ᠳᠤᠮᠳᠠ ᠲᠣᠭᠤᠷᠢᠯ ᠲᠦᠷᠭᠡᠨ ᠵᠠᠮ ᠪᠠ ᠤᠯᠤᠰ ᠤᠨ ᠵᠠᠮ 306 ᠱᠤᠭᠤᠮ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠠᠩᠭᠠᠷᠢᠭᠯᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-14
         6 ᠰᠠᠷ᠎ᠠ ᠶᠢᠨ 11 ᠤ ᠡᠳᠦᠷ᠂ ᠮᠠᠨ ᠤ ᠬᠤᠲᠠ ᠳᠤᠮᠳᠠ ᠲᠣᠭᠤᠷᠢᠯ ᠲᠦᠷᠭᠡᠨ ᠵᠠᠮ ᠪᠠ ᠤᠯᠤᠰ ᠤᠨ ᠵᠠᠮ 306 ᠱᠤᠭᠤᠮ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠠᠩᠭᠠᠷᠢᠭᠯᠠᠬᠤ ᠶᠡᠭᠡ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠬᠠᠮᠢᠶ᠎ᠠ ᠪᠦᠬᠦᠢ ᠨᠢᠭᠡᠴᠡ ᠶᠢᠨ ᠤᠯᠠᠮ ᠨᠢᠭᠡᠨ ᠠᠯᠬᠤᠮ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠱᠠᠯᠠᠪᠳᠠᠨ ᠬᠥᠳᠡᠯᠦᠯᠴᠡᠬᠦ ᠶᠢ ᠳᠠᠶᠢᠴᠢᠯᠠᠨ ᠠᠬᠢᠭᠤᠯᠵᠤ᠂ ᠡᠨᠡᠬᠦ ᠲᠥᠷᠥᠯ ᠤᠨ ᠴᠢᠬᠤᠯᠠ ᠢᠨᠵᠧᠨᠧᠷᠢᠩ ᠤᠨ ᠡᠷᠲᠡᠬᠡᠨ ᠪᠡᠶᠡᠯᠡᠭᠳᠡᠬᠦ ᠶᠢ ᠪᠠᠲᠤᠯᠠᠵᠠᠢ᠃        ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠰᠢᠶᠠᠨ ᠳ᠋ᠦᠩ ᠬᠤᠷᠠᠯ ᠳᠤ ᠣᠷᠣᠯᠴᠠᠭᠰᠠᠨ ᠮᠥᠷᠲᠡᠭᠡᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠥᠸᠧ ᠢᠦᠢ ᠹᠧᠩ ᠬᠤᠷᠠᠯ ᠢ ᠡᠷᠬᠢᠯᠡᠵᠡᠢ᠃        ᠮᠧᠩ ᠰᠢᠶᠠᠨ ᠳ᠋ᠦᠩ ᠳᠤᠮᠳᠠ ᠲᠣᠭᠤᠷᠢᠯ ᠲᠦᠷᠭᠡᠨ ᠵᠠᠮ ᠪᠠ ᠤᠯᠤᠰ ᠤᠨ ᠵᠠᠮ 306 ᠱᠤᠭᠤᠮ ᠤᠨ ᠥᠭᠡᠷᠡᠴᠢᠯᠡᠯᠲᠡ ᠶᠢᠨ ᠢᠨᠵᠧᠨᠧᠷᠢᠩ ᠨᠢ ᠤᠯᠠᠨ ᠵᠢᠯ ᠤᠨ ᠲᠤᠷᠰᠢᠬᠢ ᠤᠯᠠᠭᠠᠨᠬᠠᠳᠠᠴᠤᠳ ᠤᠨ ᠬᠦᠰᠡᠨ ᠬᠦᠯᠢᠶᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ᠂ ᠵᠠᠭᠤᠨ ᠲᠦᠮᠡᠨ ᠬᠥᠮᠥᠨ ᠠᠮᠠ ᠲᠠᠢ ᠭᠤᠣᠯ ᠬᠤᠲᠠ ᠶᠢ ᠪᠦᠲᠦᠭᠡᠨ ᠪᠠᠶᠢᠭᠤᠯᠬᠤ ᠳᠤ ᠳᠤᠲᠠᠭᠤᠳᠠᠯ ᠢ ᠨᠥᠬᠦᠪᠦᠷᠢᠯᠡᠬᠦ ᠵᠠᠪᠠᠯ ᠬᠡᠷᠡᠭᠵᠢᠭᠦᠯᠬᠦ ᠢᠨᠵᠧᠨᠧᠷᠢᠩ᠂ ᠮᠥᠨ ᠴᠦ ᠤᠯᠠᠭᠠᠨᠬᠠᠳᠠ ᠶᠢᠨ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠢᠨᠵᠧᠨᠧᠷᠢᠩ ᠪᠠᠶᠢᠵᠤ᠂ ᠡᠨᠡᠬᠦ ᠲᠥᠷᠥᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠨᠢ ᠪᠣᠳᠠᠲᠤ ᠠᠴᠢ ᠬᠤᠯᠪᠣᠭᠳᠠᠯ ᠲᠠᠢ ᠮᠥᠷᠲᠡᠭᠡᠨ ᠠᠯᠤᠰ ᠬᠡᠳᠦ ᠶᠢᠨ ᠪᠦᠬᠦ ᠲᠠᠯ᠎ᠠ ᠶᠢᠨ ᠠᠴᠢ ᠬᠤᠯᠪᠣᠭᠳᠠᠯ ᠲᠠᠢ ᠶᠤᠮ᠃ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠡᠷᠬᠡᠪᠰᠢ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠠᠴᠠ ᠡᠨᠡᠬᠦ ᠲᠥᠷᠥᠯ ᠤᠨ ᠢᠨᠵᠧᠨᠧᠷᠢᠩ ᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠦᠯᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠢᠨᠵᠧᠨᠧᠷᠢᠩ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠵᠠᠢ᠃        ᠮᠧᠩ ᠰᠢᠶᠠᠨ ᠳ᠋ᠦᠩ᠂ ᠵᠣᠷᠢᠭᠲᠠᠢ ᠡᠭᠦᠷᠭᠡᠯᠡᠵᠦ᠂ ᠰᠠᠨᠠᠭᠠᠴᠢᠯᠠᠭ᠎ᠠ ᠲᠠᠢ ᠠᠵᠢᠯᠯᠠᠬᠤ ᠵᠣᠷᠢᠭ ᠰᠠᠨᠠᠭ᠎ᠠ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠡᠷᠬᠡᠪᠰᠢ ᠡᠭᠦᠷᠭᠡ ᠪᠠᠨ ᠨᠠᠷᠢᠯᠢᠭ ᠬᠤᠪᠢᠶᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠭᠠᠷ ᠭᠦᠢᠴᠡᠳᠬᠡᠯ ᠬᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠵᠦ᠂ ᠬᠠᠷᠢᠭᠤᠴᠠᠯᠭ᠎ᠠ ᠶᠢᠨ ᠬᠠᠷᠠᠯᠲᠠ ᠪᠠ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠮᠧᠩ ᠰᠢᠶᠠᠨ ᠳ᠋ᠦᠩ᠂ ᠶᠠᠰᠤ ᠴᠢᠨᠠᠷ᠂ ᠠᠮᠤᠷ ᠲᠦᠪᠰᠢᠨ᠂ ᠠᠬᠢᠴᠠ ᠶᠢᠨ ᠱᠠᠭᠠᠷᠳᠠᠯᠭ᠎ᠠ ᠶᠢ ᠬᠦᠨᠳᠦᠳᠬᠡᠵᠦ᠂ ᠢᠨᠵᠧᠨᠧᠷᠢᠩ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠭᠡᠷ᠎ᠡ ᠪᠠᠨ ᠭᠦᠢᠴᠡᠳᠬᠡᠵᠦ᠂ ᠵᠣᠬᠢᠴᠠᠭᠤᠯᠤᠨ ᠲᠣᠬᠢᠷᠠᠭᠤᠯᠵᠤ᠂ ᠢᠨᠵᠧᠨᠧᠷᠢᠩ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭ ᠢᠨᠵᠧᠨᠧᠷᠢᠩ᠂ ᠠᠮᠤᠷ ᠲᠦᠪᠰᠢᠨ ᠢᠨᠵᠧᠨᠧᠷᠢᠩ᠂ ᠥᠨᠳᠥᠷ ᠠᠰᠢᠭᠲᠤ ᠢᠨᠵᠧᠨᠧᠷᠢᠩ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠳᠡᠭᠡᠷ᠎ᠡ᠂ ᠭᠥᠸᠧ ᠢᠦᠢ ᠹᠧᠩ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠬᠤᠲᠠ ᠬᠥᠳᠡᠭᠡ ᠪᠠ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠲᠥᠯᠥᠭᠡᠯᠡᠭᠴᠢ ᠠᠴᠠ ᠣᠪᠣᠷ ᠢᠶᠠᠨ ᠢᠯᠡᠳᠬᠡᠨ ᠦᠭᠡ ᠶᠠᠷᠢᠵᠤ᠂ ᠬᠤᠲᠠ ᠶᠢᠨ ᠵᠠᠰᠠᠭ ᠤᠨ ᠣᠷᠳᠣᠨ ᠪᠣᠯᠣᠨ ᠬᠤᠲᠠ ᠬᠥᠳᠡᠭᠡ ᠪᠠ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠲᠤᠰ ᠲᠤᠰ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠲᠠ ᠶᠢᠨ ᠬᠤᠲᠠ ᠬᠥᠳᠡᠭᠡ ᠪᠠ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠨᠢᠭᠡᠳ ᠨᠢᠭᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠶᠢᠨ ᠨᠢᠭᠡᠴᠡ ᠵᠢᠴᠢ ᠬᠤᠭᠤᠯᠠᠢ ᠤᠲᠠᠰᠤᠨ ᠤ ᠥᠮᠴᠢᠯᠡᠬᠦ ᠡᠷᠬᠡ ᠶᠢᠨ ᠨᠢᠭᠡᠴᠡ ᠲᠠᠢ ᠬᠠᠷᠢᠭᠤᠴᠠᠯᠭ᠎ᠠ ᠶᠢᠨ ᠭᠡᠷ᠎ᠡ ᠲᠣᠭᠲᠠᠵᠠᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号