ᠬᠤᠩ ᠱᠠᠨ ᠲᠤᠭᠤᠷᠢᠭ ᠲᠤᠮᠤ ᠳ᠋ᠠᠶᠢᠲ᠋ᠠ ᠶᠢ ᠠᠰᠢᠭᠯᠠᠵᠤ ᠠᠶᠦᠯᠭᠦᠢ ᠦᠢᠯᠡᠳᠪᠦᠷᠢᠯᠡᠯ ᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2018-07-05
       ᠲᠤᠮᠤ ᠳ᠋ᠠᠶᠢᠲ᠋ᠠ ᠪᠤᠯᠤᠨ ᠢᠨᠲ᠋ᠧᠷᠨᠧᠲ ᠨᠢ ᠰᠢᠨ᠎ᠡ ᠦᠢᠯᠡᠳᠪᠦᠷᠢᠯᠡᠯ ᠤᠨ ᠬᠡᠯᠪᠡᠷᠢ ᠪᠠ ᠨᠡᠶᠢᠭᠡᠮ ᠤᠨ ᠬᠡᠯᠪᠡᠷᠢ ᠶᠢᠨ ᠬᠤᠪᠢᠷᠠᠯᠲᠠ ᠶᠢᠨ ᠬᠠᠨᠳᠤᠰᠢ ᠶᠢ ᠲᠦᠯᠦᠭᠡᠯᠡᠵᠦ ᠪᠠᠶᠢᠨ᠎ᠠ᠃  ᠬᠤᠩ ᠱᠠᠨ ᠲᠤᠭᠤᠷᠢᠭ ᠢᠨᠲ᠋ᠧᠷᠨᠧᠲ  ᠤᠨ ᠲᠦᠷᠭᠡᠨ ᠬᠦᠭᠵᠢᠯᠲᠡ ᠶᠢᠨ ᠠᠵᠠ ᠲᠤᠬᠢᠶᠠᠯ ᠢ ᠠᠳᠬᠤᠵᠤ᠂  ᠠᠶᠦᠯᠭᠦᠢ ᠦᠢᠯᠡᠳᠪᠦᠷᠢᠯᠡᠯ ᠤᠨ ᠲᠤᠮᠤ ᠳ᠋ᠠᠶᠢᠲ᠋ᠠ ᠶᠢᠨ ᠦᠢᠯᠡᠴᠢᠯᠡᠭᠡ ᠶᠢᠨ ᠲᠦᠪ ᠢ ᠪᠦᠲᠦᠭᠡᠨ ᠪᠠᠶᠢᠭᠤᠯᠵᠤ᠂  ᠲᠤᠮᠤ ᠳ᠋ᠠᠶᠢᠲ᠋ᠠ ᠶᠢ ᠠᠰᠢᠭᠯᠠᠨ᠂ ᠪᠦᠬᠦ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠠᠵᠢᠯ ᠤᠨ ᠰᠢᠨ᠎ᠡ ᠬᠦᠴᠦᠨ ᠢ ᠪᠦᠷᠢᠯᠳᠦᠭᠦᠯᠵᠡᠢ᠃        ᠤᠯᠠᠭᠠᠨᠬᠠᠳᠠ ᠶᠢᠨ ᠡᠮ ᠦᠢᠯᠡᠳᠬᠦ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠡᠳᠦᠷ ᠲᠤᠲᠤᠮ ᠤᠨ ᠴᠠᠭᠳᠠᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ‌‍ᠰᠢᠪᠲᠤᠷ ᠤᠨ ᠤᠰᠤᠨ ᠤ ᠲᠠᠰᠤᠭ ᠲᠤ ᠴᠠᠭᠳᠠᠨ ᠪᠠᠶᠢᠴᠠᠭᠠᠵᠤ ᠶᠠᠪᠤᠨ᠎ᠠ᠃ ᠴᠡᠭ ᠪᠤᠯᠭᠠᠨ ᠢ ᠴᠠᠭᠳᠠᠨ ᠪᠠᠶᠢᠴᠠᠭᠠᠵᠤ ᠳᠠᠭᠤᠰᠬᠤ ᠪᠦᠷᠢ᠂ ᠠᠵᠢᠯᠲᠠᠨ ︽ᠤᠶᠤᠨᠴᠢ ᠴᠠᠭᠳᠠᠨ ᠪᠠᠶᠢᠴᠠᠭᠠᠬᠤ︾APP ᠪᠠᠷ ᠢᠯᠳᠠᠰᠤ ᠶᠢ ᠰᠢᠷᠪᠢᠵᠦ᠂ ᠴᠡᠭ ᠪᠤᠯᠭᠠᠨ ᠤ ᠪᠠᠶᠢᠳᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠡᠭᠦᠯᠡᠨ ᠲᠠᠪᠴᠠᠩ ᠳᠤ ᠳᠠᠮᠵᠢᠭᠤᠯᠤᠨ ᠦᠭᠳᠡᠭ᠃  ᠡᠨᠡᠬᠦ ᠺᠤᠮᠫᠠᠨᠢ ᠶᠢᠨ ᠠᠶᠦᠯᠭᠦᠢ ᠦᠢᠯᠡᠳᠪᠦᠷᠢᠯᠡᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠡᠯᠲᠡᠰ ᠤᠨ ᠠᠶᠦᠯᠭᠦᠢ ᠦᠢᠯᠡᠳᠪᠦᠷᠢᠯᠡᠯ ᠢ ᠭᠤᠤᠯ ᠬᠠᠮᠢᠶᠠᠷᠴᠤ ᠪᠠᠶᠢᠭ᠎ᠠ ᠶᠠᠩ ᠵᠠᠸ᠋ᠨ᠄ ︽ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠡᠭᠦᠯᠡᠨ ᠲᠠᠪᠴᠠᠩ ᠪᠢᠳᠡᠨ ᠤ ᠴᠢᠬᠤᠯᠠ ᠶᠡᠭᠡ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢᠨ ᠬᠢᠨᠠᠨ ᠬᠠᠮᠢᠶᠠᠷᠤᠯᠲᠠ ᠳᠤ ᠳᠦᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠪᠢᠳᠡᠨ ᠢ ᠬᠢᠨᠠᠨ ᠬᠠᠮᠢᠶᠠᠷᠬᠤ ᠳᠤ ᠳᠦᠭᠦᠮ ᠦᠵᠡᠭᠦᠯᠦᠭᠰᠡᠨ ᠪᠠᠶᠢᠨ᠎ᠠ᠃ ᠡᠨᠡᠬᠦ APP ᠪᠤᠢ ᠪᠤᠯᠤᠭᠰᠠᠨ ᠠᠴᠠ ᠨᠠᠰᠢ᠂ ᠮᠠᠨᠤᠰ ᠤᠨ ᠬᠡᠪ ᠤᠨ ᠦᠶᠡᠰ ᠲᠠᠬᠢ ᠭᠤᠤᠯᠳᠠᠯᠭ᠎ᠠ ᠲᠠᠢ ᠬᠡᠰᠡᠭ ᠢ ᠴᠠᠭᠳᠠᠨ ᠪᠠᠶᠢᠴᠠᠭᠠᠬᠤ ᠴᠠᠭᠲᠤ ᠴᠢᠨᠠᠷ ᠢ ᠴᠢᠩᠭᠠᠳᠬᠠᠭᠰᠠᠨ ᠢᠶᠠᠷ ᠪᠠᠷᠠᠬᠤ ᠦᠭᠡᠢ ᠪᠠᠰᠠ ᠡᠳᠦᠷ ᠪᠤᠯᠭᠠᠨ ᠴᠠᠭᠳᠠᠨ ᠪᠠᠶᠢᠴᠠᠭᠠᠬᠤ ᠴᠠᠭᠲᠤ ᠴᠢᠨᠠᠷ ᠢ ᠴᠢᠩᠭᠠᠳᠬᠠᠭᠰᠠᠨ ᠪᠠᠶᠢᠨ᠎ᠠ︾ ᠭᠡᠵᠦ ᠪᠠᠶᠢᠪᠠ᠃        ᠡᠯ᠎ᠡ ᠠᠵᠤ ᠠᠬᠤᠶᠢᠯᠠᠯ ᠤᠨ ᠳᠠᠮᠵᠢᠭᠤᠯᠤᠭᠰᠠᠨ ᠮᠡᠳᠡᠭᠡ ᠵᠠᠩᠭᠢ ᠪᠠᠷ ᠳᠠᠮᠵᠢᠭᠤᠯᠤᠨ ᠬᠤᠩ ᠱᠠᠨ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠡᠯ᠎ᠡ ᠠᠵᠤ ᠠᠬᠤᠶᠢᠯᠠᠯ ᠤᠨ ᠠᠶᠦᠯᠭᠦᠢ ᠬᠠᠮᠢᠶᠠᠷᠤᠯᠲᠠ ᠶᠢᠨ ᠬᠢᠷᠢ ᠲᠦᠪᠰᠢᠨ᠂  ᠭᠡᠮ ᠰᠤᠭᠤᠭ ᠪᠤᠯᠤᠨ ᠪᠠᠭᠤᠷᠠᠢ ᠭᠤᠭᠴᠤᠭ᠎ᠠ ᠶᠢ ᠤᠶᠢᠯᠠᠭᠠᠵᠤ᠂  ᠳᠠᠷᠠᠭᠠᠴᠢ ᠶᠢᠨ ᠠᠯᠬᠤᠮ ᠤᠨ ᠰᠢᠢᠳᠪᠦᠷᠢᠲᠦ ᠪᠤᠳᠤᠯᠭ᠎ᠠ ᠲᠤᠭᠲᠠᠭᠠᠬᠤ ᠳᠤ ᠲᠤᠭ᠎ᠠ ᠪᠠᠷᠢᠮᠲᠠ ᠬᠠᠩᠭᠠᠭᠰᠠᠨ ᠪᠠᠶᠢᠨ᠎ᠠ᠃ ᠤᠶᠤᠨᠲᠤ ᠴᠠᠭᠳᠠᠨ ᠪᠠᠶᠢᠴᠠᠭᠠᠬᠤ ᠴᠢᠳᠠᠪᠤᠷᠢ ᠠᠴᠠ ᠭᠠᠳᠠᠨ᠎ᠠ᠂ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠪᠠᠰᠠ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠠᠵᠢᠯ᠂ ᠤᠳᠤᠷᠢᠳᠤᠯᠭ᠎ᠠ ᠶᠢᠨ ᠵᠢᠯᠤᠭᠤᠳᠤᠯᠭ᠎ᠠ᠂ ᠠᠵᠤ ᠠᠬᠤᠶᠢᠯᠠᠯ ᠤᠨ ᠱᠠᠭᠠᠷᠳᠠᠨ ᠪᠠᠶᠢᠴᠠᠭᠠᠯᠲᠠ ᠪᠤᠯᠤᠨ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠡᠭᠦᠯᠡᠨ ᠲᠠᠪᠴᠠᠩ ᠵᠡᠷᠭᠡ ᠳᠦᠷᠪᠡᠨAPP ᠪᠠᠶᠢᠵᠤ᠂  ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠳ᠋ᠠᠶᠢᠲ᠋ᠠ ᠶᠢ ᠴᠠᠭ ᠲᠤᠬᠠᠢ ᠳᠤᠨᠢ ᠬᠤᠷᠢᠶᠠᠩᠭᠤᠶᠢᠯᠠᠨ ᠵᠠᠳᠠᠯᠬᠤ ᠪᠤᠯᠤᠨ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠦᠭᠰᠡᠨ ᠪᠠᠶᠢᠨ᠎ᠠ᠃        ︽︿ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠱᠠᠭᠠᠷᠳᠠᠨ ᠪᠠᠶᠢᠴᠠᠭᠠᠬᠤ﹀APP ᠪᠠᠷ ᠳᠠᠮᠵᠢᠨ᠂ ᠰᠦᠯᠵᠢᠶᠡᠨ ᠳᠡᠭᠡᠷ᠎ᠡ ᠠᠴᠠ ᠡᠯ᠎ᠡ ᠰᠠᠯᠠᠭ᠎ᠠ ᠮᠦᠴᠢᠷ ᠤᠨ ᠠᠶᠦᠯᠭᠦᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠴᠠᠭ ᠲᠤᠬᠠᠢ ᠳᠤᠨᠢ ᠬᠢᠨᠠᠯᠲᠠ ᠲᠠᠯᠪᠢᠬᠤ ᠶᠢᠨ ᠬᠠᠮᠲᠤ ᠬᠡᠮᠵᠢᠶᠡᠵᠢᠭᠦᠯᠦᠭᠰᠡᠨ᠂ ᠬᠢᠨᠠᠨ ᠰᠢᠯᠭᠠᠷᠠᠭᠤᠯᠤᠭᠰᠠᠨ ᠦᠷ᠎ᠡ ᠪᠦᠲᠦᠮᠵᠢ ᠶᠢ ᠪᠦᠷᠢᠯᠳᠦᠭᠦᠯᠵᠦ᠂  ᠡᠭᠦᠨ ᠤ ᠬᠠᠮᠲᠤ ᠬᠤᠩ ᠱᠠᠨ ᠲᠤᠭᠤᠷᠢᠭ ᠤᠨ ᠴᠢᠬᠤᠯᠠ  ᠶᠡᠭᠡ ᠠᠶᠦᠯ ᠲᠦᠭᠰᠢᠭᠦᠷᠢ ᠶᠢᠨ ᠡᠬᠢ ᠰᠤᠷᠪᠤᠯᠵᠢ ᠪᠤᠯᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠡᠵᠡᠮᠰᠢᠵᠦ ᠴᠢᠳᠠᠬᠤ ᠪᠤᠯᠵᠠᠢ︾ ᠭᠡᠵᠦ ᠬᠤᠩ ᠱᠠᠨ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠡᠾᠧ ᠷᠦᠢ ᠭᠠᠩ ᠬᠡᠯᠡᠵᠡᠢ᠃        ᠡᠭᠦᠨ ᠠᠴᠠ ᠭᠠᠳᠠᠨ᠎ᠠ᠂ ᠠᠶᠦᠯᠭᠦᠢ ᠦᠢᠯᠡᠳᠪᠦᠷᠢᠯᠡᠯ ᠤᠨ ᠲᠤᠤᠷᠵᠢᠭᠰᠠᠨ ᠬᠢᠨᠠᠨ ᠬᠠᠮᠢᠶᠠᠷᠤᠯᠲᠠ ᠶᠢᠨ ᠲᠠᠪᠴᠠᠩ ᠨᠢ ᠴᠦ ᠰᠦᠯᠵᠢᠶᠡᠨ ᠳᠤ ᠭᠠᠷᠴᠤ᠂ ᠬᠠᠷᠢᠶᠠᠲᠤ ᠤᠷᠤᠨ ᠳᠤ ᠪᠠᠶᠢᠭ᠎ᠠ ᠠᠵᠤ ᠠᠬᠤᠶᠢᠯᠠᠯ᠂  ᠬᠤᠳᠠᠯᠳᠤᠭᠠᠴᠢᠨ ᠳᠤ ᠴᠠᠭᠳᠠᠨ ᠪᠠᠶᠢᠴᠠᠭᠠᠯᠲᠠ ᠬᠢᠵᠦ᠂  ᠭᠡᠮ ᠰᠤᠭᠤᠭ ᠢ ᠢᠯᠡᠷᠡᠭᠦᠯᠦᠭᠰᠡᠨ ᠤ ᠳᠠᠷᠠᠭ᠎ᠠ᠂ ᠭᠠᠷ ᠤᠲᠠᠰᠤᠨ ᠡᠭᠦᠯᠡᠨ ᠲᠠᠪᠴᠠᠩ ᠢᠶᠠᠷ ᠳᠠᠮᠵᠢᠭᠤᠯᠤᠨ ᠦᠭᠴᠦ᠂  ᠰᠦᠯᠵᠢᠶᠡᠨ ᠳᠡᠭᠡᠷ᠎ᠡ ᠬᠢᠨᠠᠨ ᠪᠠᠶᠢᠴᠠᠭᠠᠵᠤ ᠬᠢᠨᠠᠨ ᠬᠠᠮᠢᠶᠠᠷᠬᠤ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号