ᠥᠪᠥᠷ ᠮᠣᠩᠭᠤᠯ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ ᠤᠯᠠᠮᠵᠢᠯᠠᠯᠲᠤ ᠪᠤᠰᠤ ᠠᠶᠤᠯ ᠶᠡᠬᠡᠲᠡᠢ ᠠᠵᠢᠯ ᠲᠥᠷᠥᠯ ᠤᠨ ᠠᠳᠡᠯ ᠤᠯᠠᠨ ᠡᠭᠦᠰᠴᠡᠢ
ᠨᠡᠶᠢᠲᠡᠯᠡᠭᠰᠡᠨ ᠴᠠᠭ᠄
2018-06-15
       ᠡᠨᠡ ᠵᠢᠯ ᠠᠴᠠ ᠨᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠲᠤᠭᠲᠠᠭᠤᠨ ᠪᠠᠶᠢᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠡᠭᠦᠰᠦᠭᠰᠡᠨ ᠠᠳᠡᠯ ᠪᠠ ᠦᠬᠦᠵᠦ ᠠᠳᠡᠭᠰᠡᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠶᠡᠭᠡ ᠬᠡᠮᠵᠢᠶ᠎ᠡ ᠪᠠᠷ ᠪᠠᠭᠠᠰᠴᠤ᠂ ᠪᠦᠬᠦ ᠤᠯᠤᠰ ᠤᠨ ᠳᠣᠮᠳᠠᠴᠢ ᠬᠢᠷᠢ ᠲᠥᠪᠰᠢᠨ ᠠᠴᠠ ᠰᠠᠶᠢᠨ ᠪᠠᠶᠢᠨ᠎ᠠ᠃ 1 — 5 ᠳ᠋ᠤᠭᠠᠷ ᠰᠠᠷ᠎ᠠ ᠳᠤ᠂ ᠪᠦᠬᠦ ᠣᠷᠣᠨ ᠳᠤ ᠡᠯ᠎ᠡ ᠵᠦᠢᠯ ᠤᠨ ᠠᠶᠦᠯᠭᠦᠢ ᠦᠢᠯᠡᠳᠪᠦᠷᠢᠯᠡᠯ ᠤᠨ ᠠᠳᠡᠯ 207 ᠤᠳᠠᠭ᠎ᠠ ᠡᠭᠦᠰᠴᠦ᠂ ᠦᠬᠦᠵᠦ ᠠᠳᠡᠭᠰᠡᠨ ᠨᠢ 184 ᠬᠥᠮᠥᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 78 ᠠᠳᠡᠯ᠂ 52 ᠬᠥᠮᠥᠨ ᠪᠠᠭᠠᠰᠴᠤ᠂ ᠲᠣᠰ ᠲᠣᠰ 27% ᠪᠠ 22% ᠪᠠᠭᠠᠰᠴᠤ᠂ ᠣᠨᠴᠠ ᠶᠡᠭᠡ ᠬᠦᠨᠳᠦ ᠠᠳᠡᠯ ᠡᠭᠦᠰᠦᠭᠰᠡᠨ ᠦᠭᠡᠢ᠃        ᠥᠪᠥᠷ ᠮᠣᠩᠭᠤᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢ ᠦᠨᠳᠦᠰᠦᠯᠡᠪᠡᠯ᠂ ᠬᠡᠳᠦ᠋ᠢᠪᠡᠷ ᠶᠡᠷᠦᠩᠬᠡᠢ ᠳᠡᠭᠡᠨ ᠲᠣᠭᠲᠠᠭᠤᠨ ᠪᠠᠶᠢᠪᠠᠴᠤ ᠪᠦᠬᠦ ᠣᠷᠣᠨ ᠤ ᠠᠶᠦᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠠᠶᠢᠳᠠᠯ ᠨᠠᠷᠢᠨ ᠪᠤᠳᠤᠯᠢᠶᠠᠨᠲᠠᠢ ᠪᠠᠶᠢᠨ᠎ᠠ᠃ ᠡᠭᠦᠨ ᠳᠤ᠂ ᠤᠯᠠᠮᠵᠢᠯᠠᠯᠲᠤ ᠪᠤᠰᠤ ᠠᠶᠤᠯ ᠶᠡᠬᠡᠲᠡᠢ ᠠᠵᠢᠯ ᠲᠥᠷᠥᠯ ᠤᠨ ᠠᠳᠡᠯ ᠣᠯᠠᠨ ᠡᠭᠦᠰᠬᠦ ᠦᠵᠡᠭᠳᠡᠯ ᠡᠳᠦᠷ ᠢᠷᠡᠬᠦᠶ᠎ᠡ ᠲᠣᠪᠤᠶᠢᠮ᠎ᠠ ᠪᠤᠯᠵᠤ ᠪᠠᠶᠢᠨ᠎ᠠ᠃ ᠣᠳᠣᠬᠠᠨ ᠳᠤ᠂ ᠭᠤᠣᠯᠳᠠᠯᠭ᠎ᠠ ᠲᠠᠢ ᠬᠢᠨᠠᠵᠤ ᠬᠠᠮᠢᠶᠠᠷᠴᠤ ᠪᠠᠶᠢᠭ᠎ᠠ ᠪᠠ ᠰᠡᠷᠭᠡᠶᠢᠯᠡᠵᠤ ᠪᠠᠶᠢᠭ᠎ᠠ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯ ᠲᠠᠢ ᠬᠢᠮᠢ ᠶᠢᠨ ᠪᠤᠳᠠᠰ᠂ ᠪᠠᠷᠢᠯᠭ᠎ᠠ᠂ ᠵᠠᠮ ᠲᠡᠭᠡᠭᠡᠪᠦᠷᠢ ᠵᠡᠷᠭᠡ ᠠᠶᠤᠯ ᠶᠡᠬᠡᠲᠡᠢ ᠤᠯᠠᠮᠵᠢᠯᠠᠯᠲᠤ ᠠᠵᠢᠯ ᠲᠥᠷᠥᠯ ᠤᠨ ᠬᠦᠷᠢᠶᠡᠨ ᠳᠤ ᠠᠮᠤᠷ ᠲᠦᠪᠰᠢᠨ ᠤ ᠪᠠᠶᠢᠳᠠᠯ ᠦᠨᠳᠦᠰᠦᠨ ᠳᠡᠭᠡᠨ ᠲᠤᠭᠲᠠᠭᠤᠨ ᠪᠠᠶᠢᠨ᠎ᠠ᠂ ᠭᠡᠪᠡᠴᠦ ᠡᠩ ᠤᠨ ᠴᠠᠭ ᠲᠤ ᠠᠩᠬᠠᠷᠤᠮᠵᠢ ᠳᠤᠲᠠᠮᠠᠭ ᠪᠠᠶᠢᠳᠠᠭ ᠪᠥᠭᠡᠮ ᠢᠶᠠᠷ ᠪᠠ ᠵᠢᠵᠢᠭᠯᠡᠨ ᠬᠤᠳᠠᠯᠳᠤᠬᠤ᠂ ᠬᠥᠮᠦᠷᠭᠡ ᠶᠢᠨ ᠪᠣᠳᠠᠰ ᠤᠨ ᠭᠦᠢᠯᠭᠡᠭᠡ᠂ ᠤᠳᠬ᠎ᠠ ᠤᠷᠠᠯᠢᠭ ᠪᠡᠶ᠎ᠡ ᠶᠢᠨ ᠲᠠᠮᠢᠷ ᠵᠤᠭ᠎ᠠ ᠴᠡᠩᠭᠡᠯ᠂ ᠰᠠᠭᠤᠭᠠᠯᠢ ᠠᠷᠠᠳ ᠤᠨ ᠦᠢᠯᠡᠴᠢᠯᠡᠭᠡ᠂ ᠴᠠᠬᠢᠯᠭᠠᠨ ᠬᠦᠴᠦᠨ ᠤ ᠬᠠᠩᠭᠠᠯᠭ᠎ᠠ ᠵᠡᠷᠭᠡ ᠤᠯᠠᠮᠵᠢᠯᠠᠯᠲᠤ ᠪᠤᠰᠤ ᠠᠵᠢᠯ ᠲᠥᠷᠥᠯ ᠳᠤ ᠠᠶᠤᠯ ᠣᠯᠠᠰᠢᠷᠠᠵᠤ᠂ ᠠᠳᠡᠭᠰᠡᠨ ᠬᠥᠮᠥᠨ ᠤ ᠲᠤᠭ᠎ᠠ ᠨᠢ ᠦᠢᠯᠡᠳᠪᠦᠷᠢ ᠠᠭᠤᠷᠬᠠᠢ ᠠᠷᠠᠯᠵᠢᠶ᠎ᠠ ᠶᠢᠨ ᠬᠢᠨ ᠤ ᠶᠡᠷᠦᠩᠬᠡᠢ ᠲᠣᠭᠠᠨ ᠤ ᠬᠠᠭᠠᠰ ᠰᠢᠬᠠᠮ ᠢ ᠡᠵᠡᠯᠡᠪᠡ᠃ ᠡᠳᠡᠭᠡᠷ ᠠᠵᠢᠯ ᠲᠥᠷᠥᠯ ᠤᠨ ᠠᠵᠤ ᠠᠬᠤᠶᠢᠯᠠᠯ ᠤᠨ ᠣᠯᠠᠩᠬᠢ ᠨᠢ ᠵᠢᠵᠢᠭ ᠪᠢᠴᠢᠯ ᠠᠵᠤ ᠠᠬᠤᠶᠢᠯᠠᠯ ᠪᠠᠶᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠡᠭᠦᠷᠭᠡ ᠬᠠᠷᠢᠭᠤᠴᠠᠯᠭ᠎ᠠ ᠨᠢ ᠰᠤᠯᠢᠪᠴᠠᠬᠤ᠂ ᠳᠠᠪᠬᠤᠷᠳᠠᠬᠤ᠂ ᠬᠤᠪᠢᠶᠠᠷᠢᠯᠠᠯ ᠨᠢ ᠲᠣᠳᠣᠷᠬᠠᠢ ᠪᠣᠰᠤ᠂ ᠢᠯᠭᠠᠪᠤᠷᠢ ᠦᠭᠡᠢ ᠵᠡᠷᠭᠡ ᠠᠰᠠᠭᠤᠳᠠᠯ ᠣᠷᠣᠰᠢᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠪᠠ ᠰᠡᠯᠡᠭᠦᠦ ᠣᠷᠣᠨ ᠪᠣᠯᠵᠤ ᠪᠠᠶᠢᠳᠠᠭ ᠪᠣᠯᠬᠤᠷ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠤᠯᠠᠮᠵᠢᠯᠠᠯᠲᠤ ᠪᠤᠰᠤ ᠠᠶᠤᠯ ᠶᠡᠬᠡᠲᠡᠢ ᠠᠵᠢᠯ ᠲᠥᠷᠥᠯ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠢᠯᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢᠯᠡᠷᠡᠬᠦ ᠠᠴᠠ ᠰᠡᠷᠭᠡᠶᠢᠯᠡᠬᠦ ᠬᠡᠷᠡᠭᠲᠡᠢ ᠪᠣᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠠᠵᠢᠯ ᠰᠤᠯᠠ ᠪᠠᠶᠢᠬᠤ᠂ ᠦᠨᠳᠦᠰᠦᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠦᠨ ᠪᠠᠭᠤᠷᠠᠢ ᠪᠠᠶᠢᠬᠤ ᠠᠰᠠᠭᠤᠳᠠᠯ ᠨᠡᠶᠢᠳᠡᠮ ᠣᠷᠣᠰᠢᠵᠤ᠂ ᠡᠭᠦᠨ ᠤ ᠳᠡᠭᠡᠷ᠎ᠡ ᠨᠢ ᠬᠤᠶᠠᠳᠤᠭᠠᠷ᠂ ᠭᠤᠷᠪᠠᠳᠤᠭᠠᠷ ᠤᠯᠠᠷᠢᠯ ᠪᠣᠯ ᠡᠯ᠎ᠡ ᠵᠦᠢᠯ ᠤᠨ ᠦᠢᠯᠡᠳᠪᠦᠷᠢᠯᠡᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠠᠭᠠᠷᠠᠯᠲᠠᠢ ᠬᠤᠭᠤᠴᠠᠭ᠎ᠠ ᠪᠣᠯᠬᠤ ᠪᠥᠭᠡᠳ ᠪᠠᠰᠠᠴᠤ ᠠᠳᠡᠯ ᠬᠡᠷᠡᠭ ᠠᠮᠠᠷᠬᠠᠨ ᠡᠭᠦᠰᠳᠡᠭ ᠣᠷᠭᠢᠯ ᠬᠤᠭᠤᠴᠠᠭ᠎ᠠ ᠪᠣᠯᠬᠤᠷ ᠣᠨᠴᠠ ᠶᠡᠭᠡ ᠠᠳᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠮᠥᠨ ᠯᠡ ᠡᠭᠦᠷᠭᠡ ᠬᠦᠨᠳᠦ ᠵᠠᠮ ᠬᠤᠯᠠ ᠪᠠᠶᠢᠨ᠎ᠠ᠃        ᠳᠡᠭᠡᠷᠡᠬᠢ ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠶᠦᠯᠭᠦᠢ ᠦᠢᠯᠡᠳᠪᠦᠷᠢᠯᠡᠯ ᠤᠨ ᠵᠥᠪᠯᠡᠯ ᠠᠴᠠ ᠥᠨᠥᠬᠡᠨ ᠠᠶᠦᠯᠭᠦᠢ ᠦᠢᠯᠡᠳᠪᠦᠷᠢᠯᠡᠯ ᠤᠨ ᠳᠠᠯᠳᠠ ᠭᠡᠮ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠶᠢᠳᠠᠯ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠵᠦ᠂ ᠪᠠᠶᠢᠴᠠᠭᠠᠵᠤ ᠣᠯᠣᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠣᠶᠣ ᠲᠣᠣᠱᠲᠠᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠭᠰᠠᠳ ᠢ ᠠᠳᠡᠯ ᠢᠶᠠᠷ ᠪᠠᠶᠢᠴᠠᠭᠠᠨ ᠰᠢᠢᠳᠪᠦᠷᠢᠯᠡᠨ᠎ᠡ᠃ ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠯᠲᠡ ᠬᠢᠬᠦ᠂ ᠬᠠᠭᠠᠵᠤ ᠵᠣᠭᠰᠤᠭᠠᠬᠤ ᠪᠠ ᠬᠦᠴᠦᠨ ᠦᠭᠡᠢ ᠪᠣᠯᠭᠠᠬᠤ᠂ ᠳᠡᠭᠡᠳᠦ ᠬᠢᠵᠠᠭᠠᠷ ᠢᠶᠠᠷ ᠰᠢᠳᠬᠡᠨ ᠲᠤᠷᠭᠠᠬᠤ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠪᠠ ᠪᠢᠲᠡᠭᠦᠮᠵᠢᠯᠡᠬᠦ᠂ ᠪᠠᠷᠢᠴᠠᠭᠠᠯᠠᠬᠤ᠂ ᠴᠠᠬᠢᠯᠭᠠᠨ ᠢ ᠨᠢ ᠵᠤᠭᠰᠤᠭᠠᠬᠤ ᠵᠡᠷᠭᠡ ᠠᠯᠪᠠᠳᠠᠯᠭ᠎ᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠲᠣᠭᠲᠠᠭᠠᠯ ᠢ ᠵᠥᠷᠢᠴᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠶᠢ ᠵᠥᠷᠢᠴᠡᠭᠰᠡᠨ ᠨᠡᠶᠢᠲᠡᠯᠢᠭ ᠦᠢᠯᠡ ᠠᠵᠢᠯᠯᠠᠭ᠎ᠠ᠂ ᠬᠠᠤᠯᠢ ᠶᠢ ᠵᠥᠷᠢᠴᠡᠭᠰᠡᠨ ᠠᠵᠤ ᠠᠬᠤᠶᠢᠯᠠᠯ᠂ ᠬᠠᠤᠯᠢ ᠶᠢ ᠵᠦᠷᠢᠴᠡᠭᠰᠡᠳ ᠢ ᠢᠯᠡᠴᠢᠯᠡᠬᠦ ᠪᠦᠭᠡᠳ ᠬᠠᠷ᠎ᠠ ᠳᠠᠩᠰᠠᠨ ᠤ ᠬᠠᠮᠢᠶᠠᠷᠤᠯᠲᠠ ᠳᠤ ᠤᠷᠤᠭᠤᠯᠵᠤ ᠬᠠᠮᠲᠤᠷᠠᠨ ᠵᠠᠯᠬᠠᠭᠠᠨ ᠰᠢᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号