ᠬᠥᠯᠥᠨ ᠪᠤᠶᠢᠷ ᠬᠤᠲᠠ ︽ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠵᠦ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2018-06-21
       ᠬᠥᠯᠥᠨ ᠪᠤᠶᠢᠷ ᠬᠤᠲᠠ 2018 ᠣᠨ ᠠᠴᠠ ᠡᠬᠢᠯᠡᠨ ᠠᠮᠤ ᠪᠤᠳᠠᠭᠠᠨ ᠤ ᠭᠦᠢᠯᠭᠡᠭᠡᠨ ᠤ ᠬᠦᠷᠢᠶᠡᠨ ᠳᠤ ︽ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠵᠡᠢ᠃ ᠡᠨᠡ ᠵᠢᠯ᠂ ᠬᠥᠯᠥᠨ ᠪᠤᠶᠢᠷ ᠬᠤᠲᠠ ︽ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ︾ ᠤᠨ ᠲᠤᠰᠬᠠᠶ ᠪᠡᠯᠡ ᠮᠥᠩᠭᠦ ᠶᠢ 4200 ᠲᠦᠮᠡᠨ ᠲᠥᠭᠦᠷᠢᠭ ᠣᠯᠣᠭᠰᠠᠨ ᠪᠥᠭᠡᠳ ᠬᠥᠯᠥᠨ ᠪᠤᠶᠢᠷ ᠬᠤᠳᠠ ᠶᠢᠨ 2018 ᠣᠨ ᠤ ᠬᠤᠶᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠡᠭᠡᠷ᠎ᠡ ᠪᠠᠲᠤᠯᠠᠭᠰᠠᠨ ᠤ ᠳᠠᠷᠠᠭ᠎ᠠ ᠮᠣᠷᠢᠨᠳᠠᠪᠠᠭ᠎ᠠ ᠬᠤᠰᠢᠭᠤ ᠵᠡᠷᠭᠡ ︽ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ 7 ᠬᠤᠰᠢᠭᠤ ᠲᠣᠭᠤᠷᠢᠭ ᠲᠤ ᠴᠠᠭ ᠲᠣᠬᠠᠢ ᠳᠤᠨᠢ ᠰᠠᠯᠭᠠᠨ ᠥᠭᠴᠡᠢ᠃ ︽ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ︾ ᠳᠤ ᠭᠤᠣᠯᠳᠠᠭᠤ ︽ᠳᠤᠮᠳᠠᠳᠤ ᠤᠯᠤᠰ ᠤᠨ ᠴᠢᠨᠠᠷ ᠰᠠᠶᠢᠲᠠᠢ ᠠᠮᠤ ᠪᠤᠳᠠᠭ᠎ᠠ ᠲᠤᠰᠤ︾ ᠶᠢᠨ ᠠᠵᠢᠯᠯᠠᠭ᠎ᠠ ᠦᠷᠨᠢᠭᠦᠯᠬᠦ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠥᠪᠰᠢᠨ ᠢ ᠰᠢᠯᠭᠠᠨ ᠪᠠᠶᠢᠴᠠᠭᠠᠵᠤ ᠬᠢᠨᠠᠨ ᠰᠢᠯᠭᠠᠬᠤ ᠰᠢᠰᠲ᠋ᠧᠮᠵᠢ ᠶᠢ ᠪᠦᠷᠢᠨᠰᠢᠭᠦᠯᠬᠦ᠂ ᠲᠤᠰᠬᠠᠶᠢᠵᠢᠭᠰᠠᠨ ᠨᠡᠶᠢᠭᠡᠮᠴᠢᠯᠡᠭᠰᠡᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠬᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠵᠤ ᠪᠤᠢ ᠂ ᠠᠮᠤ ᠪᠤᠳᠠᠭᠠᠨ ᠤ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠠᠮᠤ ᠪᠤᠳᠠᠭᠠᠨ ᠤ ᠭᠦᠢᠯᠭᠡᠭᠡᠨ ᠤ ᠰᠢᠨ᠎ᠡ ᠬᠡᠯᠪᠡᠷᠢ ᠶᠢᠨ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠭᠤᠯᠤᠨ᠂ ᠪᠣᠬᠢᠷᠲᠤᠯ ᠦᠭᠡᠢ ᠴᠢᠨᠠᠷ ᠰᠠᠶᠢᠲᠠᠢ ᠠᠮᠤ ᠪᠤᠳᠠᠭ᠎ᠠ ᠦᠢᠯᠡᠳᠪᠦᠷᠢᠯᠡᠬᠦ ᠪᠠ ᠪᠣᠯᠪᠠᠰᠤᠷᠠᠭᠤᠯᠬᠤ ᠶᠢ ᠪᠦᠲᠦᠮᠵᠢᠲᠡᠶ ᠬᠥᠲᠥᠯᠥᠨ ᠵᠢᠯᠣᠭᠤᠳᠴᠤ᠂ 2020 ᠣᠨ ᠪᠣᠯᠬᠤ ᠳᠤ ᠪᠦᠬᠦ ᠬᠤᠳᠠ ᠶᠢᠨ ᠠᠮᠤ ᠪᠤᠳᠠᠭᠠᠨ ᠤ ᠬᠤᠷᠢᠶᠠᠯᠲᠠ ᠶᠡᠬᠡᠲᠡᠶ ᠰᠢᠶᠠᠨ ᠤ ᠠᠮᠤ ᠪᠤᠳᠠᠭᠠᠨ ᠤ ᠴᠢᠨᠠᠷ ᠰᠠᠶᠢᠲᠠᠶ ᠭᠠᠷᠤᠯᠲᠠ ᠶᠢᠨ ᠨᠤᠷᠮ᠎ᠠ ᠶᠢ 30% ᠣᠷᠴᠢᠮ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠲᠥᠪ ᠤᠨ ᠡᠳ᠋ ᠤᠨ ᠵᠠᠰᠠᠭ ᠤᠨ ᠬᠥᠲᠥᠯᠥᠨ ᠵᠢᠯᠣᠭᠤᠳᠬᠤ ᠴᠢᠨᠠᠷᠲᠠᠶ ᠪᠡᠯᠡ ᠮᠥᠩᠭᠦ ᠶᠢᠨ ᠣᠷᠤᠭᠤᠯᠤᠯᠲᠠ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠢ ᠪᠦᠲᠦᠮᠵᠢᠲᠡᠶ ᠪᠠᠷ ᠬᠥᠭᠵᠢᠭᠡᠵᠦ᠂ ᠠᠮᠤ ᠪᠤᠳᠠᠭᠠᠨ ᠤ ᠠᠵᠢᠯ ᠲᠥᠷᠥᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠮᠤ ᠪᠤᠳᠠᠭᠠᠨ ᠤ ᠭᠦᠢᠯᠭᠡᠭᠡ ᠠᠴᠠ ᠦᠢᠯᠡᠳᠪᠦᠷᠢᠯᠡᠯ ᠪᠠ ᠬᠡᠷᠡᠭᠯᠡᠭᠡ ᠳᠤ ᠦᠵᠡᠭᠦᠯᠬᠦ ᠬᠥᠲᠥᠯᠥᠨ ᠵᠢᠯᠣᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠠᠮᠤ ᠪᠤᠳᠠᠭᠠᠨ ᠤ ᠲᠠᠷᠢᠮᠠᠯ ᠤᠨ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠠᠮᠤ ᠪᠤᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠨᠡᠩ ᠥᠨᠳᠥᠷ ᠲᠦᠪᠰᠢᠨ ᠢᠶᠠᠷ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号