ᠮᠧᠩ ᠰᠢᠶᠠᠨ ᠳ᠋ᠦᠩ ᠨᠢᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-07-05
       7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠰᠢᠶᠠᠨ ᠳ᠋ᠦᠩ ᠨᠢᠩᠴᠧᠩ ᠰᠢᠶᠠᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠶᠠᠳᠠᠭᠤ ᠶᠢ ᠲᠡᠳᠬᠦᠬᠦ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠰᠢᠢᠳᠪᠦᠷᠢᠲᠦ ᠳᠠᠶᠢᠨ ᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠪᠠᠶᠢᠳᠠᠯ ᠢ ᠪᠠᠲᠤᠯᠠᠵᠤ᠂ ᠡᠯ᠎ᠡ ᠵᠦᠢᠯ ᠤᠨ ᠠᠵᠢᠯ ᠢ ᠨᠠᠷᠢᠨ ᠨᠢᠭᠲᠠ ᠦᠨᠡᠨ ᠪᠣᠳᠠᠲᠠᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠯᠤᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃        ᠮᠧᠩ ᠰᠢᠶᠠᠨ ᠳ᠋ᠦᠩ ᠨᠢᠩᠴᠧᠩ ᠰᠢᠶᠠᠨ ᠤ ᠭᠤᠷᠤᠬ᠎ᠠ ᠪᠠᠯᠭᠠᠰᠤᠨ ᠤ ᠰᠧ ᠳ᠋ᠣᠣ ᠭᠧᠦ ᠲᠣᠰᠬᠤᠨ ᠤ ᠰᠢᠪᠠᠷ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠤᠨ ᠠᠬᠢᠴᠠ ᠪᠠ ᠳ᠋ᠠ ᠶᠢᠩᠽᠢ ᠲᠣᠰᠬᠤᠨ ᠤ ᠠᠷᠠᠳ ᠢ ᠨᠡᠭᠦᠯᠭᠡᠨ ᠰᠢᠯᠵᠢᠭᠦᠯᠬᠦ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠳ᠋ᠢᠶᠠᠨ ᠽᠢ ᠪᠠᠯᠭᠠᠰᠤᠨ ᠤ ᠱᠢ ᠪᠠ ᠲᠠᠢ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠤᠨ ᠠᠬᠢᠴᠠ ᠪᠣᠯᠣᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠦᠵᠡᠵᠦ᠂ ᠢᠨᠵᠧᠨᠧᠷᠢᠩ ᠤᠨ ᠶᠠᠰᠤ ᠴᠢᠨᠠᠷ᠂ ᠠᠵᠤ ᠦᠢᠯᠡᠰ ᠢ ᠢᠵᠢ ᠪᠦᠷᠢᠳᠦᠭᠦᠯᠬᠦ᠂ ᠨᠡᠭᠦᠬᠦ ᠡᠷᠦᠬᠡ ᠶᠢᠨ ᠬᠢᠨᠠᠯᠲᠠ ᠲᠠᠯᠪᠢᠬᠤ ᠳᠤ ᠣᠷᠣᠯᠴᠠᠵᠤ ᠪᠠᠶᠢᠭ᠎ᠠ ᠵᠡᠷᠭᠡ ᠪᠠᠶᠢᠳᠠᠯ ᠢ ᠨᠠᠷᠢᠯᠢᠭ ᠣᠶᠢᠯᠭᠠᠵᠤ᠂ ᠠᠬᠤᠢ ᠲᠠᠯᠠᠪᠠᠢ ᠳᠤ ᠬᠤᠯᠪᠣᠭᠳᠠᠯ ᠪᠦᠬᠦᠢ ᠠᠵᠢᠯ ᠢ ᠵᠢᠭᠠᠨ ᠵᠢᠯᠣᠭᠤᠳᠪᠠ᠃          ᠡᠭᠦᠨ ᠤ ᠳᠠᠷᠠᠭᠠᠬᠠᠨ ᠬᠢᠭᠰᠡᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ ᠮᠧᠩ ᠰᠢᠶᠠᠨ ᠳ᠋ᠦᠩ ᠵᠢᠭᠠᠵᠤ ᠭᠠᠷᠭᠠᠬᠤ ᠳᠠᠭᠠᠨ᠂ ᠨᠢᠩᠴᠧᠩ ᠰᠢᠶᠠᠨ ᠪᠣᠯ ᠪᠦᠬᠦ ᠬᠤᠲᠠ ᠶᠢᠨ ᠲᠠᠷᠢᠶᠠᠯᠠᠩ ᠤᠨ ᠲᠣᠮᠣ ᠬᠤᠲᠠ᠂ ᠬᠥᠮᠥᠨ ᠠᠮᠠ ᠣᠯᠠᠨᠲᠠᠢ᠂ 2018 ᠣᠨ ᠳᠤ ᠶᠠᠳᠠᠭᠤ ᠬᠦᠴᠢᠷᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠬᠤ᠂ ᠰᠢᠶᠠᠨ ᠤ ᠶᠠᠳᠠᠭᠤ ᠬᠦᠴᠢᠷᠳᠡᠯᠲᠡᠢ ᠮᠠᠯᠠᠭᠠᠢ ᠶᠢ ᠲᠠᠶᠠᠭᠳᠠᠬᠤ ᠡᠭᠦᠷᠭᠡ ᠬᠠᠷᠠᠯᠲᠠ ᠶᠢ ᠪᠡᠶᠡᠯᠡᠭᠦᠯᠬᠦ ᠨᠢ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠪᠠ ᠢᠳᠡᠪᠬᠢᠲᠡᠢ ᠨᠡᠶᠢᠭᠡᠮ ᠤᠨ ᠦᠷ᠎ᠡ ᠨᠥᠯᠥᠭᠡ ᠲᠠᠢ᠃ ᠨᠢᠩᠴᠧᠩ ᠰᠢᠶᠠᠨ ᠡᠷᠬᠡᠪᠰᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠦᠵᠡᠯ ᠰᠠᠨᠠᠭ᠎ᠠ ᠶᠢ ᠬᠢᠨᠠᠮᠠᠭᠠᠢ ᠲᠣᠣᠱᠠᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠪᠣᠯᠭᠠᠨ ᠠᠳᠬᠤᠵᠤ᠂ ᠴᠢᠭᠯᠡᠯ ᠢᠶᠠᠨ ᠣᠨᠣᠪᠴᠢᠲᠠᠢ ᠲᠣᠭᠲᠠᠭᠠᠵᠤ᠂ ᠬᠠᠷᠠᠯᠲᠠ ᠪᠠᠨ ᠰᠠᠶᠢᠲᠤᠷ ᠲᠣᠭᠲᠠᠭᠠᠨ᠂ ᠭᠤᠣᠯᠳᠠᠯᠭ᠎ᠠ ᠶᠢ ᠣᠨᠣᠪᠴᠢᠲᠠᠢ ᠡᠷᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠭᠦᠢᠴᠡᠳ ᠬᠢᠬᠦ ᠬᠡᠷᠡᠭᠲᠡᠢ᠃ ᠠᠵᠤ ᠦᠢᠯᠡᠰ ᠢ ᠬᠥᠭᠵᠢᠭᠦᠯᠬᠦ ᠡᠨᠡᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠶᠢ ᠪᠠᠬᠢᠵᠢᠭᠦᠯᠵᠦ᠂ ᠣᠷᠣᠨ ᠨᠤᠲᠤᠭ᠂ ᠡᠷᠦᠬᠡ ᠪᠣᠯᠣᠨ ᠬᠥᠮᠥᠨ ᠠᠷᠠᠳ ᠤᠨ ᠢᠶᠠᠨ ᠪᠣᠳᠠᠲᠠᠢ ᠪᠠᠶᠢᠳᠠᠯ ᠳᠤ ᠲᠣᠬᠢᠷᠠᠭᠤᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠲᠣᠭᠲᠠᠭᠠᠨ᠂ ᠭᠤᠣᠯᠯᠠᠬᠤ ᠠᠵᠤ ᠦᠢᠯᠡᠰ ᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ ᠬᠡᠪᠴᠢᠶᠡᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ︽ᠬᠤᠶᠠᠷ ᠵᠦᠢᠯ ᠳᠤ ᠵᠣᠪᠠᠭ᠋ᠤ ᠦᠭᠡᠢ᠂ ᠭᠤᠷᠪᠠᠨ ᠵᠦᠢᠯ ᠢ ᠪᠠᠲᠤᠯᠠᠬᠤ︾ ᠶᠢ ᠪᠡᠶᠡᠯᠡᠭᠦᠯᠬᠦ ᠶᠢ ᠴᠢᠬᠤᠯᠠᠴᠢᠯᠠᠨ ᠦᠵᠡᠵᠦ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠣᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠣᠨᠣᠴᠠᠲᠠᠢ ᠪᠠᠷ ᠤᠬᠤᠷᠢᠭᠤᠯᠤᠨ ᠭᠠᠷᠭᠠᠬᠤ ᠵᠢᠴᠢ ᠬᠠᠮᠢᠶᠠᠷᠤᠯᠲᠠ ᠶᠢ ᠴᠢᠩᠭᠠᠳᠬᠠᠬᠤ᠂ ᠳᠣᠲᠣᠭᠠᠳᠤ ᠶᠢᠨ ᠠᠵᠢᠯ ᠢ ᠵᠢᠷᠤᠮᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢᠨ ᠰᠢᠯᠭᠠᠯᠲᠠ ᠶᠢ ᠥᠩᠭᠡᠷᠡᠭᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠢ ᠨᠠᠷᠢᠯᠢᠭ ᠣᠨᠣᠪᠴᠢᠲᠠᠢ ᠠᠬᠢᠭᠤᠯᠵᠤ᠂ ᠨᠡᠭᠦᠯᠭᠡᠨ ᠶᠠᠳᠠᠭᠤ ᠶᠢ ᠲᠡᠳᠬᠦᠬᠦ ᠶᠠᠪᠤᠴᠠ ᠳᠤ ᠠᠵᠤ ᠦᠢᠯᠡᠰ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠦᠵᠡᠵᠦ᠂ ᠨᠡᠭᠦᠭᠰᠡᠨ ᠣᠯᠠᠨ ᠲᠦᠮᠡᠨ ᠢ ᠦᠨᠡᠨᠬᠦ ᠶᠠᠳᠠᠭᠤ ᠠᠴᠠ ᠠᠩᠭᠢᠵᠢᠷᠠᠭᠤᠯᠤᠨ ᠠᠮᠢᠳᠤᠷᠠᠯ ᠢ ᠨᠢ ᠤᠯᠠᠮ ᠰᠠᠶᠢᠵᠢᠷᠠᠭᠤᠯᠬᠤ ᠬᠡᠷᠡᠭᠲᠡᠢ᠃ ᠤᠰᠤ ᠤᠮᠳᠠ ᠶᠢᠨ ᠠᠮᠤᠷ ᠲᠦᠪᠰᠢᠨ᠂ ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠰᠠᠭᠤᠳᠠᠯ ᠢ ᠶᠡᠭᠡ ᠬᠦᠴᠦᠨ ᠢᠶᠠᠷ ᠰᠢᠢᠳᠪᠦᠷᠢᠯᠡᠵᠦ᠂ ᠵᠥᠷᠢᠴᠡᠯ ᠢ ᠪᠠᠶᠢᠴᠠᠭᠠᠨ ᠰᠢᠢᠳᠪᠦᠷᠢᠯᠡᠵᠦ᠂ ᠡᠷᠲᠡᠬᠡᠨ ᠬᠥᠳᠡᠯᠦᠯᠴᠡᠨ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠢ ᠰᠠᠶᠢᠵᠢᠷᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃        ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠡᠸ᠋ᠨ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠣᠯᠴᠠᠪᠠ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号