ᠰᠢ ᠶᠢᠨ ᠫᠢᠩ ᠪᠤᠯᠢᠸᠢᠶ᠎ᠡ ᠶᠢᠨ ᠶᠡᠷᠤᠩᠬᠡᠶᠢᠯᠡᠭᠴᠢ ᠮᠦᠷᠠᠯᠠᠶᠢᠰ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2018-06-20
       ᠬᠤᠶᠠᠷ ᠤᠯᠤᠰ ᠤᠨ ᠲᠡᠷᠢᠬᠦᠨ ᠲᠤᠮᠳᠠᠳᠤ ᠪᠤᠯᠢᠸᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠬᠤ ᠪᠠᠷ ᠰᠠᠨᠠᠯ ᠨᠢᠬᠡᠳᠡᠢ ᠲᠤᠭᠳᠠᠵᠠᠢ        ᠤᠯᠤᠰ ᠤᠨ ᠲᠡᠷᠢᠬᠦᠯᠡᠭᠴᠢ ᠰᠢ ᠶᠢᠨ ᠫᠢᠩ 19 ᠤ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ ᠪᠤᠯᠢᠸᠢᠶ᠎ᠠ ᠶᠢᠨ ᠶᠡᠷᠤᠩᠬᠡᠶᠢᠯᠡᠭᠴᠢ ᠮᠦᠷᠠᠯᠠᠶᠢᠰ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠬᠦᠨ ᠲᠤᠮᠳᠠᠳᠤ ᠪᠤᠯᠢᠸᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠵᠥ᠂ ᠲᠤᠮᠳᠠᠳᠤ ᠪᠤᠯᠢᠸᠢᠶ᠎ᠠ ᠶᠢᠨ ᠬᠠᠷᠢᠯᠴᠠᠭ᠎ᠠ ᠶᠢᠨ ᠰᠢᠨ᠎ᠡ ᠲᠡᠤᠬᠡ ᠶᠢᠨ ᠭᠠᠷᠤᠭ᠎ᠠ ᠲᠡᠭᠡᠷ᠎ᠡ ᠨᠡᠩ ᠶᠡᠭᠡ ᠬᠦᠭᠵᠢᠯᠳᠡ ᠲᠠᠢ ᠪᠤᠯᠬᠤ ᠶᠢ ᠠᠬᠢᠭᠤᠯᠬᠤ ᠪᠠᠷ ᠰᠠᠨᠠᠯ ᠨᠢᠬᠡᠳᠡᠢ ᠲᠤᠭᠳᠠᠵᠠᠢ᠃        ᠰᠢ ᠶᠢᠨ ᠫᠢᠩ᠂ ᠲᠤᠮᠳᠠᠳᠤ ᠪᠤᠯᠢᠸᠢᠶ᠎ᠠ ᠬᠠᠷᠢᠯᠴᠠᠭ᠎ᠠ ᠪᠠᠶᠢᠭᠤᠯᠤᠬᠰᠠᠠ 33 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠦᠷᠬᠦᠯᠵᠢᠯᠡᠨ ᠲᠤᠭᠳᠠᠭᠤᠨ ᠢᠶᠠᠷ ᠬᠦᠭᠵᠢᠵᠥ᠂ ᠤᠳᠤᠬᠠᠨ ᠳᠤ ᠲᠡᠤᠬᠡ ᠶᠢᠨ ᠬᠠᠮᠤᠭ ᠤᠨ ᠰᠠᠶᠢᠨ ᠬᠤᠭᠤᠴᠠᠭ᠎ᠠ ᠳᠤ ᠤᠷᠤᠰᠢᠵᠥ ᠪᠠᠶᠢᠨ᠎ᠠ᠃ ᠲᠤᠮᠳᠠᠳᠤ ᠤᠯᠤᠰ ᠪᠤᠯᠢᠸᠢᠶ᠎ᠠ ᠶᠢᠨ ᠬᠢᠨ ᠤ ᠨᠢᠬᠡ ᠲᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠬᠦᠯᠵᠥ᠂ ︽ᠨᠢᠬᠡ ᠪᠦᠰᠡ ᠨᠢᠬᠡ ᠵᠠᠮ︾ ᠤᠨ ᠰᠠᠨᠠᠭᠠᠴᠢᠯᠠᠭ᠎ᠠ ᠶᠢ ᠢᠳᠡᠪᠬᠢᠳᠡᠢ ᠴᠤᠤᠷᠢᠶᠠᠳᠤᠵᠥ᠂ ᠲᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢ ᠬᠦᠨᠵᠡᠬᠡᠶᠢᠷᠡᠬᠦᠯᠬᠦ ᠶᠢ ᠬᠦᠴᠦᠳᠠᠢ ᠠᠬᠢᠭᠤᠯᠤᠭᠰᠠᠠ ᠢ ᠮᠠᠭᠳᠠᠨ ᠰᠠᠶᠢᠰᠢᠶᠠᠵᠥ ᠪᠠᠶᠢᠨ᠎ᠠ᠃ ᠪᠢᠳᠡ ᠲᠤᠷᠠᠳᠠᠶ᠎ᠠ ᠪᠤᠯᠢᠸᠢᠶ᠎ᠠ ᠶᠢᠨ ᠬᠢᠨ ᠲᠠᠢ ᠬᠠᠮᠳᠤ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠤᠭᠰᠠᠨ ᠢᠶᠠᠷ ᠴᠢᠬᠤᠯᠠ ᠠᠵᠠ ᠲᠤᠬᠢᠶᠠᠯ ᠪᠤᠯᠭᠠᠵᠥ᠂ ᠡᠯ᠎ᠡ ᠬᠦᠷᠢᠶᠡᠨ ᠤ ᠰᠤᠯᠢᠯᠴᠠᠭ᠎ᠠ ᠪᠤᠯᠤᠨ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ ᠬᠦᠨᠵᠡᠬᠡᠶᠢᠷᠡᠬᠦᠯᠵᠥ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠲᠡᠭᠳᠡᠷ ᠲᠤ ᠭᠠᠷᠴᠦ᠂ ᠰᠢᠨ᠎ᠡ ᠢᠷᠡᠬᠡᠳᠤᠢ ᠶᠢ ᠨᠡᠬᠡᠬᠡᠬᠦ ᠶᠢ ᠠᠬᠢᠭᠤᠯᠤᠨ᠎ᠡ ᠬᠡᠵᠥ ᠵᠢᠭᠠᠵᠥ ᠭᠠᠷᠭᠠᠪᠠ᠃        ᠰᠢ ᠶᠢᠨ ᠫᠢᠩ᠂ ᠲᠤᠮᠳᠠᠳᠤ ᠪᠤᠯᠢᠸᠢᠶ᠎ᠠ ᠤᠯᠤᠰ ᠲᠦᠷᠦ ᠶᠢᠨ ᠲᠠᠯ᠎ᠠ ᠪᠠᠷ ᠢᠳᠡᠬᠡᠯᠴᠡᠭᠰᠡᠡ ᠰᠠᠶᠢᠨ ᠬᠠᠨᠢᠳᠠᠨ ᠪᠤᠯᠵᠥ᠂ ᠲᠤᠰ ᠲᠤᠰ ᠤᠨ ᠭᠤᠤᠯᠯᠠᠭᠴᠢ ᠠᠰᠢᠬ ᠲᠤᠰᠠ ᠪᠤᠯᠤᠨ ᠠᠩᠬᠠᠷᠴᠦ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠲᠡᠮᠵᠢᠯᠴᠡᠵᠥ᠂ ᠡᠯ᠎ᠡ ᠬᠦᠷᠢᠶ᠎ᠠ ᠡᠯ᠎ᠡ ᠲᠡᠰ ᠲᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠬᠤ ᠬᠡᠷᠡᠭᠳᠡᠢ᠃ ᠪᠤᠳᠠᠳᠠᠢ ᠶᠢ ᠡᠷᠬᠢᠮᠯᠡᠨ ᠬᠠᠮᠳᠤᠷᠠᠯᠴᠠᠬᠤ ᠬᠦᠭᠵᠢᠯᠳᠡ ᠶᠢᠨ ᠬᠠᠨᠢᠳᠠᠨ ᠪᠤᠯᠵᠥ᠂ ︽ᠨᠢᠬᠡ ᠪᠦᠰᠡ ᠨᠢᠬᠡ ᠵᠠᠮ︾ ᠤᠨ ᠪᠤᠷᠤ ᠲᠦᠯᠥᠪ ᠤᠨ ᠲᠤᠳᠤᠷ᠎ᠠ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠪᠠᠨ ᠴᠢᠩᠭᠠᠳᠬᠠᠵᠥ᠂ ᠪᠡᠯᠡ ᠤᠷᠤᠭᠤᠯᠤᠯᠳᠡ᠂ ᠠᠷᠠᠯᠵᠢᠶ᠎ᠠ᠂ ᠦᠢᠯᠡᠴᠢᠯᠡᠭᠡ ᠶᠢ ᠵᠡᠷᠬᠡᠪᠡᠷ ᠴᠢᠬᠤᠯᠠᠴᠢᠯᠠᠭᠰᠠᠠ ᠬᠠᠮᠳᠤᠷᠠᠯᠴᠠᠭᠠᠨ ᠤ ᠰᠢᠨ᠎ᠡ ᠵᠠᠭᠪᠤᠷ ᠢ ᠬᠠᠮᠳᠤᠪᠡᠷ ᠴᠤᠭᠴᠠᠯᠠᠬᠤ ᠬᠡᠷᠡᠭᠳᠡᠢ᠃ ᠲᠤᠮᠳᠠᠳᠤ ᠤᠯᠤᠰ ᠪᠤᠯᠢᠸᠢᠶ᠎ᠠ ᠶᠢᠨ ᠨᠡᠩ ᠤᠯᠠᠨ ᠤᠨᠴᠠᠯᠢᠬᠳᠤ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠤᠷᠤᠭᠤᠯᠬᠤ ᠳᠤ ᠨᠡᠬᠡᠬᠡᠯᠳᠡᠳᠤ ᠤᠪᠤᠷ ᠢᠶᠠᠷ ᠬᠠᠨᠳᠤᠨ᠎ᠠ᠃ ᠲᠤᠮᠳᠠᠳᠤ ᠪᠤᠯᠢᠸᠢᠶ᠎ᠠ ᠴᠦᠮ ᠡᠷᠳᠡᠨ ᠤ ᠪᠤᠯᠪᠠᠰᠤᠨ ᠤᠯᠤᠰ ᠶᠤᠮ᠂ ᠪᠤᠯᠪᠠᠰᠤᠨ ᠢᠶᠠᠨ ᠬᠠᠷᠢᠯᠴᠠᠨ ᠲᠤᠯᠢᠳᠠᠬᠤ ᠲᠤᠳᠤᠨᠤ ᠬᠠᠨᠢᠳᠠᠨ ᠪᠤᠯᠵᠥ᠂ ᠡᠪᠦᠭᠡ ᠳᠡᠭᠡᠳᠤᠰ ᠤᠨ ᠢᠶᠠᠨ ᠤᠶᠤᠨ ᠤᠬᠠᠭᠠᠨ ᠢ ᠠᠰᠢᠬᠯᠠᠨ ᠤᠳᠤ ᠶᠢᠨ ᠠᠰᠠᠭᠤᠳᠠᠯ ᠢ ᠠᠷᠭᠠᠴᠠᠬᠤ ᠶᠢ ᠰᠦᠪᠡᠭᠴᠢᠯᠡᠬᠦ ᠬᠡᠷᠡᠭᠳᠡᠢ᠃ ᠤᠯᠠᠨ ᠲᠠᠯ᠎ᠠ ᠶᠢᠨ ᠬᠠᠮᠵᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠬᠠᠨᠢᠳᠠᠨ ᠪᠤᠯᠵᠥ᠂ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠬᠡᠷᠡᠭ ᠶᠠᠪᠤᠳᠠᠯ ᠵᠢᠴᠢ ᠦᠷᠬᠦᠯᠵᠢᠯᠡᠬᠦ ᠬᠦᠭᠵᠢᠯᠳᠡ᠂ ᠠᠭᠤᠷ ᠠᠮᠢᠰᠬᠤᠯ ᠤᠨ ᠬᠤᠪᠢᠷᠡᠯᠳᠡ ᠵᠡᠷᠬᠡ ᠴᠢᠬᠤᠯᠠ ᠶᠡᠭᠡ ᠲᠡᠯᠡᠬᠡᠢ ᠶᠢᠨ ᠠᠰᠠᠭᠤᠳᠠᠯ ᠤᠨ ᠲᠠᠯ᠎ᠠ ᠪᠠᠷ ᠦᠷᠬᠦᠯᠵᠢᠯᠡᠨ ᠨᠢᠬᠳᠠ ᠬᠠᠮᠵᠢᠯᠴᠠᠬᠤ ᠵᠤᠭᠰᠤᠯᠳᠠ ᠲᠠᠢ ᠪᠠᠶᠢᠵᠥ᠂ ᠬᠦᠭᠵᠢᠵᠥ ᠪᠠᠶᠢᠭ᠎ᠠ ᠤᠯᠤᠰ ᠤᠳ ᠤᠨ ᠵᠦᠢ ᠶᠤᠰᠤᠨ ᠤ ᠡᠷᠬᠡ ᠠᠰᠢᠬ ᠢ ᠬᠠᠮᠳᠤᠪᠡᠷ ᠬᠠᠮᠠᠭᠠᠯᠠᠵᠥ᠂ ᠬᠠᠷᠢᠯᠴᠠᠨ ᠬᠦᠨᠳᠦᠳᠭᠡᠭᠰᠡᠡ᠂ ᠡᠷᠭᠡ ᠲᠡᠭᠰᠢ ᠲᠦᠪ ᠭᠤᠤᠯᠴᠢ᠂ ᠬᠠᠮᠳᠤᠷᠠᠯᠴᠠᠭ᠎ᠠ ᠬᠢᠵᠥ ᠬᠠᠮᠳᠤᠪᠡᠷ ᠠᠰᠢᠬ ᠬᠦᠷᠳᠡᠭᠰᠡᠡ ᠰᠢᠨ᠎ᠡ ᠮᠠᠶ᠋ᠢᠭ ᠤᠨ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠬᠠᠮᠳᠤᠪᠡᠷ ᠪᠠᠶᠢᠭᠤᠯᠵᠥ᠂ ᠭᠠᠷ ᠬᠤᠯᠪᠤᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃        ᠮᠦᠷᠠᠯᠠᠶᠢᠰ᠂ ᠪᠤᠯᠢᠸᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠢ ᠮᠠᠰᠢ ᠲᠠᠭᠠᠰᠢᠶᠠᠵᠤ᠂ ᠳᠤᠮᠳᠠᠳᠤ ᠤᠯᠤᠰ ᠤᠨ ᠬᠦᠭᠵᠢᠯᠲᠡ ᠶᠢᠨ ᠤᠢᠢᠯᠠᠭᠠᠬᠳᠠᠬᠤᠨ ᠪᠤᠯᠤᠨ ᠠᠮᠵᠢᠯᠲᠠ ᠶᠢ ᠪᠢᠰᠢᠷᠡᠵᠤ᠂ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠤᠯᠤᠨ ᠬᠦᠭᠵᠢᠯᠲᠡ ᠳᠤ᠂ ᠡᠶ᠎ᠡ ᠵᠤᠬᠢᠴᠠᠩᠭᠤᠢ ᠬᠦᠮᠦᠨ ᠲᠦᠷᠦᠯᠬᠢᠲᠡᠨ ᠤ ᠨᠡᠶᠢᠭᠡᠮ ᠢ ᠪᠦᠲᠦᠭᠡᠨ ᠪᠠᠶᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ ᠃ ᠳᠤᠮᠳᠠᠳᠤ ᠤᠯᠤᠰ ᠪᠤᠯᠢᠸᠢᠶ᠎ᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠡᠳᠬᠦᠨ ᠳᠡᠮᠵᠢᠬᠦ ᠳᠡᠭᠡᠨ ᠶᠡᠷᠦ ᠠᠴᠠ ᠤᠯᠤᠰ ᠲᠦᠷᠦ ᠶᠢᠨ ᠨᠦᠬᠦᠴᠡᠯ ᠳᠠᠭᠠᠯᠳᠤᠭᠤᠯᠬᠤ ᠦᠭᠡᠢ᠂ ᠪᠤᠯᠢᠸᠢᠶ᠎ᠠ ᠶᠢᠨ ᠬᠢᠨ ᠳᠤᠮᠳᠠᠳᠤ ᠤᠯᠤᠰ ᠢ ᠳᠡᠭᠡᠳᠦ ᠬᠡᠮᠵᠢᠶ᠎ᠡ ᠪᠠᠷ ᠢᠲᠡᠭᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠨᠢᠬᠲᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤᠪᠡᠷ ᠪᠠᠶᠢᠭᠤᠯᠵᠤ᠂ ᠡᠯ᠎ᠡ ᠬᠦᠷᠢᠶᠡᠨ ᠳᠠᠬᠢ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠯᠠᠲ᠋ᠢᠨ ᠠᠮᠧᠷᠢᠺᠠ ᠪᠤᠯᠤᠨ ᠳᠤᠮᠳᠠᠳᠤ ᠤᠯᠤᠰ ᠤᠨ ᠬᠠᠮᠲᠤᠷᠠᠯᠴᠠᠭᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠦᠭᠵᠢᠯᠲᠡ ᠪᠤᠯᠤᠨ ᠲᠦᠪ ᠭᠤᠤᠯᠴᠢ ᠰᠢᠳᠤᠷᠭᠤ ᠶᠤᠰᠤᠨ ᠤ ᠲᠦᠯᠦᠭᠡ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃        ᠰᠢ ᠶᠢᠨ ᠫᠢᠩ᠂ ᠲᠤᠮᠳᠠᠳᠤ ᠯᠠᠲ᠋ᠢᠨ ᠠᠮᠧᠷᠢᠺᠠ ᠶᠢᠨ ᠬᠠᠮᠳᠤᠷᠠᠯᠴᠠᠭ᠎ᠠ ᠶᠢᠨ ᠮᠦᠨ ᠴᠢᠨᠠᠷ ᠪᠤᠯ ᠬᠦᠭᠵᠢᠵᠥ ᠪᠠᠶᠢᠭ᠎ᠠ ᠤᠯᠤᠰ ᠤᠳ ᠤᠨ ᠬᠠᠮᠳᠤᠷᠠᠯᠴᠠᠭ᠎ᠠ ᠪᠤᠯᠤᠨ᠎ᠠ᠂ ᠬᠠᠷᠢᠯᠴᠨᠨ ᠬᠠᠪᠰᠤᠷᠤᠯᠴᠠᠬᠤ᠂ ᠬᠠᠷᠢᠯᠴᠠᠨ ᠲᠡᠮᠵᠢᠬᠦ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠬᠦ᠂ ᠬᠠᠮᠳᠤᠷᠠᠯᠴᠠᠭ᠎ᠠ ᠬᠢᠵᠤ ᠬᠠᠮᠳᠤᠪᠡᠷ ᠠᠰᠢᠭ ᠬᠦᠷᠳᠡᠬᠦ ᠲᠡᠭᠡᠷ᠎ᠡ ᠢᠯᠡᠷᠡᠵᠤ ᠪᠠᠶᠢᠳᠠᠭ᠃ ᠲᠤᠮᠳᠠᠳᠤ ᠤᠯᠤᠰ ᠢᠮᠠᠬᠲᠠ ᠡᠷᠭᠡ ᠲᠡᠭᠰᠢ ᠬᠠᠷᠢᠯᠴᠠᠨ ᠠᠰᠢᠭᠲᠠᠢ᠂ ᠬᠠᠮᠳᠤᠪᠡᠷ ᠬᠦᠭᠵᠢᠬᠦ ᠵᠡᠷᠴᠢᠮ ᠤᠨ ᠰᠠᠭᠤᠷᠢᠨ ᠲᠡᠭᠡᠷ᠎ᠡ ᠯᠠᠲ᠋ᠢᠨ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠮᠳᠤᠷᠠᠯᠴᠠᠭ᠎ᠠ ᠶᠢ ᠠᠬᠢᠭᠤᠯᠪᠠ ᠂ ︽ᠨᠢᠭᠡ ᠪᠦᠰᠡ ᠨᠢᠭᠡ ᠵᠠᠮ︾ ᠨᠢ ᠲᠤᠮᠳᠠᠳᠤ ᠯᠠᠲ᠋ᠢᠨ ᠠᠮᠧᠷᠢᠺᠠ ᠶᠢᠨ ᠬᠠᠮᠳᠤᠷᠠᠯᠴᠠᠭ᠎ᠠ ᠳᠤ ᠰᠢᠨ᠎ᠡ ᠲᠠᠪᠴᠠᠩ ᠬᠠᠨᠭ᠍ᠭᠠᠪᠠ᠃ ᠲᠤᠮᠳᠠᠳᠤ ᠤᠯᠤᠰ ᠲᠤᠷᠠᠳᠠᠶ᠎ᠡ ᠪᠤᠯᠢᠸᠢᠶ᠎ᠡ ᠶᠢᠨ ᠬᠢᠨ ᠲᠠᠢ ᠬᠠᠮᠳᠤᠪᠡᠷ ᠲᠤᠮᠳᠠᠳᠤ ᠯᠠᠲ᠋ᠢᠨ ᠠᠮᠧᠷᠢᠺᠠ ᠶᠢᠨ ᠪᠦ᠋ᠬᠦ ᠲᠠᠯ᠎ᠡ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠦᠷᠬᠦᠯᠵᠢᠯᠡᠨ ᠯᠠᠪᠳᠠᠭᠤᠨ ᠢᠶᠠᠷ ᠬᠦᠭᠵᠢᠬᠦ ᠶᠢ ᠠᠬᠢᠭᠤᠯᠤᠨ᠎ᠡ ᠭᠡᠵᠤ ᠵᠢᠭᠠᠵᠤ ᠭᠠᠷᠭᠠᠪᠠ᠃        ᠭᠡᠯᠡᠯᠴᠡᠭᠡ ᠲᠡᠬᠦᠰᠦᠭᠰᠡᠡ ᠤ ᠲᠠᠷᠠᠭ᠎ᠠ᠂ ᠬᠤᠶᠠᠷ ᠤᠯᠤᠰ ᠤᠨ ᠲᠡᠷᠢᠬᠦᠨ ᠬᠠᠮᠳᠤᠪᠡᠷ ︽ᠪᠦᠬᠦᠲᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠤᠯᠤᠨ ᠤᠯᠠᠨ ᠦᠨᠳᠦᠰᠦᠳᠡᠨ ᠲᠠᠢ ᠪᠤᠯᠢᠸᠢᠶ᠎ᠡ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠤᠭᠰᠠᠨ ᠲᠤᠬᠠᠢ ᠬᠠᠮᠳᠤᠷᠠᠬᠰᠡᠨ ᠢᠯᠡᠷᠭᠡᠶᠢᠯᠡᠯᠲᠠ︾ ᠳᠤ ᠭᠠᠷ ᠤᠨ ᠦᠰᠦᠭ ᠵᠢᠷᠤᠬᠰᠡᠨ ᠪᠦᠭᠡᠳ ︽ᠨᠢᠭᠡ ᠪᠦᠰᠡ ᠨᠢᠭᠡ ᠵᠠᠮ︾ ᠢ ᠬᠠᠮᠳᠤᠪᠡᠷ ᠪᠠᠶᠢᠭᠤᠯᠬᠤ ᠵᠡᠷᠭᠡ ᠬᠤᠶᠠᠷ ᠲᠠᠯ᠎ᠡ ᠶᠢᠨ ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃        ᠭᠡᠯᠡᠯᠴᠡᠭᠡ ᠬᠢᠬᠦ ᠠᠴᠠ ᠡᠮᠤᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠤ ᠶᠡᠭᠡ ᠲᠢᠩᠭᠢᠮ ᠳᠤ ᠮᠦᠷᠠᠯᠠᠶᠢᠰ ᠢ ᠤᠬᠳᠤᠬᠤ ᠶᠤᠰᠤᠯᠠᠯ ᠶᠠᠪᠤᠭᠤᠯᠪᠠ᠃ ᠶᠠᠩ ᠵᠢᠶᠧ ᡂᠢ᠂ ᠵᠠᠩ ᠴᠦᠨ ᠰᠢᠶᠠᠨ᠂ ᠸᠠᠩ ᠢ᠂ ᠾᠧ ᠯᠢ ᠹᠧᠩ᠂ ᠾᠧ ᠸᠧᠢ ᠨᠠᠷ ᠤᠷᠤᠯᠴᠠᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号