ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠶᠢᠨ ᠹᠧᠩ ᠣᠯᠠᠭᠠᠨᠬᠠᠳᠠ ᠳᠤ ᠲᠤᠰᠢᠶᠠᠯ ᠬᠠᠪᠰᠣᠷᠭᠠᠨ ᠰᠠᠭᠤᠭ᠎ᠠ ᠪᠡᠭᠡᠵᠢᠩ ᠤᠨ ᠺᠠᠳ᠋ᠷ ᠢ ᠳᠠᠭᠠᠭᠤᠯᠣᠨ ᠠᠷᠣ ᠬᠤᠷᠴᠢᠨ ᠬᠤᠰᠢᠭᠤᠨ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-07-05
       7 ᠰᠠᠷ᠎ᠠ ᠶᠢᠨ 2 ᠤᠨ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠶᠢᠨ ᠹᠧᠩ ᠣᠯᠠᠭᠠᠨᠬᠠᠳᠠ ᠳᠤ ᠲᠤᠰᠢᠶᠠᠯ ᠬᠠᠪᠰᠣᠷᠭᠠᠨ ᠰᠠᠭᠤᠭ᠎ᠠ ᠪᠡᠭᠡᠵᠢᠩ ᠤᠨ ᠺᠠᠳ᠋ᠷ ᠢ ᠳᠠᠭᠠᠭᠤᠯᠣᠨ ᠠᠷᠣ ᠬᠤᠷᠴᠢᠨ ᠬᠤᠰᠢᠭᠤᠨ ᠳᠤ ᠬᠦᠷᠴᠦ ᠪᠡᠭᠡᠵᠢᠩ ᠦᠪᠦᠷ ᠮᠤᠩᠭᠤᠯ ᠤᠨ ᠬᠠᠪᠰᠣᠷᠣᠨ ᠳᠡᠳᠬᠦᠬᠦ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃        ᠱᠢ ᠶᠢᠨ ᠹᠧᠩ ᠨᠠᠷ ᠠᠷᠣ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠲᠣᠣ ᠶᠢᠨ ᠪᠠᠷ᠎ᠠ ᠪᠣᠯᠣᠯᠭ᠎ᠠ ᠲᠣᠣᠷ᠎ᠠ ᠤᠷᠢᠳ ᠬᠤᠵᠢᠳ ᠰᠢᠶᠠᠨ ᠹᠧᠩ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠣᠷᠳᠣᠨ᠂ ᠰᠣᠶᠣᠯ ᠲᠠᠮᠢᠷ ᠤᠨ ᠠᠵᠢᠯᠯᠠᠭᠠᠨ ᠤ ᠲᠥᠪ᠂ ᠪᠠᠢ ᠡᠾᠧ ᠨᠠᠭᠤᠷ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠪᠠᠶᠢᠴᠠᠭᠠᠨ ᠰᠣᠳᠣᠯᠵᠣ᠂ ᠠᠷᠣ ᠬᠤᠷᠴᠢᠨ ᠬᠤᠰᠢᠭᠤᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠭᠵᠢᠯᠲᠡ᠂ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠣᠷᠣᠨ ᠲᠤᠰᠠᠯᠠᠬᠤ ᠠᠵᠢᠯ ᠪᠣᠯᠤᠨ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠨ ᠣᠷᠣᠯᠭ᠎ᠠ ᠨᠡᠮᠡᠭᠳᠡᠭᠰᠡᠨ ᠪᠠᠶᠢᠳᠠᠯ ᠢ ᠣᠶᠢᠯᠠᠭᠠᠪᠠ᠃ ᠰᠢᠶᠠᠨ ᠹᠧᠩ ᠰᠢᠶᠠᠩ ᠤᠨ ᠰᠢᠶᠠᠨ ᠹᠧᠩ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠣᠷᠳᠣᠨ ᠳᠤ ᠱᠢ ᠶᠢᠨ ᠹᠧᠩ ᠨᠠᠷ ᠰᠢᠶᠠᠨ ᠹᠧᠩ ᠤᠨ ᠤᠬᠠᠭᠤᠯᠭ᠎ᠠ ᠶᠢᠨ ᠫᠢᠯᠢᠮ ᠪᠠ ᠤᠬᠠᠭᠤᠯᠭ᠎ᠠ ᠶᠢᠨ ᠳᠡᠪᠲᠡᠷ ᠢ ᠰᠣᠨᠢᠷᠬᠠᠨ᠂ ᠰᠢᠶᠠᠨ ᠹᠧᠩ ᠰᠢᠶᠠᠩ ᠤᠨ ︽ᠬᠤᠶᠠᠷ ᠪᠦᠰᠡ︾ ︽ᠭᠤᠷᠪᠠᠨ ᠣᠷᠣᠨ︾ ᠤ ᠠᠵᠤ ᠦᠢᠯᠡᠰ ᠤᠨ ᠬᠥᠭᠵᠢᠯᠲᠡ ᠶᠢᠨ ᠪᠦᠲᠦᠴᠡ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠳᠠᠰ ᠤᠨ ᠪᠣᠰᠣ ᠰᠣᠶᠣᠯ ᠤᠨ ᠠᠮᠢᠳᠤᠷᠠᠯ ᠤᠨ ᠣᠯᠠᠮᠵᠢᠯᠠᠯ᠂ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠠᠶᠢᠭᠤᠯᠤᠯᠲᠠ ᠵᠡᠷᠭᠡ ᠪᠠᠶᠢᠳᠠᠯ ᠢ ᠤᠶᠢᠯᠠᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ ᠱᠢ ᠶᠢᠨ ᠹᠧᠩ ᠪᠦᠬᠦ ᠨᠠᠮ ᠤᠨ ᠭᠡᠰᠢᠭᠦᠳ ᠢ ᠳᠠᠭᠠᠭᠤᠯᠣᠨ ᠨᠠᠮ ᠤᠨ ᠲᠤᠭ ᠲᠠᠭᠠᠨ ᠳᠠᠬᠢᠨᠲᠠ ᠳᠠᠩᠭᠠᠷᠢᠭᠯᠠᠵᠤ᠂ ᠨᠠᠮ ᠤᠨ ᠢᠷᠠᠭᠤ ᠠᠯᠳᠠᠷᠲᠤ ᠲᠡᠦᠬᠡ ᠶᠢ ᠡᠷᠭᠢᠴᠡᠭᠦᠯᠵᠦ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠦᠭᠰᠡᠨ ᠪᠠᠶᠢᠨ᠎ᠠ᠃ ᠲᠡᠷᠠᠭ᠎ᠠ ᠳᠤ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠢ ᠡᠾᠧ ᠨᠠᠭᠤᠷ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠰᠠᠭᠤᠷᠢᠨ ᠭᠠᠵᠠᠷ ᠢᠶᠠᠷ ᠭᠦᠨᠵᠡᠭᠡᠶᠢᠷᠡᠵᠦ᠂ ᠬᠤᠯᠪᠣᠭᠳᠠᠯ ᠪᠦᠬᠦᠢ ᠠᠵᠢᠯᠲᠠᠨ ᠤ ᠲᠠᠨᠢᠯᠴᠠᠭᠤᠯᠭ᠎ᠠ ᠶᠢ ᠰᠣᠨᠣᠰᠴᠣ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠠᠶᠢᠴᠢᠯᠠᠬᠤ ᠬᠡᠪ ᠵᠠᠭᠪᠤᠷ᠂ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠲᠡᠭᠡᠬᠦ ᠵᠡᠷᠭᠡ ᠪᠠᠶᠢᠳᠠᠯ ᠢ ᠨᠠᠷᠢᠯᠢᠭ ᠣᠶᠢᠯᠠᠭᠠᠭᠰᠠᠨ ᠪᠠᠶᠢᠨ᠎ᠠ᠃        ᠱᠢ ᠶᠢᠨ ᠹᠧᠩ ᠠᠷᠣ ᠬᠤᠷᠴᠢᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠭᠦᠢᠴᠡᠳ ᠨᠤᠲᠠᠯᠠᠪᠠ᠂ ᠲᠡᠷᠡ ᠵᠢᠭᠠᠬᠤ ᠳᠠᠭᠠᠨ᠂ ᠠᠷᠣ ᠬᠤᠷᠴᠢᠨ ᠬᠤᠰᠢᠭᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥᠯ ᠵᠦᠢᠯ ᠪᠠᠶᠢᠭᠤᠯᠬᠤ ᠠᠴᠠ ᠠᠪᠤᠭᠠᠳ ᠵᠣᠬᠢᠶᠠᠨ ᠪᠠᠶᠢᠭᠤᠯᠤᠨ ᠬᠡᠷᠡᠭᠵᠢᠬᠦᠯᠬᠦ ᠪᠤᠯᠲᠠᠯᠠᠬᠢ ᠡᠯ᠎ᠡ ᠵᠠᠩᠭᠢᠯᠠᠭ᠎ᠠ ᠶᠢᠨ ᠠᠵᠢᠯ ᠤᠨ ᠰᠡᠳᠬᠢᠴᠡ ᠲᠣᠳᠣᠷᠬᠠᠶ᠂ ᠠᠷᠭ᠎ᠠ ᠬᠡᠮᠵᠢᠶ᠎ᠡ ᠡᠷᠴᠢᠮᠲᠡᠢ ᠪᠠᠶᠢᠵᠤ᠂ ᠲᠦᠷᠦᠯ ᠵᠦᠢᠯ ᠤᠨ ᠠᠬᠢᠴᠠ ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠵᠢᠯ ᠤᠨ ᠳᠤᠮᠳᠠ ᠲᠥᠷᠥᠯ ᠵᠦᠢᠯ ᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠡᠯ᠎ᠡ ᠵᠦᠢᠯ ᠤᠨ ᠬᠢᠨᠠᠨ ᠬᠠᠮᠢᠶᠠᠷᠬᠤ ᠠᠵᠢᠯ ᠢᠶᠠᠨ ᠢᠳᠡᠪᠬᠢᠲᠡᠶ ᠰᠠᠶᠢᠲᠤᠷ ᠬᠢᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠦᠷᠦᠯ ᠵᠦᠢᠯ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠬᠦ ᠶᠢ ᠪᠠᠲᠤᠯᠠᠨ᠂ ᠡᠷᠭᠢᠨ ᠲᠣᠭᠤᠷᠢᠨ ᠤ ᠭᠠᠴᠠᠭ᠎ᠠ ᠲᠣᠰᠬᠤᠨ ᠤ ᠶᠠᠳᠠᠭᠤ ᠬᠦᠴᠢᠷᠳᠡᠯᠲᠡᠶ ᠤᠯᠠᠨ ᠲᠦᠮᠡᠨ ᠤ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠦ᠂ ᠪᠠᠶᠠᠵᠢᠬᠤ ᠠᠷᠭ᠎ᠠ ᠵᠠᠮ ᠢ ᠨᠢ ᠦᠷᠭᠡᠳᠬᠡᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠳᠠᠶᠢᠯᠠᠯᠳᠣᠭᠠᠨ ᠤ ᠢᠯᠯᠠᠲᠠ ᠶᠢ ᠳᠡᠮᠡᠴᠡᠨ ᠣᠯᠬᠤ ᠳᠤ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号