ᠬᠡᠰᠢᠭᠲᠡᠨ ᠬᠤᠰᠢᠭᠤ ᠬᠤᠶᠠᠳᠤᠭᠠᠷ ᠤᠳᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2018-07-03
        6 ᠰᠠᠷ᠎ᠠ ᠶᠢᠨ 23 ᠤ ᠡᠳᠦᠷ ᠠᠴᠠ 24 ᠤ ᠡᠳᠦᠷ ᠪᠤᠯᠲᠠᠯ᠎ᠠ᠂ ᠬᠡᠰᠢᠭᠲᠡᠨ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠠᠴᠠ ᠭᠤᠤᠯᠴᠢᠯᠠᠨ ᠡᠷᠬᠢᠯᠡᠵᠦ᠂ ᠬᠡᠰᠢᠭᠲᠡᠨ ᠬᠤᠰᠢᠭᠤᠨ ᠤ ᠰᠤᠶᠤᠯ ᠲᠠᠮᠢᠷ ᠤᠨ ᠲᠤᠪᠴᠢᠶ᠎ᠠ ᠶᠢᠨ ᠵᠠᠯᠠᠭᠤᠴᠤᠳ ᠪᠠᠭᠠᠴᠤᠳ ᠤᠨ ᠲᠠᠮᠢᠷ ᠤᠨ ᠺᠯᠦ᠋ᠪ ᠠᠴᠠ ᠳᠠᠭᠠᠭᠠᠴᠢᠯᠠᠨ ᠡᠷᠬᠢᠯᠡᠭᠰᠡᠨ ᠬᠡᠰᠢᠭᠲᠡᠨ ᠬᠤᠰᠢᠭᠤᠨ ᠤ ᠬᠤᠶᠠᠳᠤᠭᠠᠷ ᠤᠳᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠪᠢᠷᠠᠭᠤ ᠪᠠᠯᠭᠠᠰᠤᠨ ᠳᠤ ᠶᠠᠪᠤᠭᠳᠠᠪᠠ᠃        ᠲᠤᠰ ᠤᠳᠠᠭᠠᠨ ᠤ ᠤᠷᠤᠯᠳᠤᠭᠠᠨ ᠨᠢ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠤᠯᠠᠮᠵᠢᠯᠠᠯᠲᠤ ᠰᠤᠶᠤᠯ ᠢᠶᠠᠨ ᠵᠠᠯᠠᠭᠤᠴᠤᠳ ᠪᠠᠭᠠᠴᠤᠳ ᠲᠠᠭᠠᠨ ᠤᠯᠠᠮᠵᠢᠯᠠᠨ ᠵᠠᠯᠭᠠᠮᠵᠢᠯᠠᠭᠤᠯᠬᠤ ᠪᠠᠷ ᠵᠤᠷᠢᠯᠲᠠ ᠪᠠᠨ ᠪᠤᠯᠭᠠᠵᠤ᠂ ᠪᠠᠭᠠᠴᠤᠳ ᠤᠨ ᠳᠤᠭᠤᠶᠢᠯᠠᠩ ᠪᠠ ᠵᠠᠯᠠᠭᠤᠴᠤᠳ ᠤᠨ ᠳᠤᠭᠤᠶᠢᠯᠠᠩ ᠬᠤᠪᠢᠶᠠᠨ ᠦᠷᠢᠰᠦᠯᠳᠦᠭᠦᠯᠵᠦ᠂ ᠪᠠᠭᠠᠴᠤᠳ ᠤᠨ ᠳᠤᠭᠤᠶᠢᠯᠠᠩ ᠳᠤ ᠪᠢᠷᠠᠭᠤ ᠳᠠᠬᠢ ᠮᠤᠩᠭᠤᠯ ᠪᠠᠭ᠎ᠠ ᠰᠤᠷᠭᠠᠭᠤᠯᠢ ᠶᠢᠨ ᠪᠠᠶᠠᠰᠤᠯ ᠲᠡᠷᠢᠭᠦᠯᠡᠵᠦ᠂ ᠵᠠᠯᠠᠭᠤᠴᠤᠳ ᠤᠨ ᠳᠤᠭᠤᠶᠢᠯᠠᠩ ᠳᠤ ᠪᠢᠷᠠᠭᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠮᠦᠩᠬᠡ ᠲᠡᠷᠢᠭᠦᠯᠡᠵᠡᠢ᠃ ᠡᠭᠦᠨ ᠤ ᠳᠠᠭᠠᠤ ᠳᠤᠨᠢ 2018 ᠤᠨ ᠤ ᠪᠠᠶᠠᠨᠵᠢᠷᠦᠬᠡ ᠤᠪᠤᠭᠠᠨ ᠲᠠᠬᠢᠯᠭ᠎ᠠ ᠶᠢᠨ ᠮᠤᠩᠭᠤᠯ ᠰᠢᠲᠠᠷ᠎ᠠ ᠶᠢᠨ ᠤᠷᠤᠯᠳᠤᠭᠠᠨ ᠨᠢ ᠪᠠᠰᠠ ᠵᠡᠷᠭᠡᠪᠡᠷ ᠶᠠᠪᠤᠭᠳᠠᠵᠤ᠂ ᠡᠷᠡᠭᠲᠡᠢ ᠶᠢᠨ ᠳᠤᠭᠤᠶᠢᠯᠠᠩ ᠪᠠ ᠡᠮᠡᠭᠲᠡᠢ ᠶᠢᠨ ᠳᠤᠭᠤᠶᠢᠯᠠᠩ ᠬᠤᠪᠢᠶᠠᠨ ᠤᠷᠤᠯᠳᠤᠵᠤ᠂ ᠰᠢᠯᠢ ᠶᠢᠨ ᠭᠤᠤᠯ ᠠᠶᠢᠮᠠᠭ᠂ ᠬᠦᠬᠡᠬᠤᠲᠠ ᠵᠡᠷᠭᠡ ᠭᠠᠵᠠᠷ ᠤᠷᠤᠨ ᠠᠴᠠ ᠰᠢᠲᠠᠷ᠎ᠠ ᠶᠢᠨ ᠳᠤᠷ᠎ᠠ ᠪᠠᠭ᠋ᠠᠲᠠᠳ ᠬᠦᠷᠦᠯᠴᠡᠨ ᠢᠷᠡᠵᠦ ᠤᠷᠤᠯᠳᠤᠭᠰᠠᠨ ᠪᠢᠯᠡ᠃ ᠤᠷᠤᠯᠳᠤᠭᠠᠨ ᠤ ᠳ᠋ᠦᠩ ᠳᠤ ᠡᠷᠡᠭᠲᠡᠢ ᠶᠢᠨ ᠳᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠲᠤᠯᠢᠬᠤᠩᠭᠤᠷ ᠲᠡᠷᠢᠭᠦᠯᠡᠵᠦ᠂ ᠡᠮᠡᠭᠲᠡᠢ ᠶᠢᠨ ᠳᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠴᠠᠶᠢᠯᠭᠠᠨ ᠲᠡᠷᠢᠭᠦᠨ ᠳᠤ ᠲᠤᠳᠤᠷᠠᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号