ᠮᠧᠩ ᠰᠢᠶᠠᠨ ᠳ᠋ᠦᠩ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2018-06-15
       6 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠰᠢᠶᠠᠨ ᠳ᠋ᠦᠩ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠤᠶᠢᠯᠠᠭᠠᠬᠤ ᠪᠠᠷ ᠤᠯᠠᠭᠠᠨᠬᠠᠳᠠ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ᠂ ᠬᠤᠲᠠ ᠶᠢᠨ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠵᠤ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠶᠢᠨ ᠲᠤᠷᠰᠢᠯᠲᠡ ᠶᠢᠨ ᠰᠠᠭᠤᠷᠢᠨ ᠭᠠᠵᠠᠷ ᠤᠨ ᠠᠮᠢᠲᠠᠨ ᠤ ᠬᠢᠵᠢᠭ ᠢ ᠣᠨᠣᠰᠢᠯᠠᠨ ᠡᠮᠨᠡᠬᠦ ᠲᠥᠪ᠂ ᠶᠠᠨ ᠺᠠᠩ ᠡᠮ ᠤᠨ ᠦᠢᠯᠡᠰ ᠤᠨ ᠦᠢᠯᠡᠳᠪᠦᠷᠢᠯᠡᠯ ᠤᠨ ᠲᠠᠰᠤᠭ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠮᠧᠩ ᠯᠥᠩ ᠦᠷ᠎ᠡ ᠶᠢᠨ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠬᠡᠮᠵᠢᠯᠲᠡ ᠶᠢᠨ ᠲᠥᠪ᠂ ᠶᠡᠷᠦᠩᠬᠡᠶᠢᠯᠡᠭᠰᠡᠨ ᠲᠤᠷᠰᠢᠯᠲᠠ ᠶᠢᠨ ᠭᠡᠷ ᠢᠶᠠᠷ ᠲᠣᠭᠤᠷᠢᠨ ᠦᠵᠡᠵᠦ᠂ ᠵᠢᠭᠠᠨ ᠰᠤᠷᠭᠠᠬᠤ ᠰᠤᠳᠤᠯᠬᠤ ᠠᠵᠢᠯᠯᠠᠭᠠᠨ ᠢ ᠥᠷᠨᠢᠭᠦᠯᠦᠭᠰᠡᠨ ᠪᠠᠶᠢᠳᠠᠯ ᠢ ᠨᠠᠷᠢᠯᠢᠭ ᠤᠶᠢᠯᠠᠭᠠᠭᠰᠠᠨ ᠮᠥᠷᠲᠡᠭᠡᠨ ᠶᠠᠷᠢᠯᠴᠠᠬᠤ ᠬᠤᠷᠠᠯ ᠬᠢᠵᠦ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠬᠤ ᠪᠠᠶᠢᠳᠠᠯ᠂ ᠬᠦᠴᠢᠷᠳᠡᠯ ᠵᠢᠴᠢ ᠳᠠᠷᠠᠭᠠᠴᠢ ᠶᠢᠨ ᠴᠢᠷᠮᠠᠶᠢᠬᠤ ᠴᠢᠭᠯᠡᠯ ᠢ ᠰᠤᠳᠤᠯᠤᠨ ᠶᠠᠷᠢᠯᠴᠠᠵᠠᠢ᠃        ᠮᠧᠩ ᠰᠢᠶᠠᠨ ᠳ᠋ᠦᠩ᠂ ᠣᠶᠢᠷ᠎ᠠ ᠶᠢᠨ ᠵᠢᠯ ᠳᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠨᠢ ᠳᠡᠭᠡᠷ᠎ᠡ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠣᠣᠱᠠᠯᠠᠭᠤᠯᠵᠤ᠂ ︽ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠢ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ᠂ ︽ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠢ᠂ ᠮᠠᠯᠴᠢᠨ ᠲᠠᠷᠢᠶᠠᠴᠢᠨ︾ ᠢ ᠪᠠᠲᠤᠯᠠᠬᠤ᠂ ︽ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠢ᠂ ᠮᠠᠯᠴᠢᠨ ᠲᠠᠷᠢᠶᠠᠴᠢᠨ︾ ᠢ ᠳᠡᠮᠵᠢᠬᠦ ᠵᠡᠷᠭᠡ ᠲᠠᠯ᠎ᠠ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠭᠦᠨ ᠤ ᠬᠠᠮᠲᠤ᠂ ᠠᠵᠤ ᠠᠬᠤᠢ ᠶᠢᠨ ᠴᠢᠨᠠᠷ ᠰᠠᠶᠢᠨ ᠬᠥᠭᠵᠢᠯᠲᠡ ᠶᠢ ᠠᠬᠢᠭᠤᠯᠬᠤ ᠨᠡᠩ ᠥᠨᠳᠥᠷ ᠱᠠᠭᠠᠷᠳᠠᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠲᠣᠯᠭᠠᠮ᠎ᠠ ᠱᠠᠭᠠᠷᠳᠠᠯᠭ᠎ᠠ ᠳᠤ ᠬᠠᠨᠳᠤᠭᠤᠯᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠪᠣᠳᠠᠲᠠᠢ ᠪᠠᠷ ᠠᠵᠢᠯᠯᠠᠵᠤ᠂ ᠬᠠᠮᠲᠤᠷᠠᠯᠴᠠᠭᠠᠨ ᠤ ᠬᠦᠴᠦᠨ ᠢ ᠪᠦᠷᠢᠯᠳᠦᠭᠦᠯᠵᠦ᠂ ᠮᠠᠨ ᠢ ᠳᠠᠬᠢᠨᠲᠠ ᠰᠢᠨ᠎ᠡ ᠱᠠᠲᠤᠨ ᠳᠤ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃        ᠮᠧᠩ ᠰᠢᠶᠠᠨ ᠳ᠋ᠦᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠮᠠᠯᠵᠢᠬᠤ ᠲᠠᠷᠢᠶᠠᠯᠠᠬᠤ ᠣᠷᠣᠨ ᠤ ᠭᠤᠣᠯ ᠠᠵᠢᠯ ᠢ ᠰᠠᠶᠢᠲᠤᠷ ᠬᠢᠬᠦ ᠬᠡᠷᠡᠭᠲᠡᠢ᠃ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠷᠢᠴᠠᠩᠭᠤᠢ ᠬᠤᠴᠣᠷᠤᠩᠭᠤᠢ᠂ ᠤᠰᠤᠨ ᠤ ᠡᠬᠢ ᠪᠠᠶᠠᠯᠢᠭ ᠳᠤᠲᠠᠮᠠᠭ ᠵᠡᠷᠭᠡ ᠪᠣᠳᠠᠲᠤ ᠪᠠᠶᠢᠳᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠭᠦᠨᠵᠡᠭᠡᠢ ᠬᠤᠪᠢᠷᠠᠯᠲᠠ ᠵᠡᠷᠭᠡ ᠰᠢᠨ᠎ᠡ ᠪᠠᠶᠢᠳᠠᠯ ᠳᠤ ᠬᠠᠨᠳᠤᠭᠤᠯᠵᠤ᠂ ᠦᠢᠯᠡᠳᠪᠦᠷᠢᠯᠡᠯ ᠤᠨ ᠬᠦᠴᠦᠨ᠂ ᠦᠢᠯᠡᠳᠪᠦᠷᠢᠯᠡᠯ ᠤᠨ ᠬᠡᠯᠪᠡᠷᠢ᠂ ᠦᠢᠯᠡᠳᠪᠦᠷᠢᠯᠡᠯ ᠤᠨ ᠬᠠᠷᠢᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠢ ᠰᠤᠳᠤᠯᠵᠤ ᠦᠢᠯᠡᠴᠢᠯᠡᠭᠡ᠂ ᠪᠠᠲᠤᠯᠠᠭ᠎ᠠ᠂ ᠳᠡᠮᠵᠢᠯᠭᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠦᠢᠯᠡᠰ ᠤᠨ ᠲᠥᠪᠯᠡᠷᠡᠭᠰᠡᠨ᠂ ᠰᠦᠷᠦᠭᠵᠢᠭᠰᠡᠨ᠂ ᠡᠷᠴᠢᠮᠵᠢᠭ᠍ᠰᠡᠨ ᠬᠥᠭᠵᠢᠯᠲᠡ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃        ᠮᠧᠩ ᠰᠢᠶᠠᠨ ᠳ᠋ᠦᠩ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠤ ᠬᠡᠷᠡᠭᠴᠡᠭᠡ ᠯᠤᠲᠤ ᠶᠡᠭᠡ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠡᠷᠡᠭᠴᠡᠭᠡ ᠲᠠᠢ ᠵᠣᠯᠭᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ ᠲᠤᠰᠬᠠᠢ ᠮᠡᠷᠭᠡᠵᠢᠯ ᠢ ᠲᠣᠬᠢᠷᠠᠭᠤᠯᠵᠤ᠂ ᠬᠥᠭᠵᠢᠯᠲᠡ ᠶᠢᠨ ᠬᠢᠯᠠᠰ ᠴᠡᠭ ᠪᠠ ᠣᠨᠴᠠᠯᠢᠭ ᠢ ᠪᠦᠷᠢᠯᠳᠦᠭᠦᠯᠬᠦ ᠬᠡᠷᠡᠭᠲᠡᠢ᠃ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠪᠣᠳᠠᠲᠠᠢ ᠠᠵᠢᠯᠯᠠᠵᠤ ᠦᠢᠯᠡᠰ ᠪᠣᠰᠬᠠᠬᠤ ᠠᠭᠤᠷ ᠠᠮᠢᠰᠬᠤᠯ ᠢ ᠪᠣᠢ ᠪᠣᠯᠭᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃        ᠬᠤᠲᠠ ᠶᠢᠨ ᠳᠡᠳ᠋ ᠳᠠᠷᠤᠭ᠎ᠠ ᠸᠠᠩ ᠭᠥᠸᠧ ᠰᠧᠨ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠵᠠᠢ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号