠵᠢ ᠦᠢᠯᠡᠳᠬᠦ ᠦᠢᠯᠡᠰ᠂ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠦᠢᠯᠡᠰ ᠵᠡᠷᠭᠡ ᠶᠢ ᠵᠦᠪ ᠤᠨᠤᠪᠴᠢᠲᠠᠢ ᠢᠵᠢᠯᠢᠰᠢᠭᠦᠯᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠤᠳᠠᠲᠤ ᠴᠤᠭᠴᠠ ᠶᠢᠨ ᠠᠵᠤ ᠠᠬᠤᠢ ᠶᠢᠨ ᠲᠤᠯᠭᠠᠭᠤᠷᠢᠯᠠᠬᠤ ᠬᠦᠴᠦᠨ ᠢ ᠦᠨᠡᠨᠬᠦ ᠳᠡᠭᠡᠭᠰᠢᠯᠡᠭᠦᠯᠪᠡ᠃ ᠡᠯᠧᠺᠲᠷᠤᠨ ᠬᠤᠳᠠᠯᠳᠤᠭ᠎ᠠ ᠵᠢᠴᠢ ᠮᠡᠳᠡᠭᠡ ᠵᠠᠩᠭᠢ ᠶᠢᠨ ᠠᠰᠠᠭᠤᠨ ᠯᠠᠪᠯᠠᠯᠲᠠ ᠶᠢᠨ ᠦᠢᠯᠡᠰ ᠢ ᠬᠦᠭᠵᠢᠭᠦᠯᠬᠦ ᠲᠠᠯ᠎ᠠ ᠪᠠᠷ ᠲᠠᠯ᠎ᠠ ᠨᠤᠲᠤᠭ ᠤᠨ ᠡᠯᠧᠺᠲᠷᠤᠨ ᠬᠤᠳᠠᠯᠳᠤᠭ᠎ᠠ᠂ OTO ᠡᠯᠧᠺᠲᠷᠤᠨ ᠬᠤᠳᠠᠯᠳᠤᠭ᠎ᠠ᠂ CTOB ᠡᠯᠧᠺᠲᠷᠤᠨ ᠬᠤᠳᠠᠯᠳᠤᠭ᠎ᠠ ᠵᠡᠷᠭᠡ 8 ᠲᠦᠷᠦᠯ ᠤᠨ ᠦᠪᠡᠷᠮᠢᠴᠡ ᠤᠨᠴᠠᠯᠢᠭᠲᠤ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠸᠧᠢ ᠹᠠᠨ ᠰᠦᠯᠵᠢᠶ᠎ᠡ᠂ ᠤᠯᠠᠭᠠᠨᠬᠠᠳᠠ ᠶᠢᠨ ᠬᠢᠯᠢ ᠠᠯᠤᠰᠯᠠᠭᠰᠠᠨ ᠰᠦᠯᠵᠢᠶᠡᠨ ᠬᠤᠳᠠᠯᠳᠤᠭ᠎ᠠ᠂ ᠤᠯᠠᠭᠠᠨᠬᠠᠳᠠ ᠶᠢᠨ ᠬᠤᠳᠠᠯᠳᠤᠭ᠎ᠠ ᠵᠡᠷᠭᠡ ᠲᠦᠯᠦᠭᠡᠯᠡᠭᠴᠢ ᠴᠢᠨᠠᠷᠲᠠᠢ ᠡᠯᠧᠺᠲᠷᠤᠨ ᠬᠤᠳᠠᠯᠳᠤᠭᠠᠨ ᠤ ᠲᠠᠪᠴᠠᠩ ᠢ ᠬᠠᠪᠰᠤᠷᠤᠨ ᠳᠡᠮᠵᠢᠵᠦ ᠤᠷᠤᠨ ᠬᠡᠴᠡ ᠶᠢᠨ ᠴᠢᠨᠠᠷᠲᠠᠢ ᠨᠦᠯᠦᠭᠡᠯᠡᠬᠦ ᠦᠢᠯᠡᠳᠦᠯ ᠢ ᠴᠢᠩᠭᠠᠷᠠᠭᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号