ᠠᠷᠪᠠᠨ ᠭᠤᠷᠪᠠᠳᠤᠭᠠᠷ ᠬᠤᠭᠤᠴᠠᠭᠠᠨ ᠤ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ 7 ᠰᠠᠷ᠎ᠠ ᠶᠢᠨ 18 ᠤ ᠡᠳᠦᠷ ᠡᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2018-07-12
       7 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ ᠨᠢ 7 ᠰᠠᠷ᠎ᠠ ᠶᠢᠨ 18 ᠤ ᠡᠳᠦᠷ ᠠᠴᠠ 8 ᠰᠠᠷ᠎ᠠ ᠶᠢᠨ 23 ᠤ ᠡᠳᠦᠷ ᠪᠤᠯᠲᠠᠯ᠎ᠠ ᠶᠠᠪᠤᠭᠳᠠᠨ᠂ ᠨᠡᠶᠢᠲᠡ 37 ᠡᠳᠦᠷ ᠦᠷᠭᠦᠯᠵᠢᠯᠡᠵᠦ 37 ᠲᠠᠯᠠᠪᠠᠢ ᠲᠤᠭᠯᠠᠯᠲᠠ ᠭᠠᠷᠭᠠᠬᠤ ᠪᠠᠷ ᠪᠠᠶᠢᠨ᠎ᠠ᠃        ᠲᠤᠰ ᠬᠤᠭᠤᠴᠠᠭᠠᠨ ᠤ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠦᠮ ᠤᠨ ᠰᠤᠶᠤᠯ ᠤᠨ ᠶᠡᠭᠡ ᠬᠦᠭᠵᠢᠯᠲᠡ᠂ ᠶᠡᠭᠡ ᠴᠡᠴᠡᠭᠯᠡᠯᠲᠡ ᠶᠢ ᠠᠬᠢᠭᠤᠯᠬᠤ ᠲᠤᠬᠠᠢ ᠰᠢᠷᠢᠰ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠦᠨᠳᠦᠰᠦᠨ ᠵᠤᠷᠢᠯᠲᠠ ᠪᠠᠨ ᠪᠤᠯᠭᠠᠵᠤ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ ᠤᠢ ᠶᠢ ᠳᠤᠷᠠᠰᠬᠠᠨ ᠪᠡᠯᠭᠡᠯᠡᠬᠦ ᠪᠠᠷ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠤᠯᠭᠠᠵᠠᠢ᠃ ᠦᠷᠭᠡᠨ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠨ ᠬᠠᠮᠠᠭᠠᠯᠠᠬᠤ᠂ ᠤᠯᠠᠭᠠᠨᠬᠠᠳᠠ ᠪᠠᠨ ᠪᠦᠲᠦᠭᠡᠨ ᠪᠠᠶᠢᠭᠤᠯᠬᠤ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠵᠤ᠂ ᠤᠶᠤᠨ ᠬᠦᠴᠦᠨ ᠢᠶᠠᠨ ᠨᠢᠭᠲᠠᠷᠠᠭᠤᠯᠤᠨ ᠡᠷᠡᠮᠡᠬᠡᠶᠢᠯᠡᠨ ᠤᠷᠤᠭᠰᠢᠯᠠᠵᠤ᠂ ᠪᠦᠬᠦ ᠬᠤᠲᠠ ᠶᠢᠨ ︽ᠲᠠᠪᠤ ᠶᠢ ᠨᠢᠭᠡ ᠴᠤᠭᠴᠠᠵᠢᠭᠤᠯᠬᠤ︾ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠦᠨᠳᠦᠰᠦᠨ ᠵᠤᠷᠢᠯᠲᠠ ᠪᠠᠨ ᠪᠤᠯᠭᠠᠭᠰᠠᠨ ᠪᠠᠶᠢᠨ᠎ᠠ᠃        ᠤᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠬᠤ᠂ ᠤᠬᠠᠭᠠᠯᠠᠨ ᠲᠦᠰᠦᠪᠯᠡᠬᠦ᠂ ᠪᠡᠯᠡᠳᠬᠡᠬᠦ ᠪᠠᠷ ᠳᠡᠮᠵᠢᠵᠦ᠂ ᠤᠯᠠᠭᠠᠨᠬᠠᠳᠠ ᠶᠢᠨ ᠰᠢᠨ᠎ᠡ ᠬᠤᠲᠠ ᠲᠤᠭᠤᠷᠢᠭ ᠤᠨ ᠬᠠᠰ ᠯᠤᠤ ᠠᠭᠤᠳᠠᠮ ᠲᠠᠯᠠᠪᠠᠢ ᠳᠤ ︽ᠰᠢᠨ᠎ᠡ ᠴᠠᠭ ᠦᠶ᠎ᠡ ᠪᠠᠨ ᠮᠠᠭᠲᠠᠨ ᠳᠠᠭᠤᠯᠠᠵᠤ᠂ ᠰᠢᠨ᠎ᠡ ᠤᠯᠠᠭᠠᠨᠬᠠᠳᠠ ᠪᠠᠨ ᠴᠤᠭᠴᠠᠯᠠᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠡᠬᠢᠯᠡᠯᠲᠡ ᠶᠢᠨ ᠶᠤᠰᠤᠯᠠᠯ ᠤᠨ ᠲᠤᠮᠤ ᠬᠡᠯᠪᠡᠷᠢ ᠶᠢᠨ ᠤᠷᠠᠨ ᠰᠠᠶᠢᠬᠠᠨ ᠤ ᠲᠤᠭᠯᠠᠯᠲᠠ ᠭᠠᠷᠭᠠᠬᠤ ᠪᠠ ︽ᠬᠡᠶᠢᠮᠦᠷᠢ ᠬᠤᠷᠤᠶᠢᠯᠠᠭᠰᠠᠨ ᠤᠮᠠᠷᠠᠲᠤ ᠬᠢᠯᠢ︾ ᠭᠡᠬᠦ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠤᠭ ᠪᠦᠲᠦᠭᠡᠯᠲᠦ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠶᠠᠪᠤᠭᠳᠠᠭᠤᠯᠬᠤ︔ ᠱᠠᠨᠳᠦ᠋ᠩ ᠮᠤᠵᠢ ᠶᠢᠨ ᠴᠢᠩᠳᠤᠤ ᠬᠤᠲᠠ ᠶᠢᠨ ᠮᠤᠤ ᠴᠢᠶᠠᠩ ᠵᠢᠶᠤᠤ ᠵᠸᠦ ᠶᠠᠩᠭᠠᠷ ᠵᠦᠴᠦᠭᠡ ᠶᠢᠨ ᠪᠦᠯᠬᠦᠮ᠂ ᠱᠠᠨᠳᠦ᠋ᠩ ᠮᠤᠵᠢ ᠶᠢᠨ ᠵᠢᠨᠢᠩ ᠬᠤᠲᠠ ᠶᠢᠨ ᠼᠢᠷᠺ ᠤᠨ ᠪᠦᠯᠬᠦᠮ ᠪᠠ ᠬᠦᠬᠡᠬᠤᠲᠠ ᠶᠢᠨ ᠦᠨᠳᠦᠰᠦᠲᠡᠨ ᠤ ᠤᠷᠠᠯᠢᠭ ᠤᠨ ᠪᠦᠯᠦᠭᠯᠡᠯ ᠨᠢ ᠤᠯᠠᠭᠠᠨᠬᠠᠳᠠ ᠳᠤ ᠤᠷᠢᠯᠭ᠎ᠠ ᠪᠠᠷ ᠢᠷᠡᠵᠦ ᠰᠤᠶᠤᠯ ᠤᠨ ᠨᠦᠬᠦᠷᠰᠡᠭ ᠰᠤᠯᠢᠯᠴᠠᠭᠠᠨ ᠤ ᠲᠤᠭᠯᠠᠯᠲᠠ ᠭᠠᠷᠭᠠᠬᠤ︔ ᠤᠯᠠᠨ ᠤᠳᠤᠳ ᠤᠨ ᠳᠠᠭᠤᠤ ᠶᠢᠨ ᠦᠳᠡᠰᠢᠯᠡᠭᠡ ᠬᠢᠬᠦ︔ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮ ᠲᠤᠭᠯᠠᠯᠲᠠ ᠵᠢᠴᠢ ᠭᠤᠷᠪᠠᠳᠤᠭᠠᠷ ᠬᠤᠭᠤᠴᠠᠭᠠᠨ ᠤ ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮ ᠲᠤᠭᠯᠠᠯᠲᠠ ᠭᠠᠷᠭᠠᠬᠤ︔ ︽2018 ᠤᠨ ᠤ ᠦᠪᠦᠷ ᠮᠤᠩᠭᠤᠯ ᠤᠨ ᠵᠡᠭᠦᠨ ᠬᠡᠰᠡᠭ ᠤᠨ ᠶᠠᠨᠵᠢᠩ ᠫᠢᠪ ᠤᠨ ᠨᠠᠶᠢᠷ︾ ᠵᠡᠷᠭᠡ ᠭᠤᠶᠢᠳᠠ ᠰᠠᠶᠢᠬᠠᠨ ᠲᠤᠭᠯᠠᠯᠲᠠ ᠶᠢᠨ ᠠᠵᠢᠯᠯᠠᠭᠠᠨ ᠤ ᠲᠦᠷᠦᠯ ᠵᠦᠢᠯ ᠢ ᠲᠤᠬᠢᠷᠠᠭᠤᠯᠵᠠᠢ᠃ ᠪᠦᠬᠦ ᠲᠠᠯᠠᠪᠠᠢ ᠲᠤᠭᠯᠠᠯᠲᠠ ᠨᠢ ᠰᠦᠢᠳᠬᠡᠯ ᠬᠤᠷᠢᠶᠠᠬᠤ ᠦᠭᠡᠢ ᠪᠠᠷ ᠤᠯᠠᠨ ᠲᠦᠮᠡᠨ ᠳᠤ ᠴᠢᠯᠦᠭᠡᠲᠡᠢ ᠨᠡᠭᠡᠭᠡᠨ᠎ᠡ᠃ ᠲᠤᠰ ᠬᠤᠭᠤᠴᠠᠭᠠᠨ ᠤ ᠬᠤᠩ ᠱᠠᠨ ᠰᠤᠶᠤᠯ ᠵᠢᠭᠤᠯᠴᠢᠯᠠᠯ ᠤᠨ ᠨᠠᠶᠢᠷ ᠨᠢ ᠬᠦᠷ ᠬᠦᠭᠵᠢᠶᠡᠨ ᠲᠠᠢ᠂ ᠠᠷᠪᠢᠯᠠᠨ ᠭᠠᠮᠨᠠᠭᠰᠠᠨ᠂ ᠦᠨᠡᠨ ᠢ ᠡᠷᠬᠢᠮᠯᠡᠭᠰᠡᠨ᠂ ᠠᠮᠤᠷ ᠲᠦᠪᠰᠢᠨ᠂ ᠭᠤᠶᠢᠲᠠ ᠰᠠᠶᠢᠬᠠᠨ᠂ ᠠᠷᠠᠳ ᠲᠦᠮᠡᠨ ᠬᠠᠨᠤᠮᠵᠢᠲᠠᠢ ᠰᠤᠶᠤᠯ ᠤᠨ ᠨᠠᠶᠢᠷ ᠪᠤᠯᠬᠤ ᠨᠢ ᠯᠠᠪᠲᠠᠢ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号