ᠬᠤᠩ ᠱᠠᠨ ᠲᠤᠭᠤᠷᠢᠭ ᠤᠨ ᠨᠢᠭᠡᠲᠦᠮᠡᠯ ᠹᠷᠤᠨᠲ ᠤᠨ ᠬᠡᠯᠲᠡᠰ ᠪᠦᠷᠭᠡᠲᠦ ᠲᠤᠭᠤᠷᠢᠭ ᠢ ᠦᠭᠡᠷᠡᠴᠢᠯᠡᠨ ᠵᠠᠰᠠᠬᠤ ᠠᠵᠢᠯ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2018-05-16
       ᠤᠶᠢᠷ᠎ᠠ ᠳᠤ᠂ ᠬᠤᠩ ᠱᠠᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠨᠡᠶᠢᠭᠡᠮ ᠤᠨ ᠰᠢᠨ᠎ᠡ ᠳᠠᠪᠬᠤᠷᠭ᠎ᠠ ᠶᠢᠨ 8 ᠬᠠᠤᠯᠢᠴᠢ ᠶᠢ ᠵᠤᠬᠢᠶᠠᠨ ᠪᠠᠶᠢᠭᠤᠯᠤᠨ ᠵᠢᠶᠧ ᠹᠠᠩ ᠪᠠᠷᠠᠭᠤᠨ ᠵᠡᠭᠡᠯᠢ ᠳᠤ ᠲᠤᠭᠤᠷᠢᠭ ᠤᠨ ︵ᠦᠷᠲᠡᠭᠡᠨ ᠡᠮᠦᠨᠡᠬᠢ ᠵᠡᠭᠡᠯᠢ ᠭᠤᠳᠤᠮᠵᠢ︶ ᠭᠡᠷ ᠪᠠᠶᠢᠰᠢᠩ ᠢ ᠲᠠᠲᠠᠪᠤᠷᠢᠯᠠᠬᠤ ᠠᠯᠪᠠᠨ ᠭᠡᠷ ᠲᠤ ᠬᠦᠷᠴᠦ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠠᠵᠢᠯᠯᠠᠭᠠᠨ ᠦᠷᠨᠢᠭᠦᠯᠵᠦ᠂ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃        ᠤᠶᠢᠯᠠᠭᠠᠭᠰᠠᠨ ᠢᠶᠠᠷ᠂ ᠦᠷᠲᠡᠭᠡᠨ ᠡᠮᠦᠨᠡᠬᠢ ᠵᠡᠭᠡᠯᠢ ᠭᠤᠳᠤᠮᠵᠢ ᠳᠤ ᠨᠡᠶᠢᠲᠡ 449 ᠨᠤᠷᠠᠭᠠᠨ ᠨᠡᠭᠦᠯᠭᠡᠬᠦ ᠡᠷᠦᠬᠡ ᠲᠠᠢ ᠪᠠᠶᠢᠵᠤ᠂ ᠤᠳᠤᠬᠠᠨ ᠳᠤ ᠭᠡᠷ ᠪᠠᠶᠢᠰᠢᠩ ᠢ ᠲᠠᠲᠠᠪᠤᠷᠢᠯᠠᠬᠤ ᠠᠵᠢᠯ ᠨᠡᠯᠢᠶᠡᠳ ᠤᠷᠤᠭᠰᠢᠲᠠᠢ ᠶᠠᠪᠤᠭᠳᠠᠵᠤ ᠪᠤᠢ᠃ ᠬᠤᠩ ᠱᠠᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠦᠮᠦᠰ ᠢ ᠤᠷᠤᠭᠤᠯᠤᠨ ᠠᠪᠴᠢᠷᠠᠵᠤ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠳᠡᠮᠵᠢᠯᠭᠡ ᠬᠠᠩᠭᠠᠵᠤ᠂ ᠨᠡᠶᠢᠭᠡᠮ ᠤᠨ ᠠᠮᠤᠷ ᠲᠤᠭᠲᠠᠭᠤᠨ ᠢ ᠬᠠᠮᠠᠭᠠᠯᠠᠨ ᠠᠷᠠᠳ ᠤᠯᠠᠨ ᠤ ᠵᠦᠷᠢᠴᠡᠯ ᠵᠢᠭᠤᠷᠠᠯᠳᠤᠭᠠᠨ ᠢ ᠪᠠᠭᠠᠰᠬᠠᠨ᠂ ᠪᠦᠷᠭᠡᠲᠦ ᠲᠤᠭᠤᠷᠢᠭ ᠢ ᠦᠭᠡᠷᠡᠴᠢᠯᠡᠨ ᠵᠠᠰᠠᠬᠤ ᠠᠵᠢᠯ ᠳᠤ ᠬᠦᠴᠦᠨ ᠨᠡᠮᠡᠷᠢᠯᠡᠪᠡ᠃ ︽ᠡᠨᠡᠬᠦ ᠭᠡᠷᠢᠶᠡᠰ ᠪᠢᠴᠢᠭ ᠪᠠᠭ᠎ᠠ ᠮᠠᠳᠠᠭ ᠲᠠᠢ᠂ ᠲᠠᠨ ᠤ ᠨᠢᠭᠡ ᠭᠡᠷ ᠢᠶᠠᠷ ᠢᠶᠠᠨ ᠰᠠᠶᠢᠬᠠᠨ ᠵᠦᠪᠳᠡᠯᠴᠡᠵᠦ ᠰᠠᠨᠠᠯ ᠢᠶᠠᠨ ᠨᠢᠭᠡᠳᠬᠡᠭᠰᠡᠨ ᠤ ᠳᠠᠷᠠᠭ᠎ᠠ ᠭᠡᠷ ᠪᠠᠶᠢᠰᠢᠩ ᠢᠶᠠᠨ ᠬᠡᠷᠬᠢᠨ ᠬᠤᠪᠢᠶᠠᠷᠢᠯᠠᠬᠤ ᠪᠠᠨ ᠲᠤᠭᠲᠠᠪᠠᠯ ᠵᠤᠬᠢᠨ᠎ᠠ᠂ ᠴᠢᠬᠤᠯᠠ ᠲᠠᠢ ᠦᠶ᠎ᠡ ᠳᠤ ᠪᠢ ᠲᠠᠨ ᠢ ᠬᠠᠪᠰᠤᠷᠤᠨ ᠵᠤᠬᠢᠴᠠᠭᠤᠯᠵᠤ ᠪᠤᠯᠤᠨ᠎ᠠ︾ ᠭᠡᠵᠦ ᠬᠠᠤᠯᠢᠴᠢ ᠠᠴᠠ ᠨᠠᠰᠤᠲᠠᠨ ᠤ ᠠᠰᠠᠭᠤᠯᠲᠠ ᠶᠢ ᠬᠢᠨᠠᠮᠠᠭᠠᠢ ᠬᠠᠷᠢᠭᠤᠯᠵᠤ ᠲᠤᠲᠤᠨᠤᠰᠤᠭ ᠢᠶᠠᠷ ᠦᠢᠯᠡᠴᠢᠯᠡᠨ᠎ᠡ᠃ ᠬᠠᠤᠯᠢ ᠴᠠᠭᠠᠵᠠ ᠶᠢᠨ ᠳᠡᠮᠵᠢᠯᠭᠡ ᠶᠢᠨ ᠠᠵᠢᠯᠯᠠᠭᠠᠨ ᠳᠤ 8 ᠬᠠᠤᠯᠢᠴᠢ ᠭᠤᠷᠪᠠᠨ ᠳᠤᠭᠤᠶᠢᠯᠠᠩ ᠬᠤᠪᠢᠶᠠᠵᠤ᠂ ᠰᠠᠭᠤᠭᠠᠯᠢ ᠠᠷᠠᠳ ᠤᠨ ᠭᠡᠷ ᠪᠠᠶᠢᠰᠢᠩ ᠢ ᠨᠤᠷᠠᠭᠠᠨ ᠨᠡᠭᠦᠯᠭᠡᠬᠦ ᠲᠤᠬᠠᠢ ᠠᠰᠠᠭᠤᠯᠲᠠ ᠶᠢ ᠬᠠᠷᠢᠭᠤᠯᠬᠤ ᠶᠢᠨ ᠬᠠᠮᠲᠤ ᠰᠠᠭᠤᠭᠠᠯᠢ ᠠᠷᠠᠳ ᠤᠨ ᠭᠡᠷ᠎ᠡ ᠲᠤᠭᠲᠠᠬᠤ ᠶᠠᠪᠤᠴᠠ ᠳᠠᠬᠢ ᠭᠡᠷ ᠪᠦᠯᠢ ᠶᠢᠨ ᠵᠢᠭᠤᠷᠠᠯᠳᠤᠭᠠᠨ᠂ ᠭᠡᠷᠢᠶᠡᠰ ᠤᠨ ᠵᠢᠭᠤᠷᠠᠯᠳᠤᠭᠠᠨ᠂ ᠪᠦᠷᠭᠡᠲᠦ ᠲᠤᠭᠤᠷᠢᠭ ᠢ ᠦᠭᠡᠷᠡᠴᠢᠯᠡᠨ ᠵᠠᠰᠠᠬᠤ ᠠᠵᠢᠯᠲᠠᠳ ᠤᠨ ᠠᠵᠢᠯ ᠤᠨ ᠳᠤᠮᠳᠠ ᠲᠤᠬᠢᠶᠠᠯᠳᠤᠭᠰᠠᠨ ᠠᠰᠠᠭᠤᠳᠠᠯ ᠢ ᠨᠢᠭᠡᠳ ᠨᠢᠭᠡ ᠪᠠᠷ ᠰᠠᠶᠢᠲᠤᠷ ᠰᠢᠢᠳᠪᠦᠷᠢᠯᠡᠵᠦ ᠦᠭᠭᠦᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号