ᠬᠤᠩ ᠱᠠᠨ ᠲᠤᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠭᠠᠵᠠᠷ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2018-06-20
        ᠡᠨᠡ ᠵᠢᠯ ᠤᠨ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠡᠮᠬᠢ ᠵᠢᠷᠦᠮ ᠲᠠᠢ ᠰᠠᠶᠢᠲᠤᠷ ᠬᠢᠬᠦ ᠶᠢᠨ ᠲᠦᠯᠦᠭᠡ᠂ ᠬᠤᠩ ᠱᠠᠨ ᠲᠤᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠭᠠᠵᠠᠷ ᠭᠠᠵᠠᠷ ᠳᠤᠤᠷᠠᠬᠢ ᠤᠰᠤᠨ ᠬᠤᠭᠤᠯᠠᠢ ᠶᠢ ᠪᠠᠶᠢᠴᠠᠭᠠᠨ ᠵᠠᠰᠠᠬᠤ ᠵᠡᠷᠭᠡ ᠤᠯᠠᠨ ᠬᠡᠯᠪᠡᠷᠢ ᠪᠠᠷ ᠦᠶᠡᠷ ᠢ ᠰᠡᠷᠭᠡᠶᠢᠯᠡᠨ ᠳᠠᠯᠳᠠ ᠭᠡᠮ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠪᠠᠷ ᠦᠷᠨᠢᠭᠦᠯᠵᠦ᠂ ᠬᠤᠲᠠ ᠶᠢᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ ᠪᠤᠢ᠃        ᠤᠶᠢᠯᠠᠭᠠᠭᠰᠠᠨ ᠢᠶᠠᠷ ᠮᠠᠨ ᠤ ᠬᠤᠲᠠ ᠶᠢᠨ ᠦᠶᠡᠷ ᠤᠨ ᠬᠤᠭᠤᠴᠠᠭ᠎ᠠ ᠨᠢ 6 ᠰᠠᠷ᠎ᠠ ᠶᠢᠨ 20 ᠠᠴᠠ 9 ᠰᠠᠷ᠎ᠠ ᠶᠢᠨ 20 ᠪᠤᠯᠲᠠᠯ᠎ᠠ ᠪᠠᠶᠢᠵᠤ᠂ ᠡᠭᠦᠨ ᠳᠤ 7 ᠰᠠᠷ᠎ᠠ ᠶᠢᠨ 20 ᠠᠴᠠ 8 ᠰᠠᠷ᠎ᠠ ᠶᠢᠨ 20 ᠪᠤᠯᠲᠠᠯ᠎ᠠ ᠨᠢ ᠬᠠᠮᠤᠭ ᠭᠤᠤᠯᠳᠠᠯᠭ᠎ᠠ ᠲᠠᠢ ᠬᠤᠭᠤᠴᠠᠭ᠎ᠠ ᠪᠤᠯᠤᠨ᠎ᠠ᠃ ᠰᠢᠷᠦᠭᠦᠨ ᠪᠤᠷᠤᠭᠠᠨ ᠤᠷᠤᠬᠤ ᠦᠶᠡᠰ ᠲᠦᠪ ᠬᠤᠲᠠ ᠲᠤᠭᠤᠷᠢᠭ ᠤᠨ ᠤᠰᠤ ᠶᠢ ᠭᠠᠳᠠᠭᠰᠢᠯᠠᠭᠤᠯᠬᠤ ᠬᠤᠭᠤᠯᠠᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠦᠯᠦᠭᠡ᠂ ᠬᠤᠩ ᠱᠠᠨ ᠲᠤᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠭᠠᠵᠠᠷ 3 ᠰᠠᠷ᠎ᠠ ᠠᠴᠠ ᠡᠬᠢᠯᠡᠨ ᠦᠶᠡᠷ ᠢ ᠰᠡᠷᠭᠡᠶᠢᠯᠡᠨ ᠳᠠᠯᠳᠠ ᠭᠡᠮ ᠢ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃ ᠨᠢᠭᠡ ᠲᠠᠯ᠎ᠠ ᠪᠠᠷ ᠬᠠᠷᠢᠶ᠎ᠠ ᠲᠤᠭᠤᠷᠢᠭ ᠤᠨ ᠭᠤᠤᠯᠳᠠᠯᠭ᠎ᠠ ᠲᠠᠢ ᠤᠰᠤ ᠭᠠᠳᠠᠭᠰᠢᠯᠠᠭᠤᠯᠬᠤ ᠬᠤᠭᠤᠯᠠᠢ ᠵᠡᠷᠭᠡ ᠲᠤᠨᠤᠭ ᠲᠦᠬᠦᠭᠡᠷᠦᠮᠵᠢ ᠶᠢ ᠴᠡᠪᠡᠷᠯᠡᠵᠦ ᠤᠰᠤ ᠭᠠᠳᠠᠭᠰᠢᠯᠠᠭᠤᠯᠬᠤ ᠬᠤᠭᠤᠯᠠᠢ ᠶᠢᠨ ᠤᠰᠤ ᠭᠠᠳᠠᠭᠰᠢᠯᠠᠭᠤᠯᠬᠤ ᠴᠢᠳᠠᠪᠤᠷᠢ ᠶᠢ ᠳᠡᠭᠡᠭᠰᠢᠯᠡᠭᠦᠯᠵᠡᠢ᠃ ᠨᠦᠭᠦᠭᠡ ᠲᠠᠯ᠎ᠠ ᠪᠠᠷ ᠬᠠᠷᠢᠶ᠎ᠠ ᠲᠤᠭᠤᠷᠢᠭ ᠤᠨ ᠪᠤᠷᠤᠭᠠᠨ ᠤ ᠤᠰᠤ ᠵᠡᠷᠭᠡ ᠶᠢ ᠭᠠᠳᠠᠭᠰᠢᠯᠠᠭᠤᠯᠬᠤ ᠦᠷᠲᠡᠭᠡ ᠶᠢᠨ ᠲᠤᠨᠤᠭ ᠲᠦᠬᠦᠭᠡᠷᠦᠮᠵᠢ ᠶᠢ ᠨᠠᠷᠢᠯᠢᠭ ᠪᠠᠶᠢᠴᠠᠭᠠᠨ᠂ ᠲᠤᠨᠤᠭ ᠲᠦᠬᠦᠭᠡᠷᠦᠮᠵᠢ ᠶᠢᠨ ᠪᠦᠷᠢᠨ ᠭᠦᠢᠴᠡᠳ᠂ ᠰᠠᠭᠠᠳ ᠭᠡᠮ ᠦᠭᠡᠢ ᠪᠠᠶᠢᠬᠤ ᠶᠢ ᠪᠠᠲᠤᠯᠠᠵᠠᠢ᠃        ᠤᠳᠤᠬᠠᠨ ᠳᠤ ᠬᠤᠩ ᠱᠠᠨ ᠲᠤᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠭᠠᠵᠠᠷ ᠬᠤᠩ ᠱᠠᠨ ᠲᠤᠭᠤᠷᠢᠭ ᠤᠨ ᠴᠢᠩ ᠡᠾᠧ ᠵᠠᠮ᠂ ᠨᠢᠭᠡᠳᠦᠭᠡᠷ ᠵᠡᠭᠡᠯᠢ ᠶᠢᠨ ᠤᠰᠤ ᠭᠠᠳᠠᠭᠰᠢᠯᠠᠭᠤᠯᠬᠤ ᠬᠤᠳᠳᠤᠭ ᠪᠠ ᠪᠤᠷᠤᠭᠠᠨ ᠤ ᠤᠰᠤ ᠶᠢᠨ ᠬᠤᠳᠳᠤᠭ ᠢ ᠪᠦᠬᠦ ᠲᠠᠯ᠎ᠠ ᠪᠠᠷ ᠠᠷᠢᠯᠭᠠᠨ ᠴᠡᠪᠡᠷᠯᠡᠵᠦ ᠂ ᠬᠤᠩ ᠱᠠᠨ ᠲᠤᠭᠤᠷᠢᠭ ᠤᠨ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠬᠦᠭᠦᠷᠭᠡ ᠶᠢᠨ ᠳᠤᠤᠷᠠᠬᠢ ᠬᠦᠬᠡᠷᠭᠡ ᠶᠢᠨ ᠦᠷᠲᠡᠭᠡ ᠵᠡᠷᠭᠡ ᠪᠤᠷᠤᠭᠠᠨ ᠤ ᠤᠰᠤ ᠶᠢ ᠭᠠᠳᠠᠭᠰᠢᠯᠠᠭᠤᠯᠬᠤ 5 ᠬᠦᠭᠡᠷᠭᠡ ᠶᠢᠨ ᠦᠷᠲᠡᠭᠡ ᠶᠢᠨ ᠲᠤᠨᠤᠭ ᠲᠦᠬᠦᠭᠡᠷᠦᠮᠵᠢ ᠳᠤ ᠪᠠᠶᠢᠴᠠᠭᠠᠯᠲᠠ ᠬᠢᠭᠰᠡᠨ ᠪᠠᠶᠢᠨ᠎ᠠ᠃        ᠡᠭᠦᠨ ᠤ ᠬᠠᠮᠲᠤ ᠦᠶᠡᠷ ᠢ ᠰᠡᠷᠭᠡᠶᠢᠯᠡᠬᠦ ᠠᠵᠢᠯ ᠢ ᠪᠦᠲᠦᠮᠵᠢᠲᠡᠢ ᠬᠢᠬᠦ ᠶᠢᠨ ᠲᠦᠯᠦᠭᠡ᠂ ᠬᠤᠩ ᠱᠠᠨ ᠲᠤᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠭᠠᠵᠠᠷ ᠦᠶᠡᠷ ᠢ ᠰᠡᠷᠭᠡᠶᠢᠯᠡᠨ ᠲᠤᠭᠲᠠᠮᠠᠯ ᠤᠰᠤ ᠶᠢ ᠭᠠᠳᠠᠭᠰᠢᠯᠠᠭᠤᠯᠬᠤ ᠪᠠᠴᠢᠮ ᠪᠠᠶᠢᠳᠠᠯ ᠢ ᠠᠷᠭᠠᠴᠠᠬᠤ ᠲᠦᠰᠦᠪ ᠭᠠᠷᠭᠠᠵᠤ᠂ ᠦᠶᠡᠷ ᠢ ᠰᠡᠷᠭᠡᠶᠢᠯᠡᠬᠦ ᠤᠳᠤᠷᠢᠳᠬᠤ ᠪᠠᠭ᠎ᠠ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠬᠤ ᠭᠠᠪᠰᠢᠭᠠᠢ ᠠᠩᠭᠢ ᠶᠢ ᠪᠠᠶᠢᠭᠤᠯᠵᠤ᠂ ᠱᠠᠲᠤ ᠱᠠᠲᠤ ᠪᠠᠷ ᠠᠳᠬᠤᠨ᠂ ᠪᠠᠴᠢᠮ ᠪᠠᠶᠢᠳᠠᠯ ᠡᠭᠦᠰᠬᠦ ᠦᠶᠡᠰ ᠴᠠᠭ ᠲᠤᠬᠠᠢ ᠳᠤᠨᠢ ᠬᠦᠳᠡᠯᠦᠯᠴᠡᠨ᠂ ᠬᠤᠲᠠ ᠶᠢᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号