ᠳ᠋ᠤᠸᠠᠨ ᡁᠢ ᠴᠢᠶᠠᠩ ᠬᠤᠩᠱᠠᠨ ᠲᠣᠭᠤᠷᠢᠭ ᠲᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠠᠰᠠᠭᠤᠳᠠᠯ ᠢ ᠴᠡᠭᠴᠡᠯᠡᠬᠦ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018-06-15
       6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠬᠤᠩᠱᠠᠨ ᠲᠣᠭᠤᠷᠢᠭ ᠲᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠠᠰᠠᠭᠤᠳᠠᠯ ᠢ ᠲᠤᠬᠠᠢ ᠶᠢᠨ ᠲᠠᠯᠠᠪᠠᠢ ᠳᠤᠨᠢ ᠱᠠᠭᠠᠷᠳᠠᠨ ᠰᠢᠢᠳᠪᠦᠷᠢᠯᠡᠬᠦ ᠦᠶᠡᠰ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠠᠯᠠᠭᠤᠯᠵᠤ᠂ ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠳᠠᠷᠦ᠋ᠢᠬᠠᠨ ᠬᠥᠳᠡᠯᠦᠯᠴᠡᠵᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠵᠠᠰᠠᠨ ᠴᠡᠭᠴᠡᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃        ᠬᠤᠩᠱᠠᠨ ᠲᠣᠭᠤᠷᠢᠭ ᠤᠨ ᠸᠠᠨ ᠳ᠋ᠠ ᠪᠠᠭ᠎ᠠ ᠲᠣᠭᠤᠷᠢᠭ ᠤᠨ A ᠲᠣᠭᠤᠷᠢᠭ ᠤᠨ ᠬᠤᠶᠢᠲᠤ ᠲᠠᠯ᠎ᠠ ᠪᠠ ᠪᠠᠷᠠᠭᠤᠨ ᠲᠠᠯ᠎ᠠ ᠶᠢᠨ ᠵᠡᠭᠡᠯᠢ ᠲᠠᠢ ᠨᠢᠭᠤᠷᠯᠠᠵᠤ ᠪᠠᠶᠢᠭ᠎ᠠ ᠢᠳᠡᠭᠡᠨ ᠤᠮᠳᠠᠭᠠᠨ ᠤ ᠭᠠᠵᠠᠷ ᠤᠨ ᠲᠣᠰᠣᠨ ᠤᠳᠤᠭ᠎ᠠ᠂ ᠲᠠᠭᠤ ᠱᠤᠤᠭᠢᠶᠠᠨ ᠨᠢ ᠠᠷᠠᠳ ᠢ ᠨᠥᠯᠥᠭᠡᠯᠡᠵᠦ ᠪᠠᠶᠢᠭ᠎ᠠ ᠠᠰᠠᠭᠤᠳᠠᠯ ᠪᠣᠯ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ 6 ᠰᠠᠷ᠎ᠠ ᠶᠢᠨ 11 ᠤ ᠡᠳᠦᠷ ᠮᠠᠨ ᠤ ᠬᠤᠲᠠ ᠳᠤ ᠲᠤᠰᠢᠶᠠᠨ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠬᠡᠷᠡᠭ ᠤᠨ ᠨᠢᠭᠡ ᠪᠠᠶᠢᠵᠤ᠂ ᠳ᠋ᠤᠸᠠᠨ ᡁᠢ ᠴᠢᠶᠠᠩ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠡᠢ᠃ 12 ᠤᠨ ᠡᠳᠦᠷ ᠤᠨ ᠦᠳᠡ ᠠᠴᠠ ᠬᠤᠶᠢᠨ᠎ᠠ᠂ ᠲᠡᠷᠡ ᠲᠤᠰᠬᠠᠶᠢᠯᠠᠨ ᠸᠠᠨ ᠳ᠋ᠠ ᠶᠢᠨ ᠱᠦᠢ ᠠᠨ ᠲᠢᠶᠠᠨ ᠵᠢᠶᠧ ᠳᠤ ᠬᠦᠷᠴᠦ᠂ ︽ᠲᠠᠯ᠎ᠠ ᠨᠤᠲᠤᠭ ᠤᠨ ᠲᠣᠮᠤᠭ︾ ᠬᠤᠨᠢᠨ ᠮᠢᠬᠠᠨ ᠤ ᠬᠠᠯᠠᠭᠤᠨ ᠲᠣᠭᠤᠭᠠᠨ ᠤ ᠬᠤᠭᠤᠯᠠᠨ ᠭᠡᠷ᠂ ᠯᠦᠩ ᠶᠢᠨ ᠶᠠᠨ ᠬᠠᠯᠠᠭᠤᠨ ᠲᠣᠭᠤᠭᠠᠨ ᠤ ᠬᠤᠭᠤᠯᠠᠨ ᠭᠡᠷ ᠲᠤ ᠭᠦᠨᠵᠡᠭᠡᠶᠢᠷᠡᠵᠦ᠂ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠠᠰᠠᠭᠤᠳᠠᠯ ᠢ ᠪᠠᠶᠢᠴᠠᠭᠠᠵᠤ᠂ ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠨᠠᠷᠢᠯᠢᠭ ᠣᠶᠢᠯᠠᠭᠠᠵᠠᠢ᠃ ᠲᠡᠷᠡ᠂ ᠬᠤᠳᠠᠯᠳᠤᠭᠠᠴᠢᠳ ᠬᠠᠤᠯᠢ ᠶᠣᠰᠣᠭᠠᠷ ᠡᠵᠡᠩᠨᠡᠬᠦ ᠶᠢᠨ ᠬᠠᠮᠲᠤ ᠣᠯᠠᠨ ᠲᠦᠮᠡᠨ ᠤ ᠢᠯᠡᠴᠢᠯᠡᠨ ᠵᠠᠭᠠᠯᠳᠤᠯᠭ᠎ᠠ ᠶᠢ ᠬᠦᠯᠢᠶᠡᠨ ᠠᠪᠴᠤ᠂ ᠳᠠᠷᠦ᠋ᠢᠬᠠᠨ ᠬᠥᠳᠡᠯᠦᠯᠴᠡᠵᠦ ᠳᠠᠷᠦ᠋ᠢᠬᠠᠨ ᠵᠠᠰᠠᠨ ᠴᠡᠭᠴᠡᠯᠡᠵᠦ᠂ ᠤᠳᠤᠭ᠎ᠠ ᠪᠠ ᠲᠠᠭᠤ ᠱᠤᠤᠭᠢᠶᠠᠨ ᠤ ᠪᠣᠬᠢᠷᠲᠤᠯ ᠢ ᠵᠠᠰᠠᠵᠤ᠂ ᠣᠯᠠᠨ ᠲᠦᠮᠡᠨ ᠤ ᠡᠷᠡᠭᠦᠯ ᠴᠢᠭᠢᠷᠠᠭ᠂ ᠨᠠᠮ ᠰᠡᠯᠡᠭᠦᠬᠡᠨ ᠠᠮᠢᠳᠤᠷᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃        ᠳ᠋ᠤᠸᠠᠨ ᡁᠢ ᠴᠢᠶᠠᠩ ᠭᠠᠯ ᠲᠣᠭᠤᠭᠠᠨ ᠤ ᠥᠷᠥᠭᠡ ᠳᠤ ᠣᠷᠣᠵᠤ ᠤᠳᠤᠭ᠎ᠠ ᠢᠯᠭᠠᠷᠠᠭᠤᠯᠵᠤ ᠰᠠᠯᠬᠢ ᠨᠡᠪᠲᠡᠷᠡᠭᠦᠯᠬᠦ ᠬᠤᠭᠤᠯᠠᠢ ᠶᠢ ᠪᠠᠶᠢᠴᠠᠭᠠᠨ ᠦᠵᠡᠵᠦ᠂ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠰᠢᠯᠲᠠᠭᠠᠨ ᠪᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠠᠷᠢᠯᠢᠭ ᠠᠰᠠᠭᠤᠨ ᠯᠠᠪᠯᠠᠵᠠᠢ᠃ ᠲᠡᠷᠡ᠂ ᠣᠷᠴᠢᠨ ᠲᠣᠭᠤᠷᠢᠨ ᠢ ᠬᠠᠮᠠᠭᠠᠯᠠᠬᠤ ᠪᠣᠯ ᠠᠵᠤ ᠠᠬᠤᠶᠢᠯᠠᠯ ᠤᠨ ᠠᠮᠢᠨ ᠰᠤᠳᠠᠰᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠪᠣᠯ ᠠᠵᠤ ᠠᠬᠤᠶᠢᠯᠠᠯ ᠤᠨ ᠴᠢᠨᠠᠷ ᠰᠠᠶᠢᠨ ᠬᠥᠭᠵᠢᠯᠲᠡ ᠶᠢ ᠪᠡᠶᠡᠯᠡᠭᠦᠯᠬᠦ ᠤᠷᠢᠳᠠᠯ ᠮᠥᠨ᠂ ᠡᠯ᠎ᠡ ᠠᠵᠤ ᠠᠬᠤᠶᠢᠯᠠᠯ ᠡᠷᠬᠡᠪᠰᠢ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠪᠡᠯᠡ ᠣᠷᠤᠭᠤᠯᠤᠯᠲᠠ ᠪᠠᠨ ᠴᠢᠩᠭᠠᠳᠬᠠᠵᠤ᠂ ᠳᠠᠩ ᠭᠠᠭᠴᠠ ᠠᠵᠤ ᠠᠬᠤᠢ ᠶᠢᠨ ᠦᠷ᠎ᠡ ᠠᠰᠢᠭ ᠢ ᠬᠥᠭᠡᠭᠡᠴᠡᠯᠳᠦᠵᠦ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠪᠣᠯᠬᠤ ᠦᠭᠡᠢ ᠭᠡᠵᠦ ᠵᠢᠭᠠᠨ ᠭᠠᠷᠭᠠᠵᠠᠢ᠃ ᠳ᠋ᠤᠸᠠᠨ ᡁᠢ ᠴᠢᠶᠠᠩ᠂ ᠠᠮᠢ ᠠᠬᠤᠢ ᠶᠢᠨ ᠣᠷᠴᠢᠨ ᠲᠣᠭᠤᠷᠢᠨ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠠᠵᠤ ᠠᠬᠤᠶᠢᠯᠠᠯ ᠤᠳ ᠡᠷᠬᠡᠪᠰᠢ ᠦᠨᠡᠨ ᠬᠦ ᠠᠳᠬᠤᠵᠤ ᠦᠨᠡᠨ ᠬᠦ ᠵᠠᠰᠠᠨ ᠰᠠᠶᠢᠵᠢᠷᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠬᠡᠪᠰᠢ ᠦᠨᠡᠨ ᠬᠦ ᠬᠢᠨᠠᠵᠤ᠂ ᠦᠨᠡᠨ ᠬᠦ ᠬᠠᠮᠢᠶᠠᠷᠬᠤ ᠬᠡᠷᠡᠭᠲᠡᠢ᠃ ᠣᠯᠠᠨ ᠲᠦᠮᠡᠨ ᠤ ᠣᠷᠣᠯᠴᠠᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠢ ᠭᠦᠢᠴᠡᠳ ᠪᠡᠶᠡᠯᠡᠭᠦᠯᠵᠦ᠂ ᠨᠠᠮ ᠤᠨ ᠬᠤᠷᠢᠶ᠎ᠠ ᠨᠢᠭᠡᠳᠦᠯᠲᠡᠢ ᠬᠠᠮᠢᠶᠠᠷᠴᠤ᠂ ᠱᠠᠲᠤ ᠱᠠᠲᠤ ᠪᠠᠷ ᠬᠥᠳᠡᠯᠦᠯᠴᠡᠭᠰᠡᠨ ᠵᠦᠢ ᠵᠣᠬᠢᠰᠲᠠᠢ ᠵᠠᠰᠠᠨ ᠴᠡᠭᠴᠡᠯᠡᠬᠦ ᠠᠵᠢᠯ ᠤᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠪᠠᠶᠢᠭᠤᠯᠬᠤ ᠴᠢᠬᠤᠯᠠ ᠱᠠᠭᠠᠷᠳᠠᠯᠭ᠎ᠠ ᠶᠢ ᠴᠡᠭᠡᠵᠢᠯᠡᠵᠦ᠂ ᠦᠢᠯᠡᠳᠦᠯᠭᠡᠵᠢᠭᠦᠯᠵᠦ᠂ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃        ᠲᠤᠬᠠᠢ ᠶᠢᠨ ᠡᠳᠦᠷ ᠤᠨ ᠦᠳᠡ ᠠᠴᠠ ᠡᠮᠦᠨ᠎ᠡ᠂ ᠳ᠋ᠤᠸᠠᠨ ᡁᠢ ᠴᠢᠶᠠᠩ ᠪᠠᠰᠠ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠬᠤᠩᠱᠠᠨ ᠲᠣᠭᠤᠷᠢᠭ ᠤᠨ ᠲᠢᠶᠧ ᠨᠠᠨ ᠤ ᠬᠡᠷᠡᠭ ᠡᠷᠬᠢᠯᠡᠬᠦ ᠭᠠᠵᠠᠷ ᠤᠨ ᠴᠢᠦᠢ ᠵᠢᠶᠠ ᠭᠧᠦ ᠲᠣᠰᠬᠤᠨ ᠤ ᠡᠮᠦᠨ᠎ᠡ ᠠᠭᠤᠯᠠᠨ ᠤ ᠲᠡᠷᠭᠡ ᠬᠦᠰᠭᠡ ᠶᠢᠨ ᠬᠠᠮᠢᠶᠠᠷᠤᠯᠲᠠ ᠶᠢᠨ ᠭᠠᠵᠠᠷ ᠤᠨ ᠣᠷᠴᠢᠮ ᠤᠨ ᠬᠤᠭ ᠨᠣᠪᠰᠢ ᠶᠢᠨ ᠣᠪᠣᠭᠠᠷᠠᠯ ᠨᠢ ᠲᠣᠰᠬᠤᠨ ᠤ ᠠᠷᠠᠳ ᠤᠨ ᠣᠢ ᠮᠣᠳᠣ ᠶᠢ ᠪᠣᠬᠢᠷᠲᠤᠭᠤᠯᠤᠭᠰᠠᠨ ᠠᠰᠠᠭᠤᠳᠠᠯ ᠢ ᠲᠣᠬᠢᠷᠠᠭᠤᠯᠤᠨ ᠵᠢᠯᠣᠭᠤᠳᠴᠤ᠂ ᠬᠤᠩᠱᠠᠨ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠠᠰᠠᠭᠤᠳᠠᠯ ᠢ ᠳᠠᠷᠦ᠋ᠢᠬᠠᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠢᠦᠢ ᠱᠤ᠋ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠵᠢᠯᠯᠠᠭᠠᠨ ᠳᠤ ᠣᠷᠣᠯᠴᠠᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号