ᠮᠠᠨ ᠤ ᠬᠤᠲᠠ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠤᠨ ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2018-06-25
       6 ᠰᠠᠷ᠎ᠠ ᠶᠢᠨ 20 ᠤ ᠡᠳᠦᠷ᠂ ᠮᠠᠨ ᠤ ᠬᠤᠲᠠ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠤᠨ ᠪᠤᠯᠪᠠᠰᠤᠷᠠᠯ ᠤᠨ ᠠᠩᠭᠢ ᠡᠷᠬᠢᠯᠡᠪᠡ᠃        ᠲᠤᠰ ᠤᠳᠠᠭᠠᠨ ᠤ ᠪᠤᠯᠪᠠᠰᠤᠷᠠᠯ ᠤᠨ ᠠᠩᠭᠢ ᠨᠢ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠢᠭᠡᠲᠦᠯᠲᠡᠢ ᠱᠠᠭᠠᠷᠳᠠᠯᠭ᠎ᠠ ᠳᠤᠤᠷ᠎ᠠ ᠡᠷᠬᠢᠯᠡᠭᠰᠡᠨ ᠨᠢᠭᠡ ᠤᠳᠠᠭᠠᠨ ᠤ ᠴᠢᠬᠤᠯᠠ ᠪᠤᠯᠪᠠᠰᠤᠷᠠᠯ ᠪᠠᠶᠢᠵᠤ᠂ ᠪᠦᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠲᠠ ᠶᠢᠨ ᠬᠠᠮᠢᠶᠠᠷᠤᠯᠲᠠ ᠶᠢᠨ ᠠᠵᠢᠯᠲᠠᠳ ᠪᠠ ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠤᠨ ᠠᠵᠢᠯ ᠤᠨ ᠬᠤᠯᠪᠤᠭᠳᠠᠯ ᠪᠦᠬᠦᠢ ᠠᠵᠤ ᠠᠬᠤᠶᠢᠯᠠᠯ ᠤᠨ ᠠᠵᠢᠯᠲᠠᠳ 140 ᠭᠠᠷᠤᠢ ᠬᠦᠮᠦᠰ ᠤᠷᠤᠯᠴᠠᠵᠠᠢ᠃        ᠪᠤᠯᠪᠠᠰᠤᠷᠠᠯ ᠳᠤ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠮᠤᠩᠭᠤᠯ ᠬᠡᠯᠡᠨ ᠤ ᠰᠤᠳᠤᠯᠭᠠᠨ ᠤ ᠬᠡᠷᠡᠭᠯᠡᠭᠡᠨ ᠤ ᠲᠦᠪ ᠤᠨ ᠲᠤᠰᠬᠠᠢ ᠮᠡᠷᠭᠡᠵᠢᠯᠲᠡᠨ ᠲᠡᠭᠦᠰᠪᠠᠶᠠᠷ ᠢ ᠤᠷᠢᠵᠤ᠂ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠤᠨ ᠲᠤᠬᠠᠢ ᠨᠠᠷᠢᠨ ᠲᠠᠶᠢᠯᠪᠤᠷᠢᠯᠠᠯᠲᠠ ᠬᠢᠯᠭᠡᠵᠦ᠂ ᠪᠤᠯᠪᠠᠰᠤᠷᠠᠯ ᠤᠨ ᠳᠠᠷᠠᠭ᠎ᠠ ᠶᠠᠷᠢᠯᠴᠠᠬᠤ ᠬᠤᠷᠠᠯ ᠬᠢᠵᠦ᠂ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠤᠨ ᠳᠤᠮᠳᠠ ᠤᠷᠤᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠵᠢᠴᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢᠨ ᠲᠤᠬᠠᠢ ᠶᠠᠷᠢᠯᠴᠠᠵᠠᠢ᠃        ᠤᠶᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠤᠳᠤᠯᠤᠨ ᠭᠠᠷᠭᠠᠭᠰᠠᠨ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠨᠢ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠢ ᠰᠠᠶᠢᠲᠤᠷ ᠬᠢᠬᠦ ᠳᠤ ᠴᠤ᠋ ᠰᠢᠨ᠎ᠡ᠂ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠪᠠ ᠬᠠᠮᠢᠶᠠᠷᠤᠯᠲᠠ ᠶᠢᠨ ᠮᠡᠷᠭᠡᠵᠢᠯ ᠢ ᠬᠠᠩᠭᠠᠵᠤ᠂ ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠤᠨ ᠠᠵᠢᠯ ᠤᠨ ᠬᠤᠯᠪᠤᠭᠳᠠᠯ ᠪᠦᠬᠦᠢ ᠠᠵᠤ ᠠᠬᠤᠶᠢᠯᠠᠯ᠂ ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠢ ᠬᠡᠷᠡᠭᠯᠡᠭᠴᠢ ᠵᠢᠴᠢ ᠬᠠᠮᠢᠶᠠᠷᠤᠯᠲᠠ ᠶᠢᠨ ᠠᠵᠢᠯᠲᠠᠳ ᠤᠨ ᠠᠵᠢᠯ ᠳᠤ ᠳᠦᠭᠦᠮ ᠦᠵᠡᠭᠦᠯᠬᠦ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号