ᠬᠤᠩ ᠮᠢᠶᠤᠤᠽᠢ ᠪᠠᠯᠭᠠᠰᠤ ᠠᠷᠠᠳ ᠤᠯᠠᠨ ᠤ ᠦᠪᠡᠷ ᠤᠨ ᠬᠦᠴᠦ ᠪᠠᠷ ᠢᠶᠠᠨ ᠳᠡᠭᠵᠢᠷᠡᠵᠦ ᠶᠠᠳᠠᠭᠤ ᠠᠴᠠ ᠠᠩᠭᠢᠵᠢᠷᠠᠬᠤ ᠤᠬᠠᠮᠰᠠᠷ ᠢ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2018-07-12
       ᠬᠤᠩ ᠱᠠᠨ ᠲᠤᠭᠤᠷᠢᠭ ᠤᠨ ᠬᠤᠩ ᠮᠢᠶᠤᠤᠽᠢ ᠪᠠᠯᠭᠠᠰᠤ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢᠨ ᠬᠠᠮᠲᠤ ᠤᠶᠤᠨ ᠰᠠᠨᠠᠭ᠎ᠠ ᠪᠠᠷ ᠶᠠᠳᠠᠭᠤ ᠶᠢ ᠳᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠴᠢᠬᠤᠯᠠ ᠠᠭᠤᠯᠭ᠎ᠠ ᠪᠤᠯᠭᠠᠨ ᠠᠳᠬᠤᠵᠠᠢ᠃ ᠤᠬᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠦᠷᠭᠡᠳᠬᠡᠨ᠂ ᠰᠤᠷᠲᠠᠯ ᠪᠤᠯᠪᠠᠰᠤᠨ ᠤ ᠪᠠᠶᠢᠭᠤᠯᠤᠯᠲᠠ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ︽ᠦᠵᠡᠰᠭᠦᠯᠡᠩᠲᠦ ᠰᠠᠶᠢᠬᠠᠨ ᠰᠢᠶᠠᠩ ᠲᠤᠰᠬᠤᠨ︾ ᠤ ᠪᠦᠲᠦᠭᠡᠨ ᠪᠠᠶᠢᠭᠤᠯᠤᠯᠲᠠ᠂ ᠪᠤᠯᠪᠠᠰᠤᠨ ᠲᠤᠰᠬᠤᠨ ᠪᠠᠯᠭᠠᠰᠤ ᠶᠢ ᠪᠠᠶᠢᠭᠤᠯᠬᠤ ᠪᠠ ᠰᠤᠶᠤᠯ ᠤᠨ ᠲᠠᠯ᠎ᠠ ᠪᠠᠷ ᠠᠷᠠᠳ ᠤᠯᠠᠨ ᠳᠤ ᠠᠰᠢᠭ ᠬᠦᠷᠲᠡᠭᠡᠬᠦ ᠢᠨᠵᠧᠨᠧᠷᠢᠩ ᠢᠶᠠᠷ ᠠᠴᠢᠶᠠᠯᠠᠪᠤᠷᠢ ᠪᠤᠯᠭᠠᠨ᠂ ᠤᠶᠤᠨ ᠰᠠᠨᠠᠭ᠎ᠠ ᠰᠤᠶᠤᠯ ᠢᠶᠠᠷ ᠶᠠᠳᠠᠭᠤ ᠠᠴᠠ ᠠᠩᠭᠢᠵᠢᠷᠠᠭᠤᠯᠬᠤ ᠠᠵᠢᠯᠯᠠᠭᠠᠨ ᠢ ᠶᠡᠬᠡᠪᠡᠷ ᠦᠷᠨᠢᠭᠦᠯᠵᠦ᠂ ᠶᠠᠳᠠᠭᠤ ᠬᠦᠴᠢᠷᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠲᠠᠨᠢᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃        ᠪᠦᠬᠦ ᠪᠠᠯᠭᠠᠰᠤ ᠶᠢᠨ ᠬᠡᠪᠴᠢᠶᠡᠨ ᠳᠤ ᠨᠡᠶᠢᠭᠡᠮ ᠵᠢᠷᠦᠮ ᠤᠨ ᠭᠤᠤᠯᠯᠠᠬᠤ ᠦᠷᠲᠡᠭ ᠤᠨ ᠦᠵᠡᠯᠲᠡ᠂ ᠲᠦᠷᠦ ᠶᠢᠨ ᠪᠤᠳᠤᠯᠭ᠎ᠠ ᠬᠠᠤᠯᠢ ᠳᠦᠷᠢᠮ᠂ ᠰᠠᠶᠢᠨ ᠬᠦᠮᠦᠨ ᠤ ᠰᠠᠶᠢᠨ ᠦᠢᠯᠡ ᠶᠢᠨ ᠲᠡᠮᠳᠡᠭᠯᠡᠯ ᠵᠡᠷᠭᠡ ᠠᠭᠤᠯᠭ᠎ᠠ  ᠲᠠᠢ 100 ᠭᠠᠷᠤᠢ ᠬᠡᠰᠡᠭ ᠤᠬᠠᠭᠤᠯᠭ᠎ᠠ ᠶᠢᠨ ᠰᠠᠮᠪᠠᠷ᠎ᠠ ᠬᠢᠵᠦ᠂ ︽ᠰᠤᠷᠤᠯᠴᠠᠯᠭ᠎ᠠ ᠶᠢᠨ ᠲᠠᠩᠬᠢᠮ︾ ᠢ ᠠᠰᠢᠭᠯᠠᠨ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠲᠦᠷᠦᠭᠦᠯᠡᠨ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠴᠢᠭᠯᠡᠯᠲᠡ ᠶᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠴᠢᠳ ᠤᠨ ᠨᠠᠮ ᠢᠶᠠᠨ ᠬᠦᠷᠢᠶᠡᠯᠡᠵᠦ ᠨᠠᠮ ᠳᠠᠭᠠᠨ ᠲᠠᠯᠠᠷᠬᠠᠬᠤ ᠰᠡᠳᠬᠢᠯ ᠢ ᠬᠦᠨᠳᠡᠵᠦ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠠᠷᠠᠳ ᠲᠤ ᠠᠰᠢᠭ ᠬᠦᠷᠲᠡᠭᠡᠭᠰᠡᠨ ᠪᠠᠶᠢᠨ᠎ᠠ᠃ ᠡᠭᠦᠨ ᠤ ᠬᠠᠮᠲᠤ᠂ ᠤᠬᠠᠭᠤᠯᠭ᠎ᠠ ᠶᠢᠨ ᠪᠠᠭ᠎ᠠ ᠳᠤᠭᠤᠶᠢᠯᠠᠩ ᠪᠠᠶᠢᠭᠤᠯᠵᠤ᠂ ᠠᠷᠢᠭᠤᠨ ᠬᠦᠳᠡᠯᠮᠦᠷᠢ ᠪᠠᠷ ᠢᠶᠠᠨ ᠪᠠᠶᠠᠵᠢᠭᠰᠠᠨ᠂ ᠨᠠᠰᠤᠲᠠᠨ ᠢᠶᠠᠨ ᠠᠰᠠᠷᠠᠵᠤ᠂ ᠨᠢᠯᠬᠠᠰ ᠢᠶᠠᠨ ᠬᠠᠶᠢᠷᠠᠯᠠᠳᠠᠭ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠤᠨ᠂ ᠤᠯᠠᠨ ᠲᠦᠮᠡᠨ ᠢ ᠰᠤᠷᠤᠯᠴᠠᠭᠤᠯᠵᠤ᠂ ᠲᠠᠷᠢᠶᠠᠴᠢᠳ ᠤᠨ ᠦᠪᠡᠷ ᠢ ᠪᠠᠨ ᠬᠦᠴᠦᠷᠬᠡᠭᠵᠢᠭᠦᠯᠦᠨ᠂ ᠠᠷᠢᠭᠤᠨ ᠬᠦᠳᠡᠯᠮᠦᠷᠢ ᠪᠠᠷ ᠢᠶᠠᠨ ᠪᠠᠶᠠᠵᠢᠨ ᠴᠢᠨᠡᠭᠡᠯᠢᠭᠵᠢᠵᠦ᠂ ᠪᠤᠳᠠᠰ ᠤᠨ ᠪᠠ ᠤᠶᠤᠨ ᠤ ᠲᠠᠯ᠎ᠠ ᠪᠠᠷ ᠶᠠᠳᠠᠭᠤ ᠠᠴᠠ ᠡᠷᠲᠡᠬᠡᠨ ᠠᠩᠭᠢᠵᠢᠷᠠᠬᠤ ᠶᠢ ᠬᠦᠲᠦᠯᠦᠨ ᠵᠢᠯᠤᠭᠤᠳᠴᠠᠢ᠃ ᠡᠭᠦᠨ ᠠᠴᠠ ᠭᠠᠳᠠᠨ᠎ᠠ᠂ ᠡᠯ᠎ᠡ ᠲᠤᠰᠬᠤᠨ ᠳᠤ ︽ᠠᠴᠢᠯᠠᠯᠲᠤ ᠦᠷ᠎ᠡ ᠬᠡᠦᠬᠡᠳ︾᠂ ︽ᠰᠠᠶᠢᠨ ᠠᠶᠢᠯ ᠰᠠᠭᠠᠬᠠᠯᠲᠠ︾᠂ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠳᠠᠭᠠᠭᠤᠯᠤᠭᠴᠢ︾ ᠶᠢ ᠰᠢᠯᠭᠠᠷᠠᠭᠤᠯᠤᠨ ᠬᠦᠬᠢᠭᠦᠯᠬᠦ ᠠᠵᠢᠯᠯᠠᠭᠠᠨ ᠦᠷᠨᠢᠭᠦᠯᠵᠦ᠂ ᠠᠷᠠᠳ ᠤᠯᠠᠨ ᠤ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠪᠡᠷ ᠤᠨ ᠬᠦᠴᠦᠨ ᠳᠡᠭᠡᠨ ᠲᠦᠰᠢᠭᠯᠡᠵᠦ ᠪᠠᠶᠠᠵᠢᠨ ᠴᠢᠨᠡᠭᠡᠯᠢᠭᠵᠢᠬᠦ ᠤᠬᠠᠮᠰᠠᠷ ᠢ ᠨᠢ ᠳᠡᠭᠡᠭᠰᠢᠯᠡᠭᠦᠯᠦᠨ ᠶᠠᠳᠠᠭᠤ ᠠᠴᠠ ᠠᠩᠭᠢᠵᠢᠷᠠᠬᠤ ᠢᠲᠡᠭᠡᠯ ᠵᠤᠷᠢᠭ ᠢ ᠨᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号