ᠮᠠᠨ ᠤ ᠬᠤᠲᠠ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018-06-15
       6 ᠰᠠᠷ᠎ᠠ ᠶᠢᠨ 12 ᠤᠨ ᠡᠳᠦᠷ ᠤᠨ ᠦᠳᠡ ᠠᠴᠠ ᠬᠤᠶᠢᠨ᠎ᠠ᠂ ᠮᠠᠨ ᠤ ᠬᠤᠲᠠ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠬᠤᠲᠠ ᠶᠢᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠢ ᠨᠡᠶᠢᠲᠡᠯᠡᠵᠡᠢ᠃        ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠨᠢ ᠨᠡᠩ ᠡᠷᠬᠡ ᠲᠡᠭᠰᠢ ᠦᠷᠭᠦᠯᠵᠢᠯᠡᠬᠦ᠋ᠢᠴᠡ ᠨᠡᠶᠢᠭᠡᠮ ᠤᠨ ᠪᠠᠲᠤᠯᠠᠪᠤᠷᠢ ᠶᠢᠨ ᠳᠦᠷᠢᠮ ᠢ ᠪᠠᠶᠢᠭᠤᠯᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ᠂ ᠠᠵᠢᠯ ᠦᠢᠯᠡᠰ ᠤᠨ ᠨᠢᠭᠡᠴᠡ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠬᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠵᠢᠯᠲᠠᠨ ᠤ ᠵᠦᠢ ᠵᠣᠬᠢᠰᠲᠠᠢ ᠡᠮᠬᠢ ᠵᠢᠷᠤᠮ ᠲᠠᠢ ᠰᠢᠯᠵᠢᠬᠦ ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠥᠭᠡᠷᠡᠴᠢᠯᠡᠯᠲᠡ ᠡᠷᠬᠡ ᠲᠡᠭᠰᠢ ᠪᠣᠯᠣᠨ ᠦᠷ᠎ᠡ ᠪᠦᠲᠦᠮᠵᠢ ᠶᠢ ᠬᠠᠷᠢᠯᠴᠠᠨ ᠬᠠᠷᠠᠭᠠᠯᠵᠠᠬᠤ ᠵᠠᠷᠴᠢᠮ᠂ ᠪᠠᠲᠤᠯᠠᠪᠤᠷᠢ ᠶᠢᠨ ᠬᠢᠷᠢ ᠲᠦᠪᠰᠢᠨ ᠨᠢ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠨᠢ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠯᠦᠭᠡ ᠬᠠᠷᠢᠯᠴᠠᠨ ᠵᠣᠬᠢᠴᠠᠬᠤ ᠵᠠᠷᠴᠢᠮ᠂ ᠥᠭᠡᠷᠡᠴᠢᠯᠡᠯᠲᠡ ᠠᠴᠠ ᠡᠮᠦᠨ᠎ᠡ ᠬᠤᠶᠢᠨᠠᠬᠢ ᠬᠠᠷᠠᠭᠠᠯᠵᠠᠯ ᠤᠨ ᠬᠢᠷᠢ ᠬᠡᠮᠵᠢᠶ᠎ᠡ ᠶᠢ ᠬᠠᠷᠢᠯᠴᠠᠨ ᠵᠣᠯᠭᠠᠯᠴᠠᠭᠤᠯᠬᠤ ᠵᠠᠷᠴᠢᠮ᠂ ᠲᠣᠪᠤᠶᠢᠮ᠎ᠠ ᠵᠥᠷᠢᠴᠡᠯ ᠢ ᠰᠢᠢᠳᠪᠦᠷᠢᠯᠡᠬᠦ ᠪᠣᠯᠣᠨ ᠦᠷᠭᠦᠯᠵᠢᠯᠡᠬᠦ᠋ᠢᠴᠡ ᠬᠥᠭᠵᠢᠯᠲᠡ ᠶᠢ ᠪᠠᠲᠤᠯᠠᠬᠤ ᠶᠢ ᠬᠠᠷᠢᠯᠴᠠᠨ ᠠᠬᠢᠭᠤᠯᠬᠤ ᠵᠠᠷᠴᠢᠮ ᠢ ᠵᠢᠷᠤᠮᠯᠠᠵᠤ᠂ 2014 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦᠨ ᠤ ᠬᠠᠷᠠᠭᠠᠯᠵᠠᠯ ᠢ ᠲᠣᠭᠲᠠᠭᠠᠬᠤ ᠲᠣᠭᠲᠠᠴᠠ᠂ ᠥᠭᠡᠷᠡᠴᠢᠯᠡᠯᠲᠡ ᠠᠴᠠ ᠡᠮᠦᠨ᠎ᠡ ᠬᠤᠶᠢᠨᠠᠬᠢ ᠬᠠᠷᠠᠭᠠᠯᠵᠠᠯ ᠢ ᠵᠣᠯᠭᠠᠯᠴᠠᠭᠤᠯᠬᠤ ᠲᠥᠷᠥ ᠶᠢᠨ ᠪᠣᠳᠣᠯᠭ᠎ᠠ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠵᠡᠷᠭᠡ ᠳᠤ ᠥᠭᠡᠷᠡᠴᠢᠯᠡᠯᠲᠡ ᠬᠢᠵᠡᠢ᠃        ᠮᠠᠨ ᠤ ᠬᠤᠲᠠ ᠶᠢᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠠᠰᠤᠵᠢᠯ ᠤᠨ ᠳᠠᠭᠠᠳᠬᠠᠯ ᠤᠨ ᠥᠭᠡᠷᠡᠴᠢᠯᠡᠯᠲᠡ ᠶᠢᠨ ᠠᠵᠢᠯ ᠨᠢ 2016 ᠣᠨ ᠤ 3 ᠰᠠᠷ᠎ᠠ ᠠᠴᠠ ᠡᠬᠢᠯᠡᠵᠦ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠣᠯᠠᠨ ᠠᠷᠭ᠎ᠠ ᠶᠢ ᠵᠡᠷᠭᠡᠪᠡᠷ ᠬᠡᠷᠡᠭᠯᠡᠵᠦ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃ 2018 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ 2413 ᠨᠢᠭᠡᠴᠡ ᠶᠢᠨ 18.3 ᠲᠦᠮᠡᠨ ᠬᠥᠮᠥᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ 99.9% ᠬᠦᠷᠴᠦ᠂ 2018 ᠣᠨ ᠤ 5 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠬᠤᠲᠠ ᠶᠢᠨ 2370 ᠨᠢᠭᠡᠴᠡ ᠨᠢ ᠪᠡᠯᠡᠳᠬᠡᠯ ᠬᠤᠭᠤᠴᠠᠭᠠᠨ ᠤ ᠳᠠᠩᠰᠠ ᠪᠣᠳᠣᠬᠤ ᠠᠵᠢᠯ ᠢᠶᠠᠨ ᠳᠠᠭᠤᠰᠬᠠᠵᠤ᠂ 6 ᠰᠠᠷ᠎ᠠ ᠳᠤ 2369 ᠨᠢᠭᠡᠴᠡ ᠨᠢ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠰᠢᠰᠲ᠋ᠧᠮ ᠢᠶᠠᠷ ᠨᠠᠰᠤᠵᠢᠯ ᠤᠨ ᠳᠠᠭᠠᠳᠬᠠᠯ ᠤᠨ ᠮᠥᠩᠭᠦ ᠲᠠᠷᠬᠠᠭᠠᠵᠠᠢ᠃ ᠮᠠᠨ ᠤ ᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠪᠠᠷᠢᠮᠵᠢᠶ᠎ᠠ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ᠂ 2016᠂ 2017 ᠣᠨ ᠤ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠪᠠᠷᠢᠮᠵᠢᠶ᠎ᠠ ᠶᠢ ᠲᠣᠬᠢᠷᠠᠭᠤᠯᠬᠤ ᠠᠵᠢᠯ ᠢᠶᠠᠨ ᠨᠢᠭᠡᠨᠲᠡ ᠪᠡᠶᠡᠯᠡᠭᠦᠯᠵᠡᠢ᠃        ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠥᠭᠡᠷᠡᠴᠢᠯᠡᠯᠲᠡ ᠶᠢᠨ ᠳᠠᠷᠠᠭ᠎ᠠ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠨᠢ ᠬᠠᠰᠤᠭᠳᠠᠬᠤ ᠡᠰᠡᠬᠦ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠮᠥᠩᠭᠦ ᠶᠢ ᠬᠡᠷᠬᠢᠨ ᠲᠣᠭᠲᠠᠭᠠᠬᠤ᠂ ᠮᠠᠨ ᠤ ᠬᠤᠲᠠ ᠶᠢᠨ ᠨᠠᠰᠤᠵᠢᠯ ᠤᠨ ᠳᠠᠭᠠᠳᠬᠠᠯ ᠤᠨ ᠠᠵᠢᠯ ᠢ ᠭᠠᠷᠳᠠᠨ ᠬᠢᠬᠦ ᠪᠠᠶᠢᠭᠤᠯᠤᠮᠵᠢ ᠶᠢᠨ ᠰᠠᠭᠤᠵᠤ ᠪᠠᠶᠢᠭ᠎ᠠ ᠭᠠᠵᠠᠷ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号