ᠬᠤᠩ ᠱᠠᠨ ᠲᠤᠭᠤᠷᠢᠭ ᠭᠠᠵᠠᠷ ᠲᠠᠲᠠᠪᠤᠷᠢᠯᠠᠬᠤ ᠠᠵᠢᠯ ᠢ ᠨᠢᠮᠪᠠᠢ ᠬᠢᠵᠦ ᠪᠦᠷᠭᠡᠲᠦ ᠲᠤᠭᠤᠷᠢᠭ ᠤᠨ ᠦᠭᠡᠷᠡᠴᠢᠯᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2018-05-29
       5 ᠰᠠᠷ᠎ᠠ ᠠᠴᠠ ᠨᠠᠰᠢ᠂ ᠬᠤᠩ ᠱᠠᠨ ᠲᠤᠭᠤᠷᠢᠭ ᠲᠠᠪᠤᠨ ᠶᠡᠭᠡ ᠬᠡᠰᠡᠭ ᠪᠦᠷᠭᠡᠲᠦ ᠲᠤᠭᠤᠷᠢᠭ ᠤᠨ ᠦᠭᠡᠷᠡᠴᠢᠯᠡᠯᠲᠡ ᠶᠢᠨ ᠭᠠᠵᠠᠷ ᠲᠠᠲᠠᠪᠤᠷᠢᠯᠠᠬᠤ ᠠᠵᠢᠯ ᠤᠨ ᠠᠬᠢᠴᠠ ᠶᠢ ᠲᠦᠷᠭᠡᠳᠬᠡᠨ᠂ ᠲᠦᠷᠦᠯ ᠵᠦᠢᠯ ᠤᠨ ᠰᠡᠭᠦᠯ ᠤᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠳᠤ ᠴᠠᠭ ᠪᠠ ᠤᠷᠤᠨ ᠵᠠᠢ ᠬᠠᠩᠭᠠᠵᠤ ᠦᠭᠬᠦ ᠶᠢᠨ ᠲᠦᠯᠦᠭᠡ ᠭᠠᠵᠠᠷ ᠲᠠᠲᠠᠪᠤᠷᠢᠯᠠᠬᠤ ᠠᠵᠢᠯ ᠢ ᠭᠠᠷᠳᠠᠨ ᠬᠢᠵᠠᠢ᠃        ᠤᠶᠢᠷ᠎ᠠ ᠳᠤ᠂ ᠸᠠᠨ ᠵᠦᠩ ᠪᠠᠯᠭᠠᠰᠤᠨ ᠤ ᠭᠠᠵᠠᠷ ᠲᠠᠲᠠᠪᠤᠷᠢᠯᠠᠬᠤ ᠠᠵᠢᠯᠯᠠᠬᠤ ᠳᠤᠭᠤᠶᠢᠯᠠᠩ ᠪᠤᠯᠤᠨ ᠦᠨᠡᠯᠡᠨ ᠲᠤᠭᠲᠠᠭᠠᠬᠤ ᠺᠤᠮᠫᠠᠨᠢ ᠶᠢᠨ ᠠᠵᠢᠯᠲᠠᠳ ᠸᠧᠨ ᠵᠦᠩ ᠲᠤᠰᠬᠤᠨ ᠤ ᠡᠷᠦᠬᠡ ᠳᠤ ᠭᠦᠨᠵᠡᠭᠡᠶᠢᠷᠡᠨ ᠭᠠᠵᠠᠷ ᠲᠠᠲᠠᠪᠤᠷᠢᠯᠠᠭᠳᠠᠬᠤ ᠡᠲᠡᠭᠡᠳ ᠤᠨ ᠭᠡᠷ ᠪᠠᠶᠢᠰᠢᠩ ᠵᠢᠴᠢ ᠵᠠᠰᠠᠨ ᠴᠢᠮᠡᠭᠯᠡᠭᠰᠡᠨ ᠳᠠᠭᠠᠯᠲᠠ ᠪᠤᠳᠠᠰ ᠢ ᠨᠢᠮᠪᠠᠢ ᠳᠠᠩᠰᠠᠯᠠᠵᠤ᠂ ᠡᠷᠦᠬᠡ ᠶᠢᠨ ᠡᠵᠡᠨ ᠡᠦ ᠭᠦᠸᠧ ᠴᠢᠶᠠᠩ ᠵᠠᠰᠠᠭ ᠤᠨ ᠤᠷᠳᠤᠨ ᠤ ᠨᠢᠭᠡᠲᠦᠯᠲᠡᠢ ᠪᠠᠷᠢᠮᠵᠢᠶ᠎ᠠ ᠶᠤᠰᠤᠭᠠᠷ ᠬᠡᠮᠵᠢᠨ ᠲᠤᠭᠲᠠᠭᠠᠬᠤ᠂ ᠦᠨᠡᠯᠡᠨ ᠲᠤᠭᠲᠠᠭᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠲᠡᠷᠡ᠄ ︽ᠡᠨᠡ ᠤᠳᠠᠭᠠᠨ ᠤ ᠪᠦᠷᠭᠡᠲᠦ ᠲᠤᠭᠤᠷᠢᠭ ᠤᠨ ᠦᠭᠡᠷᠡᠴᠢᠯᠡᠯᠲᠡ ᠳᠤ ᠮᠠᠨ ᠤ 30 ᠵᠢᠯ ᠰᠠᠭᠤᠭᠰᠠᠨ ᠬᠠᠭᠤᠴᠢᠨ ᠭᠡᠷ ᠪᠠᠶᠢᠰᠢᠩ ᠢ ᠨᠤᠷᠠᠭᠠᠵᠤ ᠰᠢᠨ᠎ᠡ ᠰᠠᠭᠤᠴᠠ ᠲᠠᠢ ᠪᠤᠯᠬᠤ ᠪᠤᠯᠤᠨ᠎ᠠ᠂ ᠪᠢᠳᠡ ᠵᠠᠰᠠᠭ ᠤᠨ ᠤᠷᠳᠤᠨ ᠤ ᠠᠵᠢᠯ ᠢ ᠳᠡᠮᠵᠢᠨ᠎ᠡ︾ ᠭᠡᠵᠡᠢ᠃        ᠸᠧᠨ ᠵᠦᠩ ᠪᠠᠯᠭᠠᠰᠤᠨ ᠤ ᠸᠧᠨ ᠵᠦᠩ ᠲᠤᠰᠬᠤᠨ ᠤ ᠭᠠᠵᠠᠷ ᠲᠠᠲᠠᠪᠤᠷᠢᠯᠠᠬᠤ᠂ ᠨᠡᠭᠦᠯᠭᠡᠨ ᠰᠢᠯᠵᠢᠭᠦᠯᠬᠦ ᠠᠵᠢᠯ ᠤᠷᠤᠭᠰᠢᠲᠠᠢ ᠶᠠᠪᠤᠭᠳᠠᠵᠤ᠂ ᠭᠠᠵᠠᠷ ᠲᠠᠲᠠᠪᠤᠷᠢᠯᠠᠬᠤ ᠠᠵᠢᠯ ᠤᠨ ᠲᠦᠪ ᠭᠤᠤᠯᠴᠢ᠂ ᠡᠷᠬᠡ ᠲᠡᠭᠰᠢ ᠪᠠᠶᠢᠬᠤ ᠶᠢ ᠪᠠᠲᠤᠯᠠᠬᠤ ᠶᠢᠨ ᠲᠦᠯᠦᠭᠡ᠂ ᠬᠤᠩ ᠱᠠᠨ ᠲᠤᠭᠤᠷᠢᠭ ᠨᠢ ᠭᠡᠷ ᠬᠦᠷᠦᠩᠭᠡ ᠶᠢᠨ ᠦᠨᠡᠯᠡᠨ ᠲᠤᠭᠲᠠᠭᠠᠬᠤ ᠴᠢᠳᠠᠮᠠᠭᠠᠢ ᠪᠠᠶᠢᠭᠤᠯᠤᠮᠵᠢ ᠶᠢ ᠰᠤᠩᠭᠤᠨ ᠡᠷᠦᠬᠡ ᠳᠤ ᠭᠦᠨᠵᠡᠭᠡᠶᠢᠷᠡᠨ ᠦᠨᠡᠯᠡᠨ ᠲᠤᠭᠲᠠᠭᠠᠬᠤ ᠦᠷᠲᠡᠭ ᠢ ᠲᠤᠬᠠᠢ ᠶᠢᠨ ᠪᠦᠰᠡ ᠭᠠᠵᠠᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠲᠠᠢ ᠦᠨᠳᠦᠰᠦᠨ ᠳᠡᠭᠡᠨ ᠠᠳᠠᠯᠢᠬᠠᠨ ᠪᠠᠶᠢᠬᠤ ᠶᠢ ᠪᠠᠲᠤᠯᠠᠨ᠂ ᠭᠠᠵᠠᠷ ᠲᠠᠲᠠᠪᠤᠷᠢᠯᠠᠭᠳᠠᠬᠤ ᠡᠷᠦᠬᠡ ᠶᠢᠨ ᠡᠵᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠠᠢ᠃ ᠲᠠᠷᠢᠶᠠᠴᠢᠨ ᠴᠢ ᠶᠠᠨ᠄ ︽ᠲᠤᠰ ᠤᠳᠠᠭᠠᠨ ᠤ ᠭᠠᠵᠠᠷ ᠲᠠᠲᠠᠪᠤᠷᠢᠯᠠᠬᠤ ᠲᠦᠷᠦ ᠶᠢᠨ ᠪᠤᠳᠤᠯᠭ᠎ᠠ ᠳᠤ ᠪᠢᠳᠡ ᠮᠠᠰᠢ ᠬᠠᠨᠤᠮᠵᠢᠲᠠᠢ᠂ ᠭᠠᠵᠠᠷ ᠲᠠᠲᠠᠪᠤᠷᠢᠯᠠᠬᠤ ᠠᠵᠢᠯ ᠨᠢ ᠮᠠᠨ ᠤ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠪᠤᠯᠬᠤᠷ ᠵᠠᠰᠠᠭ ᠤᠨ ᠤᠷᠳᠤᠨ ᠤ ᠭᠠᠵᠠᠷ ᠲᠠᠲᠠᠪᠤᠷᠢᠯᠠᠬᠤ ᠳᠤ ᠢᠳᠡᠪᠬᠢᠲᠡᠢ ᠬᠠᠮᠵᠢᠯᠴᠠᠨ᠎ᠠ︾ ᠭᠡᠰᠡᠨ ᠪᠠᠶᠢᠨ᠎ᠠ᠃        ᠭᠠᠵᠠᠷ ᠲᠠᠲᠠᠪᠤᠷᠢᠯᠠᠬᠤ ᠠᠵᠢᠯ ᠡᠬᠢᠯᠡᠭᠰᠡᠨ ᠠᠴᠠ ᠨᠠᠰᠢ᠂ ᠠᠵᠢᠯᠯᠠᠬᠤ ᠳᠤᠭᠤᠶᠢᠯᠠᠩ ᠤᠨ ᠬᠢᠨ ᠭᠡᠷ ᠪᠠᠶᠢᠰᠢᠩ ᠢ ᠲᠠᠲᠠᠪᠤᠷᠢᠯᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢ ᠴᠠᠭ ᠲᠤᠬᠠᠢ ᠳᠤᠨᠢ ᠲᠤᠰᠬᠤᠨ ᠤ ᠠᠷᠠᠳ ᠤᠯᠠᠨ ᠳᠤ ᠤᠬᠠᠭᠤᠯᠵᠤ ᠤᠶᠢᠯᠠᠭᠠᠭᠤᠯᠤᠭᠰᠠᠨ ᠪᠠᠶᠢᠨ᠎ᠠ᠃        ︽ᠤᠳᠤᠬᠠᠨ ᠤ ᠭᠠᠵᠠᠷ ᠲᠠᠲᠠᠪᠤᠷᠢᠯᠠᠬᠤ ᠠᠵᠢᠯ ᠮᠠᠰᠢ ᠤᠷᠤᠭᠰᠢᠲᠠᠢ ᠪᠠᠶᠢᠨ᠎ᠠ᠂ ᠲᠤᠰᠬᠤᠨ ᠤ ᠠᠷᠠᠳ ᠤᠨ ᠳᠤᠷᠠᠳᠤᠭᠰᠠᠨ ᠬᠦᠴᠢᠷ ᠲᠦᠪᠡᠭ ᠪᠠ ᠰᠠᠨᠠᠯ ᠢ ᠪᠢᠳᠡ ᠲᠡᠪᠴᠢᠶᠡᠷᠢ ᠲᠠᠢ ᠬᠦᠯᠢᠶᠡᠨ ᠠᠪᠴᠤ᠂ ᠵᠦᠢ ᠶᠤᠰᠤᠨ ᠤ ᠱᠠᠭᠠᠷᠳᠠᠯᠭ᠎ᠠ ᠶᠢ ᠬᠠᠨᠤᠮᠵᠢᠲᠠᠢ ᠰᠢᠢᠳᠪᠦᠷᠢᠯᠡᠨ᠂ ᠲᠡᠳᠡᠨ ᠢ ᠰᠢᠨ᠎ᠡ ᠰᠠᠭᠤᠴᠠ ᠳᠤᠨᠢ ᠡᠷᠲᠡ ᠨᠢᠭᠡ ᠡᠳᠦᠷ ᠨᠡᠭᠦᠯᠭᠡᠨ ᠤᠷᠤᠭᠤᠯᠬᠤ ᠪᠠᠷ ᠴᠢᠷᠮᠠᠶᠢᠵᠤ ᠪᠤᠢ︾ ᠭᠡᠵᠦ ᠭᠠᠵᠠᠷ ᠲᠠᠲᠠᠪᠤᠷᠢᠯᠠᠬᠤ ᠠᠵᠢᠯᠯᠠᠬᠤ ᠳᠤᠭᠤᠶᠢᠯᠠᠩ ᠤᠨ ᠵᠠᠩ ᠰᠢᠨ ᠰᠢᠨ ᠬᠡᠯᠡᠵᠡᠢ᠃        ᠭᠠᠵᠠᠷ ᠲᠠᠲᠠᠪᠤᠷᠢᠯᠠᠬᠤ ᠠᠵᠢᠯ ᠤᠨ ᠲᠦᠷᠦ ᠶᠢᠨ ᠪᠤᠳᠤᠯᠭ᠎ᠠ᠂ ᠠᠯᠬᠤᠮ ᠳᠠᠷᠠᠭ᠎ᠠ᠂ ᠨᠦᠬᠦᠪᠦᠷᠢ ᠶᠢᠨ ᠪᠠᠷᠢᠮᠵᠢᠶ᠎ᠠ ᠶᠢ ᠢᠯᠡ ᠪᠤᠯᠭᠠᠵᠤ᠂ ᠬᠤᠩ ᠱᠠᠨ ᠲᠤᠭᠤᠷᠢᠭ ᠤᠨ ᠭᠡᠷ ᠪᠠᠶᠢᠰᠢᠩ ᠢ ᠲᠠᠲᠠᠪᠤᠷᠢᠯᠠᠬᠤ ᠠᠵᠢᠯ ᠤᠨ ᠠᠯᠪᠠᠨ ᠭᠡᠷ ᠨᠢ ︽ᠭᠠᠵᠠᠷ ᠲᠠᠲᠠᠪᠤᠷᠢᠯᠠᠬᠤ ᠵᠢᠭᠠᠪᠤᠷᠢ︾ ᠪᠤᠯᠤᠨ ︽ᠭᠠᠵᠠᠷ ᠲᠠᠲᠠᠪᠤᠷᠢᠯᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠨᠦᠬᠦᠪᠦᠷᠢ ᠶᠢᠨ ᠪᠠᠷᠢᠮᠵᠢᠶ᠎ᠠ ᠶᠢ ᠪᠦᠷᠭᠡᠲᠦ ᠲᠤᠭᠤᠷᠢᠭ ᠲᠤ ᠨᠡᠶᠢᠲᠡᠯᠡᠨ᠂ ᠭᠠᠵᠠᠷ ᠲᠠᠲᠠᠪᠤᠷᠢᠯᠠᠬᠤ ᠠᠵᠢᠯ ᠢ ᠲᠦᠪ ᠭᠤᠤᠯᠴᠢ᠂ ᠡᠷᠬᠡ ᠲᠡᠭᠰᠢ᠂ ᠢᠯᠡ ᠲᠤᠳᠤ ᠪᠤᠯᠭᠠᠨ᠂ ᠭᠠᠵᠠᠷ ᠲᠠᠲᠠᠪᠤᠷᠢᠯᠠᠭᠳᠠᠬᠤ ᠡᠲᠡᠭᠡᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号