ᠰᠢᠯᠢ ᠶᠢᠨ ᠭᠤᠣᠯ ᠠᠶᠢᠮᠠᠭ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠠᠶᠢᠮᠠᠭ ᠬᠤᠰᠢᠭᠤ ᠰᠢᠶᠠᠨ ᠤ ᠬᠤᠶᠠᠷ ᠱᠠᠲᠤᠨ ᠳᠤ ᠪᠠᠶᠢᠷᠢᠯᠠᠭᠤᠯᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018-06-21
       6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠲᠤᠮᠤ ᠳ᠋ᠠᠶᠢᠲ᠋ᠠ ᠶᠢᠨ ᠲᠣᠪᠴᠢᠶ᠎ᠠ ᠠᠶᠢᠮᠠᠭ ᠤᠨ ᠰᠢᠭᠤᠳ ᠬᠠᠷᠢᠶ᠎ᠠ 25 ᠰᠠᠯᠠᠭ᠎ᠠ ᠮᠥᠴᠢᠷ ᠬᠢᠭᠡᠳ 13 ᠬᠤᠰᠢᠭᠤ ᠰᠢᠶᠠᠨ ︵ᠬᠤᠲᠠ᠂ ᠲᠣᠭᠤᠷᠢᠭ︶ ᠳᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ 606 ᠬᠡᠷᠡᠭᠯᠡᠭᠡᠨ ᠤ ᠳᠠᠩᠰᠠᠨ ᠨᠣᠮᠧᠷ ᠢ ᠲᠠᠷᠬᠠᠭᠠᠵᠤ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠲᠤ ᠲᠠᠪᠴᠠᠩ ᠪᠠᠶᠢᠷᠢᠯᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠡᠢ᠃ ᠠᠶᠢᠮᠠᠭ ᠤᠨ ᠰᠢᠭᠤᠳ ᠬᠠᠷᠢᠶ᠎ᠠ 25 ᠰᠠᠯᠠᠭ᠎ᠠ ᠮᠥᠴᠢᠷ ᠨᠢᠭᠡᠴᠡ᠂ 159 ᠵᠣᠷᠪᠤᠰ ᠭᠠᠷᠴᠠᠭ ᠤᠨ ᠨᠠᠷᠢᠨ ᠬᠠᠭᠤᠳᠠᠰᠤ᠂ 310 ᠵᠤᠷᠪᠤᠰ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ ᠰᠢᠩᠭᠡᠭᠡᠨ ᠣᠷᠣᠭᠤᠯᠬᠤ ᠠᠵᠢᠯ ᠢ ᠡᠮᠬᠢᠯᠡᠵᠦ ᠳᠠᠭᠤᠰᠪᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠭᠠᠷᠴᠠᠭ ᠤᠨ ᠨᠠᠷᠢᠨ ᠬᠠᠭᠤᠳᠠᠰᠤ ᠪᠣᠯᠣᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ ᠰᠢᠩᠭᠡᠭᠡᠨ ᠣᠷᠣᠭᠤᠯᠬᠤ ᠠᠵᠢᠯ ᠢ ᠶᠠᠭ ᠬᠢᠵᠦ ᠪᠠᠶᠢᠨ᠎ᠠ᠃ ᠲᠡᠷᠠᠭ᠎ᠠ ᠠᠯᠬᠤᠮ ᠳᠤ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤᠴᠢᠷ ᠶᠠᠪᠤᠳᠠᠯ ᠢ ᠣᠷᠣᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠲᠦᠷᠭᠡᠪᠴᠢᠯᠡᠨ ᠠᠬᠢᠭᠤᠯᠬᠤ ᠪᠣᠯᠣᠨ᠎ᠠ᠃ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠰᠢᠯᠢ ᠶᠢᠨ ᠭᠤᠣᠯ ᠠᠶᠢᠮᠠᠭ ᠢ ᠪᠦᠷᠬᠦᠭᠰᠡᠨ ᠪᠦᠭᠦᠯᠢ ᠴᠣᠭᠴᠠ ᠪᠠᠷ ᠬᠤᠯᠪᠣᠭᠠᠯᠠᠨ ᠬᠥᠳᠡᠯᠦᠯᠴᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠠᠶᠢᠮᠠᠭ ᠤᠨ ᠱᠠᠲᠤ ᠪᠠᠷ ᠨᠢᠭᠡᠳᠦᠯᠲᠡᠶ ᠲᠦᠯᠦᠪᠯᠡᠭᠰᠡᠨ᠂ ︽ᠨᠢᠭᠡ ᠯᠡ ᠰᠦᠯᠵᠢᠶ᠎ᠡ︾ ᠪᠠᠷ ᠨᠡᠶᠢᠳᠡᠮ ᠭᠦᠢᠴᠡᠳᠬᠡᠬᠦ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠭᠠᠷᠭᠠᠵᠤ ᠲᠤᠷᠰᠢᠨ ᠠᠵᠢᠯᠯᠠᠭᠤᠯᠵᠤ᠂ ︽ᠨᠢᠭᠡ ᠯᠡ ᠡᠭᠦᠳᠡ ᠪᠠᠷ ᠭᠦᠢᠴᠡᠳᠬᠡᠵᠦ᠂ ᠤᠯᠠᠨ ᠳᠠᠬᠢᠨ ᠭᠦᠶᠦᠯᠭᠡᠬᠦ ᠦᠭᠡᠢ ᠪᠠᠶᠢᠬᠤ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号