ᠤᠯᠠᠭᠠᠨᠬᠠᠳᠠ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠮᠠᠨ ᠤ ᠤᠯᠤᠰ ᠤᠨ ᠠᠩᠬᠠᠳᠠᠭᠴᠢ ᠴᠦᠭᠡᠨ ᠲᠤᠭᠠᠲᠤ ᠦᠨᠳᠦᠰᠦᠲᠡᠨ ᠤ ᠤᠷᠠᠨ ᠪᠢᠴᠢᠯᠭᠡ ᠶᠢᠨ ᠲᠤᠷᠰᠢᠯᠲᠠ ᠶᠢᠨ ᠰᠤᠷᠭᠠᠭᠤᠯᠢ ᠪᠤᠯᠪᠠ
ᠨᠡᠶᠢᠲᠡᠯᠡᠭᠰᠡᠨ ᠴᠠᠭ᠄
2018-07-03
        6 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠰᠤᠳᠤᠯᠭᠠᠨ ᠤ ᠬᠤᠷᠠᠯ ᠤᠨ ᠤᠷᠠᠨ ᠪᠢᠴᠢᠯᠭᠡ ᠶᠢᠨ ᠰᠤᠷᠭᠠᠨ ᠬᠦᠮᠦᠵᠢᠯ ᠤᠨ ᠲᠤᠰᠬᠠᠢ ᠵᠦᠪᠯᠡᠯ ᠠᠴᠠ ᠤᠯᠠᠭᠠᠨᠬᠠᠳᠠ ᠶᠢᠨ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢ ᠪᠦᠬᠦ ᠤᠯᠤᠰ ᠤᠨ ᠤᠷᠠᠨ ᠪᠢᠴᠢᠯᠭᠡ ᠶᠢᠨ ᠲᠤᠷᠰᠢᠯᠲᠠ ᠶᠢᠨ ᠰᠤᠷᠭᠠᠭᠤᠯᠢ ᠪᠠᠷ ᠲᠤᠭᠲᠠᠭᠠᠵᠤ᠂ ᠲᠤᠰ ᠰᠤᠷᠭᠠᠭᠤᠯᠢ ᠨᠢ ᠮᠠᠨ ᠤ ᠤᠯᠤᠰ ᠤᠨ ᠠᠩᠬᠠᠳᠠᠭᠴᠢ ᠴᠦᠭᠡᠨ ᠲᠤᠭᠠᠲᠤ ᠦᠨᠳᠦᠰᠦᠲᠡᠨ ᠤ ᠤᠷᠠᠨ ᠪᠢᠴᠢᠯᠭᠡ ᠶᠢᠨ ᠲᠤᠷᠰᠢᠯᠲᠠ ᠶᠢᠨ ᠰᠤᠷᠭᠠᠭᠤᠯᠢ ᠪᠤᠯᠤᠭᠰᠠᠨ ᠪᠠᠶᠢᠨ᠎ᠠ᠃        2013 ᠤᠨ ᠳᠤ ᠰᠤᠷᠭᠠᠨ ᠬᠦᠮᠦᠵᠢᠯ ᠤᠨ ᠶᠠᠮᠤᠨ ᠠᠴᠠ ᠤᠷᠠᠨ ᠪᠢᠴᠢᠯᠭᠡ ᠶᠢᠨ ᠰᠤᠷᠭᠠᠨ ᠬᠦᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠢᠰᠲ᠋ᠧᠮ ᠳᠤ ᠤᠷᠤᠭᠤᠯᠤᠨ᠂ ᠰᠤᠷᠤᠭᠴᠢᠳ ᠢ ᠨᠠᠰᠤ ᠂ ᠱᠠᠲᠤ ᠬᠤᠪᠢᠶᠠᠨ ᠪᠤᠯᠤᠳ ᠪᠢᠷ ᠪᠠ ᠦᠰᠦᠨ ᠪᠢᠷ ᠤᠨ ᠤᠷᠠᠨ ᠪᠢᠴᠢᠯᠭᠡ ᠰᠤᠷᠴᠤ ᠪᠤᠯᠪᠠᠰᠤᠷᠠᠭᠤᠯᠬᠤ ᠪᠠᠷ ᠲᠤᠭᠲᠠᠭᠠᠭᠰᠠᠨ ᠪᠠᠶᠢᠨ᠎ᠠ᠃ ᠤᠯᠠᠭᠠᠨᠬᠠᠳᠠ ᠶᠢᠨ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠨᠢ 2015 ᠤᠨ ᠠᠴᠠ ᠡᠬᠢᠯᠡᠨ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢ ᠰᠢᠰᠲ᠋ᠧᠮᠵᠢᠭᠦᠯᠦᠨ ᠠᠳᠬᠤᠵᠤ᠂ ᠠᠩᠬ᠎ᠠ ᠳᠤᠮᠳᠠᠳᠤ ᠶᠢᠨ ᠭᠤᠷᠪᠠᠨ ᠤᠨ ᠪᠠ ᠳᠡᠭᠡᠳᠦ ᠨᠢᠭᠡ ᠶᠢᠨ ᠰᠤᠷᠤᠭᠴᠢᠳ ᠲᠤ ᠲᠤᠰᠬᠠᠢ ᠬᠢᠴᠢᠶᠡᠯ ᠲᠤᠬᠢᠷᠠᠭᠤᠯᠤᠨ ᠵᠢᠭᠠᠨ ᠰᠤᠷᠭᠠᠯᠲᠠ ᠬᠢᠵᠦ᠂ ᠤᠷᠠᠨ ᠪᠢᠴᠢᠯᠭᠡ ᠶᠢᠨ ᠨᠡᠶᠢᠭᠡᠮᠯᠢᠭ ᠪᠠᠶᠢᠭᠤᠯᠬᠤ᠂ ᠵᠢᠭᠠᠬᠤ ᠮᠠᠲ᠋ᠧᠷᠢᠶᠠᠯ ᠨᠠᠶᠢᠷᠠᠭᠤᠯᠤᠨ ᠵᠤᠬᠢᠶᠠᠬᠤ ᠪᠠ ᠬᠠᠲᠠᠭᠤ ᠵᠦᠭᠡᠯᠡᠨ ᠲᠤᠨᠤᠭ ᠤᠨ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠦᠭᠰᠡᠨ ᠪᠠᠶᠢᠨ᠎ᠠ᠃ ᠰᠤᠷᠭᠠᠭᠤᠯᠢ ᠠᠴᠠ ᠪᠠᠰᠠ ᠪᠡᠯᠡ ᠮᠦᠩᠭᠦ ᠤᠷᠤᠭᠤᠯᠵᠤ᠂ ᠤᠷᠠᠨ ᠪᠢᠴᠢᠯᠭᠡ ᠶᠢᠨ ᠲᠤᠭᠠᠴᠢᠯᠠᠭᠰᠠᠨ ᠬᠢᠴᠢᠶᠡᠯ ᠤᠨ ᠭᠡᠷ ᠪᠠᠶᠢᠭᠤᠯᠵᠤ᠂ ᠤᠷᠢᠳ ᠬᠤᠵᠢᠳ 1200 ᠭᠠᠷᠤᠢ ᠰᠤᠷᠤᠭᠴᠢᠳ ᠲᠤ ᠤᠷᠠᠨ ᠪᠢᠴᠢᠯᠭᠡ ᠵᠢᠭᠠᠭᠰᠠᠨ ᠪᠠᠶᠢᠨ᠎ᠠ᠃        ᠤᠶᠢᠯᠠᠭᠠᠭᠰᠠᠨ ᠢᠶᠠᠷ᠂ ᠤᠳᠤᠬᠠᠨ ᠳᠤ ᠪᠦᠬᠦ ᠤᠯᠤᠰ ᠲᠤ ᠤᠷᠠᠨ ᠪᠢᠴᠢᠯᠭᠡ ᠶᠢᠨ ᠰᠤᠷᠭᠠᠨ ᠬᠦᠮᠦᠵᠢᠯ ᠢ ᠬᠦᠭᠵᠢᠭᠦᠯᠵᠦ ᠪᠠᠶᠢᠭ᠎ᠠ ᠲᠤᠷᠰᠢᠯᠲᠠ ᠶᠢᠨ ᠰᠠᠭᠤᠷᠢᠨ ᠭᠠᠵᠠᠷ 40 ᠪᠠᠶᠢᠵᠤ᠂ ᠤᠷᠠᠨ ᠪᠢᠴᠢᠯᠭᠡ ᠶᠢᠨ ᠰᠤᠷᠭᠠᠨ ᠬᠦᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠ ᠵᠢᠱᠢᠶ᠎ᠡ ᠦᠵᠡᠭᠦᠯᠬᠦ ᠰᠤᠷᠭᠠᠭᠤᠯᠢ 600 ᠭᠠᠷᠤᠢ ᠪᠤᠢ᠃ 2016 ᠤᠨ ᠳᠤ ᠲᠤᠰ ᠰᠤᠷᠭᠠᠭᠤᠯᠢ ᠨᠢ ᠤᠷᠤᠨ ᠤ ᠳᠡᠰ ᠤᠨ ᠤᠷᠠᠨ ᠪᠢᠴᠢᠯᠭᠡ ᠶᠢᠨ ᠲᠤᠷᠰᠢᠯᠲᠠ ᠶᠢᠨ ᠰᠤᠷᠭᠠᠭᠤᠯᠢ ᠪᠤᠯᠤᠭᠰᠠᠨ ᠪᠤᠯ ᠡᠨᠡ ᠵᠢᠯ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠰᠢᠯᠭᠠᠨ ᠪᠠᠶᠢᠴᠠᠭᠠᠯᠲᠠ ᠶᠢ ᠦᠩᠭᠡᠷᠡᠭᠡᠵᠦ᠂ ᠤᠯᠤᠰ ᠤᠨ ᠳᠡᠰ ᠤᠨ ᠤᠷᠠᠨ ᠪᠢᠴᠢᠯᠭᠡ ᠶᠢᠨ ᠰᠤᠷᠭᠠᠭᠤᠯᠢ ᠪᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号