ᠣᠷᠳᠣᠰ ︽ᠬᠤᠶᠠᠷ ᠪᠠᠷᠢᠮᠲᠠ ᠶᠢᠨ ᠲᠦᠷᠢᠮ︾ ᠢᠶᠠᠷ ᠡᠮ ᠤᠨ ᠵᠦᠢᠯ ᠤᠨ ᠭᠦᠢᠯᠭᠡᠭᠡ ᠶᠢᠨ ᠬᠦᠷᠢᠶ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2018-06-21
        ᠨᠢᠳᠤᠨᠤᠨ ᠠᠴᠠ ᠨᠠᠰᠢ᠂ ᠣᠷᠳᠣᠰ ᠬᠤᠲᠠ ︽ᠬᠤᠶᠠᠷ ᠪᠠᠷᠢᠮᠲᠠ ᠶᠢᠨ ᠲᠦᠷᠢᠮ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠡᠮ ᠤᠨ ᠵᠦᠢᠯ ᠤᠨ ᠭᠦᠢᠯᠭᠡᠭᠡ ᠶᠢᠨ ᠬᠦᠷᠢᠶ᠎ᠡ ᠶᠢᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠡᠮ ᠤᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ ᠵᠢᠷᠤᠮᠵᠢᠭᠤᠯᠵᠤ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠪᠠ᠃ ᠲᠡᠭᠦᠨ ᠤ ᠭᠤᠣᠯ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠭᠡᠪᠡᠯ᠄        ᠨᠢᠭᠡ ᠳᠤ ᠡᠮ ᠤᠨ ᠵᠦᠢᠯ ᠢ ᠳ᠋ᠦᠩᠨᠡᠨ ᠪᠤᠳᠤᠬᠤ ᠬᠠᠮᠢᠶᠠᠷᠤᠯᠲᠠ ᠶᠢ ᠴᠢᠩᠭᠠᠳᠬᠠᠵᠠᠢ᠃ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠵᠦ ᠥᠭᠭᠦᠭᠰᠡᠨ ︽ᠬᠤᠶᠠᠷ ᠪᠠᠷᠢᠮᠲᠠ︾ ᠲᠠᠢ ᠡᠮ ᠤᠨ ᠵᠦᠢᠯ ᠢ ᠴᠠᠭ ᠲᠣᠬᠠᠢ ᠳᠤᠨᠢ ᠲᠠᠰᠤᠯᠤᠨ ᠪᠣᠳᠤᠵᠤ᠂ ᠲᠠᠰᠤᠯᠤᠨ ᠪᠤᠳᠤᠬᠤ ᠳᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠳᠡᠭᠡᠨ ᠳᠠᠭᠠᠯᠳᠤᠭᠤᠯᠤᠭᠰᠠᠨ ᠡᠮ ᠤᠨ ᠵᠦᠢᠯ ᠢ ᠦᠢᠯᠡᠳᠪᠦᠷᠢᠯᠡᠭᠰᠡᠨ ᠠᠵᠤ ᠠᠬᠤᠶᠢᠯᠠᠯ ᠤᠨ ᠪᠠᠷᠠᠭ᠎ᠠ ᠲᠠᠢ ᠳᠠᠭᠠᠭᠤᠯᠤᠭᠰᠠᠨ ᠬᠠᠭᠤᠳᠠᠰᠤ᠂ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ ᠪᠠᠭᠤᠯᠭᠠᠪᠤᠷᠢ ᠵᠢᠴᠢ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠪᠣᠯᠤᠨ ᠪᠠᠷᠠᠭ᠎ᠠ ᠲᠠᠢ ᠳᠠᠭᠠᠭᠤᠯᠤᠭᠰᠠᠨ ᠬᠠᠭᠤᠳᠠᠰᠤ ︵ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠪᠠᠶᠢᠬᠤ︶ ᠶᠢ ᠨᠢ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠡᠮ ᠤᠨ ᠵᠦᠢᠯ ᠢ ᠰᠠᠶ᠋ᠢ ᠲᠡᠰᠦᠯᠦᠠ ᠪᠤᠳᠤᠵᠤ᠂ ︽ᠬᠤᠶᠠᠷ ᠪᠠᠷᠢᠮᠲᠠ︾ ᠬᠠᠩᠭᠠᠭᠰᠠᠨ ᠦᠭᠡᠢ ᠡᠮ ᠤᠨ ᠵᠦᠢᠯ ᠢ ᠨᠢ ᠬᠤᠶᠢᠰᠢᠯᠠᠭᠤᠯᠤᠨ ᠳ᠋ᠦᠩᠨᠡᠨ ᠪᠣᠳᠣᠬᠤ ᠪᠥᠭᠡᠳ ᠬᠠᠷᠢᠭᠤᠴᠠᠯᠭ᠎ᠠ ᠨᠡᠬᠡᠮᠵᠢᠯᠡᠵᠡᠢ᠂ ᠲᠤᠰ ᠳ᠋ᠦᠩᠨᠡᠨ ᠪᠤᠳᠦᠬᠤ ᠬᠠᠮᠢᠶᠠᠷᠤᠯᠲᠠ ᠶᠢᠨ ᠠᠷᠭ᠎ᠠ ᠶᠢᠨ ᠦᠷ᠎ᠡ ᠪᠦᠲᠦᠮᠵᠢ ᠨᠢ ᠨᠡᠯᠢᠶᠡᠳ ᠢᠯᠡᠷᠬᠡᠶ ᠪᠠᠶᠢᠵᠤ᠂ ︽ᠬᠤᠶᠠᠷ ᠪᠠᠷᠢᠮᠲᠠ ᠶᠢᠨ ᠲᠦᠷᠢᠮ︾ ᠢ ᠤᠯᠠᠮ ᠨᠢᠭᠡ ᠠᠯᠬᠤᠮ ᠬᠡᠷᠡᠭᠵᠢᠭᠦᠯᠬᠦ ᠶᠢ ᠶᠡᠭᠡ ᠪᠠᠷ ᠠᠬᠢᠭᠤᠯᠪᠠ᠃        ᠬᠤᠶᠠᠷ ᠲᠤ ︽ᠬᠤᠶᠠᠷ ᠪᠠᠷᠢᠮᠲᠠ︾ ᠶᠢ ᠴᠢᠩᠭ᠎ᠠ ᠬᠢᠨᠠᠨ ᠪᠠᠶᠢᠴᠠᠭᠠᠬᠤ ᠶᠢᠨ ᠬᠠᠮᠲᠤ᠂ ᠬᠠᠮᠢᠶᠠᠷᠤᠯᠲᠠ ᠶᠢ ᠵᠢᠷᠤᠮᠵᠢᠭᠤᠯᠵᠠᠢ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠱᠠᠭᠠᠷᠳᠠᠯᠭ᠎ᠠ ᠶᠣᠰᠣᠭᠠᠷ ᠪᠦᠯᠦᠭ ᠨᠢᠭᠡᠪᠦᠷᠢ ᠶᠢᠨ ᠡᠮ ᠤᠨ ᠦᠢᠯᠡᠳᠪᠦᠷᠢ ᠠᠴᠠ ᠭᠠᠷᠭᠠᠬᠤ ᠪᠠᠷᠢᠮᠲᠠ᠂ ᠪᠠᠷᠠᠭ᠎ᠠ ᠲᠠᠢ ᠳᠠᠭᠠᠭᠤᠯᠬᠤ ᠬᠠᠭᠤᠳᠠᠰᠤᠨ ᠳᠤ ᠠᠯᠪᠠᠨ ᠲᠠᠮᠠᠭ᠎ᠠ ᠳᠠᠷᠤᠭᠠᠳ ᠲᠤᠰ ᠤᠳᠠᠭᠠᠨ ᠤ ᠡᠮ ᠲᠠᠢ ᠲᠣᠬᠢᠷᠠᠭᠤᠯᠤᠨ ᠬᠦᠷᠭᠡᠭᠰᠡᠨ ᠪᠠᠷᠢᠮᠲᠠ᠂ ᠪᠠᠷᠠᠭ᠎ᠠ ᠲᠠᠢ ᠳᠠᠭᠠᠭᠤᠯᠤᠭᠰᠠᠨ ᠬᠠᠭᠤᠳᠠᠰᠤ ᠪᠣᠯᠣᠨ ᠡᠮ ᠤᠨ ᠵᠦᠢᠯ ᠲᠠᠢ ᠬᠠᠮᠲᠤ ᠶᠠᠪᠤᠭᠤᠯᠤᠭᠰᠠᠨ᠂ ᠫᠢᠶᠣᠣ ᠪᠠᠷᠢᠮᠲᠠ᠂ ᠲᠡᠩᠰᠠ᠂ ᠪᠠᠷᠠᠭ᠎ᠠ ᠲᠠᠢ ᠬᠠᠷᠢᠯᠴᠠᠨ ᠨᠢᠭᠡᠳᠦᠯᠲᠡᠶ ᠪᠠᠶᠢᠯᠭᠠᠬᠤ ᠪᠥᠭᠡᠳ ᠳᠡᠪᠲᠡᠷᠯᠡᠭᠡᠳ᠂ ᠦᠯᠡᠳᠡᠭᠡᠨ ᠬᠠᠳᠠᠭᠠᠯᠠᠬᠤ ᠪᠣᠯᠭᠠᠵᠠᠢ᠃        ᠭᠤᠷᠪᠠ ᠳᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠬᠢᠨᠠᠵᠤ ᠬᠠᠮᠢᠶᠠᠷᠬᠤ ᠪᠠᠨ ᠴᠢᠩᠭᠠᠳᠬᠠᠵᠠᠢ᠃ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠴᠥᠮ ᠡᠮ ᠤᠨ ᠵᠦᠢᠯ ᠢ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠲᠦᠷᠢᠮ︾ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠪᠣᠯᠭᠠᠵᠠᠢ᠃ ︽ᠬᠤᠶᠠᠷ ᠪᠠᠷᠢᠮᠲᠠ ᠶᠢᠨ ᠲᠦᠷᠢᠮ︾ ᠢ ᠠᠮᠠᠯᠳᠠᠨ ᠬᠡᠷᠡᠭᠵᠢᠭᠦᠯᠵᠦ ᠴᠢᠳᠠᠬᠤ ᠦᠭᠡᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠪᠣᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠠᠴᠠ ᠬᠤᠪᠢᠷᠠᠭᠤᠯᠵᠤ᠂ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠨᠢ ᠥᠨᠳᠥᠷ᠂ ᠶᠠᠰᠤ ᠴᠢᠨᠠᠷ ᠢᠶᠠᠷ ᠢᠲᠡᠭᠡᠮᠵᠢ ᠰᠠᠶᠢᠲᠠᠢ᠂ ᠲᠣᠬᠢᠷᠠᠭᠤᠯᠤᠨ ᠬᠦᠷᠭᠡᠬᠦ ᠴᠢᠳᠠᠪᠤᠷᠢ ᠪᠠᠷ ᠴᠢᠩᠭ᠎ᠠ᠂ ︽ᠬᠤᠶᠠᠷ ᠪᠠᠷᠢᠮᠲᠠ ᠶᠢᠨ ᠲᠦᠷᠢᠮ︾ ᠢ ᠡᠭᠦᠷᠭᠡᠯᠡᠨ ᠬᠡᠷᠡᠭᠵᠢᠭᠦᠯᠵᠦ ᠴᠢᠳᠠᠳᠠᠭ᠂ ᠬᠠᠮᠢᠶ᠎ᠠ ᠪᠦᠭᠦᠢ ᠭᠡᠷᠡᠴᠢ ᠪᠠᠷᠢᠮᠲᠠ ᠬᠠᠩᠭᠠᠨ ᠥᠭᠴᠦ ᠳᠡᠶᠢᠯᠭᠦ ᠪᠠ ᠵᠣᠬᠢᠴᠠᠩᠭᠤᠶ ᠬᠠᠷᠢᠭᠤᠴᠠᠯᠭ᠎ᠠ ᠶᠢ ᠰᠠᠶᠢᠨ ᠳᠤᠷ᠎ᠠ ᠠᠴᠠ ᠪᠠᠨ ᠡᠭᠦᠷᠭᠡᠯᠡᠳᠡᠭ ᠡᠮ ᠤᠨ ᠵᠦᠢᠯ ᠤᠨ ᠭᠦᠢᠯᠭᠡᠭᠡ ᠶᠢᠨ ᠠᠵᠤ ᠠᠬᠤᠶᠢᠯᠠᠯ ᠢ ᠰᠤᠩᠭᠤᠵᠤ ᠲᠣᠬᠢᠷᠠᠭᠤᠯᠤᠨ ᠬᠦᠷᠭᠡᠬᠦ ᠠᠵᠢᠯ ᠬᠢᠯᠭᠡᠵᠡᠢ᠃        ᠲᠦᠷᠪᠡ ᠳᠤ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠯᠠᠵᠠᠢ᠃ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠵᠤ᠂ ᠦᠨᠳᠦᠰᠦᠨ ᠡᠮ ᠬᠡᠷᠡᠭᠵᠢᠭᠦᠯᠵᠦ ᠪᠠᠶᠢᠭ᠎ᠠ ᠪᠠᠶᠢᠳᠠᠯ᠂ ︽ᠬᠤᠶᠠᠷ ᠪᠠᠷᠢᠮᠲᠠ ᠶᠢᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ᠂ ᠫᠢᠶᠣᠣ ᠪᠠᠷᠢᠮᠲᠠ ᠶᠢᠨ ᠬᠠᠮᠢᠶᠠᠷᠤᠯᠲᠠ᠂ ᠬᠠᠳᠠᠭᠠᠯᠠᠯᠲᠠ ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠠᠯᠠᠷᠠᠭᠤᠯᠬᠤ ᠪᠣᠯᠭᠠᠵᠠᠢ᠃ 2017 ᠣᠨ ᠳᠤ 3 ᠤᠳᠠᠭ᠎ᠠ ᠰᠢᠮᠳᠠᠭᠤᠯᠤᠨ ᠪᠠᠶᠢᠴᠠᠭᠠᠵᠤ᠂ 6 ᠤᠳᠠᠭ᠎ᠠ ᠰᠤᠭᠤᠴᠢᠨ ᠪᠠᠶᠢᠴᠠᠭᠠᠵᠤ᠂ ︽ᠬᠤᠶᠠᠷ ᠪᠠᠷᠢᠮᠲᠠ ᠶᠢᠨ ᠲᠦᠷᠢᠮ︾ ᠢ ᠪᠦᠬᠦ ᠲᠠᠯ᠎ᠠ ᠪᠠᠷ ᠵᠢᠷᠤᠮᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃        ᠲᠠᠪᠤ ᠳᠤ ᠲᠦᠷᠢᠮ ᠢᠶᠠᠷ ᠬᠢᠨᠠᠨ ᠰᠢᠯᠭᠠᠬᠤ ᠶᠢ ᠴᠢᠩᠭᠠᠳᠬᠵᠠᠢ᠃ ︽ᠬᠤᠶᠠᠷ ᠪᠠᠷᠢᠮᠲᠠ ᠶᠢᠨ ᠲᠦᠷᠢᠮ︾ ᠢ ᠬᠡᠷᠡᠭᠵᠢᠭᠦᠯᠬᠦ ᠶᠠᠪᠤᠳᠠᠯ ᠢ ᠡᠮ ᠡᠮᠨᠡᠯᠭᠡ ᠶᠢᠨ ᠪᠠᠶᠢᠭᠤᠯᠤᠮᠵᠢ ᠶᠢᠨ ᠵᠢᠯ ᠤᠨ ᠡᠴᠦᠰ ᠤᠨ ᠰᠢᠯᠭᠠᠨ ᠬᠢᠨᠠᠬᠤ ᠵᠢᠴᠢ ᠡᠮᠨᠡᠯᠭᠡ ᠶᠢᠨ ᠬᠤᠷᠢᠶᠠᠨ ᠳᠠᠷᠤᠭ᠎ᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠢᠯ ᠢ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠲᠦᠷᠢᠮ︾ ᠤᠨ ᠴᠢᠬᠤᠯᠠ ᠴᠢᠨᠠᠷ ᠤᠨ ᠲᠣᠬᠠᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号